ᠣᠯᠠᠨ ᠵᠦᠢᠯ᠎ᠦᠨ ᠠᠷᠭ᠎ᠠ ᠬᠡᠮᠵᠢᠶ᠎ᠡ ᠶ᠋ᠢ ᠵᠡᠷᠭᠡ᠎ᠪᠡᠷ ᠬᠡᠷᠡᠭᠯᠡᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ᠎ᠡ
2025-11-24 10:08:57
ᠵᠣᠬᠢᠶᠠᠭ᠍ᠴᠢ᠄
ᠰᠦᠩ ᠠ ᠨᠠᠨ ᠶᠠᠩ ᠱᠢᠨ ᠷᠦᠢ
ᠣᠩᠱᠢᠭ᠍ᠰᠠᠨ ᠣᠳᠠᠭ᠎ᠠ᠄
★★★☆☆

ᠣᠢᠷ᠎ᠠ᠎ᠵᠢᠨ ᠡᠳᠦᠷ᠂ ᠪᠤᠭᠤᠲᠤ ᠬᠣᠲᠠ᠎ᠶᠢᠨ ᠲᠦᠮᠡᠳ ᠪᠠᠷᠠᠭᠤᠨ ᠬᠣᠰᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠤᠷᠢᠨ ᠨᠠᠢ᠍ᠮᠠᠳᠡᠬᠢ ᠪᠥᠬᠥ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ  ᠲᠦᠭᠡᠮᠡᠯᠵᠢᠭᠦᠯᠬᠦ ᠭᠠᠷᠠᠭ᠎ᠤᠨ ᠡᠬᠢᠯᠡᠯᠲᠡ᠎ᠶᠢᠨ ᠶᠣᠰᠣᠯᠠᠯ ᠵᠢᠴᠢ ᠪᠥᠬᠥ ᠬᠣᠰᠢᠭᠤᠨ᠎ᠤ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠦᠵᠡᠭᠦᠯᠭᠡ ᠹᠦ ᠰᠢᠩ ᠪᠠᠭ᠎ᠠ ᠰᠤᠷᠭᠠᠭᠤᠯᠢ᠎ᠳᠤ ᠡᠬᠢᠯᠡᠪᠡ᠃ ᠲᠤᠰ ᠤᠳᠠᠭᠠᠨ᠎ᠤ ᠠᠵᠢᠯᠯᠠᠭ᠎ᠠ ᠨᠢ ᠡᠯᠪᠡᠭ ᠪᠠᠶᠠᠯᠢᠭ᠋ ᠤᠯᠠᠨ ᠶᠠᠩᠵᠤ᠎ᠶᠢᠨ ᠬᠡᠯᠪᠡᠷᠢ᠎ᠪᠡᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠬᠡᠮᠡᠯᠵᠢᠬᠦᠯᠬᠦ ᠰᠠᠭᠤᠷᠢ᠎ᠶᠢ ᠪᠠᠲᠤᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠳᠤ ᠦᠭᠡ ᠬᠡᠯᠡ ᠰᠣᠶᠣᠯ᠎ᠤᠨ ᠬᠦᠴᠦᠨ᠎ᠢ ᠨᠡᠮᠡᠷᠢᠯᠡᠭᠰᠡᠨ ᠪᠠᠢᠨ᠎ᠠ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ᠂ ᠪᠥᠬᠥ ᠬᠣᠰᠢᠭᠤᠨ᠎ᠤ ᠡᠯ᠎ᠡ ᠰᠤᠷᠭᠠᠭᠤᠯᠢ᠎ᠶᠢᠨ ᠤᠳᠤᠷᠢᠳᠤᠯᠭ᠎ᠠ᠂ ᠪᠠᠭ᠍ᠰᠢ᠎ᠶᠢᠨ ᠲᠥᠯᠥᠭᠡᠯᠡᠭᠴᠢ ᠡᠩ ᠲᠡᠷᠢᠭᠦᠨ᠎ᠳᠦ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠬᠡᠮᠡᠯᠵᠢᠬᠦᠯᠬᠦ》 ᠭᠣᠣᠯ ᠰᠡᠳᠦᠪᠲᠦ ᠤᠬᠠᠭᠤᠯᠭ᠎ᠠ᠎ᠶᠢᠨ ᠪᠢᠴᠢᠭᠡᠰᠦ ᠳᠡᠭᠡᠷ᠎ᠡ ᠲᠥᠪ ᠴᠢᠩᠭ᠎ᠠ᠎ᠪᠠᠷ ᠭᠠᠷ᠎ᠤᠨ ᠥᠰᠥᠭ ᠵᠢᠷᠤᠵᠤ᠂ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠤᠬᠠᠭᠤᠯᠭ᠎ᠠ᠎ᠶᠢᠨ ᠰᠠᠮᠪᠠᠷ᠎ᠠ᠎ᠶᠢ ᠬᠠᠮᠲᠤ᠎ᠪᠠᠷ ᠲᠣᠭᠣᠷᠢᠨ ᠦᠵᠡᠵᠦ᠂ ᠪᠥᠬᠥ ᠬᠣᠰᠢᠭᠤᠨ᠎ᠤ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠠᠵᠢᠯ᠎ᠤᠨ ᠦᠷ᠎ᠡ ᠪᠦᠲᠦᠭᠡᠯ᠎ᠢ  ᠣᠢᠯᠠᠭᠠᠨ᠂ ᠲᠣᠰ ᠬᠤᠭᠤᠴᠠᠭᠠᠨ᠎ᠤ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠭᠠᠷᠠᠭ᠎ᠤᠨ ᠬᠥᠰᠢᠭᠡ᠎ᠶᠢ ᠨᠡᠭᠡᠭᠡᠪᠡ᠃ ᠳᠠᠷᠠᠭ᠎ᠠ ᠨᠢ᠂ ᠪᠦᠬᠦ ᠬᠥᠮᠥᠰ ᠹᠦ ᠰᠢᠩ ᠪᠠᠭ᠎ᠠ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠠᠰᠠᠷ᠂ ᠠᠵᠢᠯᠯᠠᠭᠠᠨ᠎ᠤ ᠲᠠᠯᠠᠪᠤᠷ᠎ᠲᠤ ᠬᠦᠷᠴᠦ᠂ ᠰᠤᠷᠭᠠᠭᠤᠯᠢ᠎ᠶᠢᠨ ᠬᠦᠷᠢᠶᠡᠨ᠎ᠦ ᠦᠭᠡ ᠬᠡᠯᠡ ᠦᠰᠦᠭ ᠪᠢᠴᠢᠭ᠎ᠦᠨ ᠣᠷᠴᠢᠨ ᠠᠬᠤᠢ ᠵᠢᠨ ᠪᠠᠢᠳᠠᠯ ᠪᠣᠯᠣᠨ ᠪᠠᠭ᠍ᠰᠢ ᠰᠤᠷᠤᠭ᠍ᠴᠢᠳ᠎ᠤᠨ ᠤᠷᠠᠨ ᠪᠢᠴᠢᠯᠭᠡ᠂ ᠭᠠᠷ ᠪᠢᠴᠢᠮᠡᠯ ᠰᠣᠨᠢᠨ ᠵᠡᠷᠭᠡ ᠪᠦᠲᠦᠭᠡᠯ᠎ᠢ ᠲᠣᠭᠣᠷᠢᠨ ᠦᠵᠡᠵᠦ᠂ ᠰᠤᠷᠭᠠᠭᠤᠯᠢ᠎ᠶᠢᠨ ᠬᠦᠷᠢᠶᠡᠨ᠎ᠳ᠋ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠠᠭᠤᠷ ᠠᠮᠢᠰᠬᠤᠯ ᠪᠢᠯᠬᠠᠮ᠎ᠠ ᠪᠠᠢᠯ᠎ᠠ᠃

ᠰᠦᠷ ᠵᠢᠪᠬᠤᠯᠠᠩᠲᠤ ᠲᠤᠭ ᠮᠠᠨᠳᠤᠭᠤᠯᠬᠤ ᠶᠣᠰᠣᠯᠠᠯ᠎ᠤᠨ ᠳᠠᠷᠠᠭ᠎ᠠ᠂ ᠹᠦ ᠰᠢᠩ ᠪᠠᠭ᠎ᠠ ᠰᠤᠷᠭᠠᠭᠤᠯᠢ᠎ᠶᠢᠨ ᠵᠠᠬᠢᠷᠤᠯ ᠪᠠᠶᠠᠷ᠎ᠤᠨ ᠦᠭᠡ ᠬᠡᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠣᠯᠣᠨ ᠰᠣᠶᠣᠯ᠎ᠤᠨ ᠤᠯᠠᠮᠵᠢᠯᠠᠯ᠎ᠳᠠᠬᠢ ᠴᠢᠬᠤᠯᠠ ᠦᠢᠯᠡᠳᠦᠯ᠎ᠢ ᠴᠢᠬᠤᠯᠠᠴᠢᠯᠠᠪᠠ; ᠪᠠᠭ᠍ᠰᠢ᠎ᠶᠢᠨ ᠲᠥᠯᠥᠭᠡᠯᠡᠭᠴᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠰᠠᠨᠠᠭᠠᠴᠢᠯᠠᠭ᠎ᠠ ᠭᠠᠷᠭᠠᠵᠤ᠂ ᠪᠦᠬᠦ ᠰᠤᠷᠭᠠᠨ ᠬᠥᠮᠦᠵᠢᠯ᠎ᠦᠨ ᠠᠵᠢᠯᠲᠠᠳ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠬᠦ ᠦᠢᠯᠡᠳᠦᠯᠭᠡᠵᠢᠭᠦᠯᠦᠭᠴᠢ ᠪᠠ ᠤᠯᠠᠮᠵᠢᠯᠠᠭ᠍ᠴᠢ ᠪᠣᠯᠬᠤ᠎ᠶᠢ ᠤᠷᠢᠶᠠᠯᠠᠪᠠ; ᠰᠤᠷᠤᠭ᠍ᠴᠢᠳ᠎ᠤᠨ ᠭᠦᠨ ᠰᠡᠳᠬᠢᠯᠭᠡ᠎ᠲᠠᠢ ᠤᠩᠰᠢᠯᠭ᠎ᠠ᠎ᠨᠢ ᠰᠢᠨ᠎ᠡ ᠴᠠᠭ ᠦᠶ᠎ᠡ᠎ᠶᠢᠨ ᠪᠠᠭᠠᠴᠤᠳ᠎ᠤᠨ ᠳᠤᠮᠳᠠᠳᠤ᠎ᠶᠢᠨ ᠦᠭᠡ ᠬᠡᠯᠡ ᠰᠣᠶᠣᠯ᠎ᠳ᠋ᠠᠭᠠᠨ ᠬᠠᠢᠷ᠎ᠠ᠎ᠲᠠᠢ ᠪᠠᠢᠬᠤ ᠵᠢ ᠢᠯᠡᠷᠡᠭᠦᠯᠪᠡ᠃ ᠳᠥᠷᠪᠡᠳᠦᠭᠡᠷ ᠤᠨ᠂ ᠲᠠᠪᠤᠳᠤᠭᠠᠷ ᠣᠨ᠎ᠤ ᠰᠤᠷᠤᠭ᠍ᠴᠢᠳ ᠵᠢᠪᠬᠤᠭᠠᠯᠢᠭ ᠰᠠᠢᠬᠠᠨ ᠪᠥᠵᠢᠭ᠎ᠦᠨ ᠦᠵᠡᠭᠦᠯᠭᠡ ᠭᠠᠷᠭᠠᠵᠤ᠂ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ᠎ᠢ ᠬᠦᠭᠵᠢᠬᠡᠵᠦ᠂  ᠲᠦᠬᠡᠮᠡᠯᠵᠢᠬᠦᠯᠬᠦ ᠠᠵᠢᠯᠯᠠᠭ᠎ᠠ᠎ᠵᠢᠨ ᠰᠤᠨᠢᠷᠬᠠᠯᠳᠤ ᠴᠢᠨᠠᠷ᠎ᠢ ᠨᠡᠮᠡᠭᠳᠡᠬᠦᠯᠪᠡ᠃

ᠲᠤᠬᠠᠢ᠎ᠶᠢᠨ ᠡᠳᠦᠷ᠎ᠦᠨ ᠴᠢᠬᠤᠯᠠ ᠠᠵᠢᠯᠯᠠᠭ᠎ᠠ ︱ᠪᠥᠬᠥ ᠬᠣᠰᠢᠭᠤᠨ᠎ᠤ ᠦᠭᠡ ᠬᠡᠯᠡ ᠥᠰᠥᠭ ᠪᠢᠴᠢᠭ᠎ᠦᠨ ᠦᠷ᠎ᠡ ᠪᠦᠲᠦᠭᠡᠯ᠎ᠦᠨ ᠦᠵᠡᠭᠦᠯᠭᠡ ᠱᠠᠳᠤᠯᠢᠭ ᠬᠢᠴᠢᠶᠡᠯ᠎ᠤᠨ ᠳᠠᠩᠬᠢᠮ ᠳ᠋ᠤ ᠶᠠᠪᠤᠭᠳᠠᠪᠠ᠃ ᠡᠯ᠎ᠡ ᠰᠤᠷᠭᠠᠭᠤᠯᠢ᠎ᠶᠢᠨ ᠰᠣᠩᠭᠣᠨ ᠬᠦᠷᠭᠡᠭᠰᠡᠨ ᠤᠷᠠᠨ ᠤᠩᠰᠢᠯᠭ᠎ᠠ᠂ ᠬᠢᠴᠢᠶᠡᠯ᠎ᠦᠨ ᠪᠢᠴᠢᠭ᠎ᠦᠨ ᠵᠦᠴᠦᠭᠡ ᠵᠡᠷᠭᠡ ᠲᠣᠭᠯᠠᠯᠲᠠ᠎ᠶᠢ ᠡᠭᠡᠯᠵᠢᠯᠡᠨ ᠲᠣᠭᠯᠠᠵᠤ᠂ ᠪᠠᠭ᠍ᠰᠢ ᠰᠤᠷᠤᠭ᠍ᠴᠢᠳ ᠠᠮᠢᠳᠤᠯᠢᠭ᠋ ᠰᠠᠢᠬᠠᠨ ᠦᠭᠡ ᠬᠡᠯᠡᠨ᠎ᠦ ᠤᠷᠠᠯᠢᠭ᠋᠎ᠢᠶᠠᠷ ᠰᠣᠩᠭᠣᠳᠠᠭ ᠪᠦᠲᠦᠭᠡᠯ᠎ᠢ ᠳᠤᠭᠯᠠᠨ᠂ ᠰᠣᠶᠣᠯ᠎ᠤᠨ ᠷᠢᠳᠢ ᠰᠢᠳᠢ᠎ᠶᠢ ᠭᠠᠢᠬᠠᠭᠤᠯᠵᠤ᠂ ᠲᠤᠬᠠᠢ᠎ᠶᠢᠨ ᠲᠠᠯᠠᠪᠠᠢ᠎ᠳᠤ ᠠᠯᠠᠭ᠎ᠠ ᠲᠡᠰᠢᠯᠲᠡ᠎ᠵᠢᠨ ᠳᠠᠭᠤᠨ ᠪᠠᠢᠨ ᠳᠠᠬᠢᠨ ᠨᠢᠵᠢᠬᠢᠨᠡᠨ᠎ᠡ᠃ ᠲᠣᠰ ᠠᠵᠢᠯᠯᠠᠭ᠎ᠠ᠎ᠳᠤ ᠪᠠᠰᠠ 2025 ᠣᠨ᠎ᠤ ᠪᠤᠭᠤᠲᠤ ᠬᠣᠲᠠ ᠵᠢᠴᠢ ᠲᠦᠮᠡᠳ ᠪᠠᠷᠠᠭᠤᠨ ᠬᠣᠰᠢᠭᠤᠨ᠎ᠤ ᠳᠦᠷᠢᠮᠵᠢᠭᠰᠡᠨ ᠬᠢᠲᠠᠳ ᠥᠰᠥᠭ᠎ᠦᠨ ᠰᠣᠨᠣᠰᠴᠤ ᠪᠢᠴᠢᠬᠦ ᠤᠷᠤᠯᠳᠤᠭᠠᠨ᠎ᠤ ᠱᠠᠩᠨᠠᠯ ᠭᠥᠷᠳᠡᠭᠰᠡᠨ ᠬᠠᠮᠲᠤ ᠨᠡᠶ᠋ᠢᠲᠡ ᠪᠠ ᠬᠤᠪᠢ ᠬᠥᠮᠥᠨ᠎ᠢ ᠬᠥᠬᠢᠭᠦᠯᠦᠨ ᠰᠠᠢᠰᠢᠶᠠᠵᠤ᠂ ᠪᠥᠬᠥ ᠬᠣᠰᠢᠭᠤᠨ᠎ᠤ ᠪᠠᠭ᠍ᠰᠢ ᠰᠤᠷᠤᠭ᠍ᠴᠢᠳ᠎ᠲᠤ ᠰᠤᠷᠤᠯᠴᠠᠬᠤ ᠳᠠᠭᠤᠷᠢᠶᠠᠯ ᠪᠤᠯᠭᠠᠪᠠ ᠃

