ᠡᠪᠦᠯ ᠤ᠋ᠨ ᠡᠬᠢᠨ ᠤ᠋ ᠡᠳᠦᠷ᠂ ᠪᠡᠭᠡᠵᠢᠩ ᠤ᠋ᠨ ᠦᠵᠡᠰᠭᠦᠯᠡᠩ ᠤ᠋ᠨ ᠣᠷᠳᠣᠨ ᠤ᠋ ᠳ᠋ᠧᠩ ᠤ᠋ᠨ ᠬᠡᠷᠡᠯ ᠳᠤᠸᠠᠯᠠᠵᠤ᠂ ᠠᠯᠠᠭ᠎ᠠ ᠲᠠᠱᠢᠯᠳᠠ ᠶ᠋ᠢᠨ ᠲᠠᠭᠤᠨ ᠨᠢᠵᠢᠭᠢᠨᠡᠨᠠ᠃ 11 ᠰᠠᠷ᠎ᠠ ᠶ᠋ᠢᠨ 15 ᠤ᠋ ᠤᠷᠣᠶ᠂ 《ᠤᠯᠠᠭᠠᠨᠮᠥ᠋ᠴᠢᠷ ᠤ᠋ᠨ ᠲᠤᠮᠳᠠᠳᠤ ᠵᠢᠨ ᠠᠶᠠᠯᠠᠯ》 ᠤ᠋ᠨ ᠪᠡᠭᠡᠵᠢᠩᠳᠡᠬᠢ ᠲᠣᠭ᠍ᠯᠠᠯᠲᠠ ᠲᠡᠭᠦᠰ ᠠᠮᠵᠢᠯᠲᠠᠲᠠᠶ ᠥᠨᠳᠥᠷᠯᠡᠵᠦ᠍᠂ ᠨᠡᠢᠰᠯᠡᠯ ᠤ᠋ᠨ 2000 ᠭᠠᠷᠤᠶ ᠦᠵᠡᠭ᠌ᠴᠢ 60 ᠵᠢᠯ ᠠᠯᠤᠰᠯᠠᠭ᠍ᠰᠠᠨ ᠰᠣᠶᠣᠯ ᠤ᠋ᠨ ᠠᠤᠭ᠎ᠠ ᠦᠢᠯᠡᠰᠢ ᠭᠡᠷᠡᠴᠢᠯᠡᠪᠡ᠃ ᠡᠨᠡ ᠤᠳᠠᠭᠠᠨ ᠤ᠋ ᠲᠣᠭ᠍ᠯᠠᠯᠲᠠᠨᠢ ᠤᠯᠠᠭᠠᠨᠮᠥ᠋ᠴᠢᠷ ᠤ᠋ᠨ ᠪᠦᠬᠦ ᠤᠯᠤᠰᠤᠨ ᠲᠣᠭᠣᠷᠢᠨ ᠲᠣᠭ᠍ᠯᠠᠯᠳᠠ ᠬᠢᠭᠰᠡᠨ 60 ᠵᠢᠯ ᠤ᠋ᠨ ᠣᠶ ᠵᠢ ᠭᠦᠨ ᠰᠡᠳᠭᠢᠯᠭᠡᠪᠡᠷ ᠳᠤᠷᠠᠰᠬᠠᠭᠰᠠᠨ ᠢ᠋ᠶ᠋ᠡᠷ ᠪᠠᠷᠠᠬᠤ ᠥᠬᠡᠶ᠂ ᠨᠠᠩ ᠴᠤ᠌ ᠤᠯᠠᠭᠠᠨᠮᠥ᠋ᠴᠢᠷ ᠤ᠋ᠨ 《ᠠᠷᠠᠳ ᠲᠦᠮᠡᠨ ᠳ᠋ᠦ ᠦᠢᠯᠡᠴᠢᠯᠡᠬᠦ》 ᠪᠠᠳᠤ ᠪᠠᠷᠢᠮᠳᠠᠯᠠᠯ ᠤ᠋ᠨ ᠠᠮᠢᠳᠤᠯᠢᠭ ᠵᠢᠷᠤᠭ᠍ᠯᠠᠯ ᠪᠤᠯᠵᠠᠢ᠃
2025 ᠣᠨ ᠪᠣᠯ ᠤᠯᠠᠭᠠᠨᠮᠥ᠋ᠴᠢᠷ ᠠᠩᠬ᠎ᠠ ᠤᠳᠠᠭ᠎ᠠ ᠪᠦᠬᠦ ᠤᠯᠤᠰ ᠲᠦ᠍ ᠲᠣᠭᠣᠷᠢᠨ ᠲᠣᠭ᠍ᠯᠠᠯᠲᠠ ᠭᠠᠷᠭᠠᠭ᠍ᠰᠠᠨ 60 ᠵᠢᠯ ᠤ᠋ᠨ ᠣᠶ ᠪᠣᠯᠤᠨ᠎ᠠ᠃ ᠤᠯᠠᠭᠠᠨᠮᠥ᠋ᠴᠢᠷ ᠤ᠋ᠨ ᠱᠢᠯᠢᠳᠡᠭ ᠤᠯᠠᠮᠵᠢᠯᠠᠯ ᠢ᠋ ᠤᠯᠠᠮᠵᠢᠯᠠᠨ ᠪᠠᠳᠠᠷᠠᠭᠤᠯᠵᠤ᠂ ᠣᠯᠠᠨ ᠲᠦᠮᠡᠨ ᠤ᠋ ᠲᠤᠮᠳᠠ ᠬᠦᠨᠵᠡᠬᠡᠢᠷᠡᠨ ᠦᠶ᠋ᠯᠡᠴᠢᠯᠡᠭᠦ ᠣᠨᠴᠠᠯᠢᠭ ᠢ᠋ᠶ᠋ᠠᠨ ᠢᠯᠡᠷᠡᠭᠦᠯᠵᠦ᠍᠂ ᠥᠪᠥᠷ ᠮᠣᠩᠭᠣᠯ ᠤ᠋ᠨ ᠰᠣᠶᠣᠯ ᠤ᠋ᠨ ᠥᠪᠡᠷᠮᠢᠴᠡ ᠷᠢᠳᠢ ᠱᠢᠳᠢ ᠵᠢ ᠢᠯᠡᠷᠡᠭᠦᠯᠬᠦ᠌ ᠶ᠋ᠢᠨ ᠲᠥᠯᠥᠭᠡ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠪᠥᠬᠥ᠌ ᠣᠷᠣᠨ ᠤ᠋ ᠤᠯᠠᠭᠠᠨᠮᠥ᠋ᠴᠢᠷ ᠤ᠋ᠨ ᠡᠬᠢ ᠪᠠᠶᠠᠯᠢᠭ ᠢ᠋ ᠡᠮᠬᠢᠯᠡᠨ ᠨᠡᠢᠳᠭᠡᠵᠦ᠂ 《ᠤᠯᠠᠭᠠᠨᠮᠥ᠋ᠴᠢᠷ ᠪᠦᠬᠦ ᠤᠯᠤᠰ ᠲᠦ᠍ ᠲᠣᠭᠣᠷᠢᠨ ᠲᠣᠭ᠍ᠯᠠᠯᠲᠠ ᠭᠠᠷᠭᠠᠭ᠍ᠰᠠᠨ 60 ᠵᠢᠯ ᠤ᠋ᠨ ᠣᠶ ᠵᠢ ᠳᠤᠷᠠᠰᠭᠠᠬᠤ ᠲᠣᠭ᠍ᠯᠠᠯᠲᠠ》 ᠶ᠋ᠢᠨ ᠠᠵᠢᠯᠯᠠᠭ᠎ᠠ ᠥᠷᠨᠢᠭᠦᠯᠪᠡ᠃
ᠤᠷᠳᠤ ᠴᠠᠭᠠᠨ ᠬᠡᠷᠡᠮ ᠡᠴᠡ ᠬᠤᠸᠠᠩ ᠫᠦ ᠵᠢᠶᠠᠩ ᠮᠥᠷᠡᠨ ᠤ᠋ ᠬᠦᠪᠡᠬᠡ ᠬᠦᠷᠲᠡᠯ᠎ᠡ᠂ ᠭᠤᠧᠠᠩᠳ᠋ᠦ᠋ᠩ ᠰᠢᠶᠠᠩᠭᠠᠩ ᠤᠤᠮᠧᠨᠤ ᠶᠡᠬᠡ ᠪᠤᠯᠤᠩ ᠤ᠋ᠨ ᠣᠷᠣᠨ ᠡᠴᠡ ᠨᠠᠨᠴᠠᠩ ᠬᠦᠷᠲᠡᠯ᠎ᠡ᠂ 3 ᠰᠠᠷ᠎ᠠ ᠶ᠋ᠢᠨ ᠬᠤᠭᠤᠴᠠᠭᠠᠨ ᠳ᠋ᠦ 《ᠤᠯᠠᠭᠠᠨᠮᠥ᠋ᠴᠢᠷ ᠪᠦᠬᠦ᠌ ᠤᠯᠤᠰ ᠲᠦ᠍ ᠲᠣᠭᠣᠷᠢᠨ ᠲᠣᠭ᠍ᠯᠠᠯᠲᠠ ᠭᠠᠷᠭᠠᠭ᠍ᠰᠠᠨ 60 ᠵᠢᠯ ᠤ᠋ᠨ ᠤᠢ ᠵᠢ ᠳᠤᠷᠠᠰᠭᠠᠬᠤ ᠲᠣᠭ᠍ᠯᠠᠯᠲᠠ》 ᠬᠥᠬᠡᠮᠥ᠋ᠷᠡᠨ ᠤ᠋ ᠡᠮᠦᠨ᠎ᠡ ᠤᠮᠠᠷ᠎ᠠ ᠵᠢ ᠪᠦᠷᠬᠦᠪᠡ᠃
9 ᠰᠠᠷ᠎ᠠ ᠶ᠋ᠢᠨ 16 ᠤ᠋ ᠡᠳᠦᠷ᠂ ᠬᠢᠩᠭᠠᠨ ᠠᠢᠮᠠᠭ ᠤ᠋ᠨ 3 ᠤᠯᠠᠭᠠᠨᠮᠥ᠋ᠴᠢᠷ 3000 ᠺᠢᠯᠤᠮᠸᠲᠷ ᠠᠶᠠᠯᠠᠵᠦ᠂ ᠭᠤᠸᠠᠩᠵᠧᠦ᠍ ᠶ᠋ᠢᠨ ᠦᠵᠡᠭ᠌ᠴᠢᠳ ᠲᠦ᠍ ᠰᠣᠶᠣᠯ ᠤ᠋ᠨ ᠭᠦᠨᠴᠡ ᠪᠠ ᠭᠠᠵᠠᠷ ᠣᠷᠣᠨ ᠤ᠋ ᠣᠨᠴᠠᠯᠢᠭ ᠢ᠋ ᠬᠠᠪᠰᠤᠷᠭᠠᠭ᠍ᠰᠠᠨ ᠤᠷᠠᠨ ᠰᠠᠢᠬᠠᠨ ᠤ᠋ ᠰᠣᠳᠣᠨ ᠪᠦᠲᠦᠭᠡᠯ ᠢ᠋ ᠳᠡᠯᠭᠡᠨ ᠦᠵᠡᠭᠦᠯᠪᠡ᠃ ᠦᠯᠢᠭᠡᠷ《ᠬᠤᠷᠳᠤᠨ ᠮᠤᠷᠢᠨ ᠳ᠋ᠦ ᠳᠠᠰᠢᠭᠤᠷ ᠨᠡᠮᠡᠵᠦ ᠱᠢᠨ᠎ᠡ ᠠᠶᠠᠨ ᠳ᠋ᠦ ᠮᠣᠷᠳᠠᠰᠤᠭᠠᠢ》᠂ ᠠᠶᠠᠭᠠᠨ ᠪᠥᠵᠢᠭ 《ᠢᠷᠦᠭᠡᠯ》᠂ ᠮᠣᠷᠢᠨ ᠬᠤᠭᠤᠷ ᠤ᠋ᠨ ᠨᠠᠢᠷᠠᠯ ᠬᠦᠭᠵᠢᠮ 《ᠲᠦᠮᠡᠨ ᠠᠭ᠍ᠲᠠ ᠶ᠋ᠢᠨ ᠲᠦᠪᠡᠷᠭᠡᠨ》ᠵᠡᠷᠭᠡ ᠭᠣᠢᠳᠠ ᠰᠠᠢᠬᠠᠨ ᠲᠣᠭ᠍ᠯᠠᠯᠲᠠ ᠨᠢ ᠡᠮᠦᠨ᠎ᠡ ᠤᠮᠠᠷ᠎ᠠ ᠶ᠋ᠢᠨ ᠰᠣᠶᠣᠯ ᠤ᠋ᠨ ᠣᠨᠴᠠᠯᠢᠭ ᠢ᠋ ᠤᠷᠠᠯᠢᠭ ᠢ᠋ᠶ᠋ᠠᠷ ᠠᠭᠤᠰᠤᠯᠴᠠᠭᠤᠯᠵᠤ᠂ ᠭᠤᠸᠠᠩᠳᠦ᠋ᠩ ᠤ᠋ᠨ ᠠᠷᠠᠳ ᠤ᠋ᠨ ᠳᠠᠭᠤᠤ《ᠥᠩᠭᠡᠲᠦ ᠡᠭᠦᠯᠡ ᠰᠠᠷᠠᠲᠠᠢ ᠬᠠᠨᠢᠰᠠᠨᠠᠮ》ᠤ᠋ᠨ ᠢᠷᠠᠭᠤ ᠡᠭᠡᠱᠢᠭ ᠪᠣᠯᠤᠨ ᠮᠣᠩᠭᠣᠯ ᠦᠨᠳᠦᠰᠦᠲᠡᠨ ᠤ᠋ ᠳᠠᠭᠤᠤ ᠪᠥᠵᠢᠭ ᠤ᠋ᠨ ᠬᠦᠷ ᠬᠥᠭ᠌ᠵᠢᠶᠡᠨ ᠢ᠋ᠶ᠋ᠡᠷ ᠦᠩᠭᠡ ᠢᠯᠭᠠᠷᠠᠭ᠍ᠰᠠᠨ ᠪᠠᠢᠯ᠎ᠠ᠃ 《ᠡᠬᠡ ᠤᠯᠤᠰ ᠢ᠋ᠶ᠋ᠠᠨ ᠮᠠᠭ᠍ᠲᠠᠨ ᠳᠠᠭᠤᠯᠠᠶ᠎ᠠ》 ᠭᠡᠬᠦ᠌ ᠳᠠᠭᠤᠤ ᠵᠢ ᠬᠠᠩᠭᠢᠨᠠᠲᠠᠯ᠎ᠠ ᠳᠠᠭᠤᠯᠠᠬᠤ ᠳ᠋ᠦ᠂ ᠠᠬᠤᠶ ᠲᠠᠯᠠᠪᠠᠶ ᠶ᠋ᠢᠨ ᠦᠵᠡᠭ᠌ᠴᠢᠳ ᠬᠣᠢᠨ᠎ᠠ ᠬᠣᠢᠨ᠎ᠠ ᠡᠴᠡᠪᠠᠨᠲᠠᠭᠠᠨ ᠳᠠᠭᠤᠯᠠᠵᠤ᠂ ᠳᠤᠮᠳᠠᠳᠤ ᠶ᠋ᠢᠨ ᠬᠥᠪᠡᠭᠦᠳ ᠥᠬᠢᠳ ᠤ᠋ᠨ ᠨᠢᠭᠡ ᠬᠡᠷ ᠤ᠋ᠨ ᠬᠥᠮᠦᠰ ᠮᠡᠳᠦ ᠭᠦᠨ ᠵᠤᠵᠠᠭᠠᠨ ᠬᠠᠢᠷ᠎ᠠ ᠰᠡᠳᠭᠢᠯᠭᠡᠨᠢ ᠳᠠᠭᠤᠤ ᠶ᠋ᠢᠨ ᠳᠤᠮᠳᠠ ᠢᠯᠡᠷᠡᠨ᠎ᠠ᠃
ᠲᠣᠭ᠍ᠯᠠᠯᠲᠠ ᠳᠠᠭᠤᠰᠤᠭ᠍ᠰᠠᠨ ᠤ᠋ ᠳᠠᠷᠠᠭ᠎ᠠ᠂ ᠭᠤᠸᠠᠩᠵᠧᠦ᠍ ᠬᠤᠳᠠ ᠶ᠋ᠢᠨ ᠠᠷᠠᠳ ᠴᠧᠨ ᠠᠪᠠᠬᠠᠢ ᠤᠯᠠᠭᠠᠨᠮᠥ᠋ᠴᠢᠷ ᠤ᠋ᠨ ᠭᠡᠱᠢᠭᠦᠳ ᠤ᠋ᠨ ᠭᠠᠷ ᠢ᠋ ᠠᠳᠭᠤᠵᠤ᠄ 《ᠲᠠᠨᠠᠷ ᠲᠦ᠍ ᠲᠠᠯᠠᠷᠬᠠᠵᠤ ᠪᠠᠢᠨ᠎ᠠ! ᠳᠠᠷᠠᠭ᠎ᠠ ᠵᠢᠯ ᠪᠢ ᠥᠪᠥᠷ ᠮᠣᠩᠭᠣᠯ ᠳ᠋ᠦ ᠣᠴᠢᠵᠤ ᠲᠠᠨᠠᠷ ᠤ᠋ᠨ ᠲᠣᠭ᠍ᠯᠠᠯᠲᠠ ᠵᠢ ᠳᠠᠬᠢᠨ ᠨᠢᠭᠡ ᠤᠳᠠᠭ᠎ᠠ ᠰᠤᠨᠢᠷᠬᠠᠨ᠎ᠠ》 ᠭᠡᠵᠦ ᠪᠠᠢᠯ᠎ᠠ᠃
10 ᠰᠠᠷ᠎ᠠ ᠶ᠋ᠢᠨ 27ᠡᠴᠡ 28 ᠤ᠋ ᠡᠳᠦᠷ ᠪᠣᠯᠲᠠᠯ᠎ᠠ᠂ ᠪᠠ ᠳ᠋ᠠ ᠯᠢᠩ ᠳᠠᠪᠠᠭ᠎ᠠ ᠶ᠋ᠢᠨ ᠣᠷᠳᠣ ᠴᠠᠭᠠᠨ ᠬᠡᠷᠡᠮ ᠤ᠋ᠨ ᠦᠵᠡᠮᠵᠢ ᠶ᠋ᠢᠨ ᠣᠷᠣᠨ ᠳ᠋ᠦ ᠶᠡᠷᠦ᠍ ᠪᠤᠰᠤ ᠶ᠋ᠢᠨ ᠤᠳᠭ᠎ᠠ ᠠᠭᠤᠯᠭᠠᠲᠠᠶ ᠲᠣᠭ᠍ᠯᠠᠯᠲᠠ ᠭᠠᠷᠭᠠᠪᠠ — 60 ᠵᠢᠯ ᠤ᠋ᠨ ᠡᠮᠦᠨ᠎ᠡ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠤᠯᠠᠭᠠᠨᠮᠥ᠋ᠴᠢᠷ ᠡᠨᠳᠡ ᠬᠣᠪᠣᠷ ᠨᠠᠨᠳᠢᠨ ᠬᠠᠮᠲᠤ ᠶ᠋ᠢᠨ ᠬᠡᠷᠡᠯ ᠵᠢᠷᠤᠭ ᠢ᠋ᠶ᠋ᠠᠨ ᠦᠯᠡᠳᠡᠭᠡᠪᠡ᠋; 60 ᠵᠢᠯ ᠤ᠋ᠨ ᠳᠠᠷᠠᠭ᠎ᠠ᠂ ᠱᠢᠨ᠎ᠡ ᠨᠢᠭᠡ ᠦᠶ᠎ᠡ ᠶ᠋ᠢᠨ ᠤᠯᠠᠭᠠᠨᠮᠥ᠋ᠴᠢᠷ ᠤ᠋ᠨ ᠭᠡᠱᠢᠭᠦᠳ ᠳᠠᠬᠢᠨᠲᠠ ᠤᠷᠢᠳᠤᠬᠢ ᠪᠠᠷᠢᠯᠳᠤᠯᠭᠠᠪᠠᠨ ᠦᠷᠭᠦᠯᠵᠢᠯᠡᠭᠦᠯᠵᠦ᠍᠂ ᠱᠢᠨ᠎ᠡ ᠴᠠᠭ ᠦᠶ᠎ᠡ ᠶ᠋ᠢᠨ ᠤᠯᠠᠭᠠᠨᠮᠥ᠋ᠴᠢᠷ ᠤ᠋ᠨ ᠴᠤᠭ ᠵᠢᠪᠬᠤᠭ᠎ᠠ ᠵᠢ ᠢᠯᠡᠷᠡᠭᠦᠯᠪᠡ᠃
ᠦᠬᠠᠢ ᠬᠤᠳᠠ ᠶ᠋ᠢᠨ ᠤᠯᠠᠭᠠᠨᠮᠥ᠋ᠴᠢᠷ ᠤ᠋ᠨ ᠳᠡᠳ᠋ ᠪᠦᠯᠬᠦᠮ ᠤ᠋ᠨ ᠳᠠᠷᠤᠭ᠎ᠠ ᠪᠠᠢ ᠰᠧ ᠢᠦᠢ᠄《ᠠᠬᠠᠮᠠᠳ ᠦᠶ᠎ᠡ ᠶ᠋ᠢᠨ ᠬᠢᠨ ᠡᠨᠳᠡ ᠤᠯᠠ ᠮᠥᠷ ᠢ᠋ᠶ᠋ᠡᠨ ᠦᠯᠡᠳᠡᠭᠡᠵᠦ᠍ ᠥᠩᠭᠡᠷᠡᠪᠡ᠂ ᠤᠳᠤ ᠮᠠᠨ ᠤ᠋ ᠱᠢᠨ᠎ᠡ ᠨᠢᠭᠡ ᠦᠶ᠎ᠡ ᠶ᠋ᠢᠨ ᠭᠡᠱᠢᠭᠦᠳ ᠪᠠ ᠳ᠋ᠠ ᠯᠢᠩ ᠳᠠᠪᠠᠭ᠎ᠠ ᠶ᠋ᠢᠨ ᠤᠷᠳᠤ ᠴᠠᠭᠠᠨ ᠬᠡᠷᠡᠮ ᠳ᠋ᠦ ᠥᠪᠥᠷ ᠮᠣᠩᠭᠣᠯ ᠤ᠋ᠨ ᠳᠠᠭᠤᠤ ᠵᠢ ᠳᠠᠬᠢᠨᠲᠠ ᠬᠠᠩᠭᠢᠨᠠᠭᠤᠯᠵᠤ᠂ ᠴᠠᠭ ᠮᠥᠴᠡ ᠠᠯᠤᠰᠯᠠᠭ᠍ᠰᠠᠨ ᠡᠨᠡ ᠬᠦ᠌ ᠰᠣᠶᠣᠯ ᠤ᠋ᠨ ᠬᠤᠪᠢ ᠪᠠᠷᠢᠯᠳᠤᠯᠭ᠎ᠠ ᠵᠢ ᠦᠷᠭᠦᠯᠵᠢᠯᠡᠭᠦᠯᠬᠦ᠌ ᠪᠣᠯᠤᠨ᠎ᠠ》 ᠭᠡᠵᠦ ᠪᠠᠢᠯ᠎ᠠ᠃
ᠲᠣᠰ ᠤᠳᠠᠭ᠎ᠠ ᠶ᠋ᠢᠨ ᠲᠣᠭᠣᠷᠢᠨ ᠲᠣᠭ᠍ᠯᠠᠯᠲᠠ ᠳ᠋ᠦ᠂ ᠪᠥᠬᠥ᠌ ᠣᠷᠣᠨ ᠤ᠋ 12 ᠤᠯᠠᠭᠠᠨᠮᠥ᠋ᠴᠢᠷ ᠤ᠋ᠨ ᠡᠩᠨᠡᠭᠡ ᠶ᠋ᠢᠨ 350 ᠭᠠᠷᠤᠶ ᠲᠤᠭᠯᠠᠭᠴᠢ ᠪᠥᠬᠥ᠌ ᠤᠯᠤᠰ ᠤ᠋ᠨ 25 ᠮᠤᠵᠢ (ᠣᠷᠣᠨ᠂ ᠬᠣᠲᠠ) ᠳ᠋ᠤ ᠬᠦᠷᠴᠦ᠍᠂ 100 ᠭᠠᠷᠤᠶ ᠲᠠᠯᠠᠪᠠᠶ ᠲᠣᠭ᠍ᠯᠠᠯᠲᠠ ᠭᠠᠷᠭᠠᠵᠤ᠂ ᠬᠤᠳᠠᠯᠳᠤᠭᠠᠨ ᠤ᠋ ᠲᠣᠭᠣᠷᠢᠭ᠂ ᠦᠵᠡᠮᠵᠢ ᠶ᠋ᠢᠨ ᠣᠷᠣᠨ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ᠂ ᠨᠡᠢᠭᠡᠮ ᠲᠣᠭᠣᠷᠢᠭ ᠢ᠋ ᠬᠠᠮᠤᠷᠤᠭ᠍ᠰᠠᠨ ᠣᠯᠠᠨ ᠡᠱᠢᠵᠢᠭ᠌ᠰᠡᠨ ᠲᠣᠭ᠍ᠯᠠᠯᠲᠠ ᠶ᠋ᠢᠨ ᠵᠢᠭ᠍ᠰᠠᠭᠠᠯ ᠤ᠋ᠨ ᠭᠠᠵᠠᠷ ᠢ᠋ ᠪᠦᠷᠢᠯᠳᠦᠭᠦᠯᠵᠡᠶ᠃
《ᠬᠦᠷᠦᠭ᠌ᠰᠡᠨ ᠭᠠᠵᠠᠷ ᠪᠣᠯᠭᠠᠨ ᠤ᠋ ᠦᠵᠡᠭ᠌ᠴᠢᠳ ᠴᠥᠮ ᠮᠠᠰᠢ ᠬᠠᠯᠠᠭᠤᠮᠰᠤᠭ᠂ ᠲᠣᠭ᠍ᠯᠠᠯᠲᠠ ᠶ᠋ᠢᠨ ᠦᠷ᠎ᠡ ᠪᠦᠲᠦᠮᠵᠢ ᠮᠠᠰᠢ ᠰᠠᠢᠨ᠂ ᠲᠤᠬᠠᠢᠶᠢᠨ ᠭᠠᠵᠠᠷ ᠤ᠋ᠨ ᠣᠯᠠᠨ ᠲᠦᠮᠡᠨ ᠤᠯᠠᠭᠠᠨᠮᠥ᠋ᠴᠢᠷ ᠢ᠋ ᠶᠡᠬᠡᠳᠡ ᠪᠠᠬᠠᠷᠬᠠᠵᠦ ᠪᠠᠢᠨ᠎ᠠ᠃ ᠤᠳᠠᠭ᠎ᠠ ᠪᠦᠷᠢ ᠶ᠋ᠢᠨ ᠲᠣᠭ᠍ᠯᠠᠯᠲᠠ ᠨᠢ ᠴᠥᠮ ᠤᠯᠠᠭᠠᠨᠮᠥ᠋ᠴᠢᠷ ᠤ᠋ᠨ ᠱᠢᠯᠢᠳᠡᠭ ᠤᠯᠠᠮᠵᠢᠯᠠᠯ ᠢ᠋ ᠤᠯᠠᠮᠵᠢᠯᠠᠨ ᠪᠠᠳᠠᠷᠠᠭᠤᠯᠵᠤ ᠴᠢᠳᠠᠭᠰᠠᠨ》 ᠭᠡᠵᠦ᠍ ᠬᠢᠩᠭᠠᠨ ᠠᠢᠮᠠᠭ ᠤ᠋ᠨ ᠤᠯᠠᠭᠠᠨᠮᠥ᠋ᠴᠢᠷ ᠤ᠋ᠨ ᠭᠡᠱᠢᠭᠦᠨ ᠽᠠᠩ ᠱᠢᠶᠤᠤ ᠬᠣᠶ ᠬᠡᠯᠡᠨ᠎ᠡ᠃
