ᠰᠢᠯᠤᠭᠤᠨ ᠬᠦᠭᠡ ᠬᠤᠰᠢᠭᠤ ᠮᠠᠯ ᠠᠵᠤ ᠠᠬᠤᠢ ᠲᠠᠷᠢᠶᠠᠯᠠᠡᠭ ᠪᠠ ᠰᠤᠶᠤᠯ ᠵᠢᠭᠤᠯᠴᠢᠯᠠᠯ᠎ᠢ ᠠᠭᠤᠰᠤᠯᠴᠠᠭᠤᠯᠤᠨ ᠬᠦᠭᠵᠢᠬᠦᠯᠵᠦ ᠬᠦᠳᠡᠭᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠠᠵᠢᠯ᠎ᠢ ᠠᠬᠢᠭᠤᠯᠤᠨ᠎ᠠ
2025-11-24 09:32:42
ᠵᠣᠬᠢᠶᠠᠭ᠍ᠴᠢ᠄
ᠪᠠᠶᠠᠰᠬᠤᠯᠠᠡᠭ
ᠣᠩᠱᠢᠭ᠍ᠰᠠᠨ ᠣᠳᠠᠭ᠎ᠠ᠄
★★★☆☆

ᠦᠨᠢᠶᠡᠳ᠎ᠤᠨ ᠮᠥᠭᠡᠷᠡᠬᠦ᠌ ᠲᠠᠭᠤᠨ ᠱᠢᠯᠢ ᠵᠢᠨ ᠭᠤᠤᠯ ᠠᠢᠮᠠᠭ᠎ᠤᠨ ᠱᠢᠯᠤᠭᠤᠨ ᠬᠥᠬᠡ ᠬᠣᠱᠢᠭᠤᠨ᠎ᠤ ᠱᠠᠩᠳᠤ ᠪᠠᠯᠭᠠᠰᠤᠨ᠎ᠤ ᠢᠷᠠᠯᠵᠠᠬᠤ ᠭᠠᠴᠠᠭ᠎ᠠ ᠵᠢᠨ ᠮᠠᠯᠴᠢᠳ᠎ᠢ ᠲᠤᠭ ᠨᠤᠢᠷ ᠡᠴᠡ ᠨᠢ ᠰᠡᠷᠢᠭᠡᠵᠦ᠂ ᠭᠠᠴᠠᠭᠠᠨ ᠎ᠤ ᠳᠤᠯᠠᠭᠠᠨ ᠰᠠᠭᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ᠌ ᠬᠣᠷᠱᠢᠶ᠎ᠠ ᠵᠢᠨ ᠮᠠᠯᠴᠢᠳ ᠰᠦ ᠰᠠᠭᠠᠬᠤ ᠠᠵᠢᠯ ᠵᠢᠡᠨ ᠡᠬᠢᠯᠡᠬᠦᠯᠦᠨ᠎ᠡ᠃

《ᠬᠣᠷᠱᠢᠶ᠎ᠠ᠎ᠨᠢ ᠲᠠᠷᠢᠶᠠᠴᠢᠳ ᠲᠠᠶ ᠬᠣᠯᠪᠣᠭᠠᠯᠠᠨ ᠲᠠᠷᠢᠶᠠᠴᠢᠳ ᠎ᠢ ᠳᠠᠢᠴᠢᠯᠠᠬᠤ ᠲᠣᠭ᠍ᠲᠠᠴᠠ᠎ᠪᠠᠷ ᠳᠠᠮᠵᠢᠭᠤᠯᠤᠨ᠂ ᠮᠠᠯ ᠠᠵᠤ ᠠᠬᠤᠢ ᠲᠠᠷᠢᠶᠠᠯᠠᠡᠭ ᠪᠠ ᠰᠤᠶᠤᠯ ᠵᠢᠭᠤᠯᠴᠢᠯᠠᠯ᠎ᠢ ᠠᠭᠤᠰᠤᠯᠴᠠᠭᠤᠯᠤᠨ ᠬᠦᠭᠵᠢᠬᠦᠯᠬᠦ  ᠠᠱᠢᠭ᠍ᠲᠠᠶ ᠠᠵᠠ ᠲᠣᠬᠢᠶᠠᠯ ᠎ᠢ ᠠᠱᠢᠭ᠍ᠯᠠᠨ᠂ ᠰᠠᠭᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ᠌ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠡᠳᠦᠷ ᠪᠦᠷᠢ ᠬᠣᠱᠢᠭᠤᠨ ᠎ᠤ ᠪᠡᠨ ᠴᠠᠭᠠᠨ ᠢᠳᠡᠭᠡᠨ᠎ᠦ ᠭᠠᠷ ᠦᠶ᠋ᠯᠡᠳᠭᠡᠯ ᠎ᠤ᠋ᠨ ᠭᠠᠵᠠᠷ ᠲᠸ᠋ 4 ᠲᠣᠨ ᠣᠷᠴᠢᠮ᠎ᠤᠨ ᠴᠢᠨᠠᠷ ᠰᠠᠢᠲᠠᠶ ᠲᠦᠭᠦᠬᠡᠶ ᠰᠦ ᠬᠠᠩᠭᠠᠵᠤ ᠪᠠᠢᠨ᠎ᠠ》 ᠬᠡᠵᠤ ᠳᠤᠯᠠᠭᠠᠨ ᠬᠣᠷᠱᠢᠶ᠎ᠠ ᠵᠢᠨ ᠬᠠᠷᠢᠭᠤᠴᠠᠯᠭᠠᠲᠠᠨ ᠬᠠᠰᠪᠠᠭᠠᠲᠤᠷ ᠥᠷᠯᠥᠭᠡ ᠡᠷᠲᠡᠯᠡᠨ ᠰᠠᠭᠠᠯᠢ ᠵᠢᠨ ᠦᠨᠢᠶ᠎ᠠ ᠵᠢᠨ ᠵᠢᠡᠨ ᠬᠠᠰᠢᠶ᠎ᠠ ᠰᠠᠷᠠᠪᠴᠢᠨ᠎ᠳ᠋ᠤ ᠢᠷᠡᠵᠦ᠍ ᠪᠠᠢᠴᠠᠭᠠᠨ ᠦᠵᠡᠬᠦ ᠵᠢᠨ ᠲᠠᠭᠠᠤ ᠶᠠᠷᠢᠨ᠎ᠠ᠃ ᠲᠤᠰ ᠬᠣᠷᠱᠢᠶ᠎ᠠ᠎ᠲᠦᠬᠦᠭᠡᠢ ᠰᠦ ᠬᠠᠩᠭᠠᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ᠂ ᠴᠠᠭᠠᠨ ᠢᠳᠡᠭᠡ ᠦᠶ᠋ᠯᠡᠳᠪᠦᠷᠢᠯᠡᠵᠦ᠍ ᠡᠳ᠋ᠱᠢᠭᠦᠯᠦᠨ ᠪᠣᠷᠣᠯᠠᠭᠤᠯᠬᠤ ᠱᠢᠨ᠎ᠡ ᠡᠵᠡᠩᠨᠡᠯᠲᠡ ᠵᠢᠨ ᠬᠡᠯᠪᠡᠷᠢ ᠪᠠᠢᠳᠠᠯ᠎ᠢ ᠪᠣᠶ ᠪᠣᠯᠭᠠᠬᠤ᠎ᠶ᠋ᠢ ᠠᠬᠢᠭᠤᠯᠵᠤ᠂ ᠱᠢᠯᠤᠭᠤᠨ ᠬᠥᠬᠡ ᠬᠣᠱᠢᠭᠤᠨ᠎ᠤ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠂ ᠴᠠᠭᠠᠨ ᠢᠳᠡᠭᠡᠨ᠎ᠦ ᠵᠠᠬ᠎ᠠ ᠳᠡᠯᠭᠡᠭᠦᠷ᠎ᠢ ᠬᠦᠴᠦᠷᠭᠡᠭᠵᠢᠬᠦᠯᠦᠨ ᠪᠤᠵᠠᠭᠠᠢᠷᠠᠭᠤᠯᠬᠤ ᠴᠢᠬᠤᠯᠠ ᠭᠣᠭ᠍ᠴᠣᠭ᠎ᠠ ᠪᠣᠯᠪᠠ᠃

ᠱᠢᠯᠤᠭᠤᠨ ᠬᠥᠬᠡ ᠬᠣᠱᠢᠭᠤ ᠲᠤᠬᠠᠶ ᠵᠢᠨ ᠭᠠᠵᠠᠷ᠎ᠤᠨ ᠰᠦ᠂ ᠮᠢᠬᠠᠨ᠎ᠤ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠠᠩᠬᠠᠷᠤᠯ ᠎ᠢᠶᠠᠨ ᠲᠥᠪᠯᠡᠷᠡᠭᠦᠯᠵᠦ᠍᠂ 《ᠮᠠᠯ ᠠᠵᠤ ᠠᠬᠤᠢ ᠲᠠᠷᠢᠶᠠᠯᠠᠡᠭ ᠪᠠ ᠰᠤᠶᠤᠯ ᠵᠢᠭᠤᠯᠴᠢᠯᠠᠯ +》 ᠠᠵᠤ ᠦᠶ᠋ᠯᠡᠰ᠎ᠤ᠋ᠨ ᠬᠡᠯᠬᠢᠶ᠎ᠡ᠎ᠶ᠋ᠢ ᠪᠥᠬᠥ᠌ ᠬᠦᠴᠦᠨ᠎ᠢᠶᠡᠷ ᠎ᠢᠶᠡᠨ ᠴᠣᠭ᠍ᠴᠠᠯᠠᠵᠤ᠂ ᠰᠣᠶᠣᠯ᠎ᠤᠨ ᠤᠯᠠᠮᠵᠢᠯᠠᠯ ᠪᠠ ᠠᠵᠤ ᠦᠶ᠋ᠯᠡᠰ ᠎ᠤ᠋ᠨ ᠬᠥᠭ᠌ᠵᠢᠯᠲᠡ ᠵᠢᠨ ᠱᠢᠨ᠎ᠡ ᠵᠢᠷᠤᠭ ᠲᠥᠰᠦᠪ᠎ᠢ ᠵᠢᠷᠤᠭ᠍ᠯᠠᠵᠤ᠂ 《ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠨᠤᠲᠤᠭ》᠂ 《ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠰᠣᠶᠣᠯ᠎ᠤᠨ ᠤᠯᠠᠮᠵᠢᠯᠠᠯ᠎ᠤᠨ ᠰᠠᠭᠤᠷᠢᠨ》 ᠬᠡᠮᠡᠭ᠌ᠳᠡᠵᠦ᠍᠂ ᠴᠠᠭᠠᠨ ᠢᠳᠡᠭᠡᠨ ᠪᠤᠯᠪᠠᠰᠤᠷᠠᠭᠤᠯᠬᠤ ᠤᠷ᠎ᠠ ᠮᠡᠷᠭᠡᠵᠢᠯ᠎ᠨᠢ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠎ᠤ᠋ᠨ ᠲᠥᠯᠥᠭᠡᠯᠡᠬᠦ᠌ ᠴᠢᠨᠠᠷ ᠲᠠᠶ ᠲᠥᠷᠥᠯ ᠵᠦᠶ᠋ᠯ ᠪᠤᠯᠪᠠ᠃