《ᠮᠠᠨ᠎ᠤ ᠰᠤᠷᠭᠠᠭᠤᠯᠢ ᠢᠮᠠᠭ᠍ᠲᠠ ᠬᠢᠴᠢᠶᠡᠯ᠎ᠦᠨ ᠲᠠᠩᠬᠢᠮ᠂ ᠰᠤᠷᠭᠠᠭᠤᠯᠢ᠎ᠶ᠋ᠢᠨ ᠬᠦᠷᠢᠶ᠎ᠡ᠂ ᠭᠡᠷ ᠪᠦᠯᠢ〈ᠭᠤᠷᠪᠠ᠎ᠶ᠋ᠢ ᠨᠢᠭᠡ ᠴᠤᠬ᠍ᠴᠠᠵᠢᠭᠤᠯᠬᠤ〉ᠵᠢ ᠪᠠᠷᠢᠮᠲᠠᠯᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠵᠢᠭᠠᠨ ᠰᠤᠷᠭᠠᠵᠤ᠂ ᠰᠤᠷᠤᠭ᠍ᠴᠢᠳ᠎ᠲᠤ ᠪᠦᠬᠦ᠌ ᠲᠠᠯ᠎ᠠ᠎ᠶ᠋ᠢᠨ ᠬᠡᠯᠡᠨ᠎ᠦ ᠣᠷᠴᠢᠨ ᠨᠦᠬᠦᠴᠡᠯ᠎ᠢ ᠪᠤᠢ ᠪᠣᠯᠭᠠᠵᠤ ᠥᠭ᠌ᠴᠡᠢ》 ᠭᠡᠵᠦ  ᠹᠦ᠋ ᠱᠢᠩ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠯᠢ ᠶᠠᠩ ᠬᠡᠯᠡᠪᠡ᠃ ᠲᠡᠷᠡ  ᠬᠡᠯᠡᠨ᠎ᠦ ᠪᠣᠯᠪᠠᠰᠤᠷᠠᠯ᠎ᠢ ᠬᠢᠴᠢᠶᠡᠯ ᠪᠣᠯᠭᠠᠨ᠎ᠳᠤ ᠠᠭᠤᠰᠤᠯᠴᠠᠭᠤᠯᠳᠠᠭ ᠪᠠᠢᠯ᠎ᠠ᠄ ᠬᠢᠴᠢᠶᠡᠯ᠎ᠡᠴᠡ ᠡᠮᠦᠨᠡᠬᠢ 3 ᠮᠢᠨᠦ᠋ᠲ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠤ ᠪᠤᠯᠪᠠᠰᠤᠷᠠᠯ ᠡᠷᠬᠢᠯᠡᠵᠦ᠂ ᠤᠷᠠᠨ ᠲᠣᠳᠣ ᠤᠩᠱᠢᠯᠭ᠎ᠠ᠂ ᠠᠪᠢᠶᠠᠨ᠎ᠤ ᠵᠠᠯᠠᠷᠠᠭᠤᠯᠭ᠎ᠠ᠂ ᠢᠯᠠᠩᠭᠤᠶ᠎ᠠ ᠡᠮᠦᠨ᠎ᠡ ᠬᠣᠢᠨᠠᠬᠢ ᠬᠠᠮᠠᠷ᠎ᠤᠨ ᠠᠪᠢᠶ᠎ᠠ᠎ᠶ᠋ᠢ ᠬᠤᠳᠭᠤᠯᠳᠤᠭᠤᠯᠬᠤ ᠵᠢ ᠮᠠᠰᠢ ᠠᠩᠬᠠᠷᠳᠠᠬ ᠪᠠᠢᠯ᠎ᠠ᠃ ᠰᠤᠷᠤᠭ᠍ᠴᠢ ᠵᠥᠪ ᠤᠩᠱᠢᠪᠠᠯ ᠲᠡᠷᠡ ᠳᠠᠷᠤᠶ᠎ᠳᠤᠨᠢ ᠮᠠᠭ᠍ᠲᠠᠨ ᠰᠠᠢᠰᠢᠶᠡᠵᠦ᠂ ᠴᠡᠭᠡᠵᠢᠯᠡᠬᠦᠶ᠎ᠵᠢ ᠨᠢ ᠴᠢᠩᠭᠠᠳᠭᠠᠳᠠᠬ᠃