《ᠬᠦᠬᠡ ᠲᠩᠷᠢᠪᠡᠷ ᠬᠥᠱᠢᠭᠡ ᠪᠣᠯᠭᠠᠵᠤ᠂ ᠬᠦᠷᠦᠰᠦᠳᠦ ᠳᠡᠯᠡᠬᠡᠢ ᠪᠡᠷ ᠳᠠᠢᠰᠠ ᠪᠣᠯᠭᠠᠨ᠎ᠠ᠃ 1957 ᠣᠨ ᠳ᠋ᠦ ᠤᠤᠭᠠᠨ ᠤᠯᠠᠭᠠᠨᠮᠥ᠋ᠴᠢᠷ ᠱᠢᠯᠢ ᠶ᠋ᠢᠨ ᠭᠤᠤᠯ ᠠᠢᠮᠠᠭ ᠤ᠋ᠨ ᠰᠥᠨᠢᠳ ᠪᠠᠷᠠᠭᠤᠨ ᠬᠣᠱᠢᠭᠤᠨ ᠳ᠋ᠦ ᠪᠠᠢᠭᠤᠯᠤᠭᠳᠠᠵᠦ᠍᠂ 《ᠨᠢᠭᠡ ᠮᠣᠩᠭᠣᠯ ᠬᠡᠷ ᠢ᠋ ᠴᠦ᠍ ᠣᠷᠬᠢᠭ᠍ᠳᠠᠭᠤᠯᠬᠤ ᠥᠬᠡᠶ᠂ ᠨᠢᠭᠡ ᠮᠠᠯᠴᠢᠨ ᠢ᠋ ᠴᠤ᠌ ᠬᠣᠴᠣᠷᠤᠭᠤᠯᠬᠤ ᠥᠬᠡᠶ》 ᠵᠤᠷᠢᠯᠳᠠ ᠵᠢ ᠪᠠᠷᠢᠮᠳᠠᠯᠠᠨ᠂ ᠬᠡᠴᠢᠨᠡᠨ ᠪᠣᠢᠳᠠ ᠪᠦᠭ᠌ᠯᠡᠭᠦᠦ ᠪᠠᠢᠭᠰᠠᠨ ᠴᠤ᠌ ᠤᠯᠠᠭᠠᠨᠮᠥ᠋ᠴᠢᠷ ᠤ᠋ᠨ ᠠᠯᠬᠤᠭ᠎ᠠ ᠵᠢ ᠬᠣᠷᠢᠭ᠍ᠯᠠᠵᠤ ᠴᠢᠳᠠᠭ᠎ᠠ ᠦᠬᠡᠢ᠃
ᠵᠤᠨ ᠤ᠋ ᠵᠢᠷᠭᠤᠭᠠᠨ ᠰᠠᠷ᠎ᠠ ᠳ᠋ᠦ᠂ 《ᠤᠯᠠᠭᠠᠨᠮᠥ᠋ᠴᠢᠷ ᠤ᠋ᠨ ᠰᠠᠷ᠎ᠠ》 ᠠᠷᠠᠳ ᠲᠦ᠍ ᠠᠱᠢᠭ ᠬᠦᠷᠲᠡᠭᠡᠬᠦ᠌ ᠲᠣᠭ᠍ᠯᠠᠯᠲᠠ ᠭᠣᠢᠳᠠ ᠰᠠᠢᠬᠠᠨ ᠶᠠᠪᠤᠭ᠍ᠳᠠᠪᠠ; ᠬᠠᠬᠢᠷ ᠡᠪᠦᠯ ᠤ᠋ᠨ ᠬᠦᠢᠳᠡᠨ ᠰᠠᠯᠬᠢᠨ ᠳ᠋ᠦ᠂ 《ᠪᠠᠶᠠᠷ ᠪᠠᠶᠠᠰᠤᠯ ᠢ᠋ ᠬᠦᠷᠭᠡᠵᠦ᠍᠂ ᠪᠣᠯᠪᠠᠰᠤᠨ ᠢ᠋ ᠬᠦᠷᠭᠡᠬᠦ᠌》 ᠦᠨᠳᠦᠰᠦᠨ ᠱᠠᠲᠤᠨ ᠤ᠋ ᠦᠢᠯᠡᠴᠢᠯᠡᠭᠡᠨ ᠤ᠋ ᠠᠵᠢᠯᠯᠠᠭ᠎ᠠ ᠬᠦᠷ ᠬᠥᠭ᠌ᠵᠢᠶᠡᠨᠲᠡᠶ ᠥᠷᠨᠢᠪᠡ᠃ ᠮᠠᠯᠵᠢᠬᠤ ᠲᠠᠷᠢᠶᠠᠯᠠᠬᠤ ᠣᠷᠣᠨ᠂ ᠦᠶ᠋ᠯᠡᠳᠪᠦᠷᠢ ᠠᠭᠤᠷᠬᠠᠶ ᠠᠵᠤ ᠠᠬᠤᠢᠯᠠᠯ᠂ ᠰᠤᠷᠭᠠᠭᠤᠯᠢ ᠨᠡᠢᠭᠡᠮ ᠲᠣᠭᠣᠷᠢᠭ᠂ ᠬᠢᠯᠢ ᠶ᠋ᠢᠨ ᠬᠠᠷᠠᠭᠤᠯ ᠤ᠋ᠨ ᠭᠠᠵᠠᠷ ᠵᠡᠷᠭᠡ ᠪᠣᠶ ᠪᠥᠬᠥᠶ ᠣᠯᠠᠨ ᠨᠡᠢᠲᠡ ᠶ᠋ᠢᠨ ᠰᠣᠶᠣᠯ ᠤ᠋ᠨ ᠦᠶ᠋ᠯᠡᠴᠢᠯᠡᠭᠡ ᠪᠠᠭᠤᠷᠠᠶ ᠭᠠᠵᠠᠷ ᠣᠷᠣᠨ ᠪᠣᠯ ᠴᠥᠮ ᠤᠯᠠᠭᠠᠨᠮᠥ᠋ᠴᠢᠷ ᠤ᠋ᠨ ᠲᠠᠪᠴᠠᠩ ᠪᠠᠢᠵᠤ᠂ ᠵᠢᠯ ᠪᠤᠯᠭᠠᠨ 8000 ᠲᠠᠯᠠᠪᠠᠢ ᠲᠣᠭ᠍ᠯᠠᠯᠲᠠ ᠦᠶ᠋ᠯᠡᠴᠢᠯᠡᠭᠡᠨ ᠤ᠋ ᠠᠵᠢᠯᠯᠠᠭ᠎ᠠᠨᠢ ᠤᠳᠭ᠎ᠠ ᠤᠷᠠᠯᠢᠭ ᠤ᠋ᠨ ᠴᠡᠴᠡᠭ ᠢ᠋ ᠥᠪᠥᠷ ᠮᠣᠩᠭᠣᠯ ᠤ᠋ᠨ ᠡᠬᠡ ᠭᠠᠵᠠᠷ ᠲᠦ᠍ ᠳᠡᠯᠭᠡᠷᠡᠭᠦᠯᠳᠡᠭ᠃
60 ᠭᠠᠷᠤᠶ ᠵᠢᠯ ᠤ᠋ᠨ ᠲᠤᠷᠰᠢ᠂ ᠪᠥᠬᠥ᠌ ᠣᠷᠣᠨ ᠤ᠋ 75 ᠤᠯᠠᠭᠠᠨᠮᠥ᠋ᠴᠢᠷ ᠥᠷᠭᠡᠨ ᠣᠯᠠᠨ ᠮᠠᠯᠴᠢᠨ ᠲᠠᠷᠢᠶᠠᠴᠢᠨ ᠳ᠋ᠦ ᠨᠡᠢᠲᠡ 40 ᠭᠠᠷᠤᠶ ᠲᠦᠮᠡᠨ ᠲᠠᠯᠠᠪᠠᠶ ᠲᠣᠭ᠍ᠯᠠᠯᠲᠠ ᠭᠠᠷᠭᠠᠵᠤ᠂ ᠬᠡᠳᠦᠨ ᠵᠠᠭᠤᠨ ᠲᠦᠮᠡᠨ ᠺᠢᠯᠣᠮᠧᠲ᠋ᠷ ᠠᠶᠠᠯᠠᠵᠠᠶ᠃
11 ᠰᠠᠷ᠎ᠠ ᠶ᠋ᠢᠨ 11 ᠤ᠋ ᠡᠳᠦᠷ᠂ ᠥᠪᠥᠷ ᠮᠣᠩᠭᠣᠯ ᠤ᠋ᠨ ᠤᠯᠠᠨ ᠲᠦᠮᠡᠨ ᠤ᠋ ᠤᠷᠠᠯᠢᠭ ᠤ᠋ᠨ ᠣᠷᠳᠣᠨ ᠳ᠋ᠦ᠂ ᠤᠯᠠᠭᠠᠨᠮᠥ᠋ᠴᠢᠷᠤᠨᠪᠦᠬᠦ ᠤᠯᠤᠰ ᠲᠦ᠍ ᠲᠣᠭᠣᠷᠢᠨ ᠲᠣᠭ᠍ᠯᠠᠭ᠍ᠰᠠᠨ 60 ᠵᠢᠯ ᠤ᠋ᠨ ᠣᠶ ᠶ᠋ᠢᠨ ᠦᠵᠡᠭᠦᠯᠭᠡ ᠶ᠋ᠢᠨ ᠲᠣᠭ᠍ᠯᠠᠯᠲᠠᠶᠠᠪᠤᠭᠳᠠᠵᠦ᠂ ᠤᠯᠠᠭᠠᠨᠮᠥ᠋ᠴᠢᠷ ᠤ᠋ᠨ ᠠᠬᠠᠮᠠᠳ ᠢᠳᠡᠷ ᠵᠠᠯᠠᠭᠤ ᠭᠤᠷᠪᠠᠨ ᠦᠶ᠎ᠡ ᠶ᠋ᠢᠨ ᠭᠡᠱᠢᠭᠦᠳ ᠬᠠᠮᠲᠤ ᠲᠠᠢᠰᠠᠨ ᠳ᠋ᠦ ᠭᠠᠷᠴᠤ᠌᠂ ᠴᠠᠭ ᠣᠷᠣᠨ ᠵᠠᠶ ᠵᠢ ᠠᠯᠤᠰᠯᠠᠭ᠍ᠰᠠᠨ 《ᠣᠶᠤᠨ ᠰᠠᠨᠠᠭᠠᠨ ᠤ᠋ ᠪᠤᠤᠬᠢᠶ᠎ᠠ》 ᠳᠠᠮᠵᠢᠭᠤᠯᠵᠠᠢ᠃ ᠲᠣᠰ ᠣᠷᠣᠶ ᠶ᠋ᠢᠨ ᠲᠠᠢᠰᠠᠨ ᠳᠡᠭᠡᠷ᠎ᠡ᠂ ᠠᠩᠬᠠᠳᠠᠭᠴᠢ ᠤᠳᠠᠭ᠎ᠠᠶᠢᠨ ᠲᠣᠭᠣᠷᠢᠨ ᠲᠣᠭ᠍ᠯᠠᠯᠲᠠ ᠳ᠋ᠦ ᠣᠷᠣᠯᠴᠠᠵᠤ ᠥᠩᠭᠡᠷᠡᠭ᠌ᠰᠡᠨ ᠤᠯᠠᠭᠠᠨᠮᠥ᠋ᠴᠢᠷ ᠤ᠋ᠨ 11 ᠠᠬᠠᠮᠠᠳ ᠭᠡᠱᠢᠭᠦᠨ AI ᠮᠡᠷᠭᠡᠵᠢᠯ ᠢ᠋ᠶ᠋ᠡᠷ 60 ᠵᠢᠯ ᠤ᠋ᠨ ᠡᠮᠦᠨᠡᠬᠢ ᠵᠠᠯᠠᠭᠤᠶᠢᠨ ᠦᠶᠠᠲᠠᠢ ᠪᠠᠨ ᠠᠭᠤᠯᠵᠨᠨ ᠶᠠᠷᠢᠯᠴᠠᠪᠠ᠃
ᠦᠶ᠎ᠡ ᠦᠶ᠎ᠡ ᠶ᠋ᠢᠨ ᠤᠯᠠᠭᠠᠨᠮᠥ᠋ᠴᠢᠷ ᠤ᠋ᠨ ᠭᠡᠱᠢᠭᠦᠳ《ᠠᠷᠠᠳ ᠲᠦᠮᠡᠨ ᠳ᠋ᠦ ᠦᠢᠯᠡᠴᠢᠯᠡᠬᠦ》ᠵᠤᠷᠢᠯᠳᠠ ᠪᠠᠷᠢᠮᠳᠠᠯᠠᠯ ᠵᠢᠡᠨ ᠦᠶ᠋ᠯᠡᠳᠦᠯᠭᠡᠵᠢᠭᠦᠯᠵᠦ᠍ ᠪᠠᠢᠨ᠎ᠠ! ᠮᠦᠨ ᠴᠸ᠋ ᠡᠨᠡ ᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠰᠠᠶᠢ 《ᠪᠦᠬᠦ᠌ ᠤᠯᠤᠰ ᠤ᠋ᠨ ᠤᠳᠭ᠎ᠠ ᠤᠷᠠᠯᠢᠭ ᠤ᠋ᠨ ᠹᠷᠣᠨᠲ ᠤ᠋ᠨ ᠨᠢᠭᠡᠨ ᠲᠤᠭ》 ᠬᠡᠮᠡᠬᠦ ᠮᠠᠭ᠍ᠲᠠᠭᠠᠯ ᠰᠠᠢᠱᠢᠶᠠᠯ ᠢ᠋ ᠤᠯᠪᠠ᠂ ᠡᠨᠡ ᠬᠦ᠌ ᠤᠭ ᠰᠠᠨᠠᠭ᠎ᠠ ᠶᠡᠷᠦ᠍ᠡᠴᠡ ᠬᠤᠪᠢᠷᠠᠭ᠎ᠠ ᠦᠭᠡᠢ᠂ ᠡᠨᠡ ᠬᠦ᠌ ᠲᠤᠭ ᠡᠬᠦᠷᠢᠳᠡ ᠥᠨᠳᠥᠷ ᠨᠠᠮᠢᠷᠠᠨ᠎ᠠ᠃
11 ᠰᠠᠷ᠎ᠠ ᠶ᠋ᠢᠨ 4 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠷᠠᠯᠢᠭ ᠤ᠋ᠨ ᠨᠠᠢᠷ ᠤ᠋ᠨ ᠲᠡᠭᠦᠰᠭᠦ ᠶᠣᠰᠣᠯᠠᠯ ᠳᠡᠭᠡᠷ᠎ᠡ᠂ ᠡᠵᠡᠨ ᠬᠣᠷᠣᠭ᠎ᠠ ᠬᠣᠱᠢᠭᠤᠨ ᠤ᠋ ᠤᠯᠠᠭᠠᠨᠮᠥ᠋ᠴᠢᠷ ᠤ᠋ᠨ ᠵᠣᠬᠢᠶᠠᠨ ᠪᠦᠲᠦᠭᠡᠭ᠌ᠰᠡᠨ 《ᠬᠡᠷᠡᠯ ᠳ᠋ᠦ ᠤᠢᠷᠠᠳᠤᠨᠠᠮ》 ᠪᠥᠵᠢᠭᠠᠷᠪᠠᠨ ᠨᠠᠶ᠋ᠮᠠᠳᠤᠭᠠᠷ ᠬᠤᠭᠤᠴᠠᠭᠠᠨ ᠤ᠋ ᠸᠧᠨ ᠬᠤᠧᠠ ᠲᠤᠮᠤ ᠱᠠᠩᠨᠠᠯ ᠢ᠋ ᠭᠥᠷᠳᠡᠪᠡ᠃
ᠨᠢᠭᠡᠨ ᠦᠨᠳᠦᠰᠦᠨ ᠱᠠᠲᠤᠨ ᠤ᠋ ᠤᠳᠭ᠎ᠠ ᠤᠷᠠᠯᠢᠭ ᠤ᠋ᠨ ᠪᠦᠲᠦᠭᠡᠯ ᠳᠤᠮᠳᠠᠳᠤ ᠤᠯᠤᠰ ᠤ᠋ᠨ ᠲᠠᠢᠰᠠᠨ ᠤ᠋ ᠤᠷᠠᠯᠢᠭ ᠤ᠋ᠨ ᠬᠠᠮᠤᠭ ᠤ᠋ᠨ ᠳᠡᠭᠡᠳᠦ ᠱᠠᠩᠨᠠᠯ ᠢ᠋ ᠬᠦᠷᠳᠡᠪᠡ᠂ ᠡᠨᠡ ᠪᠣᠯ ᠥᠪᠥᠷ ᠮᠣᠩᠭᠣᠯ ᠤ᠋ᠨ ᠤᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠤ᠋ ᠦᠨᠳᠦᠰᠦᠨ ᠱᠠᠲᠤᠨ ᠳ᠋ᠦ ᠱᠢᠭᠤᠳ ᠬᠦᠷᠦᠭ᠌ᠰᠡᠨ ᠠᠮᠢᠳᠤᠯᠢᠭ ᠦᠢᠯᠡᠳᠦᠯᠭᠡ ᠪᠣᠯᠤᠨ᠎ᠠ᠃
2022 ᠣᠨ ᠤ᠋ ᠬᠠᠪᠤᠷ᠂ 《ᠰᠤᠷᠤᠯᠴᠠᠬᠤ ᠵᠤᠬᠢᠶᠠᠬᠤ ᠲᠣᠭ᠍ᠯᠠᠬᠤ》 ᠠᠵᠢᠯᠯᠠᠭ᠎ᠠ ᠪᠥᠬᠥ᠌ ᠣᠷᠣᠨ ᠤ᠋ ᠤᠯᠠᠭᠠᠨᠮᠥ᠋ᠴᠢᠷ ᠤ᠋ᠨ ᠳᠤᠮᠳᠠ ᠦᠷᠨᠢᠪᠡ᠃ ᠤᠨᠤᠯ ᠤ᠋ᠨ ᠮᠡᠳᠡᠯᠭᠡ ᠵᠢ ᠰᠤᠷᠤᠯᠴᠠᠵᠤ᠂ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠵᠦ᠍᠂ ᠡᠯ᠎ᠡ ᠭᠠᠵᠠᠷ ᠲᠦ᠍ ᠣᠴᠢᠵᠤ ᠲᠣᠭ᠍ᠯᠠᠯᠲᠠ ᠭᠠᠷᠭᠠᠬᠤ ᠪᠣᠯ ᠠᠵᠢᠯᠯᠠᠭ᠎ᠠ ᠶ᠋ᠢᠨ ᠭᠣᠣᠯ ᠵᠣᠷᠢᠯᠲᠠ ᠪᠣᠯᠤᠨ᠎ᠠ᠃ ᠡᠭᠦᠨ ᠤ᠋ ᠲᠤᠯᠠᠳᠠ᠂ ᠪᠥᠬᠥ᠌ ᠣᠷᠣᠨ ᠤ᠋ ᠤᠬᠠᠭᠤᠯᠬᠤ ᠱᠢᠰᠲ᠋ᠧᠮ ᠤ᠋ᠨ ᠵᠣᠬᠢᠶᠠᠨ ᠪᠠᠢᠭᠤᠯᠤᠭᠰᠠᠨ ᠵᠣᠬᠢᠶᠠᠨ ᠪᠦᠲᠦᠭᠡᠬᠦ᠌ ᠲᠤᠰᠭᠠᠶ ᠠᠩᠭᠢ ᠤᠯᠠᠭᠠᠨᠮᠥ᠋ᠴᠢᠷ ᠢ᠋ ᠬᠥᠲᠥᠯᠥᠨ ᠵᠢᠯᠣᠭᠣᠳᠴᠤ᠌ ᠭᠤᠤᠯ ᠱᠢᠵᠢᠮ ᠤ᠋ᠨ ᠲᠣᠭᠣᠷᠢᠨ ᠳ᠋ᠦ ᠭᠤᠤᠯ ᠰᠡᠳᠦᠪ ᠲᠣᠪᠣᠢᠮ᠎ᠠ ᠵᠢᠵᠢᠭ ᠪᠦᠲᠦᠭᠡᠯ ᠢ᠋ ᠵᠣᠬᠢᠶᠠᠨ ᠪᠦᠲᠦᠭᠡᠪᠡ᠃ ᠣᠳᠣᠬᠠᠨ ᠳ᠋ᠦ᠂ ᠪᠥᠬᠥ᠌ ᠣᠷᠣᠨ ᠤ᠋ ᠤᠯᠠᠭᠠᠨᠮᠥ᠋ᠴᠢᠷ ᠵᠢᠯ ᠪᠦᠷᠢ ᠳᠤᠮᠳᠠᠴᠢᠪᠠᠷ 1000 ᠪᠦᠲᠦᠭᠡᠯᠵᠤᠬᠢᠶᠠᠵᠦ᠂ ᠳᠠᠭᠤᠤ᠂ ᠪᠥᠵᠢᠭ᠂ ᠱᠣᠭ ᠵᠦᠴᠦᠭᠡ᠂ ᠳᠠᠭᠤᠷᠢᠯᠢᠭ᠂ ᠠᠶ᠎ᠠ ᠬᠥᠭ᠌ᠵᠢᠮ ᠵᠡᠷᠭᠡ ᠣᠯᠠᠨ ᠤᠷᠠᠯᠢᠭ ᠤ᠋ᠨ ᠲᠥᠷᠥᠯ ᠢ᠋ ᠬᠠᠮᠤᠷᠴᠠᠶ᠃
ᠤᠯᠠᠭᠠᠨᠬᠠᠳᠠ ᠬᠣᠲᠠ ᠶ᠋ᠢᠨ ᠨᠢᠩᠴᠧᠩ ᠱᠢᠶᠠᠨ ᠤ᠋ ᠤᠯᠠᠭᠠᠨᠮᠥ᠋ᠴᠢᠷ ᠤ᠋ᠨ ᠳᠠᠷᠤᠭ᠎ᠠ ᠴᠢ ᠱᠢᠶᠤᠤ ᠭᠤᠸᠠᠩ᠄《ᠪᠢᠳᠡ ᠣᠯᠠᠨ ᠲᠦᠮᠡᠨ ᠤ᠋ ᠦᠵᠡᠵᠦ᠍ ᠰᠣᠨᠢᠷᠬᠠᠬᠤ ᠳᠤᠷᠠᠲᠠᠶ ᠪᠦᠲᠦᠭᠡᠯ ᠢ᠋ᠶ᠋ᠡᠷ ᠨᠠᠮ ᠤ᠋ᠨ ᠲᠠᠭᠤᠨ ᠬᠤᠭᠤᠯᠠᠢ ᠪᠠ ᠬᠠᠢᠷ᠎ᠠ ᠬᠠᠯᠠᠮᠵᠢ ᠵᠢ ᠰᠠᠢᠲᠤᠷ ᠳᠠᠮᠵᠢᠭᠤᠯᠵᠤ ᠂ ᠦᠨᠳᠦᠰᠦᠨ ᠱᠠᠲᠤᠨ ᠤ᠋ ᠣᠯᠠᠨ ᠲᠦᠮᠡᠨ ᠳ᠋ᠦ ᠪᠠᠶᠠᠷ ᠪᠠᠶᠠᠰᠤᠯ ᠪᠠ ᠪᠣᠯᠪᠠᠰᠤᠨ ᠢ᠋ ᠬᠦᠷᠭᠡᠨ᠎ᠠ》 ᠭᠡᠯ᠎ᠠ᠃
ᠵᠢᠷᠠᠨ ᠵᠢᠯ ᠤ᠋ᠨ ᠲᠤᠷᠰᠢ᠂ ᠤᠯᠠᠭᠠᠨᠮᠥ᠋ᠴᠢᠷ ᠤ᠋ᠨ ᠠᠯᠬᠤᠭ᠎ᠠ ᠶᠡᠷᠦ᠍ᠡᠴᠡ ᠵᠣᠭ᠍ᠰᠣᠭ᠍ᠰᠠᠨ ᠦᠭᠡᠢ᠂ ᠲᠡᠳᠡ ᠤᠷᠠᠯᠢᠭ ᠤ᠋ᠨ ᠬᠦᠴᠦᠨ ᠢ᠋ᠶ᠋ᠡᠷ ᠠᠭᠤᠯᠠ ᠤᠰᠤ ᠵᠢ ᠳᠠᠪᠠᠵᠤ᠂ ᠰᠣᠶᠣᠯ ᠤ᠋ᠨ ᠦᠷ᠎ᠡ ᠵᠢ ᠡᠬᠡ ᠤᠯᠤᠰ ᠤ᠋ᠨ ᠡᠬᠡ ᠭᠠᠵᠠᠷ ᠲᠦ᠍ ᠰᠠᠴᠤᠪᠠ᠃ ᠲᠠᠳᠠ ᠪᠣᠯ ᠲᠠᠯ᠎ᠠ ᠨᠤᠲᠤᠭ ᠤ᠋ᠨ 《ᠬᠤᠪᠢᠰᠭᠠᠯᠲᠤ ᠤᠳᠭ᠎ᠠ ᠤᠷᠠᠯᠢᠭ ᠤ᠋ᠨ ᠬᠥᠩᠭᠡᠨ ᠮᠣᠷᠢᠲᠤ ᠴᠡᠷᠢᠭ》 ᠪᠣᠯᠬᠤᠪᠠᠷ ᠪᠠᠷᠠᠬᠤ ᠥᠬᠡᠶ ᠪᠠᠰᠠ ᠴᠤ᠌ ᠨᠠᠮ ᠪᠠ ᠣᠯᠠᠨ ᠲᠦᠮᠡᠨ ᠢ᠋ ᠬᠣᠯᠪᠣᠬᠤ ᠬᠥᠭᠥᠷᠭᠡ ᠬᠣᠯᠪᠣᠭᠠᠰᠤ ᠮᠥᠨ᠃ 《ᠠᠷᠠᠳ ᠲᠦᠮᠡᠨ ᠳ᠋ᠦ ᠦᠢᠯᠡᠴᠢᠯᠡᠬᠦ》 ᠪᠣᠯ ᠤᠯᠠᠭᠠᠨᠮᠥ᠋ᠴᠢᠷ ᠤ᠋ᠨ ᠥᠨᠢ ᠡᠭᠦᠷᠢᠳᠡ ᠶ᠋ᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠃