《ᠡᠨᠡ ᠡᠪᠤᠯ ᠤ᠋ᠨ ᠢᠯᠡᠷᠡᠵᠦ ᠮᠡᠳᠡᠬᠦ ᠶᠡᠬᠡ ᠴᠠᠰᠤ ᠲᠠᠢ ᠴᠠᠭ ᠠᠭᠤᠷ ᠤ᠋ᠨ ᠡᠮᠦᠨ᠎ᠠ᠂ ᠪᠢᠳᠡ 〈ᠠᠷᠠᠳ ᠲᠦᠮᠡᠨ ᠢ᠋ ᠳᠡᠭᠡᠳᠦᠯᠡᠬᠦ᠂ ᠠᠮᠢ ᠨᠠᠰᠤ ᠶ᠋ᠢ ᠳᠡᠭᠡᠳᠦᠯᠡᠬᠦ〉 ᠤᠢᠯᠠᠭᠠᠭᠳᠠᠬᠤᠨ ᠢ᠋ ᠢᠮᠠᠭᠳᠠ ᠪᠠᠷᠢᠮᠳᠠᠯᠠᠨ᠂ ᠡᠷᠴᠢᠮᠳᠠᠢ ᠠᠷᠭ᠎ᠠ ᠬᠡᠮᠵᠢᠶ᠎ᠠ ᠠᠪᠴᠤ ᠵᠠᠮ ᠬᠠᠷᠢᠯᠴᠠᠭ᠎ᠠ ᠲᠡᠭᠡᠭᠡᠪᠤᠷᠢ ᠶ᠋ᠢᠨ ᠰᠠᠭᠠᠳ ᠦᠭᠡᠢ ᠨᠡᠪᠳᠡᠷᠡᠬᠦ ᠶ᠋ᠢ ᠪᠠᠳᠤᠯᠠᠵᠤ᠂ ᠤᠨᠴᠠᠭᠠᠢ ᠴᠠᠭ ᠠᠭᠤᠷ ᠤ᠋ᠨ ᠤᠯᠠᠨ ᠲᠦᠮᠡᠨ ᠤ᠋ ᠶᠠᠪᠤᠵᠤ ᠰᠠᠭᠤᠬᠤ ᠳ᠋ᠤ ᠨᠦᠯᠦᠭᠡ ᠪᠤᠯᠬᠤ ᠶ᠋ᠢ ᠴᠢᠳᠠᠬᠤ ᠶ᠋ᠢᠨ ᠲᠤᠳᠤᠷ᠎ᠠ ᠪᠠᠭᠠᠰᠬᠠᠬᠤ ᠪᠡᠷ ᠴᠢᠷᠮᠠᠢᠨ᠎ᠠ》 ᠭᠡᠵᠦ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤ᠋ ᠰᠤᠨᠢᠨ ᠮᠡᠳᠡᠭᠡ ᠶ᠋ᠢᠨ ᠠᠯᠪᠠᠨ ᠭᠡᠷ ᠤ᠋ᠨ ᠲᠦᠷᠦᠬᠦᠬᠡᠨ ᠬᠤᠷᠠᠯᠳᠤᠭᠤᠯᠤᠭᠰᠠᠨ ᠰᠤᠨᠢᠨ ᠮᠡᠳᠡᠭᠡ ᠨᠡᠢᠳᠡᠯᠡᠬᠦ ᠬᠤᠷᠠᠯ ᠳᠡᠭᠡᠷ᠎ᠠ ᠦᠪᠡᠷᠳᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠤᠷᠢ ᠶ᠋ᠢᠨ ᠲᠢᠩᠬᠢᠮ ᠤ᠋ᠨ ᠬᠠᠷᠢᠭᠤᠴᠠᠯᠭᠠᠳᠠᠨ ᠶᠠᠷᠢᠪᠠ᠃
