— ᠠᠷᠦ ᠬᠣᠷᠴᠢᠨ ᠬᠣᠰᠢᠭᠤᠨ᠎ᠤ ᠠᠮᠢ ᠠᠬᠤᠢ ᠵᠢᠨ ᠬᠠᠮᠠᠭᠠᠯᠠᠯᠳᠠ ᠬᠢᠭᠡᠳ ᠡᠪᠡᠰᠦᠨ᠎ᠦ ᠦᠢᠯᠡᠰ᠎ᠦᠨ ᠲᠡᠮᠳᠡᠭᠯᠡᠯ
ᠠᠷᠤ ᠬᠤᠷᠴᠢᠨ ᠬᠤᠰᠢᠭᠤ ᠨᠢ 《ᠪᠦᠬᠦ ᠪᠥᠮᠪᠥᠷᠴᠡᠭ᠎ᠦᠨ ᠴᠢᠬᠤᠯᠠ ᠬᠥᠳᠡᠭᠡ ᠠᠵᠤ ᠠᠬᠤᠢ᠎ᠶᠢᠨ ᠰᠣᠶᠣᠯ᠎ᠤᠨ ᠥᠪ (ᠠᠷᠤ ᠬᠣᠷᠴᠢᠨ᠎ᠤ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠢᠰᠲᠧᠮ)》᠂ 《ᠳᠤᠮᠳᠠᠳᠤ ᠤᠯᠤᠰ᠎ᠤᠨ ᠡᠪᠡᠰᠦᠨ᠎ᠤ ᠨᠡᠢᠰᠯᠡᠯ》 ᠪᠣᠯᠤᠭᠰᠠᠨ᠎ᠤ ᠬᠤᠪᠢ᠎ᠳᠤ《ᠤᠰᠤ ᠪᠡᠯᠴᠢᠭᠡᠷ᠎ᠢᠶᠡᠨ ᠲᠠᠭᠠᠨ ᠰᠠᠭᠤᠷᠢᠰᠢᠬᠤ》 ᠠᠮᠢ ᠠᠬᠤᠢ᠎ᠶᠢᠨ ᠬᠠᠮᠠᠭᠠᠯᠠᠯᠳᠠ ᠵᠢᠨ ᠤᠶᠤᠨ ᠤᠬᠠᠭᠠᠨ᠎ᠢᠶᠠᠨ ᠴᠢᠨᠭᠳᠠᠯᠠᠨ ᠰᠠᠬᠢᠭ᠍ᠰᠠᠨ᠎ᠢᠶᠠᠷ ᠪᠠᠷᠠᠬᠤ ᠦᠭᠡᠢ ᠨᠡᠩ ᠴᠤ᠌ ᠣᠳᠣᠬᠢᠴᠢᠯᠠᠭᠰᠠᠨ ᠠᠷᠭ᠎ᠠ ᠪᠠᠷᠢᠯ᠎ᠢᠶᠠᠷ ᠡᠪᠡᠰᠦᠨ᠎ᠦ ᠦᠢᠯᠡᠰ᠎ᠢ ᠬᠦᠭᠵᠢᠬᠦᠯᠦᠨ ᠮᠠᠨᠳᠤᠭᠤᠯᠤᠭᠰᠠᠨ ᠵᠢᠡᠷ ᠬᠠᠷᠢᠯᠴᠠᠨ ᠨᠥᠬᠥᠴᠡᠯᠳᠦᠭᠰᠡᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠵᠦ ᠪᠠᠢᠭ᠎ᠠ ᠶᠤᠮ᠃
ᠨᠡᠭᠦᠳᠡᠯ ᠮᠠᠯᠵᠢᠯ᠎ᠤᠨ ᠪᠣᠯᠪᠠᠰᠤᠨ᠎ᠤ ᠮᠢᠩᠭᠠᠨ ᠵᠢᠯ᠎ᠦᠨ ᠬᠤᠷᠠᠮᠳᠤᠯ ᠨᠢ ᠠᠷᠤ ᠬᠣᠷᠴᠢᠨ ᠬᠣᠰᠢᠭᠤᠨ᠎ᠠ ᠬᠥᠮᠥᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ 《ᠠᠮᠢ ᠠᠬᠤᠢ᠎ᠶᠢᠨ ᠨᠢᠭᠤᠴᠠ ᠺᠤᠳ᠋》 ᠢ᠋ ᠴᠢᠭᠳᠠᠭᠠᠯᠠᠨ ᠦᠯᠡᠳᠡᠬᠡᠵᠡᠢ᠃ ᠪᠥᠬᠥ ᠬᠣᠰᠢᠭᠤᠨ᠎ᠤ 1.4 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠤᠲᠤᠭ ᠪᠡᠯᠴᠢᠭᠡᠷᠲᠤ᠌ ᠨᠡᠬᠦᠳᠡᠯ ᠮᠠᠯᠵᠢᠯ ᠤ᠋ᠨ ᠬᠦᠢᠰᠦ ᠣᠷᠣᠨ ᠤ᠋ ᠶᠡᠷᠦᠩᠬᠡᠢ ᠳᠠᠯᠠᠪᠠᠢ ᠨᠢ 500 ᠳᠦᠮᠡᠨ ᠮᠤ᠌᠎ᠳᠤ ᠬᠦᠷᠴᠦ᠂ ᠮᠠᠯᠴᠢᠳ 《ᠬᠠᠪᠤᠷ ᠭᠣᠣᠯ᠎ᠤᠨ ᠬᠥᠨᠳᠡᠢ᠂ ᠵᠣᠨ ᠠᠭᠤᠯᠠᠨ ᠬᠢᠷ᠎ᠠ᠂ ᠨᠠᠮᠤᠷ ᠲᠠᠯ᠎ᠠ ᠭᠠᠵᠠᠷ᠂ ᠡᠪᠦᠯᠡᠨᠭᠭᠡᠷ ᠪᠡᠯ》 ᠵᠢᠡᠷ ᠡᠭᠡᠯᠵᠢᠯᠡᠨ ᠮᠠᠯᠵᠢᠬᠤ ᠵᠠᠭᠪᠤᠷ᠎ᠢᠶᠠᠷ ᠳᠡᠮᠵᠢᠨ᠂ ᠬᠡᠰᠡᠭ ᠪᠦᠯᠦᠭ ᠨᠤᠲᠤᠭ ᠪᠡᠯᠴᠢᠭᠡᠷ᠎ᠢ ᠴᠥᠮ ᠭᠦᠢᠴᠡᠳ ᠠᠮᠤᠷᠠᠭᠠᠵᠦ ᠰᠡᠯᠬᠦᠵᠦ ᠴᠢᠳᠠᠭᠰᠠᠨ ᠪᠢᠯᠡ᠃ ᠬᠣᠰᠢᠭᠤᠨ᠎ᠠᠴᠠ ᠮᠠᠯᠴᠢᠳ᠎ᠲᠤ ᠮᠦ᠍ ᠪᠦᠷᠢᠳᠦ 11.6 ᠲᠥᠭᠥᠷᠢᠭ᠎ᠦᠨ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠱᠠᠩᠨᠠᠯ᠎ᠤᠨ ᠪᠡᠯᠡ ᠮᠥᠩᠭᠥ ᠲᠠᠷᠬᠠᠭᠠᠭᠰᠠᠨ᠎ᠢᠶᠠᠷ ᠪᠠᠷᠠᠬᠤ ᠦᠭᠡᠢ ᠪᠠᠰᠠ ᠨᠤᠲᠤᠭ ᠪᠡᠯᠴᠢᠭᠡᠷ᠎ᠦᠨ 28 ᠬᠠᠮᠢᠶᠠᠷᠤᠨ ᠬᠠᠮᠠᠭᠠᠯᠠᠬᠤ ᠠᠩᠭᠢ᠎ᠶᠢ ᠵᠣᠬᠢᠶᠠᠨ ᠪᠠᠢᠭᠤᠯᠵᠤ᠂ ᠵᠢᠯᠣᠭᠣᠴᠢ ᠦᠭᠡᠢ ᠨᠢᠰᠬᠡᠯ᠂ ᠰᠡᠭᠦᠳᠡᠷᠯᠡᠬᠦ ᠮᠠᠰᠢᠨ ᠵᠡᠷᠭᠡ ᠲᠥᠬᠦᠭᠡᠷᠦᠮᠵᠢ ᠲᠣᠬᠢᠷᠠᠭᠤᠯᠤᠨ ᠨᠤᠲᠤᠭ ᠪᠡᠯᠴᠢᠭᠡᠷ᠎ᠦᠨ ᠬᠤᠪᠢᠷᠠᠯᠲᠠ᠎ᠶᠢ ᠬᠢᠨᠠᠨ ᠬᠡᠮᠵᠢᠵᠡᠢ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠰᠡᠯᠭᠦᠨ ᠮᠠᠯᠵᠢᠬᠤ ᠪᠠ ᠪᠡᠯᠴᠢᠭᠡᠷᠯᠡᠭᠦᠯᠬᠦ᠎ᠶᠢ ᠴᠠᠭᠠᠵᠠᠯᠠᠬᠤ᠎ᠶᠢ ᠤᠶᠠᠯᠳᠤᠭᠤᠯᠤᠭᠰᠠᠨ ᠠᠮᠢ ᠠᠬᠤᠢ᠎ᠶᠢᠨ ᠬᠠᠮᠠᠭᠠᠯᠠᠯᠲᠠ᠎ᠶᠢᠨ ᠠᠷᠭ᠎ᠠ ᠬᠡᠮᠵᠢᠶ᠎ᠡ᠎ᠶᠢ ᠬᠡᠷᠡᠭᠵᠢᠭᠦᠯᠦᠭᠰᠡᠨ᠎ᠦ ᠳᠠᠷᠠᠭ᠎ᠠ᠂ ᠠᠷᠤ ᠬᠣᠷᠴᠢᠨ ᠬᠣᠰᠢᠭᠤᠨ᠎ᠤ ᠲᠠᠯ᠎ᠠ ᠨᠤᠲᠤᠭ᠎ᠤᠨ ᠤᠷᠭᠤᠮᠠᠯ᠎ᠤᠨ ᠬᠤᠴᠢᠯᠭ᠎ᠠ᠎ᠶᠢᠨ ᠬᠡᠮᠵᠢᠶ᠎ᠡ 2010 ᠣᠨ᠎ᠳᠤ 65%ᠪᠠᠢᠭᠰᠠᠨ᠎ᠠᠴᠠ᠎ᠪᠠᠨ ᠣᠲᠣ᠌ ᠪᠣᠯᠬᠤ᠎ᠳᠤ 78%ᠪᠣᠯᠵᠤ᠂ ᠠᠰᠢᠭ᠍ᠯᠠᠵᠤ ᠪᠣᠯᠬᠤ ᠡᠪᠡᠰᠦᠨ᠎ᠦ ᠭᠠᠷᠤᠯᠲᠠ ᠠᠷᠪᠠᠨ ᠵᠢᠯ᠎ᠦᠨ ᠡᠮᠦᠨᠡᠬᠢ᠎ᠡᠴᠡ 40%ᠨᠡᠮᠡᠭᠳᠡᠵᠦ᠂ ᠮᠢᠩᠭᠠᠨ ᠣᠨ᠎ᠤ ᠨᠡᠭᠦᠳᠡᠯ ᠮᠠᠯᠵᠢᠯ᠎ᠤᠨ ᠣᠶᠤᠨ ᠤᠬᠠᠭᠠᠨ ᠣᠲᠣ᠌ ᠦᠶ᠎ᠡ᠎ᠶᠢᠨ ᠬᠠᠮᠢᠶᠠᠷᠤᠯᠲᠠ ᠬᠠᠮᠠᠭᠠᠯᠠᠯᠲᠠ ᠳᠤᠮᠳᠠ ᠰᠢᠨ᠎ᠡ ᠠᠮᠢᠯᠠᠯ᠎ᠲᠠᠢ ᠪᠣᠯᠪᠠ᠃
《ᠲᠡᠭᠷᠢᠬᠠᠷᠡᠵᠦ ᠬᠠᠳᠤᠯᠠᠩ ᠬᠤᠷᠢᠶᠠᠬᠤ》 ᠡᠴᠡ 《ᠰᠢᠨᠵᠢᠯᠡᠬᠦ ᠤᠬᠠᠭᠠᠨᠴᠢ ᠪᠡᠷ ᠪᠤᠷᠤ ᠴᠠᠷᠭᠠᠰᠤ ᠳᠠᠷᠢᠬᠤ》 ᠬᠦᠷᠲᠡᠯ᠎ᠡ᠂ ᠠᠷᠤ ᠬᠣᠷᠴᠢᠨ ᠬᠣᠰᠢᠭᠤᠨ᠎ᠤ ᠡᠪᠡᠰᠦᠨ᠎ᠦ ᠦᠢᠯᠡᠰ ᠶᠠᠭ ᠤᠯᠠᠮᠵᠢᠯᠠᠯ᠎ᠠᠴᠠ ᠣᠳᠣᠬᠢᠴᠢᠯᠠᠯᠲᠠ ᠳᠠᠢᠰᠢ ᠬᠥᠭᠵᠢᠬᠦ ᠳᠠᠪᠠᠯᠲᠠ᠎ᠶᠢ ᠪᠡᠶᠡᠯᠡᠭᠦᠯᠪᠡ᠃ ᠴᠢᠨᠠᠷ ᠰᠠᠢᠲᠠᠢ ᠲᠡᠵᠢᠭᠡᠯ ᠡᠪᠡᠰᠦ ᠲᠠᠷᠢᠬᠤ ᠰᠠᠭᠤᠷᠢᠨ ᠪᠤᠯᠭᠠᠨ᠎ᠳᠤ᠂ ᠲᠣᠮᠣ᠌ ᠬᠡᠯᠪᠡᠷᠢ᠎ᠶᠢᠨ ᠰᠦᠷᠴᠢᠨ ᠤᠰᠤᠯᠠᠬᠤ ᠲᠥᠬᠦᠭᠡᠷᠦᠮᠵᠢ ᠵᠢᠭᠳᠡᠷᠡᠵᠦ᠂ ᠬᠠᠳᠤᠵᠦ ᠬᠤᠷᠢᠶᠠᠬᠤ ᠮᠠᠰᠢᠨ ᠡᠨᠭᠨᠡᠷᠡᠨ ᠵᠢᠭᠰᠠᠵᠦ᠂ ᠬᠠᠳᠠᠭᠠᠵᠦ ᠬᠠᠳᠠᠭᠠᠯᠠᠬᠤ ᠬᠦᠮᠦᠷᠬᠡ ᠫᠸᠩ ᠪᠦᠷᠢᠨ ᠪᠦᠳᠦᠨ ᠪᠠᠢᠷᠢᠯᠡᠪᠡ᠃ 《ᠤᠯᠤᠰ᠎ᠤᠨ ᠪᠤᠷᠤ ᠴᠠᠷᠭᠠᠰᠤ ᠲᠠᠷᠢᠬᠤ ᠪᠠᠷᠢᠮᠵᠢᠶᠠᠵᠢᠭ᠍ᠰᠠᠨ ᠵᠢᠱ᠌ᠢᠶ᠎ᠡ ᠦᠵᠡᠭᠦᠯᠬᠦ ᠣᠷᠣᠨ》 ᠪᠤᠯᠤᠭᠰᠠᠨ᠎ᠤ ᠬᠤᠪᠢ᠎ᠳᠤ᠂ ᠠᠷᠤ ᠬᠣᠷᠴᠢᠨ ᠬᠣᠰᠢᠭᠤ ᠨᠢᠭᠡᠨᠲᠡ ᠴᠢᠨᠠᠷ ᠰᠠᠢᠲᠠᠢ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ᠎ᠢ 42 ᠲᠦᠮᠡᠨ ᠮᠦ᠍ ᠪᠠᠢᠭᠤᠯᠵᠤ᠂ ᠮᠤᠵᠢ᠎ᠶᠢᠨ ᠲᠡᠰ᠎ᠤᠨ 3 ᠳᠠᠭᠠᠭᠤᠯᠤᠭ᠍ᠴᠢ ᠠᠵᠤ ᠠᠬᠤᠢᠯᠡᠯ᠎ᠢ ᠪᠣᠢᠵᠢᠭᠤᠯᠵᠤ᠂ 《ᠰᠢᠯᠢᠳᠡᠭ ᠡᠭᠦᠯᠳᠡᠷ᠎ᠢ ᠪᠣᠢᠵᠢᠭᠤᠯᠬᠤ ᠬᠡᠪᠴᠢᠶᠡᠵᠢᠭᠦᠯᠦᠨ ᠲᠠᠷᠢᠬᠤ ᠮᠠᠰᠢᠨᠴᠢᠯᠠᠨ ᠡᠳ᠋ᠰᠢᠭᠦᠯᠬᠦ ᠲᠦᠷᠦᠯ ᠲᠡᠮᠳᠡᠭ᠎ᠢᠶᠡᠷ ᠪᠣᠷᠣᠯᠠᠭᠤᠯᠬᠤ》 ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠵᠡᠢ᠃ ᠠᠷᠤ ᠬᠤᠷᠴᠢᠨ ᠬᠣᠰᠢᠭᠤᠨ᠎ᠤ ᠡᠪᠡᠰᠦᠨ᠎ᠦ ᠦᠢᠯᠡᠰ᠎ᠦᠨ ᠮᠡᠷᠭᠡᠵᠢᠯ ᠳᠡᠯᠭᠡᠷᠡᠭᠦᠯᠬᠦ ᠲᠥᠪ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠭᠧᠨ᠎ᠦ ᠳᠠᠷᠠᠭᠠᠯᠠᠯ᠎ᠢ ᠰᠢᠯᠭᠠᠨ ᠬᠡᠮᠵᠢᠬᠦ ᠪᠡᠷ ᠳᠠᠮᠵᠢᠨ ᠨᠠᠩ ᠰᠢᠯᠢᠳᠡᠭ ᠡᠪᠡᠰᠦᠨ᠎ᠦ ᠦᠷ᠎ᠠ᠎ᠵᠢ ᠰᠢᠯᠢᠨ ᠰᠣᠩᠭᠣᠵᠤ ᠪᠠᠢᠯ᠎ᠠ᠃ 《ᠪᠢᠳᠡ ᠲᠡᠵᠢᠭᠡᠯ ᠡᠪᠡᠰᠦᠨ᠎ᠦ ᠦᠷ᠎ᠡ᠎ᠶᠢᠨ ᠡᠬᠢ ᠪᠠᠶᠠᠯᠢᠭ᠋᠎ᠤᠨ ᠬᠥᠮᠥᠷᠭᠡ ᠪᠠᠢᠭᠤᠯᠵᠤ᠂ 28 ᠡᠭᠦᠯᠳᠡᠷ᠎ᠦᠨ ᠦᠷ᠎ᠡ᠎ᠶᠢ ᠬᠣᠷᠢᠶᠠᠨ ᠬᠠᠳᠠᠭᠠᠯᠠᠵᠤ᠂ ᠪᠡᠶ᠎ᠡ᠎ᠪᠡᠨ ᠳᠠᠭᠠᠭᠠᠵᠤ ᠪᠣᠢᠵᠢᠭᠤᠯᠤᠭᠰᠠᠨ ᠠᠷᠤ ᠬᠣᠰᠢᠭᠤᠨ᠎ᠤ ᠪᠤᠷᠤ ᠴᠠᠷᠭᠠᠰᠤ ᠨᠢ ᠨᠢᠭᠡᠨᠲᠡ ᠤᠯᠤᠰ᠎ᠤᠨ ᠡᠭᠦᠯᠳᠡᠷ᠎ᠦᠨ ᠬᠢᠨᠠᠨ ᠲᠣᠭᠲᠠᠭᠠᠯᠲᠠ᠎ᠶᠢ ᠥᠩᠭᠡᠷᠡᠭᠡᠵᠦ᠂ ᠳᠡᠯᠭᠡᠷᠡᠭᠦᠯᠦᠭᠰᠡᠨ ᠲᠠᠯᠠᠪᠠᠶ ᠨᠢ 5 ᠲᠦᠮᠡᠨ ᠮᠦ᠍᠎ᠶᠢ ᠳᠠᠪᠠᠵᠠᠢ》 ᠭᠡᠵᠦ ᠳᠡᠳᠡ ᠬᠡᠯᠡᠨ᠎ᠠ᠃ ᠡᠢᠨ ᠬᠦ᠌ ᠳᠤᠰ ᠬᠤᠰᠢᠭᠤ ᠨᠢ ᠡᠪᠡᠰᠦᠨ᠎ᠦ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ᠂ ᠨᠡᠭᠦᠳᠡᠯ ᠮᠠᠯ ᠠᠵᠤ ᠠᠬᠤᠢ᠎ᠶᠢᠨ ᠡᠷᠴᠢᠮᠵᠢᠭᠰᠡᠨ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ᠃ ᠱᠤᠤ ᠪᠠᠯᠭᠠᠰᠤᠨ᠎ᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠬᠣᠷᠰᠢᠶ᠎ᠠ᠎ᠳᠤ᠂ ᠮᠠᠯᠴᠢᠳ ᠬᠥᠬᠡ ᠳᠠᠷᠤᠰᠢ᠎ᠶᠢᠨ ᠲᠡᠵᠢᠭᠡᠯ ᠡᠪᠡᠰᠦ᠎ᠵᠢᠨ ᠣᠶᠤᠨᠴᠢᠯᠠᠭᠰᠠᠨ ᠲᠡᠵᠢᠭᠡᠬᠦ ᠲᠥᠬᠦᠭᠡᠷᠦᠮᠵᠢ ᠣᠷᠣᠭᠤᠯᠵᠤ ᠪᠠᠢᠯ᠎ᠠ᠃《ᠥᠩᠭᠡᠷᠡᠭᠰᠡᠨ᠎ᠳᠦ ᠡᠪᠦᠯ ᠬᠠᠭᠤᠷᠠᠢ ᠡᠪᠡᠰᠦ᠎ᠪᠡᠷ ᠦᠬᠡᠷ ᠲᠡᠵᠢᠭᠡᠵᠦ ᠪᠠᠢᠵᠠᠢ᠂ ᠪᠣᠷᠣᠯᠠᠭᠤᠯᠬᠤ ᠦᠶᠡᠯᠡᠯ ᠨᠢ 24 ᠰᠠᠷ᠎ᠠ᠂ ᠣᠲᠣ᠌ ᠬᠥᠬᠡ ᠳᠠᠷᠤᠰᠢᠯᠤᠭᠠ ᠪᠤᠷᠤ ᠴᠠᠷᠭᠠᠰᠤ᠎ᠶᠢᠨ ᠬᠣᠯᠢᠮᠠᠭ ᠪᠣᠷᠳᠣᠭ᠎ᠠ ᠨᠡᠮᠡᠨ ᠳᠡᠵᠢᠬᠡᠪᠡᠯ 18 ᠰᠠᠷ᠎ᠠ᠎ᠶᠢᠨ ᠳᠣᠲᠣᠷ᠎ᠠ ᠦᠬᠡᠷ ᠵᠢᠡᠨ ᠪᠣᠷᠣᠯᠠᠭᠤᠯᠵᠤ ᠪᠣᠯᠬᠤ ᠳᠡᠳᠦᠢ ᠦᠬᠡᠢ᠂ ᠦᠬᠡᠷ ᠪᠦᠷᠢ᠎ᠶᠢᠨ ᠠᠰᠢᠭ᠋ ᠬᠣᠨᠵᠢᠪᠤᠷᠢ ᠨᠢ 2000 ᠲᠥᠭᠥᠷᠢᠭ ᠨᠡᠮᠡᠭᠳᠡᠵᠡᠢ᠂ 1.2 ᠲᠦᠮᠡᠨ ᠪᠠᠷᠢᠮᠵᠢᠶᠠᠵᠢᠭ᠍ᠰᠠᠨ ᠬᠥᠬᠡ ᠳᠠᠷᠤᠰᠢ᠎ᠶᠢᠨ ᠵᠣᠭᠣᠷᠢ ᠪᠠᠢᠭᠤᠯᠵᠤ᠂ ᠵᠢᠯ᠎ᠳᠦ 80 ᠲᠦᠮᠡᠨ ᠲᠣᠨ ᠬᠥᠬᠡ ᠳᠠᠷᠤᠰᠢ᠎ᠶᠢᠨ ᠪᠣᠷᠳᠣᠭ᠎ᠠ ᠪᠣᠯᠪᠠᠰᠤᠷᠠᠭᠤᠯᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠣᠷᠰᠢᠶ᠎ᠠ᠎ᠶᠢ 368 ᠬᠥᠭᠵᠢᠭᠦᠯᠵᠦ᠂ ᠮᠢᠬᠠᠨ᠎ᠤ ᠦᠬᠡᠷ᠂ ᠮᠢᠬᠠᠨ᠎ᠤ ᠬᠣᠨᠢᠨ᠎ᠤ ᠭᠠᠷᠭᠠᠯᠲᠠ ᠨᠢ ᠲᠣᠰ ᠳᠤᠰ 57 ᠲᠦᠮᠡ᠂ 210 ᠲᠦᠮᠡ᠎ᠳᠦ ᠬᠦᠷᠴᠦ᠂ ᠲᠠᠪᠤᠨ ᠵᠢᠯ᠎ᠦᠨ ᠡᠮᠦᠨᠡᠬᠢ᠎ᠡᠴᠡ 25%ᠪᠠ 18%᠎ᠪᠠᠷ ᠨᠡᠮᠡᠭᠳᠡᠵᠡᠢ》ᠬᠡᠵᠦ ᠱᠤᠤ ᠪᠠᠯᠭᠠᠰᠤᠨ᠎ᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠬᠣᠷᠰᠢᠶ᠎ᠠ ᠵᠢᠨ ᠬᠢᠨ ᠭᠡᠯᠡᠪᠡ᠃ ᠤᠨᠴᠠᠯᠠᠭᠤᠰᠢᠳᠠᠢ ᠨᠢ ᠠᠷᠤ ᠬᠣᠷᠴᠢᠨ ᠬᠣᠰᠢᠭᠤ 《ᠳᠤᠮᠳᠠᠳᠤ ᠤᠯᠤᠰ᠎ᠤᠨ ᠡᠪᠡᠰᠦᠨ᠎ᠤ ᠨᠡᠢᠰᠯᠡᠯ》 ᠤ᠋ᠨ ᠨᠠᠷᠠᠲᠤ ᠲᠡᠮᠳᠡᠭᠳᠤᠳ᠋ᠦ ᠲᠦᠰᠢᠭᠯᠡᠨ᠂ ᠵᠢᠯ᠎ᠦᠨ ᠠᠷᠠᠯᠵᠢᠶᠠᠨ᠎ᠤ ᠬᠡᠮᠵᠢᠶ᠎ᠡ ᠨᠢ 150 ᠲᠦᠮᠡᠨ ᠲᠣᠨ ᠬᠦᠷᠬᠦ ᠡᠪᠡᠰᠦᠨ᠎ᠦ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠢᠭᠤᠯᠵᠤ᠂ ᠪᠤᠷᠤ ᠴᠠᠷᠭᠠᠰᠤ ᠵᠡᠷᠭᠡ 10 ᠭᠠᠷᠤᠢ ᠵᠦᠢᠯ᠎ᠦᠨ ᠳᠠᠷᠢᠮᠡᠯ ᠡᠪᠡᠰᠦᠨ᠎ᠤ ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠾᠧᠪᠧᠢ᠂ ᠱᠠᠨᠳᠦ᠋ᠩ ᠵᠡᠷᠭᠡ 10 ᠭᠠᠷᠤᠢ ᠮᠤᠵᠢ᠎ᠳᠤ ᠪᠣᠷᠣᠯᠠᠭᠤᠯᠵᠤ᠂ ᠵᠢᠯ᠎ᠦᠨ ᠡᠪᠡᠰᠦᠨ᠎ᠦ ᠦᠢᠯᠡᠰ᠎ᠦᠨ ᠦᠢᠯᠡᠳᠬᠦᠨ᠎ᠦ ᠥᠷᠲᠡᠭ ᠨᠢ 18 ᠳ᠋ᠦᠩᠰᠢᠭᠤᠷ ᠲᠥᠭᠥᠷᠢᠭ᠎ᠢ ᠳᠠᠪᠠᠵᠤ᠂ 《ᠲᠠᠯ᠎ᠠ ᠨᠤᠲᠤᠭ᠎ᠤᠨ ᠵᠥᠭᠡᠯᠡᠨ ᠠᠯᠲᠠ》᠎ᠶ᠋ᠢ ᠦᠨᠡᠨ ᠬᠦ᠌ ᠮᠠᠯᠴᠢᠳ᠎ᠤᠨ 《ᠪᠠᠶᠠᠵᠢᠯ᠎ᠤᠨ ᠮᠥᠩᠭᠥ》 ᠪᠣᠯᠭᠠᠪᠠ᠃
ᠠᠮᠢ ᠠᠬᠤᠢ ᠪᠣᠯᠣᠨ ᠠᠵᠤ ᠦᠢᠯᠡᠰ᠎ᠦᠨ ᠬᠣᠣᠰ ᠠᠰᠢᠭ᠋ ᠨᠢ ᠳᠦᠷᠢᠮ᠎ᠦᠨ ᠪᠠᠲᠤᠯᠠᠭ᠎ᠠ ᠪᠣᠯᠣᠨ ᠵᠠᠭᠪᠤᠷ᠎ᠤᠨ ᠰᠢᠨ᠎ᠡ ᠡᠭᠦᠳᠦᠯᠲᠡ᠎ᠡᠴᠡ ᠰᠠᠯᠵᠤ ᠴᠢᠳᠠᠬᠤ ᠦᠭᠡᠢ ᠶᠤᠮ᠃ ᠠᠷᠤ ᠬᠣᠷᠴᠢᠨ ᠬᠣᠰᠢᠭᠤ 《ᠨᠤᠲᠤᠭ ᠪᠡᠯᠴᠢᠭᠡᠷ᠎ᠦᠨ ᠳᠠᠷᠤᠭ᠎ᠠ᠎ᠶᠢᠨ ᠳᠦᠷᠢᠮ》 ᠢ᠋ ᠰᠢᠨᠡᠴᠢᠯᠡᠨ ᠬᠡᠷᠡᠭᠵᠢᠭᠦᠯᠵᠦ᠂ ᠨᠤᠲᠤᠭ ᠪᠡᠯᠴᠢᠭᠡᠷ᠎ᠦᠨ ᠬᠠᠮᠢᠶᠠᠷᠤᠯᠲᠠ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢ ᠡᠯ᠎ᠡ ᠱᠠᠲᠤᠨ᠎ᠤ 1248 《ᠨᠤᠲᠤᠭ ᠪᠡᠯᠴᠢᠭᠡᠷ᠎ᠦᠨ ᠳᠠᠷᠤᠭ᠎ᠠ》 ᠬᠦᠷᠲᠡᠯ᠎ᠡ ᠨᠠᠢᠳᠠᠪᠤᠷᠢᠵᠢᠭᠤᠯᠵᠤ᠂ 《ᠬᠠᠮᠢᠶᠠᠷᠤᠨ ᠬᠠᠮᠠᠭᠠᠯᠠᠭ᠍ᠴᠢ + ᠮᠠᠯᠴᠢᠨ +ᠠᠵᠤ ᠠᠬᠤᠢᠯᠡᠯ》 ᠤ᠋ᠨ ᠬᠠᠮᠵᠢᠯᠴᠠᠬᠤ ᠲᠣᠭᠲᠠᠴᠠ᠎ᠶᠢ ᠪᠠᠢᠭᠤᠯᠵᠦ᠂ 3.2 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠨ᠂ ᠲᠠᠯ᠎ᠠ ᠨᠤᠲᠤᠭ᠎ᠤᠨ ᠠᠮᠢ ᠠᠬᠤᠢ᠎ᠶᠢᠨ ᠬᠢᠨᠠᠨ ᠬᠡᠮᠵᠢᠯᠲᠡ᠎ᠶᠢᠨ ᠳᠦᠪ᠎ᠢ ᠪᠠᠢᠭᠤᠯᠤᠨ᠂ ᠪᠦᠬᠦ ᠬᠣᠰᠢᠭᠤ᠎ᠶᠢ ᠬᠠᠮᠤᠷᠤᠭᠰᠠᠨ 《ᠣᠭᠲᠠᠷᠭᠤᠢ》 ᠬᠢᠨᠠᠨ ᠬᠡᠮᠵᠢᠯᠲᠡ᠎ᠶᠢᠨ ᠲᠣᠣᠷ᠎ᠢ ᠪᠠᠢᠭᠤᠯᠵᠤ᠂ ᠤᠷᠭᠤᠮᠠᠯ ᠪᠦᠷᠬᠦᠴᠡ᠎ᠶᠢᠨ ᠤᠷᠭᠤᠴᠠ᠂ ᠮᠠᠯ ᠪᠡᠯᠴᠢᠭᠡᠷ᠎ᠦᠨ ᠲᠡᠩᠴᠡᠭᠦᠷᠢ ᠵᠡᠷᠭᠡ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠬᠢᠨᠠᠨ ᠬᠡᠮᠵᠢᠨ᠎ᠡ᠃ ᠠᠮᠢ ᠠᠬᠤᠢ᠎ᠶᠢᠨ ᠥᠷᠲᠡᠭ᠎ᠢ ᠤᠯᠠᠷᠢᠭᠤᠯᠬᠤ ᠲᠠᠯ᠎ᠠ᠎ᠪᠠᠷ᠂ ᠠᠷᠤ ᠬᠣᠷᠴᠢᠨ ᠬᠣᠰᠢᠭᠤ 《ᠲᠠᠯ᠎ᠠ ᠨᠤᠲᠤᠭ᠎ᠤᠨ ᠵᠢᠭᠤᠯᠴᠢᠯᠠᠯ᠎ᠢ ᠠᠭᠤᠰᠤᠯᠴᠠᠭᠤᠯᠬᠤ》 ᠰᠢᠨ᠎ᠡ ᠵᠠᠭᠪᠤᠷ᠎ᠢ ᠰᠦᠪᠡᠭᠴᠢᠯᠡᠨ᠂ 《ᠲᠠᠯ᠎ᠠ ᠨᠤᠲᠤᠭ᠎ᠤᠨ ᠮᠠᠯᠴᠢᠳ᠎ᠤᠨ ᠳᠠᠭᠤᠤ》 ᠠᠮᠢ ᠠᠬᠤᠢ᠎ᠶᠢᠨ ᠵᠢᠭᠤᠯᠴᠢᠯᠠᠯ᠎ᠤᠨ ᠵᠠᠮ ᠱᠤᠭᠤᠮ᠎ᠢ ᠴᠣᠭᠴᠠᠯᠠᠵᠤ᠂ ᠵᠢᠭᠤᠯᠴᠢᠯᠠᠭᠰᠠᠳ ᠡᠪᠡᠰᠦ ᠬᠠᠳᠤᠬᠤ᠂ ᠬᠥᠬᠡ ᠳᠠᠷᠤᠰᠢ ᠦᠢᠯᠡᠳᠬᠦ ᠵᠡᠷᠭᠡ ᠲᠠᠷᠢᠶᠠᠯᠠᠩ᠎ᠤᠨ ᠠᠵᠢᠯᠯᠠᠭ᠎ᠠ᠎ᠶᠢ ᠪᠡᠶᠡᠴᠢᠯᠡᠨ ᠣᠢᠯᠠᠭᠠᠵᠤ ᠪᠣᠯᠣᠨ᠎ᠠ᠂ ᠡᠨᠡ ᠵᠢᠯ᠎ᠦᠨ ᠡᠬᠢᠨ᠎ᠤ ᠬᠠᠭᠠᠰ ᠵᠢᠯ᠎ᠳᠦ 8 ᠲᠦᠮᠡ ᠭᠠᠷᠤᠢ ᠵᠢᠭᠤᠯᠴᠢᠯᠠᠭ᠍ᠴᠢ᠎ᠶᠢ ᠭᠥᠯᠢᠶᠡᠨ ᠠᠪᠴᠤ᠂ ᠮᠡᠳᠡᠭᠳᠡᠮ᠎ᠠ ᠵᠢᠭᠤᠯᠴᠢᠯᠠᠯ᠎ᠤᠨ ᠣᠷᠣᠯᠭ᠎ᠠ᠎ᠶᠢ ᠪᠡᠶᠡᠯᠡᠭᠦᠯᠪᠡ᠃ ᠡᠭᠦᠨ᠎ᠡᠴᠡ ᠭᠠᠳᠠᠨ᠎ᠠ᠂ ᠬᠣᠰᠢᠭᠤᠨ᠎ᠠᠴᠠ ᠪᠠᠰᠠ 《ᠠᠮᠢ ᠠᠬᠤᠢ᠎ᠶᠢᠨ ᠬᠤᠪᠢ ᠬᠤᠷᠠᠮᠳᠤᠭᠤᠯᠬᠤ》 ᠲᠤᠷᠰᠢᠯᠲᠠ᠎ᠶᠢᠨ ᠴᠡᠭ᠎ᠢ ᠥᠷᠨᠢᠭᠦᠯᠵᠦ᠂ ᠮᠠᠯᠴᠢᠳ ᠨᠤᠲᠤᠭ ᠪᠡᠯᠴᠢᠭᠡᠷ᠎ᠦᠨ ᠰᠠᠢᠵᠢᠷᠠᠭᠤᠯᠤᠯᠲᠠ᠎ᠳᠤ ᠣᠷᠣᠯᠴᠠᠵᠤ᠂ ᠬᠣᠭ ᠨᠣᠪᠰᠢ᠎ᠶᠢ ᠠᠷᠢᠯᠭᠠᠨ ᠰᠣᠯᠢᠵᠤ ᠪᠣᠯᠬᠤ ᠦᠢᠯᠡᠳᠪᠦᠷᠢᠯᠡᠯ᠎ᠦᠨ ᠬᠡᠷᠡᠭᠰᠡᠯ᠎ᠢ 12 ᠲᠦᠮᠡᠨ ᠬᠤᠪᠢ ᠲᠠᠷᠬᠠᠭᠠᠵᠤ᠂ 3000 ᠭᠠᠷᠤᠢ ᠡᠷᠦᠬᠡ᠎ᠶᠢ ᠳᠠᠢ᠍ᠢᠴᠢᠯᠠᠨ ᠠᠮᠢ ᠠᠬᠤᠢ᠎ᠶᠢᠨ ᠬᠠᠮᠠᠭᠠᠯᠠᠯᠲᠠ᠎ᠳᠤ ᠣᠷᠣᠯᠴᠠᠭᠤᠯᠪᠠ᠃
ᠤᠯᠠᠮᠵᠢᠯᠠᠯᠳᠤ ᠰᠡᠯᠭᠦᠨ ᠮᠠᠯᠵᠢᠬᠤ ᠠᠮᠢ ᠠᠬᠤᠢ᠎ᠶᠢᠨ ᠤᠶᠤᠨ ᠤᠬᠠᠭᠠᠨ᠎ᠠᠴᠠ ᠰᠢᠨᠵᠢᠯᠡᠬᠦ ᠤᠬᠠᠭᠠᠨ ᠮᠡᠷᠭᠡᠵᠢᠯ᠎ᠢᠶᠡᠷ ᠡᠪᠡᠰᠦᠨ᠎ᠦ ᠦᠢᠯᠡᠰ᠎ᠢ ᠲᠡᠰ ᠳᠡᠪᠰᠢᠭᠦᠯᠬᠦ ᠬᠦᠷᠲᠡᠯ᠎ᠡ᠂ ᠲᠠᠩ ᠴᠤᠯᠭᠤᠢ ᠲᠡᠵᠢᠭᠡᠨ ᠦᠷᠡᠵᠢᠭᠦᠯᠬᠦ᠎ᠡᠴᠡ 《ᠮᠠᠯ ᠪᠡᠯᠴᠢᠭᠡᠷ᠎ᠦᠨ ᠵᠢᠭᠤᠯᠴᠢᠯᠠᠯ》ᠠᠭᠤᠰᠤᠯᠴᠠᠨ ᠬᠥᠭᠵᠢᠬᠦ ᠬᠦᠷᠲᠡᠯ᠎ᠡ᠂ ᠠᠷᠤ ᠬᠣᠷᠴᠢᠨ ᠬᠣᠰᠢᠭᠤ ᠪᠤᠳᠠᠳᠤ ᠦᠢᠯᠡᠳᠦᠯᠭᠡ᠎ᠪᠡᠷ ᠲᠠᠯ᠎ᠠ ᠨᠤᠲᠤᠭ᠎ᠤᠨ ᠠᠮᠢ ᠠᠬᠤᠢ᠎ᠶᠢ ᠰᠠᠢᠲᠤᠷ ᠬᠠᠮᠠᠭᠠᠯᠠᠪᠠᠯ ᠰᠠᠶᠢ ᠡᠪᠡᠰᠦᠨ᠎ᠦ ᠦᠢᠯᠡᠰ᠎ᠦᠨ ᠰᠠᠭᠤᠷᠢ᠎ᠶᠢ ᠪᠠᠲᠤ ᠴᠣᠭᠴᠠᠯᠠᠵᠤ᠂ ᠡᠪᠡᠰᠦᠨ᠎ᠦ ᠦᠢᠯᠡᠰ᠎ᠦᠨ ᠠᠵᠤ ᠦᠢᠯᠡᠰ᠎ᠢ ᠬᠦᠴᠦᠷᠬᠡᠭᠵᠢᠭᠦᠯᠪᠡᠯ ᠰᠠᠶᠢ ᠠᠮᠢ ᠠᠬᠤᠢ᠎ᠶᠢ ᠬᠠᠮᠠᠭᠠᠯᠠᠯᠳᠠ ᠵᠢᠨ ᠠᠵᠢᠯ᠎ᠳᠤ ᠬᠦᠴᠦᠨ ᠨᠡᠮᠡᠷᠢᠯᠡᠨ᠎ᠠ ᠭᠡᠳᠡᠭ᠎ᠢ ᠭᠡᠷᠡᠴᠢᠯᠡᠪᠡ᠃ ᠣᠳᠣᠬᠠᠨ᠎ᠳᠤ᠂ ᠡᠨᠳᠡᠬᠢ ᠲᠠᠯ᠎ᠠ ᠨᠤᠲᠤᠭ ᠨᠢ ᠮᠠᠯᠴᠢᠳ᠎ᠤᠨ ᠣᠷᠣᠰᠢᠨ ᠠᠮᠢᠳᠤᠷᠠᠬᠤ ᠭᠡᠷ ᠣᠷᠣᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ 《ᠪᠦᠬᠦ ᠤᠯᠤᠰ᠎ᠤᠨ ᠨᠣᠭᠣᠭᠠᠷᠠᠭᠤᠯᠤᠯᠲᠠ᠎ᠶᠢᠨ ᠵᠢᠱ᠌ᠢᠶᠡᠴᠢ ᠬᠣᠰᠢᠭᠤ》᠂ 《ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠣᠷᠣᠨ》 ᠤ᠋ ᠢᠷᠠᠭᠤ ᠰᠠᠢᠬᠠᠨ ᠨᠡᠷ᠎ᠡ᠎ᠶᠢᠨ ᠬᠠᠭᠤᠳᠠᠰᠤ ᠪᠣᠯᠵᠠᠢ᠃ ᠢᠷᠡᠭᠡᠳᠦᠢ᠎ᠳᠦ᠂ ᠠᠷᠤ ᠬᠣᠷᠴᠢᠨ ᠬᠣᠰᠢᠭᠤ 《ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ》ᠣᠢᠯᠠᠭᠠᠭᠳᠠᠬᠤᠨ᠎ᠢ ᠦᠷᠭᠦᠯᠵᠢᠯᠡᠨ ᠭᠦᠨᠵᠡᠭᠡᠢᠷᠡᠭᠦᠯᠵᠦ᠂ ᠡᠪᠡᠰᠦᠨ᠎ᠦ ᠦᠢᠯᠡᠰ᠎ᠦᠨ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠲᠠᠰ ᠳᠡᠪᠰᠢᠭᠦᠯᠬᠦ᠎ᠶᠢ ᠠᠬᠢᠭᠤᠯᠵᠤ᠂ ᠡᠨᠡ ᠬᠦ᠌ ᠤᠯᠠᠮᠵᠢᠯᠠᠯᠳᠤ ᠲᠠᠯ᠎ᠠ ᠨᠤᠲᠤᠭ᠎ᠤᠨ ᠠᠮᠢ ᠠᠬᠤᠢ ᠪᠣᠯᠣᠨ ᠠᠵᠤ ᠦᠢᠯᠡᠰ᠎ᠦᠨ ᠬᠠᠮᠲᠤ᠎ᠪᠠᠷ ᠣᠷᠣᠰᠢᠨ ᠬᠠᠮᠲᠤ᠎ᠪᠠᠷ ᠬᠥᠭᠵᠢᠨ ᠮᠠᠨᠳᠤᠬᠤ ᠵᠢ ᠬᠦᠴᠦᠯᠡᠨ ᠠᠬᠢᠭᠤᠯᠬᠤ ᠪᠤᠯᠤᠨ᠎ᠠ᠃