ᠣᠢᠷ᠎ᠠ ᠵᠢᠨ ᠵᠢᠯ᠎ᠡᠴᠡ ᠨᠠᠭᠠᠰᠢ᠂ ᠤᠯᠠᠮᠵᠢᠯᠠᠯᠲᠤ ᠴᠠᠭᠠᠨ ᠢᠳᠡᠭᠡᠨ᠎ᠦ ᠠᠵᠤ ᠦᠶ᠋ᠯᠡᠰ ᠬᠢᠭᠡᠳ ᠵᠢᠭᠤᠯᠴᠢᠯᠠᠯ᠎ᠤᠨ ᠦᠶ᠋ᠯᠡᠰ ᠎ᠤ᠋ᠨ ᠠᠭᠤᠰᠤᠯᠴᠠᠨ ᠬᠥᠭ᠌ᠵᠢᠬᠦ ᠵᠢ ᠠᠬᠢᠭᠤᠯᠬᠤ ᠵᠢᠨ ᠲᠥᠯᠥᠭᠡ᠂ ᠱᠢᠯᠤᠭᠤᠨ ᠬᠥᠬᠡ ᠬᠣᠱᠢᠭᠤᠨ ᠎ᠤ ᠡᠯᠪᠡᠭ  ᠪᠠᠶᠠᠯᠢᠭ ᠰᠣᠶᠣᠯ᠎ᠤᠨ ᠠᠭᠤᠯᠤᠭ᠍ᠳᠠᠬᠤᠨ᠎ᠲᠠᠶ 《ᠴᠠᠭᠠᠨ ᠢᠳᠡᠭᠡᠨ᠎ᠤ ᠵᠤᠴᠢᠯᠠᠬᠤ ᠲᠢᠩᠬᠢᠮ 》᠎ᠨᠢ ᠠᠳᠠᠯᠢ ᠪᠤᠰᠤ ᠡᠯᠧᠮᠧᠨ᠋ᠲ ᠎ᠢ ᠬᠣᠯᠪᠣᠵᠤ᠂ ᠪᠥᠬᠡ ᠵᠢᠨ ᠤᠷᠤᠯᠳᠤᠭᠠᠨ᠎ᠤ ᠱᠢᠭᠤᠳ ᠨᠡᠪᠲᠡᠷᠡᠭᠦᠯᠭᠡ ᠵᠢᠨ ᠬᠡᠯᠪᠡᠷᠢ᠎ᠪᠡᠷ 《ᠱᠢᠯᠢ ᠵᠢᠨ ᠭᠤᠤᠯ᠎ᠤᠨ ᠴᠠᠭᠠᠨ ᠢᠳᠡᠭᠡᠨ》᠂ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠦᠬᠡᠷ᠎ᠤ᠋ᠨ ᠮᠢᠬ᠎ᠠ ᠵᠡᠷᠭᠡ ᠲᠤᠬᠠᠶ ᠵᠢᠨ ᠭᠠᠵᠠᠷ᠎ᠤᠨ ᠣᠨᠴᠠᠯᠢᠭ᠍ᠲᠤ  ᠪᠦᠲᠦᠭᠡᠭ᠌ᠳᠡᠬᠦᠨ ᠵᠢᠡᠨ ᠪᠤᠷᠤᠯᠠᠭᠤᠯᠵᠤ᠌᠂ ᠣᠲᠣ ᠶᠠᠭ ᠰᠣᠶᠣᠯ ᠵᠢᠭᠤᠯᠴᠢᠯᠠᠯ᠎ᠤᠨ ᠪᠡᠶᠡᠴᠢᠯᠡᠨ ᠣᠢᠯᠠᠭᠠᠬᠤ ᠱᠢᠨ᠎ᠡ ᠲᠠᠪᠴᠠᠩ᠂ ᠪᠣᠳᠠᠰ᠎ᠤᠨ ᠪᠤᠰᠤ ᠰᠣᠶᠣᠯ᠎ᠤᠨ ᠥᠪ ᠎ᠢ ᠤᠯᠠᠮᠵᠢᠯᠠᠨ ᠵᠠᠯᠭᠠᠮᠵᠢᠯᠠᠬᠤ ᠴᠣᠩᠬᠣ᠂ ᠨᠤᠲᠤᠭ᠎ᠤᠨ ᠣᠨᠴᠠ ᠭᠠᠷᠤᠯᠲᠠ᠎ᠶ᠋ᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ᠎ᠳ᠋ᠤ ᠪᠣᠷᠣᠯᠠᠭᠤᠯᠬᠤ ᠭᠠᠵᠠᠷ ᠪᠣᠯᠵᠣ ᠪᠠᠢᠨ᠎ᠠ᠃

ᠱᠢᠯᠤᠭᠤᠨ ᠬᠥᠬᠡ ᠬᠣᠱᠢᠭᠤ ᠴᠠᠭᠠᠨ ᠢᠳᠡᠭᠡᠨ᠎ᠦ ᠨᠠᠢᠷ ᠵᠢᠡᠷ  ᠵᠠᠭᠤᠴᠢ  ᠪᠣᠯᠭᠠᠨ᠂ 《ᠴᠠᠭᠠᠨ ᠢᠳᠡᠭᠡᠨ ᠎ᠤ ᠵᠤᠴᠢᠯᠠᠬᠤ ᠲᠢᠩᠬᠢᠮ》 ᠵᠢᠡᠷ ᠠᠴᠢᠶᠠᠯᠠᠪᠤᠷᠢ ᠪᠣᠯᠭᠠᠵᠤ᠂ ᠴᠠᠭᠠᠨ ᠢᠳᠡᠭᠡᠨ ᠪᠤᠯᠪᠠᠰᠤᠷᠠᠭᠤᠯᠬᠤ ᠮᠡᠷᠭᠡᠵᠢᠯ᠎ᠤ᠋ᠨ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠎ᠤ᠋ᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠲᠡᠶ ᠤᠶᠠᠯᠳᠤᠭᠤᠯᠤᠨ᠂ ᠣᠷᠣᠨ ᠨᠤᠲᠤᠭ᠎ᠤᠨ ᠣᠨᠴᠠᠯᠢᠭ᠍ᠲᠤ  ᠴᠠᠭᠠᠨ ᠢᠳᠡᠭᠡᠨ᠎ᠦ  ᠦᠵᠡᠰᠭᠦᠯᠡᠩ ᠎ᠢ ᠣᠯᠠᠨ ᠤᠳᠠᠭ᠎ᠠ ᠡᠷᠭᠢᠯᠡᠵᠦ᠍᠂ ᠣᠨᠴᠠᠯᠢᠭ᠍ᠲᠤ 《ᠴᠠᠭᠠᠨ ᠢᠳᠡᠭᠡᠨ᠎ᠤ ᠠᠵᠤ ᠦᠶ᠋ᠯᠡᠰ + ᠵᠢᠭᠤᠯᠴᠢᠯᠠᠯ》᠎ᠤ᠋ᠨ ᠱᠢᠨ᠎ᠡ ᠡᠵᠡᠩᠨᠡᠯᠲᠡ ᠵᠢᠨ ᠬᠡᠯᠪᠡᠷᠢ ᠵᠡᠷᠭᠡ ᠶ᠋ᠢ ᠬᠥᠭ᠌ᠵᠢᠭᠦᠯᠵᠦ᠍᠂ ᠴᠠᠭᠠᠨ ᠢᠳᠡᠭᠡᠨ᠎ᠤ ᠨᠠᠷᠠᠲᠤ  ᠲᠥᠷᠥᠯ ᠲᠡᠮᠳᠡᠭ᠌ᠲᠦ ᠵᠢᠨ ᠵᠠᠬ᠎ᠠ ᠳᠡᠯᠭᠡᠭᠦᠷ ᠎ᠤ᠋ᠨ ᠨᠡᠷ᠎ᠡ ᠠᠯᠳᠠᠷᠱᠢᠯ᠎ᠢ ᠬᠦᠴᠦᠯᠡᠨ ᠳᠡᠭᠡᠭ᠌ᠰᠢᠯᠡᠭᠦᠯᠪᠡ᠃

ᠬᠠᠭᠤᠴᠢᠨ ᠠᠵᠤ ᠠᠬᠤᠢᠯᠠᠯ ᠪᠤᠯᠤᠬᠰᠠᠨ ᠴᠠᠩ ᠬᠣᠩ ᠴᠠᠭᠠᠨ ᠢᠳᠡᠭᠡᠨ᠎ᠦ ᠦᠶ᠋ᠯᠡᠳᠪᠦᠷᠢ᠂ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠤ᠋ᠨ ᠴᠠᠭᠠᠨ ᠢᠳᠡᠭᠡ ᠪᠤᠯᠪᠠᠰᠤᠷᠠᠭᠤᠯᠬᠤ ᠤᠷ᠎ᠠ ᠮᠡᠷᠭᠡᠵᠢᠯ᠎ᠤ᠋ᠨ ᠲᠥᠯᠥᠭᠡᠯᠡᠬᠦ᠌ ᠴᠢᠨᠠᠷᠲᠠᠢ ᠤᠯᠠᠮᠵᠢᠯᠠᠭ᠍ᠴᠢ ᠲᠤᠭᠤᠭ᠎ᠠ ᠵᠢᠨ ᠡᠬᠦᠰᠭᠡᠨ ᠪᠠᠢᠭᠤᠯᠤᠬᠰᠠᠨ ᠴᠠᠭᠠᠨ ᠢᠳᠡᠭᠡᠨ᠎ᠢ ᠰᠤᠳᠤᠯᠤᠨ ᠰᠤᠷᠤᠯᠴᠠᠬᠤ ᠪᠡᠶᠡᠴᠢᠯᠡᠨ ᠣᠢᠯᠠᠭᠠᠬᠤ ᠳᠡᠯᠭᠡᠭᠦᠷ ᠵᠢᠴᠢ ᠰᠦ ᠲᠡᠶ ᠴᠠᠭᠠᠨ ᠢᠳᠡᠭᠡᠨ᠎ᠦ ᠳᠡᠯᠭᠡᠭᠦᠷ ᠵᠡᠷᠭᠡ ᠤᠯᠠᠨ ᠴᠠᠭᠠᠨ ᠢᠳᠡᠭᠡᠨ᠎ᠦ ᠦᠶ᠋ᠯᠡᠳᠪᠦᠷᠢ 《ᠱᠢᠯᠢ ᠵᠢᠨ ᠭᠤᠤᠯ᠎ᠤᠨ ᠴᠠᠭᠠᠨ ᠢᠳᠡᠭᠡᠨ》 ᠤ᠋ ᠨᠠᠷᠠᠲᠤ ᠲᠥᠷᠥᠯ ᠲᠡᠮᠳᠡᠭ᠌᠎ᠢ ᠬᠡᠷᠡᠭᠯᠡᠬᠦ ᠡᠷᠬᠡ ᠵᠢ ᠤᠯᠵᠤ᠂ ᠦᠶ᠋ᠯᠡᠳᠬᠦᠨ᠎ᠦ ᠶᠠᠰᠤ ᠴᠢᠨᠠᠷ᠎ᠨᠢ ᠥᠷᠭᠡᠨ ᠳᠡᠯᠭᠡᠷ ᠰᠠᠢᠨ ᠰᠠᠢᠬᠠᠨ ᠦᠨᠡᠯᠡᠯᠲᠡ᠎ᠶ᠋ᠢ ᠤᠯᠪᠠ᠃

《ᠭᠠᠵᠠᠷ ᠵᠦᠶ ᠵᠢᠨ ᠪᠠᠢᠷᠢᠰᠢᠯ᠂ ᠠᠮᠢᠳᠤᠷᠠᠯ᠎ᠤᠨ ᠳᠠᠳᠭᠠᠯ ᠪᠠ ᠪᠣᠯᠪᠠᠰᠤᠷᠠᠭᠤᠯᠬᠤ ᠭᠠᠷ ᠤᠷᠠᠯᠠᠯ᠎ᠤᠨ ᠣᠷᠣᠨ ᠪᠦᠰᠡ ᠵᠢᠨ ᠣᠨᠴᠠᠯᠢᠭ ᠨᠢ ᠱᠢᠯᠤᠭᠤᠨ ᠬᠥᠬᠡ ᠬᠣᠱᠢᠭᠤᠨ᠎ᠤ ᠴᠠᠭᠠᠨ ᠢᠳᠡᠭᠡᠨ᠎ᠦ ᠪᠠᠢᠭᠠᠯᠢᠯᠢᠭ ᠴᠢᠨᠠᠷ᠎ᠢ ᠲᠣᠭ᠍ᠲᠠᠭᠠᠪᠠ》 ᠬᠡᠵᠤ ᠴᠠᠩ ᠬᠣᠩ ᠴᠠᠭᠠᠨ ᠢᠳᠡᠭᠡᠨ᠎ᠦ ᠦᠶ᠋ᠯᠡᠳᠪᠦᠷᠢ ᠵᠢᠨ ᠬᠡᠷᠡᠭ ᠮᠡᠳᠡᠭ᠌ᠴᠢᠳ᠎ᠤ᠋ᠨ ᠳᠠᠷᠤᠭ᠎ᠠ ᠰᠦᠨ ᠯᠢ ᠱᠠᠨ ᠬᠡᠯᠡᠨ᠎ᠠ᠃ 《ᠴᠠᠩ ᠬᠣᠩ》 ᠴᠠᠭᠠᠨ ᠢᠳᠡᠭᠡᠨ ᠎ᠤ ᠦᠢᠯᠡᠳᠪᠤᠷᠢ ᠵᠢᠨ ᠪᠦᠳᠤᠭᠡᠭᠳᠡᠬᠦᠨ᠎ᠤ ᠲᠥᠷᠥᠯ ᠵᠦᠶ᠋ᠯ ᠡᠯᠪᠡᠭ᠂ ᠶᠠᠮᠠᠷᠴᠤ ᠨᠡᠮᠡᠯᠲᠡ ᠡᠳ᠋ ᠦᠬᠡᠢ ᠴᠤᠯ ᠪᠠᠢᠭᠠᠯᠢᠯᠢᠭ᠃ ᠲᠡᠭᠦᠨ᠎ᠦ ᠲᠦᠷᠦᠭᠦᠯᠡᠨ ᠭᠥᠯᠢᠶᠡᠨ ᠠᠪᠤᠭ᠍ᠰᠠᠨ ᠱᠢᠯᠢ ᠵᠢᠨ ᠭᠤᠤᠯ ᠠᠢᠮᠠᠭ᠎ᠤᠨ 《ᠲᠤᠡᠭᠬᠠᠭ ᠨᠠᠢᠳᠡᠯᠡᠵᠤ ᠮᠠᠡᠭᠯᠠᠢᠯᠠᠬᠴᠢ ᠡᠯᠰᠡᠬᠦ》 ᠲᠥᠷᠥᠯ ᠵᠦᠶ᠋ᠯ᠎ᠨᠢ ᠣᠷᠣᠨ ᠨᠤᠲᠤᠭ᠎ᠤᠨ ᠣᠨᠴᠠᠯᠢᠭ᠎ᠲᠠᠶ ᠴᠢᠨᠠᠷ ᠰᠠᠢᠲᠠᠶ ᠴᠠᠭᠠᠨ ᠢᠳᠡᠭᠡᠨ ᠪᠣᠯᠪᠠᠰᠤᠷᠠᠭᠤᠯᠬᠤ ᠪᠠ ᠰᠢᠷᠡᠰᠤ ᠵᠢ ᠶᠡᠷᠦᠩᠬᠡᠢᠯᠡᠨ ᠠᠱᠢᠭ᠍ᠯᠠᠬᠤ ᠵᠠᠩᠭᠢᠯᠠᠭ᠎ᠠ ᠵᠢᠨ ᠮᠡᠷᠭᠡᠵᠢᠯ ᠎ᠤ᠋ᠨ ᠪᠣᠭᠣᠮᠲᠠ ᠱᠢᠪᠲᠤᠯᠬᠤ ᠵᠢᠴᠢ ᠠᠵᠤ ᠦᠢᠯᠡᠰᠵᠢᠭᠦᠯᠦᠨ ᠬᠡᠷᠡᠭ᠌ᠯᠡᠬᠦ ᠵᠢ ᠲᠠᠰᠤᠷᠠᠯᠲᠠ ᠥᠬᠡᠶ ᠲᠦᠷᠭᠡᠳᠭᠡᠪᠡ᠃ 《ᠥᠪᠥᠷ ᠮᠣᠩᠭᠣᠯ᠎ᠤᠨ ᠬᠠᠭᠤᠴᠢᠨ ᠨᠠᠷᠠᠲᠤ ᠲᠡᠮᠳᠡᠭ᠌ᠲᠦ》᠂ 《ᠥᠪᠥᠷ ᠮᠣᠩᠭᠣᠯ》 ᠨᠡᠷᠡᠮᠵᠢᠳᠤ ᠭᠡᠷᠡᠴᠢᠯᠡᠯ ᠎ᠤ᠋ᠨ ᠠᠵᠤ ᠠᠬᠤᠢᠯᠠᠯ᠎ᠤᠨ ᠨᠠᠷᠠᠲᠤ ᠲᠡᠮᠳᠡᠭ᠌ᠲᠦ ᠪᠠ ᠵᠢᠭᠤᠯᠴᠢᠯᠠᠯ᠎ᠤᠨ ᠦᠶ᠋ᠯᠡᠳᠬᠦᠨ᠎ᠦ ᠵᠢᠱ᠌ᠢᠶ᠎ᠡ ᠦᠵᠡᠭᠦᠯᠬᠦ᠌ ᠠᠵᠤ ᠠᠬᠤᠢᠯᠠᠯ᠎ᠤᠨ ᠪᠣᠶ ᠪᠣᠯᠭᠠᠭ᠍ᠰᠠᠨ ᠣᠷᠣᠨ ᠪᠦᠰᠡ ᠵᠢᠨ ᠨᠥᠯᠥᠭᠡᠯᠡᠬᠦ᠌ ᠬᠦᠴᠦᠨ᠎ᠳᠡᠭᠡᠨ ᠲᠦᠱᠢᠭ᠌ᠯᠡᠨ᠂ 《ᠴᠠᠩ ᠬᠣᠩ》 ᠴᠠᠭᠠᠨ ᠢᠳᠡᠭᠡᠨ ᠨᠢᠭᠡᠨᠲᠡ ᠮᠠᠯ ᠠᠵᠤ ᠠᠬᠤᠢ ᠲᠠᠷᠢᠶᠠᠯᠠᠡᠭ  ᠪᠠ ᠰᠤᠶᠤᠯ ᠵᠢᠭᠤᠯᠴᠢᠯᠠᠯ᠎ᠢ ᠠᠭᠤᠰᠤᠯᠴᠠᠭᠤᠯᠬᠤ ᠠᠵᠤ ᠦᠢᠯᠡᠰ᠎ᠤᠨ ᠴᠢᠬᠤᠯᠠ ᠨᠠᠷᠠᠲᠤ ᠲᠡᠮᠳᠡᠭ᠌ᠲᠦ  ᠪᠣᠯᠵᠠᠶ᠃