ᠰᠤᠷᠭᠠᠭᠤᠯᠢ᠎ᠶ᠋ᠢᠨ ᠬᠦᠷᠢᠶᠡᠨ᠎ᠦ ᠵᠢᠵᠢᠭ ᠰᠠᠵᠢᠭ ᠦᠢᠯᠡᠳᠦᠯᠭᠡ᠎ᠡᠴᠡ ᠪᠥᠬᠥ᠌ ᠬᠣᠱᠢᠭᠤ ᠪᠡᠷ ᠱᠢᠰᠲ᠋ᠧᠮ᠎ᠲᠡᠶ ᠠᠬᠢᠭᠤᠯᠬᠤ ᠬᠦᠷᠲᠡᠯ᠎ᠡ᠂ ᠲᠦᠮᠡᠳ ᠪᠠᠷᠠᠭᠤᠨ ᠬᠣᠱᠢᠭᠤᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠌ ᠠᠵᠢᠯ  ᠪᠥᠬᠥ᠌ ᠲᠠᠯ᠎ᠠ᠎ᠶ᠋ᠢᠨ ᠪᠠᠢᠷᠢᠱᠢᠯ᠎ᠢ ᠪᠦᠷᠢᠯᠳᠦᠭᠦᠯᠪᠡ᠃ ᠰᠤᠷᠭᠠᠭᠤᠯᠢ᠎ᠶ᠋ᠢᠨ ᠬᠦᠷᠢᠶᠡᠨ᠎ᠡᠴᠡ ᠭᠠᠳᠠᠨ᠎ᠠ᠂ ᠨᠠᠮ ᠵᠠᠰᠠᠭ᠎ᠤᠨ ᠪᠠᠢᠭᠤᠯᠭ᠎ᠠ᠎ᠶ᠋ᠢᠨ ᠬᠤᠷᠠᠯ᠎ᠤᠨ ᠮᠠᠲ᠋ᠧᠷᠢᠶᠠᠯ᠎ᠤᠨ ᠬᠡᠯᠪᠡᠷᠢ ᠮᠠᠶᠢᠭ᠎ᠢ ᠨᠢᠭᠡᠳᠦᠯᠲᠡᠶ ᠵᠢᠷᠤᠮᠵᠢᠭᠤᠯᠵᠤ᠂ ᠵᠡᠭᠡᠯᠢ ᠭᠤᠳᠤᠮᠵᠢ᠎ᠶ᠋ᠢᠨ ᠳᠡᠯᠭᠡᠭᠦᠷ ᠫᠦᠰᠡ᠎ᠶ᠋ᠢᠨ ᠫᠠᠢᠰᠠ ᠢᠯᠡᠷᠬᠡᠢᠯᠡᠯ᠎ᠤᠨ ᠬᠢᠲᠠᠳ ᠦᠰᠦᠭ᠎ᠢ ᠲᠣᠳᠣᠷᠬᠠᠶ ᠪᠥᠭᠡᠳ ᠵᠢᠭᠳᠡ ᠪᠤᠯᠭᠠᠵᠤ᠂ ᠠᠯᠪᠠᠲᠠᠨ᠎ᠤ ᠪᠣᠯᠪᠠᠰᠤᠷᠠᠯ᠎ᠤᠨ ᠬᠢᠴᠢᠶᠡᠯ ᠲᠡᠭᠡᠷ᠎ᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠵᠢᠡᠷ ᠰᠤᠷᠤᠯᠴᠠᠬᠤ ᠠᠭᠤᠷ ᠠᠮᠢᠰᠭᠤᠯ᠎ᠢᠶᠠᠷ ᠪᠢᠯᠬᠠᠮ᠎ᠠ᠃ ᠠᠯᠪᠠᠨ ᠭᠡᠷ᠎ᠦᠨ ᠠᠵᠢᠯ᠎ᠤᠨ ᠰᠣᠯᠢᠯᠴᠠᠭ᠎ᠠ᠂ ᠤᠯᠠᠨ ᠲᠦᠮᠡᠨ᠎ᠳᠦ ᠦᠢᠯᠡᠴᠢᠯᠡᠬᠦ ᠮᠠᠳᠠᠭ᠎ᠲᠠᠶ ᠠᠰᠠᠭᠤᠯᠲᠠ᠎ᠶ᠋ᠢ ᠬᠠᠷᠢᠭᠤᠯᠬᠤ ᠦᠶ᠎ᠡ᠎ᠳᠦ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠠᠶᠠᠨᠳᠠᠭᠠᠨ᠎ᠤ ᠨᠡᠪᠲᠡᠷᠡᠯᠴᠡᠬᠦ᠌ ᠠᠷᠭ᠎ᠠ ᠬᠡᠯᠪᠡᠷᠢ ᠪᠤᠯᠵᠤ᠂ ᠦᠭᠡ ᠬᠡᠯᠡ ᠦᠰᠦᠭ ᠪᠢᠴᠢᠭ᠎ᠦᠨ ᠣᠷᠴᠢᠨ᠎ᠢ ᠵᠢᠷᠤᠮᠵᠢᠭᠤᠯᠬᠤ ᠠᠵᠢᠯ ᠬᠤᠳᠠ᠎ᠶ᠋ᠢᠨ ᠥᠨᠴᠥᠭ ᠪᠤᠯᠤᠩ ᠦᠭᠡᠢ ᠲᠤᠭᠤᠰᠢᠯᠠᠭᠳᠠᠨ᠎ᠠ᠃

《9 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠬᠣᠱᠢᠭᠤᠨ᠎ᠤ 38 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ 100 %᠎ᠪᠠᠷ 〈ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠤᠭ᠍ᠰᠠᠨ ᠪᠠᠷᠢᠮᠵᠢᠶ᠎ᠠ᠎ᠳᠤ ᠬᠦᠷᠦᠭᠰᠡᠨ ᠰᠤᠷᠭᠠᠭᠤᠯᠢ〉ᠶ᠋ᠢᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠪᠡ》᠃ ᠲᠦᠮᠡᠳ ᠪᠠᠷᠠᠭᠤᠨ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠪᠠᠭ᠍ᠰᠢ᠎ᠶ᠋ᠢᠨ ᠠᠵᠢᠯ᠎ᠤᠨ ᠲᠠᠰᠤᠭ᠎ᠤᠨ ᠳᠡᠳ᠋ ᠳᠠᠷᠤᠭ᠎ᠠ ᠸᠠᠩ ᠢᠦᠶ ᠮᠢᠩ ᠲᠠᠨᠢᠯᠴᠠᠭᠤᠯᠬᠤ ᠳ᠋ᠠᠭᠠᠨ᠂ ᠣᠳᠣᠬᠠᠨ᠎ᠳᠤ ᠡᠯ᠎ᠡ ᠰᠤᠷᠭᠠᠭᠤᠯᠢ ᠨᠢᠭᠡᠨᠲᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠠᠵᠢᠯ᠎ᠢ ᠵᠢᠭᠠᠨ ᠰᠤᠷᠭᠠᠯᠲᠠ᠎ᠶ᠋ᠢᠨ ᠡᠯ᠎ᠡ ᠭᠣᠭ᠍ᠴᠣᠭ᠎ᠠ᠎ᠳᠤ ᠣᠷᠣᠭᠤᠯᠪᠠ᠃ ᠲᠣᠰ ᠤᠳᠠᠭᠠᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠭᠠᠷᠠᠭ᠎ᠤᠨ ᠡᠬᠢᠯᠡᠯᠲᠡ᠎ᠶ᠋ᠢᠨ ᠶᠣᠰᠣᠯᠠᠯ ᠰᠤᠷᠭᠠᠨ ᠬᠥᠮᠦᠵᠢᠯ᠎ᠦᠨ ᠱᠢᠰᠲ᠋ᠧᠮ᠎ᠢᠶᠡᠷ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠪᠥᠬᠥ᠌ ᠬᠣᠱᠢᠭᠤᠨ᠎ᠤ ᠡᠯ᠎ᠡ ᠪᠠᠢᠭᠤᠯᠭ᠎ᠠ ᠲᠣᠪᠴᠢᠶ᠎ᠠ᠎ᠶ᠋ᠢ ᠳᠠᠢᠴᠢᠯᠠᠨ ᠭᠠᠷᠠᠭ᠎ᠤᠨ ᠤᠬᠠᠭᠤᠯᠭ᠎ᠠ᠎ᠶ᠋ᠢ ᠭᠦᠨᠵᠡᠭᠡᠶ ᠥᠷᠨᠢᠭᠦᠯᠵᠦ᠍᠂ 《ᠬᠥᠮᠦᠨ ᠪᠦᠬᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠶᠠᠷᠢᠵᠤ᠂ ᠭᠠᠵᠠᠷ ᠪᠣᠯᠭᠠᠨ᠎ᠳᠤ ᠳᠦᠷᠢᠮᠵᠢᠭ᠌ᠰᠡᠨ ᠥᠰᠥᠭ ᠪᠢᠴᠢᠭ ᠬᠡᠷᠡᠭ᠌ᠯᠡᠬᠦ᠌》 ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢᠨ ᠲᠥᠯᠥᠭᠡ ᠶᠤᠮ ᠬᠡᠪᠡ᠃

ᠣᠢᠯᠠᠭᠠᠭ᠍ᠰᠠᠨ᠎ᠢᠶᠠᠷ᠂ ᠲᠠᠷᠠᠭᠠᠴᠢ᠎ᠶ᠋ᠢᠨ ᠠᠯᠬᠤᠮ᠎ᠳᠤ᠂ ᠲᠦᠮᠡᠳ ᠪᠠᠷᠠᠭᠤᠨ ᠬᠣᠱᠢᠭᠤ ᠦᠷᠭᠦᠯᠵᠢᠯᠡᠨ ᠰᠤᠷᠭᠠᠨ ᠬᠥᠮᠦᠵᠢᠯ᠎ᠢᠶᠡᠷ ᠬᠥᠲᠥᠯᠥᠨ ᠳᠠᠭᠠᠭᠤᠯᠵᠤ᠂ ᠨᠠᠩ ᠣᠯᠠᠨ ᠰᠠᠯᠠᠭ᠎ᠠ ᠮᠥᠴᠢᠷ᠂ ᠬᠠᠮᠲᠤᠯᠢᠭ᠎ᠤᠨ ᠬᠢᠨ᠎ᠤ ᠲᠦᠭᠡᠮᠡᠯᠵᠢᠭᠦᠯᠬᠦ᠌ ᠠᠵᠢᠯ᠎ᠳᠤ ᠣᠷᠣᠯᠴᠠᠬᠤ᠎ᠶ᠋ᠢ ᠠᠬᠢᠭᠤᠯᠵᠤ᠂ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠬᠤ᠎ᠪᠠᠷ ᠣᠶᠤᠨ ᠰᠠᠨᠠᠭ᠎ᠠ᠎ᠶ᠋ᠢ ᠬᠣᠯᠪᠣᠬᠤ ᠬᠣᠯᠪᠣᠭᠠᠰᠤ ᠪᠣᠯᠭᠠᠵᠤ᠂ ᠰᠤᠷᠭᠠᠨ ᠬᠥᠮᠦᠵᠢᠯ᠎ᠢᠶᠡᠷ ᠬᠣᠱᠢᠭᠤ᠎ᠪᠠᠨ ᠬᠦᠴᠦᠷᠬᠡᠭ᠌ᠵᠢᠭᠦᠯᠬᠦ᠌᠂ ᠦᠭᠡ ᠬᠡᠯᠡ ᠥᠰᠥᠭ ᠪᠢᠴᠢᠭ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号