ᠪᠥᠬᠥ᠌ ᠤᠯᠤᠰ᠎ᠤᠨ ᠱᠢᠤᠳᠠᠨ᠎ᠤ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠳᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠠᠩᠭᠢ ᠳᠠᠬᠢᠨᠲᠠ ᠱᠢᠯᠢᠳᠡᠭ ᠬᠢᠷᠢ ᠪᠦᠲᠦᠮᠵᠢ ᠤᠯᠪᠠ
2025-11-21 10:15:50
ᠵᠣᠬᠢᠶᠠᠭ᠍ᠴᠢ᠄
​ ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ 2025 ᠣᠨ᠎ᠤ ᠪᠥᠬᠥ᠌ ᠤᠯᠤᠰ᠎ᠤᠨ ᠰᠢᠥᠳᠠᠨ᠎ᠤ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠵᠢᠴᠢ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠱᠢᠤᠳᠠᠨ᠎ᠤ ᠠᠵᠢᠯ ᠲᠥᠷᠥᠯ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠵᠧᠵᠢᠶᠠᠩ᠎ᠳᠤ ᠶᠠᠪᠤᠬᠳᠠᠵᠦ᠂ ᠪᠥᠬᠥ᠌ ᠤᠯᠤᠰ᠎ᠤᠨ 31 ᠮᠤᠵᠢ (ᠣᠷᠣᠨ᠂ ᠬᠣᠲᠠ) ᠡᠴᠡ ᠢᠷᠡᠭ᠌ᠰᠡᠨ ᠵᠠᠭᠤ ᠭᠠᠷᠤᠶ ᠠᠵᠢᠯ ᠲᠥᠷᠥᠯ᠎ᠦᠨ ᠰᠤᠳᠤᠨ ᠲᠠᠮᠢᠷᠴᠢᠳ ᠤᠷᠤᠯᠴᠠᠵᠦ᠂ ᠲᠦᠷᠭᠡᠨ ᠬᠦᠷᠭᠡᠭ᠌ᠴᠢ᠂ ᠲᠦᠷᠭᠡᠨ ᠬᠦᠷᠭᠡᠬᠦ᠌ ᠵᠦᠶ᠋ᠯᠡᠰ᠎ᠢ ᠱᠢᠶ᠋ᠳᠪᠦᠷᠢᠯᠡᠭ᠌ᠴᠢ᠂ ᠱᠢᠤᠳᠠᠨ᠎ᠤ ᠵᠦᠶ᠋ᠯᠡᠰ᠎ᠤᠨ ᠲᠦᠷᠭᠡᠨ ᠭᠤᠪᠢᠭᠤᠯᠭ᠎ᠠ᠎ᠶᠢᠨ ᠵᠦᠶ᠋ᠯᠡᠰ᠎ᠦᠨ ᠠᠮᠤᠷ ᠲᠦᠪᠱᠢᠨ᠎ᠦ ᠪᠠᠢᠴᠠᠭᠠᠭ᠍ᠴᠢ ᠵᠡᠷᠭᠡ ᠭᠤᠷᠪᠠᠨ ᠶᠡᠬᠡ ᠠᠵᠢᠯ ᠮᠡᠷᠭᠡᠵᠢᠯ (ᠠᠵᠢᠯ ᠲᠥᠷᠥᠯ) ᠤ᠋ᠨ ᠲᠣᠭᠣᠷᠢᠨ᠎ᠳᠤ ᠱᠢᠷᠦᠭᠦᠨ ᠥᠷᠢᠰᠥᠯᠳᠦᠵᠦ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠠᠩᠭᠢ ᠬᠤᠪᠢ ᠬᠥᠮᠦᠨ ᠬᠢᠭᠡᠳ ᠪᠦᠯᠬᠦᠮ᠎ᠦᠨ ᠱᠠᠩᠨᠠᠯ᠎ᠤᠨ ᠬᠤᠤᠰ ᠡᠯᠪᠡᠭ ᠬᠤᠷᠢᠶᠠᠯᠲᠠ ᠤᠯᠵᠦ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠠᠩᠭᠢ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠣᠯᠤᠨ ᠲᠡᠮᠡᠴᠡᠯ᠎ᠦᠨ ᠴᠣᠭ ᠵᠢᠪᠬᠤᠭ᠎ᠠ᠎ᠶ᠋ᠢ ᠭᠦᠶ᠋ᠴᠡᠳ ᠢᠯᠡᠷᠡᠭᠦᠯᠵᠠᠢ᠃

ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠪᠣᠯ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌᠂ ᠠᠵᠢᠯ ᠲᠥᠷᠥᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠮᠥᠨ᠃ ᠣᠢᠷ᠎ᠠ᠎ᠶ᠋ᠢᠨ ᠵᠢᠯ ᠳ᠋ᠤ ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠢᠮᠠᠭ᠍ᠲᠠ ᠠᠵᠢᠯ ᠡᠷᠬᠢᠯᠡᠭ᠌ᠴᠢᠳ᠎ᠦᠨ ᠬᠡᠪ ᠴᠢᠨᠠᠷ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠭᠠᠷᠳᠠᠴᠠ ᠪᠣᠯᠭᠠᠵᠤ᠂ 《ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ  ᠪᠠᠢᠭᠤᠯᠤᠯᠲᠠ᠎ᠶ᠋ᠢ ᠠᠬᠢᠭᠤᠯᠬᠤ》 ᠪᠠᠷ ᠳᠠᠮᠵᠢᠭᠤᠯᠤᠨ᠂ ᠪᠥᠬᠥ᠌ ᠣᠷᠣᠨ᠎ᠤ ᠱᠢᠤᠳᠠᠨ᠎ᠤ ᠲᠦᠷᠭᠡᠨ ᠭᠤᠪᠢᠭᠤᠯᠭ᠎ᠠ᠎ᠶᠢᠨ ᠦᠶ᠋ᠯᠡᠰ᠎ᠦᠨ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠤ ᠡᠩᠨᠡᠭᠡ᠎ᠶ᠋ᠢ ᠲᠠᠰᠤᠷᠠᠯᠲᠠ ᠥᠬᠡᠶ  ᠪᠤᠵᠠᠭᠠᠢᠷᠠᠭᠤᠯᠵᠠᠢ᠃

ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠲᠤᠬᠠᠶ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠬᠥᠲᠥᠯᠥᠨ ᠳᠠᠭᠠᠭᠤᠯᠬᠤ ᠦᠶ᠋ᠯᠡᠳᠦᠯ᠎ᠢ ᠤᠯᠠᠮ ᠴᠢᠩᠭᠠᠳᠭᠠᠵᠤ᠂ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠢ  ᠬᠥᠮᠦᠵᠢᠭᠦᠯᠬᠦ᠌᠎ᠶ᠋ᠢ  ᠠᠬᠢᠭᠤᠯᠵᠦ  ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号