​ᠠᠷᠠᠳ᠎ᠤᠨ ᠶᠠᠪᠤᠳᠠᠯ᠎ᠤᠨ ᠶᠠᠮᠤᠨ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠢᠯᠡ᠎ᠪᠡᠷ ᠬᠠᠨᠳᠢᠪ ᠴᠤᠭ᠍ᠯᠠᠭᠤᠯᠬᠤ ᠲᠥᠰᠦᠯ᠎ᠢ ᠳᠠᠩᠰᠠᠯᠠᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠪᠠ
2025-11-20 11:26:21
ᠵᠣᠬᠢᠶᠠᠭ᠍ᠴᠢ᠄
ᠨᠠᠨᠳᠢᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 11 ᠰᠠᠷ᠎ᠠ᠎ᠶ᠋ᠢᠨ 11 ᠤ᠋ ᠡᠳᠦᠷ ᠠᠷᠠᠳ᠎ᠤᠨ ᠶᠠᠪᠤᠳᠠᠯ᠎ᠤᠨ ᠶᠠᠮᠤᠨ ᠡᠴᠡ ᠣᠢᠯᠠᠭᠠᠭ᠍ᠰᠠᠨ᠎ᠢᠶᠡᠷ᠂ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠢᠯᠡ᠎ᠪᠡᠷ ᠬᠠᠨᠳᠢᠪ ᠴᠤᠭ᠍ᠯᠠᠭᠤᠯᠬᠤ ᠲᠥᠰᠦᠯ᠎ᠢ ᠳᠠᠩᠰᠠᠯᠠᠭᠤᠯᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ᠎ᠶ᠋ᠢᠨ ᠲᠥᠯᠥᠭᠡ᠂ ᠠᠷᠠᠳ᠎ᠤᠨ ᠶᠠᠪᠤᠳᠠᠯ᠎ᠤᠨ ᠶᠠᠮᠤᠨ ᠣᠢᠷ᠎ᠠ᠎ᠳᠤ《ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠢᠯᠡ᠎ᠪᠡᠷ ᠬᠠᠨᠳᠢᠪ ᠴᠤᠭ᠍ᠯᠠᠭᠤᠯᠬᠤ ᠲᠥᠰᠦᠯ᠎ᠢ ᠳᠠᠩᠰᠠᠯᠠᠭᠤᠯᠬᠤ ᠵᠢᠯᠣᠭᠣᠳᠤᠮᠵᠢ(ᠲᠤᠷᠱᠢᠨ ᠬᠡᠷᠡᠭ᠌ᠵᠢᠭᠦᠯᠬᠦ᠌)》ᠵᠢ ᠳᠠᠷᠤᠮᠠᠯᠯᠠᠨ ᠲᠠᠷᠬᠠᠭᠠᠵᠤ᠂ ᠢᠯᠡ᠎ᠪᠡᠷ ᠬᠠᠨᠳᠢᠪ ᠴᠤᠭ᠍ᠯᠠᠭᠤᠯᠬᠤ ᠬᠢᠷᠢ ᠬᠡᠮ ᠪᠥᠬᠥᠶ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ ᠪᠤᠶᠤ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠳᠤ ᠢᠯᠡ᠎ᠪᠡᠷ ᠬᠠᠨᠳᠢᠪ ᠴᠤᠭ᠍ᠯᠠᠭᠤᠯᠵᠤ ᠪᠣᠯᠬᠤ ᠠᠱᠢᠭ ᠬᠣᠨᠵᠢᠪᠣᠷᠢ᠎ᠶ᠋ᠢᠨ ᠪᠤᠰᠤ ᠴᠢᠨᠠᠷᠲᠠᠶ ᠵᠣᠬᠢᠶᠠᠨ ᠪᠠᠢᠭᠤᠯᠤᠯᠲᠠ ᠨᠢ ᠨᠢᠭᠦᠯᠡᠰᠦᠩᠭᠦᠶ᠎ᠶ᠋ᠢᠨ ᠵᠣᠷᠢᠯᠲᠠ᠎ᠳᠤ ᠰᠠᠭᠤᠷᠢᠯᠠᠨ ᠨᠡᠢᠭᠡᠮ ᠨᠡᠢᠲᠡ᠎ᠳᠦ ᠢᠯᠡ᠎ᠪᠡᠷ ᠡᠳ᠋ ᠬᠥᠷᠥᠩᠭᠡ ᠴᠤᠭ᠍ᠯᠠᠭᠤᠯᠬᠤ ᠡᠴᠡ ᠠᠷᠪᠠᠨ ᠡᠳᠦᠷ᠎ᠦᠨ ᠡᠮᠦᠨ᠎ᠡ᠂ ᠱᠠᠭᠠᠷᠳᠠᠯᠭ᠎ᠠ ᠶᠣᠰᠣᠭᠠᠷ ᠱᠢᠶᠠᠨ᠎ᠤ ᠱᠠᠲᠤᠨ ᠡᠴᠡ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠦ ᠢᠯᠡ᠎ᠪᠡᠷ ᠬᠠᠨᠳᠢᠪ ᠴᠤᠭ᠍ᠯᠠᠭᠤᠯᠬᠤ ᠲᠥᠰᠦᠯ᠎ᠢ ᠳᠠᠩᠰᠠᠯᠠᠭᠤᠯᠬᠤ ᠬᠡᠷᠡᠭ᠌ᠲᠡᠶ ᠭᠡᠵᠦ᠍ ᠲᠣᠳᠣᠷᠬᠠᠶ ᠲᠣᠭ᠍ᠲᠠᠭᠠᠵᠠᠶ᠃ 

ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ ᠪᠥᠬᠥ᠌ ᠤᠯᠤᠰ᠎ᠤᠨ ᠨᠢᠭᠦᠯᠡᠰᠦᠩᠭᠦᠶ᠎ᠶ᠋ᠢᠨ ᠮᠡᠳᠡᠭᠡ ᠵᠠᠩᠭᠢ᠎ᠶ᠋ᠢ ᠢᠯᠡ ᠪᠣᠯᠭᠠᠬᠤ ᠲᠠᠪᠴᠠᠩ 《ᠨᠢᠭᠦᠯᠡᠰᠦᠩᠭᠦᠶ ᠳᠤᠮᠳᠠᠳᠤ ᠤᠯᠤᠰ》᠎ᠢ᠋ᠶ᠋ᠠᠷ ᠳᠠᠮᠵᠢᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠮᠠᠲ᠋ᠧᠷᠢᠶᠠᠯ᠎ᠢᠶᠠᠨ ᠲᠤᠱᠢᠶᠠᠵᠤ ᠪᠣᠯᠤᠨ᠎ᠠ; ᠳᠠᠩᠰᠠᠯᠠᠭᠤᠯᠬᠤ ᠮᠠᠲᠧᠷᠢᠶᠠᠯ᠎ᠳᠤ ᠢᠯᠡ᠎ᠪᠡᠷ ᠬᠠᠨᠳᠢᠪ ᠴᠤᠭ᠍ᠯᠠᠭᠤᠯᠬᠤ ᠲᠥᠰᠦᠯ᠎ᠦᠨ ᠳᠠᠩᠰᠠᠯᠠᠭᠤᠯᠬᠤ ᠬᠦᠰᠦᠨᠦᠭ᠌ᠲᠦ ᠵᠢᠴᠢ ᠬᠠᠮᠢᠶ᠎ᠠ ᠪᠦᠬᠦᠢ ᠳᠠᠭᠠᠯᠳᠤᠭᠤᠯᠤᠯ᠂ ᠬᠣᠷᠱᠢᠯᠴᠠᠨ ᠬᠠᠨᠳᠢᠪ ᠴᠤᠭ᠍ᠯᠠᠭᠤᠯᠬᠤ ᠮᠠᠲᠧᠷᠢᠶᠠᠯ ᠵᠢᠴᠢ ᠪᠤᠰᠤᠳ ᠬᠣᠯᠪᠣᠭ᠍ᠳᠠᠯ ᠪᠦᠬᠦᠢ ᠮᠠᠲᠧᠷᠢᠶᠠᠯ ᠪᠠᠭ᠍ᠲᠠᠨ᠎ᠠ᠃ ᠠᠷᠭ᠎ᠠ᠎ᠶ᠋ᠢ 2026 ᠣᠨ᠎ᠤ 1 ᠰᠠᠷ᠎ᠠ᠎ᠶ᠋ᠢᠨ 1 ᠎ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃

                        (ᠢᠷᠡᠯᠳᠡ᠄ ᠰᠢᠨᠬᠤᠸᠠ ᠬᠤᠷᠢᠶ᠎ᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号