ᠣᠳᠣᠬᠠᠨ᠎ᠳ᠋ᠤ᠂ ᠱᠢᠯᠤᠭᠤᠨ ᠬᠥᠬᠡ ᠬᠣᠱᠢᠭᠤᠨ ᠎ᠤ ᠴᠠᠭᠠᠨ ᠢᠳᠡᠭᠡᠨ᠎ᠦ ᠠᠵᠤ ᠦᠶ᠋ᠯᠡᠰ ᠎ᠤ᠋ᠨ ᠬᠡᠯᠬᠢᠶ᠎ᠡ ᠲᠦᠷᠭᠡᠨ ᠲᠠᠰ ᠲᠡᠪᠰᠢᠨ ᠲᠡᠭᠦᠯᠳᠡᠷᠵᠢᠵᠦ᠂ ᠨᠢᠭᠡᠨᠲᠡ 《ᠲᠤᠰᠭᠠᠶ ᠨᠠᠷᠢᠯᠢᠭ ᠣᠨᠴᠠᠯᠢᠭᠳᠤ ᠱᠢᠨ᠎ᠡ》 ᠵᠢᠱ᠌ᠢᠶ᠎ᠡ ᠦᠵᠡᠭᠦᠯᠬᠦ᠌ ᠠᠵᠤ ᠠᠬᠤᠢᠯᠠᠯ  ᠵᠢᠡᠷ ᠤᠳᠤᠷᠢᠳᠤᠮᠵᠢ ᠪᠣᠯᠭᠠᠵᠤ᠂ ᠪᠠᠷᠢᠮᠵᠢᠶᠠᠵᠢᠭᠤᠯᠤᠭ᠍ᠰᠠᠨ ᠭᠠᠷ ᠤᠷᠠᠯᠠᠯ᠎ᠤᠨ ᠦᠶ᠋ᠯᠡᠳᠭᠡᠯ᠎ᠤ᠋ᠨ ᠭᠠᠵᠠᠷ ᠠᠯᠬᠤᠮ ᠠᠯᠬᠤᠮ ᠵᠢᠡᠷ ᠬᠡᠪᠴᠢᠶ᠎ᠡ᠎ᠪᠡᠨ ᠥᠷᠭᠡᠳᠭᠡᠭ᠌ᠰᠡᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠪᠠᠢᠷᠢᠱᠢᠯ᠎ᠢ ᠪᠦᠷᠢᠯᠳᠦᠭᠦᠯᠪᠡ᠃

ᠣᠳᠣᠬᠠᠨ ᠪᠣᠯᠲᠠᠯ᠎ᠠ᠂ ᠱᠢᠯᠤᠭᠤᠨ ᠬᠥᠬᠡ ᠬᠣᠱᠢᠭᠤᠨ ᠎ᠤ ᠰᠠᠭᠠᠯᠢ ᠵᠢᠨ ᠦᠨᠢᠶᠡᠨ᠎ᠦ ᠲᠣᠭ᠎ᠠ 6.1 ᠲᠦᠮᠡ᠎ᠳᠦ ᠬᠦᠷᠴᠦ᠍᠂  ᠵᠢᠯ ᠎ᠳᠦ 10.8  ᠲᠦᠮᠡᠨ ᠲᠣᠨ ᠰᠦ ᠦᠶ᠋ᠯᠡᠳᠪᠦᠷᠢᠯᠡᠵᠦ᠍ ᠪᠠᠢᠨ᠎ᠠ; ᠵᠢᠷᠤᠮᠵᠢᠭ᠍ᠰᠠᠨ ᠴᠠᠭᠠᠨ ᠢᠳᠡᠭᠡᠨ᠎ᠦ ᠭᠠᠷ ᠦᠶ᠋ᠯᠡᠳᠭᠡᠯ ᠎ᠤ᠋ᠨ ᠭᠠᠵᠠᠷ ᠨᠢᠭᠡᠨᠲᠡ 118 ᠪᠣᠯᠵᠣ᠂ ᠬᠡᠪᠴᠢᠶᠡᠵᠢᠭ᠌ᠰᠡᠨ SC ᠦᠶ᠋ᠯᠡᠳᠪᠦᠷᠢᠯᠡᠬᠦ᠌ ᠠᠵᠤ ᠠᠬᠤᠢᠯᠠᠯ 8 ᠪᠣᠯᠵᠣ᠂ ᠦᠶ᠋ᠯᠡᠳᠪᠦᠷᠢᠯᠡᠭ᠌ᠰᠡᠨ ᠱᠢᠨ᠎ᠡ ᠰᠤᠷᠭᠤᠭ ᠲᠦᠬᠦᠭᠡᠢ ᠰᠦ  ᠪᠡᠨ ᠴᠥᠮ ᠲᠤᠬᠠᠶ ᠵᠢᠨ ᠭᠠᠵᠠᠷ ᠲᠸ᠋ᠨᠢ ᠡᠳ᠋ᠱᠢᠭᠦᠯᠦᠨ ᠱᠢᠩᠭᠡᠭᠡᠵᠦ᠍᠂ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ᠎ᠦ  ᠵᠢᠯ ᠎ᠤ᠋ᠨ ᠦᠶ᠋ᠯᠡᠳᠬᠦᠨ᠎ᠦ  ᠥᠷᠲᠡᠭ 2020 ᠣᠨ ᠎ᠳ᠋ᠤ  6000 ᠲᠦᠮᠡᠨ ᠲᠥᠭᠥᠷᠢᠭ ᠪᠠᠢᠭ᠍ᠰᠠᠨ᠎ᠠᠴᠠ᠎ᠪᠠᠨ ᠨᠡᠮᠡᠭ᠌ᠳᠡᠭᠡᠳ 2024 ᠣᠨ ᠎ᠳ᠋ᠤ 1.7 ᠳ᠋ᠦᠩᠱᠢᠭᠤᠷ ᠲᠥᠭᠥᠷᠢᠭ ᠪᠣᠯᠪᠠ᠃ ᠤᠯᠠᠮᠵᠢᠯᠠᠯᠲᠤ ᠴᠠᠭᠠᠨ ᠢᠳᠡᠭᠡᠨ ᠠᠭᠠᠵᠢᠮ  ᠵᠢᠡᠷ ᠣᠷᠣᠨ ᠨᠤᠳᠤᠭ᠎ᠠᠴᠠ  ᠪᠡᠨ ᠭᠠᠷᠴᠤ᠌᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤ ᠵᠠᠬ᠎ᠠ ᠳᠡᠯᠭᠡᠭᠦᠷ᠎ᠢ ᠡᠵᠡᠯᠡᠵᠦ᠍᠂ ᠴᠢᠨᠠᠷ ᠰᠠᠢᠲᠠᠢ ᠴᠠᠭᠠᠨ ᠢᠳᠡᠭᠡᠨ ᠨᠢ ᠤᠯᠠᠨ ᠲᠦᠮᠡᠨ᠎ᠦ ᠬᠦᠷᠢᠶᠡᠯᠡᠯ᠎ᠢ ᠤᠯᠪᠠ᠃