ᠤᠢᠯᠠᠭᠠᠭᠰᠠᠨ ᠶ᠋ᠢᠡᠷ᠂ ᠦᠪᠡᠷᠳᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠤᠷᠢ ᠶ᠋ᠢᠨ ᠲᠢᠩᠬᠢᠮ 5 ᠲᠠᠯ᠎ᠠ ᠶ᠋ᠢᠨ ᠠᠷᠭ᠎ᠠ ᠬᠡᠮᠵᠢᠶ᠎ᠠ ᠠᠪᠴᠤ ᠡᠨᠡ ᠡᠪᠤᠯ ᠤ᠋ᠨ ᠢᠯᠡᠷᠡᠵᠦ ᠮᠡᠳᠡᠬᠦ ᠶᠡᠬᠡ ᠴᠠᠰᠤ ᠲᠠᠢ ᠠᠭᠤᠷ ᠠᠮᠢᠰᠬᠤᠯ ᠢ᠋ ᠠᠷᠭᠠᠴᠠᠭᠠᠬᠤ ᠪᠡᠷ ᠲᠦᠯᠦᠪᠯᠡᠵᠦ ᠪᠠᠢᠨ᠎ᠠ᠃ ᠤᠷᠢᠳᠴᠢᠯᠡᠨ ᠰᠡᠷᠡᠮᠵᠢᠯᠡᠭᠦᠯᠬᠦ ᠲᠠᠯ᠎ᠠ ᠪᠡᠷ᠂ ᠴᠠᠭ ᠠᠭᠤᠷ ᠵᠡᠷᠭᠡ ᠰᠠᠯᠠᠭ᠎ᠠ ᠮᠦᠴᠢᠷ ᠯᠤᠭᠡ ᠲᠤᠭ᠎ᠠ ᠪᠠᠷᠢᠮᠳᠠ ᠶ᠋ᠢ ᠬᠠᠮᠳᠤ ᠪᠡᠷ ᠡᠳ᠋ᠯᠡᠬᠦ ᠳᠤᠭᠳᠠᠴᠠ ᠪᠠᠢᠭᠤᠯᠵᠤ᠂ ᠶᠡᠬᠡ ᠬᠡᠪᠴᠢᠶᠠᠨ ᠤ᠋ ᠶᠡᠬᠡ ᠴᠠᠰᠤ ᠲᠠᠢ ᠠᠭᠤᠷ ᠠᠮᠢᠰᠬᠤᠯ ᠢ᠋ ᠲᠤᠰᠬᠠᠢ ᠰᠡᠷᠡᠮᠵᠢᠯᠡᠭᠦᠯᠬᠦ ᠮᠡᠳᠡᠭᠡ ᠨᠡᠢᠳᠡᠯᠡᠨ᠂ ᠬᠠᠷᠠᠭᠠᠯᠵᠠᠭᠰᠠᠨ ᠪᠠᠴᠢᠮ ᠪᠠᠢᠳᠠᠯ ᠢ᠋ ᠠᠷᠭᠠᠴᠠᠭᠠᠬᠤ ᠳᠤᠭᠳᠠᠴᠠ ᠶ᠋ᠢ ᠬᠡᠷᠡᠭᠵᠢᠭᠦᠯᠦᠨ᠎ᠠ; ᠮᠡᠳᠡᠭᠡ ᠵᠠᠩᠬᠢ ᠶ᠋ᠢᠨ ᠵᠢᠯᠤᠭᠤᠳᠤᠮᠵᠢ ᠶ᠋ᠢᠨ ᠲᠠᠯ᠎ᠠ ᠪᠡᠷ᠂ ᠵᠠᠮ ᠤ᠋ᠨ ᠲᠤᠤᠷ ᠤ᠋ᠨ ᠬᠠᠮᠢᠶᠠᠷᠤᠯᠳᠠ ᠡᠵᠡᠮᠳᠡᠯ ᠤ᠋ᠨ ᠮᠡᠳᠡᠭᠡ ᠵᠠᠩᠬᠢ ᠵᠢᠴᠢ ᠲᠤᠭᠤᠷᠢᠵᠤ ᠭᠠᠷᠬᠤ ᠰᠠᠨᠠᠭᠤᠯᠤᠮᠵᠢ ᠶ᠋ᠢ ᠴᠠᠭ ᠲᠤᠬᠠᠢ ᠳ᠋ᠤᠨᠢ ᠨᠡᠢᠳᠡᠯᠡᠵᠦ᠂ ᠤᠯᠠᠨ ᠲᠦᠮᠡᠨ ᠤ᠋ ᠶᠠᠪᠤᠵᠤ ᠰᠠᠭᠤᠬᠤ ᠵᠠᠮ ᠱᠤᠭᠤᠮ ᠶ᠋ᠢᠡᠨ ᠵᠤᠬᠢᠰᠳᠠᠢ ᠳᠤᠬᠢᠷᠠᠭᠤᠯᠬᠤ ᠳ᠋ᠤ ᠲᠤᠰᠠᠯᠠᠮᠵᠢ ᠦᠵᠡᠭᠦᠯᠦᠨ᠎ᠠ; ᠡᠳ᠋ ᠪᠤᠳᠠᠰ ᠤ᠋ᠨ ᠪᠡᠯᠡᠳᠭᠡᠯ ᠤ᠋ᠨ ᠲᠠᠯ᠎ᠠ ᠪᠡᠷ᠂ ᠪᠦᠬᠦ ᠤᠷᠤᠨ ᠤ᠋ ᠵᠠᠮ ᠬᠠᠷᠢᠯᠴᠠᠭᠠᠨ ᠤ᠋ ᠰᠠᠯᠠᠭ᠎ᠠ ᠮᠦᠴᠢᠷ ᠨᠢᠭᠡᠨᠳᠡ 561 ᠰᠠᠯᠠᠭ᠎ᠠ ᠴᠠᠰᠤ ᠴᠡᠪᠡᠷᠯᠡᠬᠦ ᠠᠩᠬᠢ᠂ 3609 ᠰᠠᠭᠤᠷᠢ ᠴᠠᠰᠤ ᠴᠡᠪᠡᠷᠯᠡᠬᠦ ᠮᠠᠰᠢᠨ ᠲᠦᠬᠦᠭᠡᠷᠦᠮᠵᠢ᠂ 4.8 ᠲᠦᠮᠡᠨ ᠪᠤᠰᠤᠭ᠎ᠠ ᠳᠦᠷᠪᠡᠯᠵᠢᠨ ᠮᠧᠲᠷ ᠬᠠᠢᠷ ᠴᠢᠯᠠᠭᠤ᠂ 1.5 ᠲᠦᠮᠡᠨ ᠳᠤᠨ ᠴᠠᠰᠤ ᠬᠠᠢᠯᠤᠭᠤᠯᠬᠤ ᠳᠠᠪᠤᠰᠤ ᠪᠡᠯᠡᠳᠭᠡᠭᠰᠡᠨ ᠪᠦᠭᠡᠳ ᠲᠦᠷᠭᠡᠨ ᠤ᠋ ᠵᠠᠰᠠᠮᠠᠯ ᠵᠠᠮ ᠤ᠋ᠨ ᠦᠢᠯᠡᠴᠢᠯᠡᠭᠡᠨ ᠤ᠋ ᠲᠤᠭᠤᠷᠢᠭ ᠲᠤ᠌ ᠨᠠᠭᠠᠳᠤ ᠵᠠᠬ᠎ᠠ ᠳ᠋ᠠᠭᠠᠨ 7 ᠡᠳᠦᠷ ᠬᠡᠷᠡᠭᠰᠡᠵᠦ ᠪᠤᠯᠬᠤ ᠢᠳᠡᠭᠡᠨ ᠤ᠋ ᠵᠦᠢᠯ᠂ ᠡᠮ ᠤ᠋ᠨ ᠵᠦᠢᠯ ᠪᠠ ᠲᠤᠰᠤ ᠵᠢ ᠪᠡᠯᠡᠳᠭᠡᠪᠠ; ᠤᠷᠢᠳᠴᠢᠯᠡᠨ ᠰᠡᠷᠡᠮᠵᠢᠯᠡᠭᠦᠯᠬᠦ ᠦᠷ᠎ᠠ ᠪᠦᠲᠦᠮᠵᠢ ᠶ᠋ᠢᠨ ᠲᠠᠯ᠎ᠠ ᠪᠡᠷ᠂ ᠮᠡᠳᠡᠭᠡ ᠵᠠᠩᠬᠢ ᠶ᠋ᠢ ᠤᠶᠤᠨᠴᠢ ᠪᠡᠷ ᠢᠯᠡᠭᠡᠨ ᠰᠡᠷᠡᠮᠵᠢᠯᠡᠭᠦᠯᠬᠦ ᠳᠤᠭᠳᠠᠴᠠ ᠶ᠋ᠢ ᠪᠠᠢᠭᠤᠯᠤᠨ ᠪᠦᠷᠢᠨᠰᠢᠭᠦᠯᠵᠦ᠂ ᠵᠢᠵᠢᠭᠦᠷᠯᠡᠬᠦ ᠬᠦᠮᠦᠨ ᠬᠢᠭᠡᠳ ᠮᠠᠰᠢᠨ ᠬᠡᠷᠡᠭᠰᠡᠯ ᠢ᠋ ᠤᠷᠢᠳᠴᠢᠯᠡᠨ ᠪᠠᠢᠷᠢᠯᠠᠭᠤᠯᠪᠠ; ᠪᠦᠬᠦ ᠬᠡᠯᠬᠢᠶ᠎ᠠ ᠪᠡᠷ ᠰᠡᠷᠭᠡᠢᠯᠡᠨ ᠡᠵᠡᠮᠳᠡᠬᠦ ᠲᠠᠯ᠎ᠠ ᠪᠡᠷ᠂ ᠵᠠᠮ ᠬᠠᠷᠢᠯᠴᠠᠭ᠎ᠠ᠂ ᠲᠤᠳᠤᠭᠠᠳᠤ ᠶ᠋ᠢ ᠬᠠᠮᠠᠭᠠᠯᠠᠬᠤ᠂ ᠵᠠᠰᠠᠮᠠᠯ ᠵᠠᠮ ᠤ᠋ᠨ ᠡᠵᠡᠩᠨᠡᠯᠳᠡ ᠵᠢᠨ ᠠᠵᠤ ᠠᠬᠤᠢᠯᠠᠯ ᠭᠤᠷᠪᠠᠨ ᠲᠠᠯ᠎ᠠ ᠢ᠋ᠢᠨ ᠬᠤᠯᠪᠤᠭᠠᠯᠠᠨ ᠬᠦᠳᠡᠯᠦᠯᠴᠡᠬᠦ ᠳᠤᠭᠳᠠᠴᠠ ᠶ᠋ᠢ ᠪᠠᠢᠭᠤᠯᠤᠭᠰᠠᠨ ᠪᠦᠭᠡᠳ ᠭᠡᠮ ᠰᠤᠭᠤᠭ ᠢ᠋ ᠵᠢᠭᠰᠠᠭᠠᠨ ᠪᠠᠢᠴᠠᠭᠠᠬᠤ᠂ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ᠂ ᠦᠢᠯᠡᠴᠢᠯᠡᠭᠡ ᠶ᠋ᠢᠨ ᠬᠢᠨᠠᠯᠳᠠ ᠲᠠᠯᠪᠢᠬᠤ ᠲᠠᠯ᠎ᠠ ᠪᠡᠷ ᠴᠤ᠌ ᠨᠠᠷᠢᠨ ᠪᠤᠳᠠᠳᠠᠢ ᠪᠠᠢᠷᠢᠯᠠᠭᠤᠯᠤᠯᠳᠠ ᠬᠢᠵᠠᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号