ᠡᠭᠦᠨ᠎ᠦ ᠬᠠᠮᠲᠤ᠂ ᠱᠢᠯᠤᠭᠤᠨ ᠬᠥᠬᠡ ᠬᠣᠱᠢᠭᠤᠨ᠎ᠤ ᠬᠤᠯᠠᠨ ᠱᠢᠷᠭ᠎ᠠ ᠲᠠᠭ᠎ᠠ ᠵᠢᠨ ᠡᠯᠡᠰᠤᠷᠭᠡᠭ ᠭᠠᠵᠠᠷ᠎ᠤᠨ ᠮᠢᠬᠠᠨ᠎ᠤ ᠦᠬᠡᠷ᠎ᠤ᠋ᠨ ᠠᠵᠤ ᠦᠶ᠋ᠯᠡᠰ᠎ᠤ᠋ᠨ ᠲᠡᠵᠢᠭᠡᠨ ᠦᠷᠡᠵᠢᠭᠦᠯᠬᠦ᠌ ᠬᠡᠪᠴᠢᠶ᠎ᠡ ᠪᠠ ᠡᠭᠦᠯᠳᠡᠷ᠎ᠤ᠋ᠨ ᠶᠠᠰᠤ ᠴᠢᠨᠠᠷ ᠪᠥᠬᠥ᠌ ᠠᠢᠮᠠᠭ᠎ᠤᠨ ᠡᠮᠦᠨ᠎ᠡ ᠡᠩᠨᠡᠭᠡᠨ᠎ᠳᠦ ᠣᠷᠣᠪᠠ᠃ ᠲᠣᠰ  ᠬᠣᠱᠢᠭᠤᠨ᠎ᠤ ᠰᠠᠢᠨᠬᠤᠳᠳᠤᠭ ᠰᠤᠮᠤᠨ᠎ᠤ ᠬᠠᠷᠢᠶᠠᠨ᠎ᠳᠡᠬᠢ 12 ᠭᠠᠴᠠᠭ᠎ᠠ ᠬᠠᠮᠲᠤ᠎ᠪᠠᠷ ᠪᠠᠯᠠ ᠬᠤᠷᠠᠮᠳᠤᠭᠤᠯᠤᠨ ᠪᠠᠢᠭᠤᠯᠤᠭ᠍ᠰᠠᠨ 《ᠰᠠᠢᠨ ᠮᠠᠯ ᠠᠵᠤ ᠠᠬᠤᠶ ᠲᠠᠷᠢᠶᠠᠯᠠᠩ》 ᠬᠤᠷᠰᠢᠶ᠎ᠠ ᠭᠤᠷᠪᠠᠨ ᠠᠵᠤ ᠦᠶ᠋ᠯᠡᠰ᠎ᠢ ᠠᠭᠤᠰᠤᠯᠴᠠᠭᠤᠯᠬᠤ 《ᠰᠠᠢᠨ ᠬᠡᠪ ᠵᠠᠭ᠍ᠪᠤᠷ》᠎ᠢ᠋ ᠲᠤᠰᠠᠭᠠᠷ ᠡᠭᠦᠳᠴᠦ᠍᠂ ᠡᠯᠡᠰᠦᠷᠭᠡᠭ ᠭᠠᠵᠠᠷ᠎ᠤᠨ ᠦᠬᠡᠷ᠎ᠤ᠋ᠨ ᠠᠵᠤ ᠦᠶ᠋ᠯᠡᠰ᠎ᠢ ᠬᠠᠮᠲᠤ᠎ᠪᠠᠷ ᠬᠥᠭ᠌ᠵᠢᠭᠦᠯᠵᠦ᠍᠂ ᠡᠯᠡᠰᠦᠷᠭᠡᠭ ᠭᠠᠵᠠᠷ᠎ᠤᠨ ᠦᠬᠡᠷ᠎ᠤ᠋ᠨ ᠮᠢᠬᠠᠨ᠎ᠤ ᠨᠠᠷᠠᠲᠤ ᠲᠡᠮᠳᠡᠭ᠎ᠢ ᠡᠭᠦᠳᠴᠦ᠂ ᠮᠠᠯᠴᠢᠨ ᠲᠠᠷᠢᠶᠠᠴᠢᠨ ᠎ᠤ ᠬᠠᠮᠲᠤ᠎ᠪᠠᠷ ᠪᠠᠶᠠᠵᠢᠬᠤ᠎ᠶ᠋ᠢ ᠳᠠᠢᠴᠢᠯᠠᠪᠠ᠃ ᠲᠤᠰ ᠬᠤᠷᠰᠢᠶ᠎ᠠ ᠪᠠᠢᠭᠤᠯᠤᠭ᠍ᠳᠠᠭ᠍ᠰᠠᠨ᠎ᠠᠴᠠ ᠨᠠᠭᠠᠰᠢ᠂ 114 ᠮᠠᠯᠴᠢᠨ ᠡᠷᠦᠬᠡ᠎ᠶ᠋ᠢ ᠳᠠᠢᠴᠢᠯᠠᠨ ᠣᠷᠣᠯᠭ᠎ᠠ᠎ᠶ᠋ᠢ ᠨᠢ ᠨᠡᠢᠲᠡ 68 ᠲᠦᠮᠡ ᠭᠠᠷᠤᠶ ᠲᠥᠭᠥᠷᠢᠭ ᠨᠡᠮᠡᠭ᠌ᠳᠡᠭᠦᠯᠵᠦ᠍᠂ ᠲᠤᠬᠠᠶ ᠵᠢᠨ ᠭᠠᠵᠠᠷ᠎ᠤᠨ ᠮᠠᠯ ᠠᠵᠤ ᠠᠬᠤᠢ ᠲᠠᠷᠢᠶᠠᠯᠠᠡᠭ ᠪᠠ ᠰᠤᠶᠤᠯ ᠵᠢᠭᠤᠯᠴᠢᠯᠠᠯ᠎ᠤᠨ ᠠᠵᠤ ᠦᠶ᠋ᠯᠡᠰ ᠎ᠤ᠋ᠨ ᠠᠮᠵᠢᠯᠲᠠ ᠲᠠᠶ ᠠᠭᠤᠰᠤᠯᠴᠠᠭ᠍ᠰᠠᠨ ᠨᠡᠢᠲᠡᠯᠢᠭ ᠵᠢᠱ᠌ᠢᠶ᠎ᠡ ᠪᠤᠯᠵᠦ᠂ 《ᠰᠠᠢᠨ》 ᠬᠡᠬᠦ ᠲᠠᠭᠤᠳᠠᠬᠤ ᠨᠡᠷ᠎ᠠ ᠲᠠᠢ ᠲᠠᠭᠤᠷᠢᠰᠠᠬᠤ ᠠᠯᠳᠠᠷ ᠲᠠᠢ ᠨᠡᠷᠡᠲᠦ ᠲᠡᠮᠳᠡᠭ ᠲᠦᠮᠡᠨ᠎ᠤ ᠲᠤᠮᠳᠠ ᠥᠷᠭᠡᠨ ᠵᠢᠡᠷ ᠲᠠᠷᠬᠠᠵᠤ  ᠪᠤᠢ᠃

《ᠱᠠᠩᠳᠤ ᠦᠬᠡᠷ᠎ᠤ᠋ᠨ ᠮᠢᠬ᠎ᠠ》 ᠨᠢ 《ᠥᠪᠥᠷ ᠮᠣᠩᠭᠣᠯ᠎ᠤᠨ ᠦᠨᠦᠷ ᠠᠮᠲᠠ》 ᠵᠢᠨ ᠨᠥᠭᠡᠴᠡᠯᠡᠨ ᠬᠠᠳᠠᠭᠠᠯᠠᠬᠤ ᠡᠷᠬᠡ ᠣᠯᠭᠣᠭ᠍ᠰᠠᠨ ᠦᠶ᠋ᠯᠡᠳᠪᠦᠷᠢᠯᠡᠯ ᠎ᠤ᠋ᠨ ᠠᠵᠤ ᠠᠬᠤᠢᠯᠠᠯ ᠎ᠳ᠋ᠤ ᠵᠢᠭ᠍ᠰᠠᠭᠠᠭ᠍ᠳᠠᠪᠠ᠃ 《ᠰᠠᠢᠨ ᠮᠠᠯ ᠠᠵᠤ ᠠᠬᠤᠶ ᠲᠠᠷᠢᠶᠠᠯᠠᠩ》᠂ 《ᠪᠠᠶ ᠢ ᠮᠠᠯ ᠠᠵᠤ ᠠᠬᠤᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ》 ᠵᠡᠷᠭᠡ ᠠᠵᠤ ᠠᠬᠤᠢᠯᠠᠯ᠎ᠤᠨ ᠦᠶ᠋ᠯᠡᠳᠪᠦᠷᠢᠯᠡᠭ᠌ᠰᠡᠨ ᠬᠥᠯᠳᠡᠭᠡᠭ᠌ᠰᠡᠨ ᠱᠢᠨ᠎ᠡ ᠰᠣᠷᠭᠣᠭ ᠦᠬᠡᠷ᠎ᠤ᠋ᠨ ᠮᠢᠬ᠎ᠠ᠂ ᠦᠬᠡᠷ᠎ᠤ᠋ᠨ ᠮᠢᠬ᠎ᠠ ᠵᠢᠨ  ᠠᠮᠳᠠ ᠤᠷᠤᠭᠤᠯᠤᠬᠰᠠᠨ ᠪᠦᠲᠦᠭᠡᠭ᠌ᠳᠡᠬᠦᠨ᠂ ᠪᠤᠯᠭᠤᠭ᠍ᠰᠠᠨ ᠪᠦᠲᠦᠭᠡᠭ᠌ᠳᠡᠬᠦᠨ᠂ ᠪᠡᠯᠡᠨ ᠵᠠᠭᠤᠰᠢ ᠵᠡᠷᠭᠡ ᠬᠡᠳᠦᠨ ᠶᠡᠬᠡ ᠲᠥᠷᠥᠯ᠂ ᠵᠠᠭᠤ ᠭᠠᠷᠤᠶ ᠵᠦᠶ᠋ᠯ ᠎ᠤ᠋ᠨ ᠱᠢᠷᠢᠰ ᠪᠦᠲᠦᠭᠡᠭ᠌ᠳᠡᠬᠦᠨ᠎ᠢ  ᠪᠡᠭᠡᠵᠢᠩ᠂ ᠱᠠᠩᠬᠠᠶ᠂ ᠱᠠᠨᠳᠦ᠋ᠩ᠂ ᠭᠤᠸᠠᠩᠳᠦ᠋ᠩ᠂ ᠾᠸᠪᠸᠢ᠂ ᠬᠠᠢᠨᠠᠨ᠂ ᠰᠸᠴᠤᠸᠠᠨ ᠵᠡᠷᠭᠡ ᠮᠤᠵᠢ ᠬᠣᠲᠠ ᠵᠢᠨ ᠠᠷᠠᠳ ᠣᠯᠠᠨ᠎ᠤ ᠬᠣᠭᠣᠯᠠᠨ ᠱᠢᠷᠡᠭᠡᠨ᠎ᠳᠦ  ᠭᠠᠷᠭᠠᠵᠤ᠂ ᠱᠢᠯᠤᠭᠤᠨ ᠬᠥᠬᠡ ᠬᠣᠱᠢᠭᠤᠨ ᠎ᠤ ᠭᠠᠵᠠᠷ ᠵᠦᠶ ᠵᠢᠨ ᠢᠯᠡᠷᠭᠡᠢᠯᠡᠯᠳᠤ ᠲᠡᠮᠳᠡᠭ᠌ᠲᠦ ᠦᠶ᠋ᠯᠡᠳᠬᠦᠨ᠎ᠨᠢ ᠠᠯᠬᠤᠮ ᠠᠯᠬᠤᠮ  ᠵᠢᠡᠷ  ᠣᠷᠣᠨ ᠨᠤᠲᠤᠭ᠎ᠤᠨ ᠣᠨᠴᠠᠯᠢᠭ᠍ᠲᠤ ᠠᠵᠤ ᠦᠶ᠋ᠯᠡᠰ᠎ᠤ᠋ᠨ ᠬᠥᠭ᠌ᠵᠢᠯᠲᠡ ᠵᠢᠨ 《ᠲᠦᠷᠭᠡᠳᠭᠡᠭᠦᠷ》 ᠪᠣᠯᠵᠣ᠂ ᠮᠠᠯᠴᠢᠨ ᠲᠠᠷᠢᠶᠠᠴᠢᠨ᠎ᠤ ᠣᠷᠣᠯᠭ᠎ᠠ᠎ᠵᠢ ᠨᠡᠮᠡᠭ᠌ᠳᠡᠭᠦᠯᠦᠨ ᠪᠠᠶᠠᠵᠢᠭᠤᠯᠬᠤ 《ᠠᠯᠲᠠᠨ ᠲᠦᠯᠬᠢᠭᠦᠷ》 ᠪᠣᠯᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号