ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠬᠤ᠌ ᠶᠣᠣ ᠪᠠᠩ ᠨᠥᠬᠥᠷ᠎ᠦᠨ ᠮᠡᠨᠳᠦᠯᠡᠭ᠌ᠰᠡᠨ 110 ᠵᠢᠯ᠎ᠦᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ
ᠼᠠᠢ ᠴᠢ ᠬᠤᠷᠠᠯ ᠢ᠋ ᠡᠷᠭᠢᠯᠡᠵᠦ᠍ ᠯᠢ ᠰᠢ ᠣᠷᠣᠯᠴᠠᠪᠠ
ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 20 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤ᠌ ᠶᠣᠣ ᠪᠠᠩ ᠨᠥᠬᠥᠷ᠎ᠦᠨ ᠮᠡᠨᠳᠦᠯᠡᠭ᠌ᠰᠡᠨ 110 ᠵᠢᠯ᠎ᠦᠨ ᠣᠶ᠎ᠶ᠋ᠢ ᠳᠤᠷᠠᠰᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠬ᠍ᠤ᠌ ᠶᠣᠣ ᠪᠠᠩ ᠨᠥᠬᠥᠷ᠎ᠦᠨ ᠡᠷᠬᠢᠮ ᠳᠡᠭᠡᠳᠦ ᠵᠣᠷᠢᠭ ᠰᠠᠨᠠᠭᠠᠨ᠎ᠤ ᠬᠡᠪ ᠨᠠᠮᠪᠠ ᠪᠣᠯᠤᠨ ᠱᠢᠯᠢᠳᠡᠭ ᠰᠤᠷᠲᠠᠯ᠎ᠢ ᠨᠠᠷᠢᠨ ᠬᠢᠨᠠᠮᠠᠭᠠᠢ ᠰᠤᠷᠤᠯᠴᠠᠵᠤ᠂ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠵᠤ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠡᠯ᠎ᠡ ᠵᠦᠢᠯ᠎ᠦᠨ ᠦᠢᠯᠡᠰ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ ᠼᠠᠢ ᠴᠢ ᠶᠠᠷᠢᠯᠴᠠᠬᠤ ᠬᠤᠷᠠᠯ᠎ᠢ ᠡᠷᠬᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ ᠯᠢ ᠰᠢ ᠶᠠᠷᠢᠯᠴᠠᠬᠤ ᠬᠤᠷᠠᠯ᠎ᠳᠤ ᠣᠷᠣᠯᠴᠠᠪᠠ᠃
ᠰᠢ ᠵᠢᠨ ᠫᠢᠩ ᠶᠠᠷᠢᠶᠠᠨ᠎ᠳᠠᠭᠠᠨ ᠬᠤ᠌ ᠶᠣᠣ ᠪᠠᠩ ᠨᠥᠬᠥᠷ᠎ᠦᠨ ᠭᠡᠷᠡᠯ ᠰᠠᠴᠤᠷᠠᠩᠭᠤᠶ ᠨᠢᠭᠡ ᠨᠠᠰᠤ ᠪᠠ ᠭᠠᠷᠮᠠᠭᠠᠶ ᠬᠤᠪᠢ ᠨᠡᠮᠡᠷᠢ᠎ᠶ᠋ᠢ ᠡᠷᠭᠢᠴᠡᠭᠦᠯᠪᠡ᠃ ᠲᠡᠷᠡ᠂ ᠬᠤ᠌ ᠶᠣᠣ ᠪᠠᠩ ᠨᠥᠬᠥᠷ ᠪᠣᠯ ᠤᠷᠲᠤ ᠬᠤᠭᠤᠴᠠᠭᠠᠨ᠎ᠤ ᠱᠢᠯᠭᠠᠯᠲᠠ᠎ᠶ᠋ᠢ ᠥᠩᠭᠡᠷᠡᠭᠡᠭ᠌ᠰᠡᠨ ᠡᠪ ᠬᠠᠮᠲᠤ ᠶᠣᠰᠣᠨ᠎ᠤ ᠱᠢᠳᠤᠷᠭᠤ ᠪᠠᠢᠯᠳᠤᠭ᠍ᠴᠢ᠂ ᠠᠭᠤᠤ ᠶᠡᠬᠡ ᠦᠭᠡᠢᠭᠦᠦ ᠠᠩᠭᠢ᠎ᠶ᠋ᠢᠨ ᠬᠤᠪᠢᠰᠭᠠᠯᠴᠢ᠂ ᠤᠯᠤᠰ ᠲᠦᠷᠦᠴᠢᠨ᠂ ᠮᠠᠨ᠎ᠤ ᠴᠡᠷᠢᠭ᠎ᠦᠨ ᠭᠠᠷᠮᠠᠭᠠᠢ ᠤᠯᠤᠰ ᠲᠦᠷᠦ᠍᠎ᠶ᠋ᠢᠨ ᠠᠵᠢᠯᠲᠠᠨ᠂ ᠨᠠᠮ᠎ᠤᠨ ᠴᠢᠬᠤᠯᠠ ᠤᠳᠤᠷᠢᠳᠭᠤ ᠲᠤᠱᠢᠶᠠᠯ᠎ᠢ ᠤᠷᠲᠤ ᠬᠤᠭᠤᠴᠠᠭ᠎ᠠ᠎ᠪᠠᠷ ᠡᠭᠦᠷᠭᠡᠯᠡᠭ᠌ᠰᠡᠨ ᠭᠠᠷᠮᠠᠭᠠᠢ ᠤᠳᠤᠷᠢᠳᠭᠤ ᠬᠥᠮᠦᠨ ᠮᠥᠨ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠴᠢᠯᠥᠭᠡᠯᠡᠯᠲᠡ᠂ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠪᠠᠯᠠᠷᠠᠰᠢ ᠦᠭᠡᠢ ᠭᠠᠪᠢᠶ᠎ᠠ ᠪᠠᠢᠭᠤᠯᠤᠭᠰᠠᠨ ᠶᠤᠮ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠬ᠍ᠤ᠌ ᠶᠣᠣ ᠪᠠᠩ ᠨᠥᠬᠥᠷ ᠠᠯᠤᠰ ᠬᠡᠳᠦ᠍᠎ᠶ᠋ᠢᠨ ᠬᠦᠰᠡᠯᠡᠩ᠎ᠲᠠᠶ ᠪᠠᠢᠵᠤ᠂ ᠡᠪ ᠬᠠᠮᠲᠤ ᠶᠣᠰᠣᠨ᠎ᠤ ᠲᠥᠯᠥᠭᠡ ᠴᠥᠬᠥᠷᠡᠰᠢ ᠦᠭᠡᠢ ᠲᠡᠮᠡᠴᠡᠬᠦ᠌ ᠤᠷᠲᠤ ᠬᠤᠭᠤᠴᠠᠭᠠᠨ᠎ᠤ ᠦᠢᠯᠡᠳᠦᠯᠭᠡ ᠵᠢᠨ ᠳᠤᠮᠳᠠ ᠱᠢᠨᠲᠠᠷᠠᠰᠢ ᠦᠭᠡᠢ ᠬᠤᠪᠢᠰᠭᠠᠯᠲᠤ ᠵᠣᠷᠢᠭ ᠰᠠᠨᠠᠭ᠎ᠠ᠎ᠪᠠᠨ ᠢᠯᠡᠷᠡᠭᠦᠯᠪᠡ᠃ ᠪᠦᠬᠦ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠬᠦᠰᠡᠯᠡᠩ ᠢᠲᠡᠭᠡᠯ ᠵᠣᠷᠢᠭ᠎ᠢᠶᠠᠨ ᠪᠠᠲᠤᠳᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠠᠯᠤᠰ ᠬᠡᠳᠦ᠍᠎ᠶ᠋ᠢᠨ ᠬᠦᠰᠡᠯᠡᠩ ᠪᠠ ᠬᠠᠮᠲᠤ᠎ᠶ᠋ᠢᠨ ᠬᠦᠰᠡᠯᠡᠩ᠎ᠢᠶᠡᠨ ᠪᠡᠶᠡᠯᠡᠭᠦᠯᠬᠦ᠌᠎ᠶ᠋ᠢᠨ ᠲᠥᠯᠥᠭᠡ ᠡᠷᠡᠯᠬᠡᠭ᠌ᠯᠡᠨ ᠲᠡᠮᠡᠴᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬ᠍ᠤ ᠶᠣᠣ ᠪᠠᠩ ᠨᠥᠬᠥᠷ ᠠᠯᠢᠪᠠ ᠪᠦᠬᠦᠨ᠎ᠳᠦ ᠪᠣᠳᠠᠲᠠᠢ᠎ᠡᠴᠡ ᠡᠭᠦᠰᠭᠦ᠎ᠶ᠋ᠢ ᠴᠢᠬᠤᠯᠠᠴᠢᠯᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠪᠠ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠤᠨ ᠰᠠᠮᠠᠭᠤᠷᠠᠯ᠎ᠢ ᠵᠠᠰᠠᠮᠵᠢᠯᠠᠨ ᠵᠦᠪ ᠵᠠᠮ᠎ᠳᠤ ᠤᠷᠤᠭᠤᠯᠬᠤ᠎ᠵᠢ ᠪᠡᠶᠡᠯᠡᠭᠦᠯᠬᠦ᠌᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠪᠦᠬᠦ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠦᠨᠡᠨ᠎ᠡᠴᠡ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠦᠨᠡᠨ ᠶᠣᠰᠣ᠎ᠶ᠋ᠢ ᠬᠥᠭᠡᠭᠡᠴᠡᠯᠳᠦᠵᠦ᠍᠂ ᠤᠬᠠᠮᠰᠠᠷ᠎ᠡᠴᠡ᠎ᠪᠠᠨ ᠨᠠᠮ᠎ᠤᠨ ᠱᠢᠨ᠎ᠡ ᠡᠭᠦᠳᠦᠯᠲᠡ᠎ᠶᠢᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠢ ᠠᠬᠢᠭᠤᠯᠬᠤ ᠠᠭᠤᠤ ᠶᠡᠬᠡ ᠦᠢᠯᠡᠳᠦᠯᠭᠡ ᠳᠤᠮᠳᠠ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠦᠴᠦᠨ᠎ᠢ ᠲᠠᠰᠤᠷᠠᠯᠳᠠ ᠦᠭᠡᠢ ᠢᠯᠡᠷᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠬ᠍ᠤ ᠶᠣᠣ ᠪᠠᠩ ᠨᠥᠬᠥᠷ ᠥᠭᠡᠷᠡᠴᠢᠯᠡᠯᠲᠡ ᠨᠡᠭᠡᠭᠡᠯᠲᠡ᠎ᠶ᠋ᠢ ᠢᠳᠡᠪᠬᠢᠲᠡᠢ ᠰᠠᠨᠠᠭᠠᠴᠢᠯᠠᠨ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠶᠡᠬᠡ ᠬᠡᠮᠵᠢᠶᠡᠨ᠎ᠦ ᠤᠶᠤᠨ ᠤᠬᠠᠭᠠᠨ ᠬᠦᠴᠦ᠍ ᠬᠥᠳᠡᠯᠮᠦᠷᠢ ᠵᠠᠷᠤᠴᠠᠭᠤᠯᠪᠠ᠃ ᠪᠦᠬᠦ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠴᠠᠭ ᠦᠶ᠎ᠡ᠎ᠶ᠋ᠢᠨ ᠤᠷᠤᠰᠭᠠᠯ᠎ᠤᠨ ᠡᠮᠦᠨ᠎ᠡ ᠵᠣᠷᠢᠭ᠍ᠲᠠᠢ ᠵᠣᠭ᠍ᠰᠣᠵᠤ᠂ ᠡᠷᠡᠰ ᠱᠢᠭᠤᠷᠬᠠᠢ᠎ᠪᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠵᠣᠷᠢᠭ ᠰᠠᠨᠠᠭ᠎ᠠ᠎ᠪᠠᠷ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠴᠢᠯᠥᠭᠡᠯᠡᠨ ᠬᠥᠭ᠌ᠵᠢᠭᠦᠯᠵᠦ᠍᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ ᠴᠢᠩᠭᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠤ᠌ ᠶᠣᠣ ᠪᠠᠩ ᠨᠥᠬᠥᠷ᠎ᠦᠨ ᠠᠷᠠᠳ ᠲᠦᠮᠡᠨ᠎ᠢᠶᠡᠨ ᠭᠡᠰᠡᠨ ᠬᠠᠢᠷ᠎ᠠ ᠰᠡᠳᠭᠢᠯᠭᠡ ᠴᠢᠩ ᠦᠨᠡᠨᠴᠢ ᠭᠦᠨ ᠵᠤᠵᠠᠭᠠᠨ ᠪᠠᠢᠵᠤ᠂ ᠠᠵᠤ ᠠᠬᠤᠢ᠎ᠪᠠᠨ ᠬᠥᠭ᠌ᠵᠢᠭᠦᠯᠬᠦ᠌᠂ ᠠᠷᠠᠳ ᠲᠦᠮᠡᠨ᠎ᠢ ᠠᠯᠢ ᠲᠦᠷᠭᠡᠨ ᠵᠢᠡᠷ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠡᠬᠡ ᠬᠡᠮᠵᠢᠶᠡᠨ᠎ᠦ ᠪᠣᠳᠠᠲᠤ ᠶᠠᠪᠤᠳᠠᠯ ᠰᠠᠢ᠌ᠨ ᠶᠠᠪᠤᠳᠠᠯ ᠬᠢᠵᠡᠢ᠃ ᠪᠥᠬᠥ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠢᠮᠠᠭ᠍ᠲᠠ ᠠᠷᠠᠳ ᠲᠦᠮᠡᠨ᠎ᠢ ᠪᠤᠳᠤᠵᠤ᠂ ᠠᠱᠢᠭ ᠲᠤᠰᠠ᠎ᠶ᠋ᠢ ᠠᠷᠠᠳ ᠲᠦᠮᠡᠨ᠎ᠳᠤ ᠣᠯᠭᠣᠬᠤ᠎ᠶ᠋ᠢ ᠪᠡᠶᠡᠯᠡᠭᠦᠯᠵᠦ᠍᠂ ᠨᠠᠮ᠎ᠤᠨ ᠦᠨᠳᠦᠰᠦᠨ ᠵᠣᠷᠢᠯᠲᠠ᠎ᠶ᠋ᠢ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠯᠠᠪᠳᠠᠭᠤᠨ ᠪᠠᠲᠤᠲᠠᠶ ᠲᠡᠮᠡᠴᠡᠬᠦ᠌᠎ᠪᠡᠷ ᠳᠠᠮᠵᠢᠨ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠬᠤ᠌ ᠶᠣᠣ ᠪᠠᠩ ᠨᠥᠬᠥᠷ ᠨᠠᠮ᠎ᠤᠨ ᠰᠤᠷᠲᠠᠯ᠎ᠢ ᠲᠥᠪ ᠪᠣᠯᠭᠠᠬᠤ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠨᠠᠮ᠎ᠤᠨ ᠱᠢᠯᠢᠳᠡᠭ ᠤᠯᠠᠮᠵᠢᠯᠠᠯ ᠪᠣᠯᠤᠨ ᠰᠤᠷᠲᠠᠯ᠎ᠢ ᠪᠠᠳᠠᠷᠠᠭᠤᠯᠬᠤ᠎ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠪᠡ᠃ ᠪᠦᠬᠦ᠌ ᠨᠠᠮ᠎ᠤᠨ ᠨᠥᠬᠥᠳ ᠢᠯᠠᠩᠭᠤᠶ᠎ᠠ ᠤᠳᠤᠷᠢᠳᠭᠤ ᠺᠠᠳ᠋ᠷᠴᠤᠳ ᠲᠡᠭᠦᠨ᠎ᠲᠡᠶ ᠠᠳᠠᠯᠢ᠎ᠪᠠᠷ ᠲᠥᠪ ᠰᠤᠷᠲᠠᠯ᠎ᠲᠠᠶ ᠪᠠᠢᠵᠤ᠂ ᠬᠡᠵᠢᠶᠡᠳᠡ ᠪᠡᠶ᠎ᠡ᠎ᠪᠡᠷ᠎ᠢᠶᠡᠨ ᠬᠡᠪ ᠲᠦᠷᠢᠮ ᠪᠤᠯᠵᠤ᠂ ᠲᠥᠪ ᠤ᠋ᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠢᠨᠳᠠᠷᠠᠰᠢ ᠦᠭᠡᠢ ᠴᠢᠷᠮᠠᠢᠨ ᠨᠠᠢᠳᠠᠪᠤᠷᠢᠵᠢᠭᠤᠯᠵᠤ᠂ ᠲᠥᠪ ᠪᠤᠰᠤ ᠰᠤᠷᠲᠠᠯ ᠪᠠ ᠢᠯᠵᠢᠷᠠᠮᠠᠯ ᠦᠵᠡᠭ᠌ᠳᠡᠯ᠎ᠢ ᠡᠷᠡᠰ ᠡᠰᠡᠷᠭᠦᠴᠡᠨ ᠬᠣᠷᠢᠭ᠍ᠯᠠᠵᠤ᠂ ᠡᠪ ᠬᠠᠮᠲᠤᠴᠤᠳ᠎ᠤᠨ ᠲᠥᠪ ᠭᠣᠣᠯᠴᠢ ᠠᠷᠢᠭᠤᠨ ᠴᠢᠬᠡᠴᠢ ᠤᠯᠤᠰ ᠲᠦᠷᠦ᠍᠎ᠶ᠋ᠢᠨ ᠤᠤᠷ ᠴᠢᠨᠠᠷ᠎ᠢᠶᠠᠨ ᠢᠮᠠᠭ᠍ᠲᠠ ᠬᠠᠳᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠼᠠᠢ ᠴᠢ ᠶᠠᠷᠢᠯᠴᠠᠬᠤ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠬᠤ᠌ ᠶᠣᠣ ᠪᠠᠩ ᠨᠥᠬᠥᠷ᠎ᠦᠨ ᠨᠠᠮ ᠪᠣᠯᠤᠨ ᠠᠷᠠᠳ ᠲᠦᠮᠡᠨ᠎ᠳᠦ ᠪᠠᠢᠭᠤᠯᠤᠭ᠍ᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠡᠷᠭᠢᠴᠡᠭᠦᠯᠵᠦ᠍᠂ ᠪᠦᠬᠦ᠌ ᠨᠠᠮ᠎ᠤᠨ ᠨᠥᠬᠥᠳ᠎ᠢ ᠬᠤ᠌ ᠶᠣᠣ ᠪᠠᠩ ᠨᠥᠬᠥᠷ᠎ᠦᠨ ᠡᠷᠬᠢᠮ ᠳᠡᠭᠡᠳᠦ ᠵᠣᠷᠢᠭ ᠰᠠᠨᠠᠭᠠᠨ᠎ᠤ ᠬᠡᠪ ᠨᠠᠮᠪᠠ ᠪᠣᠯᠤᠨ ᠱᠢᠯᠢᠳᠡᠭ ᠰᠤᠷᠲᠠᠯ᠎ᠢ ᠰᠤᠷᠤᠯᠴᠠᠬᠤ᠎ᠶ᠋ᠢ ᠤᠷᠢᠶᠠᠯᠠᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠵᠢᠯᠣᠭᠣᠳᠭᠤ ᠴᠢᠨᠠᠷᠲᠠᠶ ᠪᠣᠯᠵᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍ ᠂ 《 ᠬᠣᠶᠠᠷ᠎ᠢ ᠲᠣᠭ᠍ᠲᠠᠭᠠᠭᠰᠠᠨ 》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ ᠂ 《 ᠳᠥᠷᠪᠡᠨ ᠤᠬᠠᠮᠰᠠᠷ 》 ᠵᠢᠡᠨ ᠴᠢᠩᠭᠠᠳᠭᠠᠵᠤ ᠂ 《 ᠳᠥᠷᠪᠡᠨ ᠢᠲᠡᠭᠡᠯ 》 ᠵᠢᠡᠨ ᠪᠠᠲᠤᠳᠭᠠᠵᠤ ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ︵ ᠦᠷᠭᠦᠯᠵᠢᠯᠡᠯ ᠨᠢ ᠬᠤᠶᠠᠳᠤᠭᠠᠷ ᠨᠢᠭᠤᠷ ᠲᠤ ︶
︵ ᠨᠢᠬᠡᠳᠦᠬᠡᠷ ᠨᠢᠭᠤᠷ᠎ᠤᠨ ᠦᠷᠭᠦᠯᠵᠢᠯᠡᠯ ︶
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠵᠡᠭᠡᠶ᠎ᠡ ᠭᠡᠵᠦ ᠬᠡᠯᠡᠪᠡ᠃
ᠶᠠᠷᠢᠯᠴᠠᠬᠤ ᠬᠤᠷᠠᠯ ᠳᠡᠭᠡᠷ᠎ᠡ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠴᠢᠦᠢ ᠴᠢᠩ ᠱᠠᠨ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ ᠡᠳᠦᠷ ᠳᠤᠳᠤᠮ᠎ᠤᠨ ᠠᠵᠢᠯ᠎ᠢ ᠬᠠᠮᠢᠶᠠᠷᠴᠤ᠌ ᠪᠠᠢᠭ᠎ᠠ ᠳᠡᠳ᠋ ᠳᠠᠷᠤᠭ᠎ᠠ ᠬᠤᠸᠠᠩ ᠵᠢᠶᠠᠨ ᠹᠠ᠂ ᠲᠥᠪ᠎ᠦᠨ ᠨᠠᠮ᠎ᠤᠨ ᠰᠤᠷᠭᠠᠭᠤᠯᠢ(ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠡᠳᠦᠷ ᠳᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠵᠠᠬᠢᠷᠤᠯ ᠱᠢᠶ᠍ᠸ ᠴᠦᠨ ᠲᠤᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠤᠷᠢᠶ᠎ᠠ ᠵᠢᠨ ᠱᠦᠵᠢ᠎ᠨᠡᠷ᠎ᠦᠨ ᠭᠠᠵᠠᠷ᠎ᠤᠨ ᠨᠢᠭᠡᠳᠦᠭᠡᠷ ᠱᠦᠵᠢ ᠠ ᠳ᠋ᠦᠩ᠂ ᠬᠤᠨᠠᠨ ᠮᠤᠵᠢ᠎ᠶ᠋ᠢᠨ ᠨᠠᠮ᠎ᠤᠨ ᠬᠤᠷᠢᠶ᠎ᠠ ᠵᠢᠨ ᠱᠦᠵᠢ ᠱᠸᠨ ᠱᠢᠶᠤᠤ ᠮᠢᠩ ᠤᠷᠢᠳ ᠬᠣᠵᠢᠳ ᠦᠭᠡ ᠬᠡᠯᠡᠪᠡ᠃
ᠱ᠌ᠢ᠎ᠲᠡᠶ ᠹᠸᠩ᠂ ᠯᠢ ᠭᠠᠨ ᠵᠢᠶ᠍ᠸ᠂ ᠯᠢ ᠱᠤ᠌ ᠯᠸᠢ᠂ ᠯᠢ ᠬᠣᠩ ᠵᠦᠩ᠂ ᠴᠧᠨ ᠸᠸᠨ ᠴᠢᠩ᠂ ᠯᠢᠦ᠍ᠶ᠋ᠢᠨ ᠭᠦᠸᠧ᠂ ᠸᠠᠩ ᠱᠢᠶᠤᠤ ᠬᠣᠩ᠂ ᠵᠠᠩ ᠱᠧᠩ ᠮᠢᠨ ᠶᠠᠷᠢᠯᠴᠠᠬᠤ ᠬᠤᠷᠠᠯ᠎ᠳᠤ ᠣᠷᠣᠯᠴᠠᠪᠠ᠃
ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠤᠨᠠᠨ ᠮᠤᠵᠢ᠎ᠶ᠋ᠢᠨ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠂ ᠬ᠍ᠤ᠌ ᠶᠣᠣ ᠪᠠᠩ ᠨᠥᠬᠥᠷ᠎ᠦᠨ ᠲᠦᠷᠦᠯ ᠰᠠᠳᠤᠨ᠂ ᠠᠮᠢᠳᠤ ᠰᠡᠷᠡᠭᠦᠨ ᠪᠠᠢᠬᠤ ᠦᠶ᠎ᠡ᠎ᠶ᠋ᠢᠨ ᠰᠠᠢᠨ ᠨᠠᠢᠵᠠ ᠪᠣᠯᠤᠨ ᠨᠤᠲᠤᠭ᠎ᠤᠨ ᠬᠢᠨᠢ ᠲᠥᠯᠥᠭᠡᠯᠡᠭ᠌ᠴᠢᠳ ᠶᠠᠷᠢᠯᠴᠠᠬᠤ ᠬᠤᠷᠠᠯ᠎ᠳᠤ ᠣᠷᠣᠯᠴᠠᠪᠠ᠃
↑ 11 ᠰᠠᠷ᠎ᠠ ᠵᠢᠨ 20 ᠤ᠋ ᠡᠳᠤᠷ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠡᠭᠡᠵᠢᠩ ᠤ᠋ᠨ ᠠᠷᠠᠳ ᠤ᠋ᠨ ᠶᠡᠭᠡ ᠬᠤᠷᠠᠯ ᠤ᠋ᠨ ᠲᠠᠨᠭᠭᠢᠮ ᠳ᠋ᠤ ᠬᠤ᠌ ᠶᠣᠣ ᠪᠠᠩ ᠨᠥᠬᠥᠷ᠎ᠦᠨ ᠮᠡᠨᠳᠦᠯᠡᠭ᠌ᠰᠡᠨ 110 ᠵᠢᠯ᠎ᠦᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠵᠢᠨ ᠫᠢᠩ᠂ ᠼᠠᠢ ᠴᠢ᠂ ᠯᠢ ᠰᠢ ᠨᠠᠷ ᠶᠠᠷᠢᠯᠴᠠᠬᠤ ᠬᠤᠷᠠᠯ ᠳ᠋ᠤ ᠤᠷᠤᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠰᠢᠶᠸ ᠬᠤᠸᠠᠨ ᠤ᠋ᠣᠢ ᠰᠡᠬᠦᠳᠡᠷᠯᠡᠪᠡ
ᠸᠠᠩ ᠸᠧᠢ ᠵᠦᠩ ᠪᠠᠶᠠᠨᠨᠠᠭᠤᠷ ᠬᠤᠳᠠ᠎ᠳᠤ ᠪᠠᠢᠴᠠᠭᠠᠨ ᠰᠤᠳᠤᠯᠬᠤ᠎ᠳᠠᠭᠠᠨ ᠴᠢᠬᠤᠯᠠᠴᠢᠯᠠᠭ᠍ᠰᠠᠨ ᠨᠢ
ᠳᠠᠪᠠᠭᠤᠯᠢᠭ ᠵᠢᠡᠨ ᠪᠠᠳᠠᠷᠠᠭᠤᠯᠤᠨ ᠳᠤᠳᠠᠭᠤᠳᠠᠯ ᠵᠢᠡᠨ ᠨᠦᠬᠦᠪᠦᠷᠢᠯᠡᠵᠤ ᠳᠠᠯᠳᠠ ᠬᠦᠴᠦᠨ ᠢ᠋ ᠠᠭᠤᠳᠠᠯᠤᠨ ᠱᠢᠨ᠎ᠡ
ᠵᠠᠮ ᠨᠡᠬᠡᠬᠡᠵᠤ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠤᠨ ᠦᠷᠭᠦᠯᠵᠢᠯᠡᠨ ᠳᠡᠭᠡᠭ᠌ᠰᠢᠯᠡᠬᠦ᠌᠎ᠶ᠋ᠢ ᠠᠬᠢᠭᠤᠯᠬᠤ ᠬᠡᠷᠡᠭᠳᠠᠢ
ᠲᠤᠰ ᠰᠤᠨᠢᠨ ᠤ᠋ ᠮᠡᠳᠡᠭᠡ (ᠰᠤᠷᠪᠤᠯᠵᠢᠯᠠᠭᠴᠢ ᠯᠢ ᠬᠠᠨ)11 ᠰᠠᠷ᠎ᠠ᠎ᠶ᠋ᠢᠨ 19 ᠡᠴᠡ 20 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠸᠠᠩ ᠸᠧᠶ ᠵᠥᠩ ᠪᠠᠶᠠᠨᠨᠠᠭᠤᠷ ᠬᠣᠲᠠ᠎ᠳᠤ ᠬᠦᠷᠴᠦ᠍᠂ ᠤᠰᠤ ᠵᠠᠰᠠᠬᠤ ᠤᠰᠤ ᠬᠠᠮᠢᠶᠠᠷᠬᠤ ᠤᠰᠤ ᠬᠡᠷᠡᠭ᠌ᠯᠡᠬᠦ᠌᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂《ᠤᠮᠠᠷᠠᠲᠤ ᠵᠢᠨ ᠭᠤᠷᠪᠠᠨ ᠤᠷᠤᠨ》᠎ᠤ᠋ ᠬᠠᠯᠬᠠᠪᠴᠢ ᠣᠶ᠎ᠶ᠋ᠢᠨ ᠪᠥᠲᠥᠭᠡᠨ ᠪᠠᠢᠭᠤᠯᠤᠯᠲᠠ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠪᠣᠳᠠᠲᠤ ᠪᠠᠢᠳᠠᠯ ᠳ᠋ᠠᠭᠠᠨ ᠰᠠᠭᠤᠷᠢᠯᠠᠨ᠂ ᠳᠤᠲᠠᠭᠤᠳᠠᠯ᠎ᠢᠶᠠᠨ ᠬᠦᠴᠦᠯᠡᠨ ᠨᠥᠬᠥᠪᠥᠷᠢᠯᠡᠵᠦ᠍ ᠳᠠᠯᠳᠠ ᠬᠦᠴᠦᠨ᠎ᠢᠶᠡᠨ ᠠᠭᠤᠳᠠᠯᠤᠨ᠂ ᠳᠠᠪᠠᠭᠤᠯᠢᠭ᠎ᠢᠶᠠᠨ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃
ᠸᠠᠩ ᠸᠧᠶ ᠵᠥᠩ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠯᠠᠯᠲᠠ ᠪᠠ ᠤᠰᠤ ᠠᠷᠪᠢᠯᠠᠬᠤ ᠠᠵᠢᠯ᠎ᠢ ᠲᠤᠢᠯ᠎ᠢᠶᠠᠷ ᠬᠠᠯᠠᠮᠵᠢᠯᠠᠵᠤ᠂ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠱᠢᠭ᠍ᠯᠠᠯᠲᠠ᠎ᠶ᠋ᠢᠨ ᠬᠦᠶ᠋ᠰᠦ ᠪᠠᠷᠢᠯᠭ᠎ᠠ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠬᠡᠮᠵᠢᠶ᠎ᠡ ᠵᠢ ᠮᠡᠳᠡᠭᠡ ᠵᠠᠩᠭᠢᠵᠢᠭᠤᠯᠤᠨ ᠬᠢᠨᠠᠨ ᠬᠡᠮᠵᠢᠬᠦ᠌ ᠲᠥᠪ᠎ᠦᠨ ᠪᠥᠲᠥᠭᠡᠨ ᠪᠠᠢᠭᠤᠯᠤᠯᠲᠠ ᠠᠵᠢᠯᠯᠠᠭᠠᠨ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠬᠢᠨᠠᠮᠠᠭᠠᠶ ᠰᠣᠨᠣᠰᠪᠠ᠃ ᠲᠡᠷᠡ᠂ ᠬᠠᠲᠤᠨ ᠭᠤᠤᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠡᠵᠢ ᠭᠤᠤᠯ ᠮᠥᠨ᠂ ᠪᠢᠳᠡ ᠡᠷᠬᠡᠪᠰᠢ ᠬᠠᠲᠤᠨ ᠭᠤᠤᠯ᠎ᠢ ᠬᠠᠮᠠᠭᠠᠯᠠᠬᠤ ᠬᠦᠨᠳᠦ ᠡᠭᠦᠷᠭᠡ᠎ᠶ᠋ᠢ ᠡᠭᠦᠷᠭᠡᠯᠡᠬᠦ᠌ ᠬᠡᠷᠡᠭ᠌ᠲᠡᠶ᠃ 《ᠤᠰᠤ ᠪᠡᠷ ᠲᠦᠷᠪᠡ᠎ᠶ᠋ᠢ ᠲᠣᠭ᠍ᠲᠠᠭᠠᠬᠤ》ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠣᠨᠣᠪᠴᠢᠲᠠᠢ ᠲᠤᠬᠢᠷᠠᠭᠤᠯᠬᠤ᠎ᠶ᠋ᠢ ᠴᠢᠩᠭᠠᠳᠭᠠᠵᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠬᠡᠷᠡᠭ᠌ᠵᠢᠭᠦᠯᠵᠦ᠍᠂ ᠤᠰᠤ ᠡᠯᠡᠰᠦ᠎ᠶ᠋ᠢ ᠲᠤᠬᠢᠷᠠᠭᠤᠯᠤᠨ ᠡᠵᠡᠮᠳᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠶᠡᠷ᠎ᠢ ᠰᠡᠷᠭᠡᠢᠯᠡᠵᠤ ᠰᠦᠩ ᠬᠠᠯᠢᠶ᠎ᠠ᠎ᠶ᠋ᠢ ᠰᠡᠷᠭᠡᠢᠯᠡᠬᠦ᠌ ᠵᠡᠷᠭᠡ ᠭᠠᠮᠱᠢᠭ᠎ᠢ ᠪᠠᠭᠠᠰᠭᠠᠬᠤ ᠱᠢᠰᠲᠸᠮ᠎ᠢ ᠪᠦᠷᠢᠨᠱᠢᠬᠦᠯᠵᠤ᠂ ᠤᠰᠤᠨ᠎ᠤ ᠠᠮᠤᠷ ᠲᠦᠪᠱᠢᠨ᠎ᠢ ᠪᠦᠲᠦᠮᠵᠢᠲᠡᠢ ᠪᠠᠲᠤᠯᠠᠬᠤ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠂ ᠤᠰᠤᠨ᠎ᠤ ᠠᠮᠢ ᠠᠬᠤᠢ᠎ᠶ᠋ᠢ ᠢᠯᠡᠳᠲᠡ ᠰᠠᠢᠵᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ ᠭᠡᠪᠡ᠃ ᠤᠯᠠᠭᠠᠨᠰᠤᠬᠠᠢ ᠪᠣᠯ ᠬᠠᠲᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠬᠡ ᠨᠠᠭᠤᠷ ᠪᠦᠷᠢᠳᠦ ᠨᠤᠭᠤ ᠭᠠᠵᠠᠷ ᠪᠣᠯᠤᠨ᠎ᠠ᠃ ᠸᠠᠩ ᠸᠧᠶ ᠵᠥᠩ ᠡᠨᠳᠡ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠭ᠍ᠰᠠᠨ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠵᠤ᠂ ᠱᠢᠰᠲ᠋ᠧᠮ᠎ᠲᠡᠶ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠨᠠᠩ ᠬᠦᠴᠦᠲᠡᠶ ᠠᠷᠭ᠎ᠠ ᠬᠡᠮᠵᠢᠶ᠎ᠡ᠎ᠪᠡᠷ ᠡᠨᠡ ᠬᠦ᠌《ᠪᠤᠭᠤᠮᠳᠠ ᠵᠢᠨ ᠭᠠᠳᠠᠨᠠᠬᠢ ᠭᠡᠷᠡᠯᠲᠦ ᠰᠤᠪᠤᠳ》᠎ᠢ᠋ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠤᠯᠠᠭᠠᠨᠰᠤᠬᠠᠢ᠎ᠶ᠋ᠢᠨ ᠡᠮᠦᠨ᠎ᠠ ᠡᠷᠭᠢ᠎ᠳᠡᠬᠢ ᠣᠲᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ ᠸᠠᠩ ᠸᠧᠶ ᠵᠥᠩ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ᠎ᠲᠡᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ ᠢ᠋ ᠱᠢᠨ᠎ᠡ᠎ᠶ᠋ᠢ ᠡᠭᠦᠳᠬᠦ᠌ ᠪᠠ ᠳᠡᠯᠭᠡᠷᠡᠭᠦᠯᠵᠦ᠍᠂ ᠲᠠᠷᠢᠮᠠᠯ᠎ᠤᠨ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠵᠦ᠍᠂ ᠵᠢᠱ᠌ᠢᠶ᠎ᠡ ᠦᠵᠡᠭᠦᠯᠵᠦ᠍ ᠳᠠᠢᠴᠢᠯᠠᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
ᠬᠠᠩᠭᠢᠨ ᠬᠣᠢᠲᠤ ᠬᠣᠱᠢᠭᠤᠨ᠎ᠤ ᠡᠯ ᠳ᠋ᠤᠤ ᠴᠢᠶᠣᠤ ᠪᠠᠯᠭᠠᠰᠤᠨ᠎ᠤ᠎ᠲᠠᠶ ᠶᠠᠩ ᠱᠧᠩ ᠲᠣᠰᠭᠣᠨ᠎ᠳᠤ ᠸᠠᠩ ᠸᠧᠢ ᠵᠦᠩ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠂ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠂ ᠬᠥᠳᠡᠭᠡ ᠲᠣᠰᠭᠣᠨ᠎ᠤ ᠵᠠᠰᠠᠯᠲᠠ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠲᠤᠬᠠᠢ᠎ᠶ᠋ᠢᠨ ᠭᠠᠵᠠᠷ᠎ᠤᠨ ᠲᠣᠰᠭᠣᠨ᠎ᠤ ᠠᠷᠠᠳ᠎ᠲᠠᠶ ᠵᠣᠭᠣᠭ᠍ᠳᠠᠵᠤ᠂ ᠣᠷᠣᠯᠭ᠎ᠠ᠎ᠶ᠋ᠢ ᠨᠢ ᠪᠤᠳᠤᠪᠠ᠃ ᠲᠡᠷᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠭᠠᠵᠠᠷ ᠱᠢᠷᠣᠢ᠎ᠶ᠋ᠢᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠪᠣᠯᠤᠨ ᠬᠡᠷᠡᠭ᠌ᠯᠡᠭᠡᠨ᠎ᠦ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠵᠦ᠍᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠦᠷᠭᠦᠯᠵᠢᠯᠡᠨ ᠪᠤᠵᠠᠭᠠᠢᠷᠠᠭᠤᠯᠵᠤ᠂ ᠨᠡᠩ ᠤᠯᠠᠨ ᠤᠯᠠᠨ ᠲᠦᠮᠡᠨ᠎ᠢ ᠲᠠᠢ᠌ᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ ᠬᠡᠷᠡᠭ᠌ᠲᠡᠢ᠃ ᠪᠠᠶᠠᠨᠨᠠᠭᠤᠷ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ᠎ᠤᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ ᠬᠥᠳᠡᠭᠡ ︵ ᠦᠷᠭᠦᠯᠵᠢᠯᠡᠯ ᠨᠢ ᠬᠤᠶᠠᠳᠤᠭᠠᠷ ᠨᠢᠭᠤᠷ ᠲᠤ ︶
︵ ᠨᠢᠬᠡᠳᠦᠬᠡᠷ ᠨᠢᠭᠤᠷ᠎ᠤᠨ ᠦᠷᠭᠦᠯᠵᠢᠯᠡᠯ ︶
ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢ ᠲᠤᠪᠤᠢ᠌ᠮ᠎ᠠ ᠪᠠᠢᠷᠢᠨ᠎ᠳᠤ ᠲᠠᠯᠪᠢᠵᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢ ᠴᠢᠩᠭᠠᠳᠭᠠᠬᠤ᠂ ᠪᠣᠯᠪᠠᠰᠤᠨ ᠨᠤᠲᠤᠭ᠎ᠤᠨ ᠰᠤᠷᠲᠠᠯ᠎ᠢ ᠪᠤᠢ ᠪᠣᠯᠭᠠᠬᠤ ᠵᠡᠷᠭᠡ ᠲᠠᠯ᠎ᠠ᠎ᠪᠠᠷ ᠨᠡᠩ ᠶᠡᠬᠡ ᠠᠮᠵᠢᠯᠲᠠ ᠭᠠᠷᠭᠠᠬᠤ ᠬᠡᠷᠡᠭ᠌ᠲᠡᠢ ᠭᠡᠵᠤ ᠬᠡᠯᠡᠪᠡ᠃
ᠤᠯᠤᠰ᠎ᠤᠨ ᠡᠵᠡᠩᠨᠡᠯᠳᠡ ᠵᠢᠨ ᠱᠢᠨᠬᠤᠸᠠ ᠤᠢ ᠱᠢᠭᠤᠢ᠎ᠶ᠋ᠢᠨ ᠲᠠᠯᠠᠪᠠᠢ᠎ᠳᠤ ᠸᠠᠩ ᠸᠧᠢ ᠵᠦᠩ ᠤᠢ᠎ᠶ᠋ᠢᠨ ᠳᠤᠮᠳᠠᠬᠢ ᠵᠥᠷᠢᠭ ᠵᠠᠮ᠎ᠢᠶᠠᠷ ᠶᠠᠪᠤᠵᠤ᠂ ᠤᠢ ᠮᠣᠳᠣᠨ᠎ᠤ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠬᠦ᠌᠎ᠶ᠋ᠢᠨ ᠳᠠᠭᠠᠤ ᠤᠢ ᠱᠢᠭᠤᠢ᠎ᠶ᠋ᠢᠨ ᠲᠠᠯᠠᠪᠠᠢ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠬᠢᠯ ᠤ᠋ᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠤᠮᠢᠨ ᠤᠰᠤ ᠬᠦᠭᠡᠮᠳᠦᠭ ᠠᠭᠤᠯᠠ ᠪᠤᠯ ᠠᠯᠲᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠣᠶ ᠮᠣᠳᠣ ᠰᠣᠩᠭᠣᠨ ᠳᠠᠷᠢᠵᠤ᠂ ᠬᠤᠢᠳᠤ᠎ᠬᠢ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠵᠤ᠂ ᠬᠠᠷᠠᠯᠲᠠ᠎ᠪᠠᠨ ᠪᠠᠲᠤ ᠡᠵᠡᠮᠳᠡᠨ ᠱᠢᠷᠭᠠᠭᠤ ᠠᠵᠢᠯᠯᠠᠵᠤ ᠪᠣᠳᠠᠲᠠᠶ ᠠᠵᠢᠯᠯᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠭ᠍ᠰᠠᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ᠃ ᠣᠶᠳᠤᠳᠤᠷᠠᠬᠢ ᠠᠵᠤ ᠠᠬᠤᠶ᠎ᠶ᠋ᠢ ᠶᠡᠬᠡᠪᠡᠷ ᠬᠥᠭ᠌ᠵᠢᠭᠦᠯᠵᠦ᠍᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ᠎ᠶ᠋ᠢ ᠢᠳᠡᠪᠬᠢᠲᠡᠶ ᠰᠦᠪᠡᠭ᠌ᠴᠢᠯᠡᠨ ᠥᠷᠨᠢᠭᠦᠯᠵᠦ᠍᠂ ᠠᠮᠢ ᠠᠬᠤᠶ᠎ᠶ᠋ᠢᠨ ᠪᠦᠲᠦᠭᠡᠭ᠌ᠳᠡᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠬᠦᠯᠬᠦ᠌ ᠬᠡᠷᠡᠭ᠌ᠲᠡᠶ᠃ ᠪᠠᠶᠠᠨᠨᠠᠭᠤᠷ ᠨᠢᠭᠡ ᠯᠡ ᠠᠮᠢᠰᠭᠤᠭ᠎ᠠ᠎ᠪᠠᠷ᠂ ᠤᠷᠳᠤ ᠬᠤᠭᠤᠴᠠᠭ᠎ᠠ ᠪᠡᠷ ᠵᠢᠳᠬᠦᠨ ᠴᠢᠷᠮᠠᠢᠵᠤ᠂ ᠬᠠᠲᠤᠨ ᠭᠤᠤᠯ᠎ᠤᠨ《ᠶᠡᠬᠡ ᠲᠤᠬᠤᠢ》ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠬᠡᠷᠡᠭ᠌ᠲᠡᠶ ᠭᠡᠵᠤ ᠬᠡᠯᠡᠪᠡ᠃
ᠹᠦ᠋ ᠴᠤᠸᠠᠨ ᠲᠡᠵᠢᠭᠡᠨ ᠦᠷᠡᠵᠢᠭᠦᠯᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠲᠠᠯ᠎ᠠ ᠨᠤᠲᠤᠭ᠎ᠤᠨ ᠱᠢᠨ ᠾᠧ ᠢᠳᠡᠭᠡᠨ᠂ ᠰᠠᠨ ᠷᠦᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠪᠣᠯᠤᠨ ᠰᠠᠨ ᠫᠠᠩ ᠳ᠋ᠠᠨ ᠵᠡᠷᠭᠡ ᠺᠣᠮᠫᠠᠨᠢ᠎ᠳᠤ ᠸᠠᠩ ᠸᠧᠶ ᠵᠥᠩ ᠮᠢᠬᠠᠨ᠎ᠤ ᠬᠣᠨᠢ ᠪᠣᠯᠤᠨ ᠨᠡᠷᠡᠨ ᠬᠤᠸᠠᠷ᠎ᠤᠨ ᠠᠵᠤ ᠦᠶ᠋ᠯᠡᠰ᠎ᠦᠨ ᠳᠠᠷᠢᠵᠤ ᠲᠡᠵᠢᠭᠡᠵᠤ ᠡᠳ᠋ᠱᠢᠭᠦᠯᠦᠨ ᠪᠣᠷᠣᠯᠠᠭᠤᠯᠬᠤ ᠵᠡᠷᠭᠡ ᠪᠠᠢᠳᠠᠯ᠎ᠢ ᠣᠢᠯᠠᠭᠠᠵᠤ᠂ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ᠎ᠶ᠋ᠢ ᠵᠣᠷᠢᠭ᠍ᠵᠢᠭᠤᠯᠵᠤ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠶ᠋ᠢ ᠴᠢᠩᠭᠠᠳᠭᠠᠵᠤ᠂ ᠭᠤᠤᠯᠯᠠᠬᠤ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠲᠥᠷᠥᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠵᠦ᠍᠂ ᠠᠵᠢᠯ ᠲᠥᠷᠥᠯ᠎ᠦᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ《ᠪᠤᠬ᠎ᠠ ᠲᠡᠷᠭᠡ》ᠪᠣᠯᠬᠤ᠎ᠪᠠᠷ ᠴᠢᠷᠮᠠᠢᠭᠠᠷᠠᠢ ᠭᠡᠵᠤ ᠵᠤᠷᠢᠬᠵᠢᠭᠤᠯᠪᠠ᠃ ᠲᠡᠷᠡ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠶᠡᠬᠡᠪᠡᠷ ᠳᠡᠮᠵᠢᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠲᠤᠰᠭᠠᠯ ᠴᠢᠩᠭ᠎ᠠ ᠪᠠᠢᠭ᠎ᠠ ᠡᠪᠡᠷᠰᠢᠶᠠᠯ ᠠᠰᠠᠭᠤᠳᠠᠯ ᠬᠦᠴᠢᠷ ᠠᠰᠠᠭᠤᠳᠠᠯ ᠲᠦᠭ᠌ᠵᠢᠷᠡᠯ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠡᠷ ᠴᠢᠨᠠᠷ ᠰᠠᠢᠲᠠᠶ ᠬᠥᠭ᠌ᠵᠢᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃
ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠲᠤ ᠠᠩᠬᠠᠷᠤᠯ ᠵᠢᠨᠨ ᠲᠥᠪᠯᠡᠷᠡᠭᠦᠯᠵᠦ᠍᠂ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠂ ᠥᠨᠳᠥᠷ ᠲᠦᠪᠱᠢᠨ ᠪᠦᠬᠦᠢ ᠨᠡᠬᠡᠬᠡᠯᠳᠡ᠎ᠶ᠋ᠢ ᠥᠷᠭᠡᠳᠭᠡᠵᠦ᠍ ᠂ ᠦᠢᠯᠡᠳᠪᠦᠷᠢᠯᠡᠯ᠎ᠤᠨ ᠬᠠᠷᠢᠴᠠᠭ᠎ᠠ ᠪᠣᠯᠤᠨ ᠦᠢᠯᠡᠳᠪᠦᠷᠢᠯᠡᠯ᠎ᠤᠨ ᠬᠦᠴᠦᠨ᠂ ᠳᠠᠪᠬᠤᠷᠭ᠎ᠠ ᠪᠣᠯᠤᠨ ᠠᠵᠤ ᠠᠬᠤᠢ᠎ᠶ᠋ᠢᠨ ᠰᠠᠭᠤᠷᠢ ᠂ ᠲᠦᠷᠦ᠍᠎ᠶ᠋ᠢᠨ ᠵᠠᠰᠠᠯᠲᠠ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠨᠡᠩ ᠰᠠᠢᠨ ᠵᠣᠬᠢᠴᠠᠯᠳᠤᠬᠤ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠨᠡᠢᠭᠡᠮ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠳᠭᠠᠨ᠎ᠠ᠃
— ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠤᠨ《ᠰᠠᠨᠠᠭᠤᠯᠭ᠎ᠠ》 ᠡᠴᠡ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ
ᠬᠡᠯᠲᠡᠰ᠎ᠡᠴᠡ ᠬᠤᠸᠠᠩ ᠴᠢ ᠳ᠋ᠦᠩ ᠪᠣᠯᠣᠨ ᠳᠠᠯᠠᠨ ᠬᠠᠷ᠎ᠠ ᠠᠭᠤᠯᠠ᠎ᠶᠢᠨ ᠪᠢᠴᠢᠯ
ᠳᠣᠯᠭᠢᠶᠠᠨ᠎ᠤ ᠥᠷᠲᠡᠭᠡ᠎ᠳᠦ 《 ᠤᠮᠠᠷᠠᠲᠤ ᠬᠢᠯᠢ᠎ᠶᠢᠨ ᠵᠢᠱ᠌ᠢᠶᠡᠴᠢ 》 ᠢ᠋ᠢᠨ ᠴᠣᠯᠠ ᠣᠯᠭᠣᠪᠠ
ᠲᠤᠰ ᠰᠣᠨᠢᠨ᠎ᠤ ᠮᠡᠳᠡᠭᠡ (ᠰᠤᠷᠪᠤᠯᠵᠢᠯᠠᠭ᠍ᠴᠢ ᠬᠠᠨ ᠯᠢᠩ ᠯᠢᠩ) 11 ᠰᠠᠷ᠎ᠠ᠎ᠶᠢᠨ 19 ᠤ᠋ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ《ᠤᠮᠠᠷᠠᠲᠤ ᠬᠢᠯᠢ᠎ᠶᠢᠨ ᠵᠢᠱ᠌ᠢᠶᠡᠴᠢ》ᠵᠢᠨ ᠲᠡᠷᠢᠭᠦᠨ᠎ᠦ ᠦᠢᠯᠡ ᠠᠵᠢᠯᠯᠠᠭ᠎ᠠ ᠵᠢ ᠨᠡᠢᠲᠡᠯᠡᠬᠦ ᠬᠤᠷᠠᠯ ᠬᠢᠵᠦ᠂ ᠬᠤᠸᠠᠩ ᠴᠢ ᠳ᠋ᠦᠩ ᠪᠣᠯᠣᠨ ᠤᠯᠠᠭᠠᠨᠴᠠᠪ ᠬᠤᠳᠠ᠎ᠶᠢᠨ ᠷᠠᠳᠢᠣ᠋ ᠲᠧᠯᠸᠢᠰ᠎ᠦᠨ ᠬᠥᠭᠵᠢᠯᠲᠡ᠎ᠶᠢᠨ ᠲᠥᠪ᠎ᠦᠨ ᠳᠠᠯᠠᠨ ᠬᠠᠷ᠎ᠠ ᠠᠭᠤᠯᠠ᠎ᠶᠢᠨ ᠪᠢᠴᠢᠯ ᠳᠣᠯᠭᠢᠶᠠᠨ᠎ᠤ ᠦᠷᠳᠡᠬᠡ(ᠳᠣᠷᠣᠭ᠍ᠰᠢ ᠳᠠᠯᠠᠨ ᠬᠠᠷ᠎ᠠ ᠠᠭᠤᠯᠠ᠎ᠶᠢᠨ ᠪᠢᠴᠢᠯ ᠳᠣᠯᠭᠢᠶᠠᠨ᠎ᠤ ᠦᠷᠳᠡᠬᠡ ᠭᠡᠵᠦ ᠳᠥᠭᠥᠮᠴᠢᠯᠡᠨ᠎ᠡ)᠎ᠳ᠋ᠤ᠌《ᠤᠮᠠᠷᠠᠲᠤ ᠬᠢᠯᠢ᠎ᠶᠢᠨ ᠵᠢᠱ᠌ᠢᠶᠡᠴᠢ》ᠵᠢᠨ ᠴᠣᠯᠠ ᠣᠯᠭᠣᠪᠠ᠃
ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠬᠤᠸᠠᠩ ᠴᠢ ᠳ᠋ᠦᠩ᠎ᠦᠨ ᠭᠡᠷ᠎ᠦᠨ ᠬᠥᠮᠤᠨ᠂ ᠬᠤᠸᠠᠩ ᠴᠢ ᠳ᠋ᠦᠩ᠎ᠦᠨ ᠦᠶ᠋ᠯᠡ ᠠᠵᠢᠯᠯᠠᠭ᠎ᠠ᠎ᠶᠢ ᠰᠤᠷᠪᠤᠯᠵᠢᠯᠠᠭᠰᠠᠨ ᠰᠤᠷᠪᠤᠯᠵᠢᠯᠠᠭ᠍ᠴᠢ᠂ ᠳᠠᠯᠠᠨ ᠬᠠᠷ᠎ᠠ ᠠᠭᠤᠯᠠ᠎ᠶᠢᠨ ᠪᠢᠴᠢᠯ ᠳᠣᠯᠭᠢᠶᠠᠨ᠎ᠤ ᠥᠷᠲᠡᠭᠡ᠎ᠶᠢᠨ ᠠᠵᠢᠯ ᠡᠴᠡ ᠪᠠᠨ ᠠᠮᠠᠷᠠᠭᠰᠠᠨ ᠥᠷᠲᠡᠭᠡᠨ ᠳᠠᠷᠤᠭ᠎ᠠ᠂ ᠠᠵᠢᠯᠲᠠᠨ ᠠᠵᠢᠯᠴᠢᠨ᠎ᠤ ᠲᠥᠯᠥᠭᠡᠯᠡᠭᠴᠢ ᠳᠠᠷᠠᠭᠠᠯᠠᠨ ᠲᠠᠢᠰᠠᠨ᠎ᠳᠤ ᠭᠠᠷᠴᠤ᠂ ᠲᠡᠳᠡᠨ᠎ᠦ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠭᠰᠠᠨ ᠰᠡᠳᠬᠢᠯ ᠬᠥᠳᠡᠯᠭᠡᠮ᠎ᠡ ᠥᠯᠢᠭᠡᠷ᠎ᠢ ᠶᠠᠷᠢᠵᠠᠢ᠃
ᠬᠤᠸᠠᠩ ᠴᠢ ᠳ᠋ᠦᠩ ᠪᠣᠯ ᠳᠤᠮᠳᠠᠳᠤ ᠤᠯᠤᠰ᠎ᠤᠨ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶᠢᠨ《ᠠᠬᠠᠮᠠᠳ ᠪᠢᠶᠤᠤᠪᠢᠩ》ᠪᠣᠯᠣᠨ᠎ᠠ᠃ ᠳᠠᠷᠡ 41 ᠵᠢᠯ᠎ᠢ ᠨᠢᠭᠡ ᠯᠡ ᠡᠳᠦᠷ ᠮᠡᠲᠦ᠎ᠪᠡᠷ ᠡᠭᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ᠎ᠪᠠᠷ ᠵᠢᠳᠬᠦᠵᠦ᠂ ᠥᠴᠥᠬᠡᠨ ᠴᠦ᠍ ᠣᠰᠣᠯᠳᠠᠭᠠ ᠦᠭᠡᠢ᠃ ᠡᠨᠡ ᠵᠢᠯ᠎ᠦᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠣᠶᠠᠳᠤᠭᠠᠷ ᠡᠳᠦᠷ 60 ᠨᠠᠰᠤᠲᠠᠢ ᠬᠤᠸᠠᠩ ᠴᠢ ᠳ᠋ᠦᠩ ᠬᠥᠬᠡᠬᠣᠲᠠ᠎ᠶᠢᠨ ᠨᠢᠭᠡ ᠭᠣᠣᠯ᠎ᠤᠨ ᠬᠥᠪᠡᠭᠡᠨ᠎ᠳᠦ ᠤᠰᠤᠨ᠎ᠳᠤ ᠤᠨᠠᠭᠰᠠᠨ ᠠᠪᠤ ᠬᠦᠦ ᠬᠤᠶᠠᠭᠤᠯᠠ ᠵᠢ ᠠᠪᠤᠷᠠᠬᠤ᠎ᠶᠢᠨ ᠲᠥᠯᠥᠭᠡ ᠬᠦᠢᠲᠡᠨ ᠭᠣᠣᠯ᠎ᠤᠨ ᠤᠰᠤᠨ᠎ᠳᠤ ᠦᠰᠦᠷᠦᠨ ᠣᠷᠣᠵᠤ᠂ ᠡᠴᠦᠰ᠎ᠲᠡᠬᠡᠨ ᠲᠠᠮᠢᠷ ᠲᠡᠩᠬᠡᠭᠡᠬᠦᠷᠦᠯᠴᠡᠬᠦ ᠦᠭᠡᠢ ᠪᠤᠯᠵᠦ ᠨᠠᠰᠤ ᠪᠠᠷᠠᠪᠠ᠃ ᠲᠡᠷᠡ ᠵᠠᠩᠭᠢᠯᠠᠭ᠎ᠠ᠎ᠶᠢᠨ ᠦᠶ᠎ᠡ᠎ᠳᠦ ᠠᠮᠢ᠎ᠪᠡᠨ ᠴᠦᠯᠡᠵᠦ ᠪᠤᠰᠤᠳ᠎ᠢ ᠠᠪᠤᠷᠠᠨ᠂ ᠡᠷᠬᠢᠮ ᠨᠠᠨᠳᠢᠨ ᠠᠮᠢ ᠨᠠᠰᠤ᠎ᠪᠠᠷ᠎ᠢᠶᠠᠨ《ᠨᠠᠮ ᠪᠣᠯᠣᠨ ᠠᠷᠠᠳ ᠲᠦᠮᠡᠨ᠎ᠦ ᠲᠥᠯᠥᠭᠡ ᠠᠯᠢᠪᠠ᠎ᠪᠠᠨ ᠦᠷᠡᠭᠳᠡᠭᠦᠯᠬᠦ᠎ᠪᠡᠷ ᠴᠠᠭ ᠢᠮᠠᠭᠲᠠ ᠪᠡᠯᠡᠬᠡᠨ ᠪᠠᠢᠬᠤ》ᠤᠭ ᠰᠠᠨᠠᠭ᠎ᠠ ᠪᠣᠯᠣᠨ ᠲᠠᠩᠭᠠᠷᠢᠭ᠋᠎ᠢᠶᠠᠨ ᠦᠢᠯᠡᠳᠦᠯᠭᠡᠵᠢᠭᠦᠯᠵᠡᠢ᠃ ᠲᠡᠭᠦᠨ᠎ᠦ ᠪᠠᠭᠠᠲᠤᠷᠯᠢᠭ᠋ ᠦᠢᠯᠡ ᠠᠵᠢᠯᠯᠠᠭ᠎ᠠ ᠨᠢ ᠨᠡᠢᠭᠡᠮ᠎ᠦᠨ ᠡᠯ᠎ᠡ ᠡᠲᠡᠭᠡᠳ᠎ᠦᠨ ᠠᠩᠬᠠᠷᠤᠯ᠎ᠢ ᠶᠡᠬᠡᠳᠡ ᠲᠠᠲᠠᠵᠤ᠂ ᠤᠷᠢᠳ ᠬᠣᠵᠢᠳ《ᠲᠥᠪ᠎ᠦᠨ ᠠᠵᠤ ᠠᠬᠤᠢᠯᠠᠯ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ》᠂《ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ》᠂《ᠬᠥᠬᠡᠬᠣᠲᠠ᠎ᠶᠢᠨ ᠰᠠᠢᠨ ᠬᠥᠮᠥᠨ》᠎ᠤ᠋ ᠢᠷᠠᠭᠤ ᠠᠯᠳᠠᠷ᠎ᠤᠨ ᠴᠣᠯᠠ᠎ᠶᠢ ᠨᠡᠬᠡᠮᠵᠢᠯᠡᠨ ᠣᠯᠭᠣᠵᠠᠢ᠃ ︵ ᠦᠷᠭᠦᠯᠵᠢᠯᠡᠯ ᠨᠢ ᠬᠤᠶᠠᠳᠤᠭᠠᠷ ᠨᠢᠭᠤᠷ ᠲᠤ ︶
︵ ᠨᠢᠬᠡᠳᠦᠬᠡᠷ ᠨᠢᠭᠤᠷ᠎ᠤᠨ ᠦᠷᠭᠦᠯᠵᠢᠯᠡᠯ ︶
ᠳᠠᠯᠠᠨ ᠬᠠᠷ᠎ᠠ ᠠᠭᠤᠯᠠ᠎ᠶᠢᠨ ᠪᠢᠴᠢᠯ ᠳᠣᠯᠭᠢᠶᠠᠨ᠎ᠤ ᠥᠷᠲᠡᠭᠡ ᠨᠢ ᠥᠪᠥᠷ ᠮᠣᠩᠭᠣᠯ ᠪᠣᠯᠣᠨ ᠾᠧᠪᠧᠢ ᠮᠤᠵᠢ᠎ᠶᠢᠨ ᠠᠭᠤᠯᠵᠠᠷ᠎ᠲᠠᠬᠢ ᠰᠢᠩ ᠾᠧ ᠰᠢᠶᠠᠨ᠎ᠤ ᠳᠠᠯᠠᠨ ᠬᠠᠷ᠎ᠠ ᠠᠭᠤᠯᠠ᠎ᠶᠢᠨ ᠣᠷᠣᠢ᠎ᠳᠤ ᠪᠠᠢᠳᠠᠭ ᠃ 1997 ᠣᠨ᠎ᠳᠤ ᠪᠠᠢᠭᠤᠯᠤᠬᠲᠠᠵᠦ᠂ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ᠎ᠶᠢᠨ ᠪᠡᠭᠡᠵᠢᠩ᠂ ᠾᠧᠪᠧᠢ᠂ ᠱᠠᠨ ᠰᠢ᠂ ᠥᠪᠥᠷ ᠮᠣᠩᠭᠣᠯ᠎ᠤᠨ ᠤᠯᠤᠰ᠎ᠤᠨ ᠪᠢᠴᠢᠯ ᠳᠣᠯᠭᠢᠶᠠᠨ᠎ᠤ ᠭᠣᠣᠯ ᠱᠤᠭᠤᠮ᠎ᠤᠨ ᠥᠪᠥᠷ ᠮᠣᠩᠭᠣᠯ᠎ᠤᠨ ᠬᠢᠯᠢ᠎ᠳᠦ ᠣᠷᠣᠭᠰᠠᠨ ᠠᠩᠬᠠᠨ᠎ᠤ ᠥᠷᠲᠡᠭᠡ ᠪᠣᠯᠣᠨ᠎ᠠ᠃ ᠥᠷᠲᠡᠭᠡ ᠴᠡᠭ ᠨᠢ ᠲᠡᠯᠡᠶ᠎ᠶᠢᠨ ᠲᠦᠪᠰᠢᠨ᠎ᠡᠴᠡ ᠲᠡᠭᠡᠭᠰᠢ 1921 ᠮᠧᠲᠷ ᠲᠸ᠋ ᠪᠠᠢᠵᠦ᠂ ᠬᠡᠲᠦᠢ᠎ᠪᠡᠷ ᠪᠠᠢᠭᠠᠯᠢ᠎ᠶᠢᠨ ᠣᠷᠴᠢᠨ ᠲᠣᠭᠣᠷᠢᠨ᠎ᠤ ᠨᠦᠭᠦᠴᠡᠯ ᠮᠠᠭᠤ᠂ ᠠᠮᠢᠳᠤᠷᠠᠯ᠎ᠤᠨ ᠨᠥᠬᠥᠴᠡᠯ ᠬᠠᠲᠠᠭᠤ ᠪᠡᠷᠬᠡᠰᠢᠶᠡᠯᠲᠡᠢ ᠪᠣᠯᠪᠠᠴᠤ ᠣᠷᠣᠨ ᠪᠠᠢᠷᠢ᠎ᠶᠢᠨ ᠣᠨᠴᠠᠭᠠᠶ ᠪᠠᠢᠳᠠᠯ ᠠ᠋ᠴᠠ ᠪᠣᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠢᠴᠢᠯ ᠳᠣᠯᠭᠢᠶᠠᠨ᠎ᠤ ᠳᠠᠮᠵᠢᠭᠤᠯᠭ᠎ᠠ᠎ᠶᠢᠨ ᠠᠵᠢᠯ᠎ᠳᠤ ᠲᠤᠢᠯ᠎ᠤᠨ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠨ᠎ᠠ᠃ ᠦᠷᠲᠡᠭᠡ ᠪᠠᠢᠭᠤᠯᠤᠭᠳᠠᠭᠰᠠᠨ ᠡᠴᠠ ᠨᠠᠭᠠᠰᠢ ᠦᠶ᠎ᠡ ᠦᠶ᠎ᠡ᠎ᠶᠢᠨ《ᠳᠠᠯᠠᠨ ᠬᠠᠷ᠎ᠠ ᠠᠭᠤᠯᠠ᠎ᠶᠢᠨ ᠪᠢᠴᠢᠯ ᠳᠣᠯᠭᠢᠶᠠᠨ᠎ᠤ ᠬᠥᠮᠥᠰ》ᠠᠯᠢᠪᠠ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ 28 ᠵᠢᠯ᠎ᠢ ᠨᠢᠭᠡ ᠯᠡ ᠡᠳᠦᠷ ᠮᠡᠲᠦ᠎ᠪᠡᠷ ᠪᠠᠲᠤ ᠰᠠᠬᠢᠵᠤ᠂ ᠦᠷᠲᠡᠭᠡ ᠪᠠᠢᠭᠤᠯᠤᠭᠰᠠᠨ᠎ᠠᠴᠠ ᠤᠳᠤ ᠪᠣᠯᠲᠠᠯ᠎ᠠ ᠡᠨᠳᠡᠯ ᠭᠠᠷᠤᠭᠰᠠᠨ ᠦᠭᠡᠢ᠂ ᠨᠡᠪᠲᠡᠷᠡᠭᠦᠯᠬᠡ ᠳᠠᠰᠤᠯᠳᠠᠬᠰᠠᠨ ᠦᠭᠡᠢ ᠲᠡᠮᠳᠡᠭᠯᠡᠯ᠎ᠢ ᠡᠭᠦᠳᠴᠦ᠂ ᠤᠯᠤᠰ᠎ᠤᠨ ᠴᠢᠬᠤᠯᠠ ᠶᠡᠬᠡ ᠬᠤᠷᠠᠯ᠂ ᠴᠢᠬᠤᠯᠠ ᠠᠵᠢᠯᠯᠠᠭ᠎ᠠ᠂ ᠴᠢᠬᠤᠯᠠ ᠶᠡᠬᠡ ᠪᠠᠶᠠᠷ ᠳᠤᠷᠠᠰᠬᠠᠯ᠎ᠤᠨ ᠡᠳᠦᠷ᠎ᠦᠨ ᠷᠠᠳᠢᠣ᠋ ᠲᠧᠯᠸᠢᠰ᠎ᠦᠨ ᠠᠮᠤᠷ ᠲᠦᠪᠰᠢᠨ᠂ ᠰᠢᠯᠢᠲᠡᠭ ᠴᠢᠨ᠋ᠠᠷ ᠲᠠᠢ ᠨᠡᠪᠲᠡᠷᠡᠭᠦᠯᠭᠡ᠎ᠶᠢᠨ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠡᠪ ᠬᠠᠮᠲᠤ ᠨᠠᠮ᠎ᠤᠨ ᠭᠡᠰᠢᠭᠦᠨ᠎ᠦ ᠤᠯᠤᠰ ᠲᠦᠷᠦ᠎ᠶᠢᠨ ᠮᠥᠨ ᠴᠢᠨᠠᠷ᠎ᠢ ᠢᠯᠡᠷᠡᠭᠦᠯᠪᠡ᠃ ᠲᠣᠰ ᠥᠷᠲᠡᠭᠡ ᠨᠢ ᠤᠷᠢᠳ ᠬᠣᠵᠢᠳ ᠤᠯᠤᠰ᠎ᠤᠨ ᠷᠠᠳᠢᠣ᠋ ᠲᠧᠯᠸᠢᠰ᠎ᠦᠨ ᠪᠢᠴᠢᠯ ᠳᠣᠯᠭᠢᠶᠠᠨ᠎ᠤ ᠭᠣᠣᠯ ᠱᠤᠭᠤᠮ᠎ᠤᠨ ᠮᠡᠷᠭᠡᠵᠢᠯ᠎ᠦᠨ ᠬᠠᠮᠠᠭᠠᠯᠠᠯᠲᠠ᠎ᠶᠢᠨ ᠲᠡᠷᠢᠭᠦᠨ᠎ᠦ ᠥᠷᠲᠡᠭᠡ ᠵᠡᠷᠭᠡ ᠢᠷᠠᠭᠤ ᠠᠯᠳᠠᠷ᠎ᠤᠨ ᠴᠣᠯᠠ᠎ᠶᠢ ᠭᠥᠷᠳᠡᠪᠡ ᠃
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠡᠴᠡ ᠪᠦᠬᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠢ ᠬᠤᠸᠠᠩ ᠴᠢ ᠳ᠋ᠦᠩ ᠪᠣᠯᠣᠨ ᠳᠠᠯᠠᠨ ᠬᠠᠷ᠎ᠠ ᠠᠭᠤᠯᠠ᠎ᠶᠢᠨ ᠪᠢᠴᠢᠯ ᠳᠣᠯᠭᠢᠶᠠᠨ᠎ᠤ ᠦᠷᠳᠡᠭᠡ᠎ᠶᠢᠨ ᠠᠵᠢᠯᠲᠠᠳ ᠡᠴᠠ ᠰᠤᠷᠤᠯᠴᠠᠵᠤ᠂ ᠳᠡᠳᠡᠨ᠎ᠦ ᠨᠠᠮ᠎ᠳᠠᠭᠠᠨ ᠦᠨᠡᠨᠴᠢ ᠰᠢᠳᠤᠷᠭᠤ᠂ ᠤᠭ ᠰᠠᠨᠠᠭ᠎ᠠ᠎ᠪᠠᠨ ᠪᠠᠲᠤ ᠰᠠᠬᠢᠬᠤ ᠤᠯᠤᠰ ᠲᠦᠷᠦ᠎ᠶᠢᠨ ᠬᠡᠪ ᠰᠤᠷᠲᠠᠯ᠎ᠢ ᠰᠤᠷᠤᠯᠴᠠᠵᠤ᠂ ᠳᠡᠳᠡᠨ᠎ᠦ ᠡᠮᠦᠨ᠎ᠡ ᠹᠷᠣᠨᠲ᠎ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠠᠵᠢᠯ ᠦᠢᠯᠡᠰ᠎ᠢᠶᠡᠨ ᠳᠡᠭᠡᠳᠦᠯᠡᠬᠦ ᠵᠣᠷᠢᠭ᠋ ᠰᠠᠨᠠᠭ᠎ᠠ᠎ᠶᠢ ᠰᠤᠷᠤᠯᠴᠠᠵᠤ᠂ ᠳᠡᠳᠡᠨ᠎ᠦ ᠠᠮᠢ ᠪᠡᠶ᠎ᠡ᠎ᠪᠡᠨ ᠤᠮᠠᠷᠲᠠᠨ ᠠᠵᠢᠯᠯᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠰᠤᠷᠲᠠᠯ᠎ᠢ ᠰᠤᠷᠤᠯᠴᠠᠳᠤᠭᠠᠢ ᠬᠡᠵᠦ ᠤᠷᠢᠶᠠᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ
ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ
ᠲᠤᠰ ᠰᠣᠨᠢᠨ᠎ᠤ ᠮᠡᠳᠡᠭᠡ(ᠰᠤᠷᠪᠤᠯᠵᠢᠯᠠᠭ᠍ᠴᠢ ᠭᠤᠤ ᠮᠢᠨ ᠨᠠ ᠰᠦᠩ ᠱᠤᠸᠠᠩ ᠰᠦᠨ ᠯᠢᠦ ᠴᠧᠨ ᠴᠦᠨ ᠶᠠᠨ) 11 ᠰᠠᠷ᠎ᠠ᠎ᠶ᠋ᠢᠨ 18 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠰᠠᠨᠠᠯ᠎ᠢᠶᠠᠨ ᠰᠣᠯᠢᠯᠴᠠᠪᠠ᠃
ᠬᠢᠩᠭᠠᠨ ᠠᠢᠮᠠᠭ᠎ᠲᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶᠠᠨ᠎ᠤ ᠳᠠᠷᠤᠭ᠎ᠠ ᠵᠠᠩ ᠢ ᠮᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠵᠠᠩ ᠢ ᠮᠢᠨ ᠪᠥᠬᠥᠳᠡ ᠬᠤᠷᠠᠯ᠎ᠤᠨ ᠶᠡᠷᠦᠩᠬᠡᠶ ᠪᠠᠢᠳᠠᠯ᠂ ᠴᠢᠬᠤᠯᠠ ᠶᠡᠬᠡ ᠠᠴᠢ ᠬᠣᠯᠪᠣᠭ᠍ᠳᠠᠯ᠎ᠤᠨ ᠲᠣᠭᠣᠷᠢᠨ᠎ᠳᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠭᠦᠨᠵᠡᠭᠡᠶ ᠲᠠᠢᠯᠪᠤᠷᠢᠯᠠᠪᠠ᠃
《 ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠮᠠᠰᠢ ᠶᠡᠬᠡ ᠰᠡᠩᠬᠡᠷᠡᠭᠦᠯᠦᠯ ᠣᠯᠤᠭ᠍ᠰᠠᠨ ᠪᠥᠭᠡᠳ ᠮᠠᠰᠢ ᠶᠡᠬᠡ ᠵᠣᠷᠢᠭ᠍ᠵᠢᠵᠠᠢ᠃ ᠤᠬᠠᠭᠤᠯᠤᠨ ᠲᠠᠢᠯᠪᠤᠷᠢᠯᠠᠯᠲᠠ ᠨᠢ ᠪᠦᠭᠦᠲᠠ ᠬᠤᠷᠠᠯ᠎ᠤᠨ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠶ᠋ᠢ ᠰᠡᠩᠬᠡᠷᠡᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠢᠯᠪᠤᠷᠢᠯᠠᠭ᠍ᠰᠠᠨ ᠪᠥᠭᠡᠳ ᠪᠠᠰᠠ ᠤᠯᠤᠰ᠎ᠤᠨ ᠪᠠᠢᠯᠳᠤᠬᠤ ᠪᠤᠲᠤᠯᠭ᠎ᠠ᠎ᠳᠤ ᠦᠢᠯᠡᠴᠢᠯᠡᠬᠦ᠌ ᠪᠠ ᠣᠷᠣᠨ ᠨᠤᠲᠤᠭ᠎ᠤᠨ ᠬᠥᠭ᠌ᠵᠢᠯᠲᠡ᠎ᠳᠦ ᠨᠡᠢᠴᠡᠬᠦ᠌ ᠦᠢᠯᠡᠳᠦᠯᠭᠡ᠎ᠶ᠋ᠢᠨ ᠠᠷᠭ᠎ᠠ ᠵᠠᠮ᠎ᠢ ᠣᠨᠣᠪᠴᠢᠲᠠᠢ ᠲᠠᠢᠯᠪᠤᠷᠢᠯᠠᠵᠤ᠂ 〈 ᠠᠷᠪᠠᠨ ᠲᠠᠪᠤᠳᠤᠭᠠᠷ ᠲᠠᠪᠤᠨ ᠵᠢᠯ 〉 ᠤ᠋ᠨ ᠠᠤᠭ᠎ᠠ ᠲᠥᠰᠦᠪ᠎ᠢ ᠤᠯᠠᠮ ᠲᠣᠳᠣᠷᠬᠠᠢ ᠪᠣᠯᠭᠠᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠤᠯᠠᠮ ᠪᠠᠲᠤ ᠴᠢᠩᠭ᠎ᠠ ᠪᠣᠯᠭᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠢᠮᠠᠭ᠎ᠤᠨ ᠨᠠᠮ᠎ᠤᠨ ᠬᠣᠷᠢᠶ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠩᠭᠠᠨ ᠠᠢᠮᠠᠭ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠬᠤ ᠠᠵᠢᠯ᠎ᠢ ᠰᠠᠢᠲᠤᠷ ᠬᠢᠵᠦ᠍᠂ ᠰᠣᠨᠣᠰᠴᠤ᠌ ᠲᠦᠬᠦᠭᠡᠷᠡᠬᠦ᠂ ᠣᠯᠠᠨ ᠲᠦᠮᠡᠨ᠎ᠲᠡᠶ ᠣᠢᠷᠠᠳᠤᠭᠰᠠᠨ᠂ ᠣᠢᠯᠠᠭᠠᠵᠤ ᠳᠡᠢᠯᠬᠦ᠌ ᠦᠭᠡ ᠬᠡᠯᠡᠯᠭᠡ᠎ᠪᠡᠷ ᠬᠤᠪᠢᠶᠠᠷᠢᠴᠢᠯᠠᠬᠤ᠂ ᠬᠤᠷᠰᠢᠯᠴᠠᠬᠤ ᠮᠠᠶᠢᠭ ᠵᠢᠡᠷ ᠤᠬᠠᠭᠤᠯᠤᠨ ᠲᠠᠢᠯᠪᠤᠷᠢᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ 》 ᠭᠡᠵᠦ᠍ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠪᠠᠢᠴᠠᠭᠠᠨ ᠰᠤᠳᠤᠯᠬᠤ ᠰᠠᠯᠠᠭᠠᠨ᠎ᠤ ᠳᠠᠷᠤᠭ᠎ᠠ ᠱ᠌ᠢ ᠢᠦᠶ ᠯᠢᠶᠠᠩ ᠬᠡᠯᠡᠪᠡ᠃
ᠵᠠᠩ ᠢ ᠮᠢᠨ ᠪᠠᠰᠠ ᠵᠠᠯᠠᠢᠳ ᠬᠣᠱᠢᠭᠤᠨ᠎ᠤ ᠬᠦᠷᠡᠯ ᠪᠠᠯᠭᠠᠰᠤᠨ᠎ᠤ ᠨᠦᠮᠦᠷᠢ ᠭᠠᠴᠠᠭᠠᠨ᠎ᠳᠦ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠨᠢᠭᠤᠷᠳᠠᠨ ᠶᠠᠷᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠯᠪᠠᠨ ᠲᠢᠩᠬᠢᠮ ᠳ᠋ᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠨᠠᠮ᠎ᠤᠨ ᠰᠤᠷᠭᠠᠭᠤᠯᠢ ( ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠶ᠋ᠢᠨ ᠫᠷᠤᠹᠧᠰᠰᠤᠷ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠶᠠᠩ ᠢᠦᠶ ᠴᠧᠩ《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠣᠨᠣᠪᠴᠢᠲᠠᠶ ᠡᠵᠡᠮᠱᠢᠵᠦ᠂ 《 ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠲᠠᠯ᠎ᠠ᠎ᠡᠴᠡ ᠭᠦᠨᠵᠡᠭᠡᠢ ᠤᠢᠯᠠᠭᠠᠬᠤ ᠳᠤᠬᠠᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃
ᠤᠬᠠᠭᠤᠯᠤᠨ ᠲᠠᠢᠯᠪᠤᠷᠢᠯᠠᠬᠤ ᠶᠠᠪᠤᠴᠠ ᠨᠢ ᠲᠣᠳᠣᠷᠬᠠᠢ᠂ ᠥᠭᠦᠯᠡᠯᠲᠡ ᠨᠢ ᠭᠦᠨᠵᠡᠭᠡᠢ ᠪᠠᠢᠵᠤ᠂ ᠤᠯᠠᠨ᠎ᠢᠶᠠᠷ᠎ᠢᠶᠠᠨ ᠰᠣᠨᠣᠰᠤᠭᠠᠳ ᠶᠡᠬᠡᠳᠡ ᠵᠣᠷᠢᠭ᠍ᠵᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠭᠤᠷᠪᠠᠳᠤᠭᠠᠷ ᠳᠡᠰ᠎ᠤᠨ ᠡᠷᠬᠢᠯᠡᠭ᠌ᠴᠢ ᠭᠡᠰᠢᠬᠦᠴᠢ ᠸᠠᠩ ᠵᠢᠩ᠂ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠎ᠦᠨ ᠺᠠᠳ᠋ᠷ ᠪᠣᠯᠤᠭ᠍ᠰᠠᠨ᠎ᠤ ᠬᠤᠪᠢ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠠᠯ᠎ᠠ᠎ᠪᠠᠷ ᠰᠠᠢ᠌ᠨ《 ᠲᠠᠭᠠᠭᠤᠯᠤᠭ᠍ᠴᠢ 》 ᠪᠤᠯᠵᠤ᠂《 ᠭᠤᠷᠪᠠ᠎ᠳᠤ ᠦᠢᠯᠡᠴᠢᠯᠡᠬᠦ᠌ 》 ᠠᠵᠢᠯ᠎ᠤᠨ ᠪᠣᠳᠠᠲᠠᠢ᠎ᠳᠤ ᠰᠠᠭᠤᠷᠢᠯᠠᠨ ᠭᠠᠷᠳᠠᠬᠤ ᠴᠡᠭ᠂ ᠤᠶᠠᠯᠳᠤᠯ ᠴᠡᠭ᠂ ᠬᠦᠴᠦᠯᠡᠬᠦ᠌ ᠴᠡᠭ᠎ᠢ ᠣᠨᠣᠪᠴᠢᠲᠠᠢ ᠡᠷᠢᠵᠦ᠍᠂ ᠮᠣᠩᠭᠣᠯ ᠮᠤᠷᠢᠨ᠎ᠤ ︵ ᠦᠷᠭᠦᠯᠵᠢᠯᠡᠯ ᠨᠢ ᠬᠤᠶᠠᠳᠤᠭᠠᠷ ᠨᠢᠭᠤᠷ ᠲᠤ ︶
︵ ᠨᠢᠬᠡᠳᠦᠬᠡᠷ ᠨᠢᠭᠤᠷ᠎ᠤᠨ ᠦᠷᠭᠦᠯᠵᠢᠯᠡᠯ ︶
ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠳ᠋ᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠡᠳ᠋ ᠳᠠᠷᠤᠭ᠎ᠠ ᠸᠠᠩ ᠱᠢᠶᠤᠤ ᠮᠢᠩ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠠ ᠭᠣᠣᠯ ᠬᠠᠷᠠᠯᠲᠠ᠎ᠶ᠋ᠢ ᠭᠦᠨᠵᠡᠭᠡᠢ ᠣᠢᠯᠠᠭᠠᠬᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠪᠦᠬᠦ᠌ ᠲᠠᠯ᠎ᠠ᠎ᠪᠠᠷ ᠤᠬᠠᠭᠤᠯᠤᠨ ᠲᠠᠢᠯᠪᠤᠷᠢᠯᠠᠭᠰᠠᠨ ᠪᠠ ᠰᠢᠰᠲᠧᠮ ᠲᠠᠢ ᠲᠠᠢᠯᠪᠤᠷᠢᠯᠠᠯᠲᠠ ᠬᠢᠪᠡ᠃
ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶᠠᠨ᠎ᠤ ᠶᠡᠷᠦᠩᠬᠡᠢᠯᠡᠭ᠌ᠰᠡᠨ ᠭᠠᠵᠠᠷ᠎ᠤᠨ ᠳᠠᠷᠤᠭ᠎ᠠ ᠵᠠᠩ ᠷᠦᠢ ᠹᠸᠩ᠄《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠠᠤᠭ᠎ᠠ ᠲᠥᠰᠦᠪ᠎ᠢ ᠵᠢᠷᠤᠭ᠍ᠯᠠᠵᠤ᠂ ᠠᠯᠢ ᠤᠯᠠᠨ ᠴᠢᠬᠤᠯᠠ ᠶᠡᠬᠡ ᠬᠠᠷᠠᠯᠲᠠ ᠡᠭᠦᠷᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠴᠢᠭ᠌ᠯᠡᠯ᠎ᠢ ᠵᠢᠭᠠᠵᠤ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ᠎ᠡᠴᠡ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠤᠨ᠎ᠠ ᠭᠡᠵᠦ᠍ ᠳᠤᠷᠠᠳᠪᠠ᠃ ᠪᠢᠳᠡ ᠪᠠᠢᠯᠳᠤᠬᠤ ᠪᠣᠳᠣᠯᠭ᠎ᠠ᠎ᠪᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠵᠢᠯ᠎ᠤᠨ ᠪᠣᠳᠠᠲᠠᠶ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠨᠠᠩ ᠡᠷᠡᠰ ᠪᠠᠲᠤ ᠢᠲᠡᠭᠡᠯ ᠪᠢᠱᠢᠷᠡᠯ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ》ᠭᠡᠵᠦ ᠢᠯᠡᠳᠭᠡᠪᠡ᠃
ᠬᠠᠲᠤᠨ ᠭᠤᠤᠯ᠎ᠤᠨ 《 ᠶᠡᠬᠡ ᠲᠣᠬᠣᠶ ᠤᠷᠤᠨ 》 ᠤ᠋ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠰᠡᠩᠬᠡᠷᠡᠭᠦᠯᠦᠯ
— ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶ᠋ᠢ ᠵᠠᠰᠠᠭᠰᠠᠨ ᠡᠮᠦᠨ᠎ᠡ ᠹᠷᠣᠨᠲ᠎ᠤᠨ ᠪᠠᠢᠴᠠᠭᠠᠯᠲᠠ᠎ᠶ᠋ᠢᠨ ᠮᠡᠳᠡᠭᠦᠯᠦᠯᠲᠡ
ᠱᠢᠨᠬᠤᠸᠠ ᠡᠳᠦᠷ ᠪᠦᠷᠢ᠎ᠶ᠋ᠢᠨ ᠴᠠᠬᠢᠯᠭᠠᠨ ᠮᠡᠳᠡᠭᠡ᠎ᠵᠢᠨ ᠰᠤᠷᠪᠤᠯᠵᠢᠯᠠᠭ᠍ᠴᠢ ᠯᠢᠦ ᠸᠧᠶ ᠸᠠᠩ ᠵᠢᠩ ᠯᠢ ᠶᠦᠨ ᠫᠢᠩ ᠵᠣᠣ ᠽᠸ ᠬᠤᠢ
ᠥᠩᠭᠡᠷᠡᠭ᠌ᠰᠡᠨ᠎ᠳᠦ ᠱᠢᠷ᠎ᠠ ᠡᠯᠡᠰᠦ ᠪᠤᠳᠠᠷᠠᠵᠤ᠂ ᠭᠣᠣᠯ᠎ᠤᠨ ᠡᠷᠭᠢ ᠲᠠᠰᠤᠷᠠᠯᠳᠠ ᠦᠬᠡᠢ ᠢᠳᠡᠭ᠌ᠳᠡᠵᠤ ᠪᠠᠢᠬᠰᠠᠨ ᠬᠡᠪᠡᠷᠡᠭ ᠠᠮᠢ ᠠᠬᠤᠢ᠂ ᠤᠳᠤ ᠶᠠᠭ ᠨᠤᠮᠢᠨ ᠨᠤᠭᠤᠭᠠᠨ ᠳᠠᠪᠠᠯᠭᠠᠨ ᠬᠠᠶᠠᠯᠠᠵᠤ᠂ ᠭᠤᠤᠯ᠎ᠤᠨ ᠤᠰᠤ ᠨᠢ ᠲᠤᠩᠭᠠᠯᠠᠭ ᠡᠷᠬᠢ ᠨᠢ ᠨᠤᠭᠤᠭᠠᠨ ᠰᠦᠷᠯᠢᠭ ᠰᠠᠢᠬᠠᠨ ᠦᠵᠡᠮᠵᠢ ᠪᠤᠯᠤᠨ ᠬᠤᠪᠢᠷᠠᠵᠤ ᠪᠠᠢᠨ᠎ᠠ᠃《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠵᠢᠨ ᠳᠠᠭᠠᠭᠤᠯᠭ᠎ᠠ ᠳᠤᠤᠷ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ《 ᠶᠡᠬᠡ ᠲᠣᠬᠣᠶ ᠤᠷᠤᠨ 》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠨᠢ 《 ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠭ᠍ᠰᠠᠨ 》 ᠲᠡᠦᠬᠡᠲᠦ ᠴᠢᠨᠠᠷᠲᠠᠶ ᠭᠠᠢᠬᠠᠮᠱᠢᠭ᠎ᠢ ᠪᠢᠴᠢᠭ᠌ᠯᠡᠵᠦ᠍᠂ ᠳᠡᠯᠡᠬᠡᠶ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠳᠤ ᠲᠡᠷᠡ ᠬᠡᠪ᠎ᠢᠶᠡᠷ ᠨᠢ ᠳᠡᠯᠭᠡᠷᠡᠭᠦᠯᠵᠦ᠍ ᠪᠣᠯᠬᠤ ᠦᠶ᠋ᠯᠡᠳᠦᠯᠭᠡ᠎ᠶ᠋ᠢᠨ ᠵᠠᠭ᠍ᠪᠤᠷᠢᠬᠠᠩᠭᠠᠪᠠ᠃
ᠳᠡᠭᠡᠳᠦ ᠤᠷᠤᠰᠭᠠᠯ᠎ᠡᠴᠡ ᠳᠤᠮᠳᠠ ᠤᠷᠤᠰᠭᠠᠯᠲᠠᠭᠠᠤ ᠬᠠᠲᠤᠨ ᠭᠤᠤᠯ ᠨᠢ ᠥᠪᠥᠷ ᠮᠣᠩᠭᠣᠯ᠎ᠤᠨ 7 ᠠᠢᠮᠠᠭ ᠬᠣᠲᠠ ᠶᠢ ᠰᠤᠨᠳᠠᠯᠠᠵᠤ ᠪᠥᠬᠥ᠌ ᠣᠷᠳᠣ ᠨᠢ 843.5 ᠺᠢᠯᠣᠮᠧᠲ᠋ᠷ᠎ᠦᠨ 《 ᠶᠡᠬᠡ ᠲᠣᠬᠣᠶ ᠤᠷᠤᠨ 》᠎ᠢ᠋ ᠪᠦᠷᠢᠯᠳᠦᠭᠦᠯᠪᠡ᠃ ᠥᠪᠥᠷ ᠮᠣᠩᠭᠣᠯ ᠪᠣᠯ ᠬᠠᠲᠤᠨ ᠭᠤᠤᠯ᠎ᠤᠨ ᠤᠷᠤᠰᠭᠠᠯ ᠬᠠᠮᠤᠭ᠎ᠤᠨ ᠣᠷᠳᠣ᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ ᠬᠠᠮᠤᠭ᠎ᠤᠨ ᠲᠥᠪᠯᠡᠷᠡᠭ᠌ᠰᠡᠨ ᠮᠤᠵᠢ ᠣᠷᠣᠨ ᠪᠣᠯᠤᠨ᠎ᠠ᠂ 《 ᠶᠡᠬᠡ ᠲᠣᠬᠣᠶ ᠤᠷᠤᠨ 》 ᠤ᠋ ᠤᠷᠤᠨ ᠪᠦᠰᠡ᠎ᠳᠤ ᠬᠥᠪᠴᠢ ᠵᠢᠨ ᠡᠯᠡᠰᠤ᠂ ᠤᠯᠠᠭᠠᠨᠪᠤᠬ᠎ᠠ᠂ ᠲᠩᠷᠢ ᠡᠯᠡᠰᠦ ᠵᠡᠷᠬᠡ ᠭᠤᠷᠪᠠᠨ ᠶᠡᠬᠡ ᠡᠯᠡᠰᠦ ᠪᠠ ᠮᠤᠤᠠᠤᠰᠤ᠎ᠶ᠋ᠢᠨ ᠡᠯᠡᠰᠦᠷᠬᠡᠭ ᠭᠠᠵᠠᠷ ᠲᠠᠷᠬᠠᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ 2.28 ᠳ᠋ᠦᠩᠱᠢᠭᠤᠷ ᠮᠥ᠍ ᠪᠠᠢᠵᠤ᠂ ᠪᠦᠬᠦᠢᠯᠡ ᠬᠠᠲᠤᠨ ᠭᠤᠤᠯ᠎ᠤᠨ《 ᠶᠡᠬᠡ ᠲᠣᠬᠣᠶ ᠤᠷᠤᠨ 》 ᠤ᠋ ᠪᠣᠭᠣᠮᠲᠠ ᠱᠢᠪᠲᠤᠯᠬᠤ ᠣᠷᠣᠨ᠎ᠤ 83% ᠶ᠋ᠢᠨ ᠡᠯᠡᠰᠦᠷᠬᠡᠭ᠌ᠵᠢᠭ᠌ᠰᠡᠨ ᠭᠠᠵᠠᠷ ᠱᠢᠷᠣᠶ ᠪᠠ 74% ᠶ᠋ᠢᠨ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠶᠡᠷᠦᠩᠬᠡᠢᠯᠡᠨ ᠵᠠᠰᠠᠬᠤ ᠡᠭᠦᠷᠭᠡ᠎ᠶ᠋ᠢ ᠲᠥᠪᠯᠡᠷᠡᠭᠦᠯᠪᠡ᠃
《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ ᠂《 ᠤᠮᠠᠷᠠᠲᠤ᠎ᠵᠢᠨ ᠭᠤᠷᠪᠠᠨ ᠤᠷᠤᠨ 》 ᠤ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ ᠨᠢᠭᠡ ᠪᠣᠯᠤᠭ᠍ᠰᠠᠨ ᠬᠠᠲᠤᠨ ᠭᠤᠤᠯ᠎ᠤᠨ 《 ᠶᠡᠬᠡ ᠲᠣᠬᠣᠶ ᠤᠷᠤᠨ 》 ᠤ᠋ ᠪᠣᠭᠣᠮᠲᠠ ᠱᠢᠪᠲᠤᠯᠬᠤ ᠳᠠᠢᠯᠠᠯᠳᠤᠭᠠᠨ ᠥᠪᠥᠷ ᠮᠣᠩᠭᠣᠯ᠎ᠳᠤ ᠪᠥᠬᠥ᠌ ᠲᠠᠯ᠎ᠠ᠎ᠪᠠᠷ ᠡᠬᠢᠯᠡᠵᠦ᠍᠂ ᠲᠤᠬᠠᠶ᠎ᠶ᠋ᠢᠨ ᠭᠠᠵᠠᠷ᠎ᠤᠨ ᠠᠮᠢ ᠠᠬᠤᠶ ᠣᠷᠴᠢᠨ ᠲᠣᠭᠣᠷᠢᠨ ᠢᠯᠡᠳᠲᠡ ᠰᠠᠢᠵᠢᠷᠠᠪᠠ᠃ 2021 ᠣᠨ᠎ᠡᠴᠡ ᠣᠲᠣ ᠪᠣᠯᠲᠠᠯ᠎ᠠ᠂ ᠥᠪᠥᠷ ᠮᠣᠩᠭᠣᠯ 5553 ᠲᠦᠮᠡᠨ ᠮᠥ᠍ ᠠᠮᠢ ᠠᠬᠤᠶ᠎ᠶ᠋ᠢᠨ ᠵᠠᠰᠠᠯᠲᠠ᠎ᠶ᠋ᠢ ᠪᠡᠶᠡᠯᠡᠭᠦᠯᠵᠦ᠍᠂ ᠬᠠᠲᠤᠨ ᠭᠤᠤᠯ᠎ᠤᠨ 《 ᠶᠡᠬᠡ ᠲᠣᠬᠣᠶ ᠤᠷᠤᠨ 》 ᠢ᠋ ᠵᠠᠰᠠᠬᠤ ᠶᠡᠷᠦᠩᠬᠡᠶ ᠡᠭᠦᠷᠭᠡ᠎ᠶ᠋ᠢᠨ 40.2% ᠢ᠋ ᠡᠵᠡᠯᠡᠪᠡ᠃ ᠣᠳᠣᠬᠠᠨ᠎ᠳᠤ ᠬᠥᠪᠴᠢ᠎ᠶ᠋ᠢᠨ ᠡᠯᠡᠰᠦᠨ᠎ᠦ ᠬᠣᠢᠲᠤ ᠵᠠᠬ᠎ᠠ᠎ᠶ᠋ᠢᠨ 420 ᠺᠢᠯᠤᠮᠸᠲᠷ ᠪᠦᠬᠦᠢ ᠡᠯᠡᠰᠦᠨ᠎ᠤ ᠬᠦᠪᠡᠭᠡ᠎ᠵᠢ ᠨᠢ ᠡᠮᠵᠢᠶᠡᠷᠢᠯᠡᠨ ᠲᠤᠭᠲᠠᠭᠠᠭᠰᠠᠨ ᠤᠢ ᠱᠢᠭᠤᠢ᠎ᠶ᠋ᠢᠨ ᠪᠦᠰᠡ ᠪᠦᠬᠦ᠌ ᠱᠤᠭᠤᠮ᠎ᠢᠶᠠᠷ ᠵᠠᠯᠭᠠᠯᠳᠤᠨ ᠨᠡᠪᠲᠡᠷᠡᠭ᠌ᠰᠡᠨ᠎ᠢ ᠵᠠᠷᠯᠠᠵᠤ᠂ ᠤᠯᠠᠭᠠᠨᠪᠤᠬ᠎ᠠ ᠵᠢᠨ ᠡᠯᠡᠰᠦᠨ᠎ᠦ ᠵᠡᠭᠦᠨ ᠬᠦᠪᠡᠭᠡ᠎ᠶ᠋ᠢᠨ 400 ᠭᠠᠵᠠᠷ ᠤᠷᠳᠤ ᠰᠠᠯᠬᠢ᠎ᠶ᠋ᠢ ᠰᠡᠷᠭᠡᠢᠯᠡᠨ ᠡᠯᠡᠰᠦ᠎ᠶ᠋ᠢ ᠲᠣᠭ᠍ᠲᠠᠪᠤᠷᠢᠵᠢᠭᠤᠯᠬᠤ ᠪᠦᠰᠡ ᠪᠦᠬᠦ᠌ ᠱᠤᠭᠤᠮ᠎ᠢᠶᠠᠷ ᠬᠤᠯᠪᠤᠯᠳᠤᠨ ᠨᠡᠪᠲᠡᠷᠡᠵᠦ᠍᠂ ᠠᠯᠠᠱᠠ ᠠᠢᠮᠠᠭ᠎ᠤᠨ ᠲᠩᠷᠢ ᠡᠯᠡᠰᠦ ᠵᠡᠷᠭᠡ ᠭᠤᠷᠪᠠᠨ ᠶᠡᠬᠡ ᠡᠯᠡᠰᠦ᠎ᠶ᠋ᠢᠨ 1856 ᠺᠢᠯᠤᠮᠸᠲᠷᠪᠦᠬᠦᠢ ᠡᠯᠡᠰᠦ ᠵᠢᠨ ᠬᠦᠪᠡᠭᠡ᠎ᠵᠢ ᠨᠢ ᠡᠮᠵᠢᠶᠡᠷᠢᠯᠡᠨ ᠲᠤᠭᠲᠠᠭᠠᠭᠰᠠᠨ ᠤᠢ ᠱᠢᠭᠤᠢᠡᠪᠡᠰᠦᠨᠤ ᠪᠦᠰᠡ ᠪᠦᠬᠦ᠌ ᠲᠠᠯ᠎ᠠ᠎ᠪᠠᠷ ᠨᠡᠢᠯᠡᠵᠦ᠍᠂ ᠮᠤᠤᠠᠤᠰᠤ ᠵᠢᠨ ᠡᠯᠡᠰᠦᠷᠬᠡᠭ ᠭᠠᠵᠠᠷ᠎ᠤᠨ 80% ᠤ᠋ᠨ ᠲᠠᠯᠠᠪᠠᠢ ᠨᠢ 《 ᠨᠣᠭᠣᠭᠠᠨ ᠬᠦᠷᠮ᠎ᠡ 》 ᠨᠥᠮᠥᠷᠪᠡ᠃ ᠥᠪᠥᠷ ᠮᠣᠩᠭᠣᠯ᠎ᠤᠨ ᠬᠠᠲᠤᠨ ᠭᠤᠤᠯ᠎ᠳᠤ ᠶᠡᠭᠦᠯᠡᠭᠰᠡᠨ ᠡᠯᠡᠰᠦ ᠱᠢᠪᠠᠷ᠎ᠤᠨ ᠬᠡᠮᠵᠢᠶ᠎ᠡ ᠥᠩᠭᠡᠷᠡᠭ᠌ᠰᠡᠨ᠎ᠦ 2700 ᠲᠦᠮᠡᠨ ᠲᠣᠨ ᠪᠠᠢᠭ᠍ᠰᠠᠨ᠎ᠡᠴᠡ᠎ᠪᠠᠨ ᠪᠠᠭᠤᠷᠠᠭᠠᠳ ᠣᠲᠣ 400 ᠲᠦᠮᠡᠨ ᠲᠣᠨ ᠪᠣᠯᠵᠠᠶ᠃
ᠬᠠᠳᠤᠨ ᠭᠣᠣᠯ᠎ᠤᠨ 《 ᠶᠡᠬᠡ ᠲᠣᠬᠣᠶ ᠤᠷᠤᠨ 》 ᠤ᠋ ᠪᠣᠭᠣᠮᠲᠠ ᠱᠢᠪᠲᠤᠯᠬᠤ ᠳᠠᠢᠯᠠᠯᠳᠤᠭᠠᠨ ᠨᠢ ᠠᠮᠢ ᠠᠬᠤᠢ᠎ᠶ᠋ᠢ ᠬᠠᠮᠠᠭᠠᠯᠠᠬᠤ ᠳᠠᠢᠯᠠᠯᠳᠤᠭᠠᠨ ᠪᠣᠯᠬᠤ᠎ᠪᠠᠷ ᠪᠠᠷᠠᠬᠤ ᠦᠬᠡᠢ ᠨᠡᠩ ᠴᠤ᠌ ᠣᠷᠣᠨ ᠨᠤᠲᠤᠭ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠬᠠᠮᠠᠭᠠᠯᠠᠪᠠ᠃ ᠲᠡᠷᠡ᠎ᠨᠢ ᠪᠣᠷᠣᠲᠣᠬᠣᠶ᠎ᠶ᠋ᠢᠨ ᠲᠠᠯ᠎ᠠ ᠭᠠᠵᠠᠷ ᠵᠡᠷᠭᠡ 《 ᠪᠣᠭᠣᠮᠲᠠ᠎ᠶ᠋ᠢᠨ ᠭᠠᠳᠠᠨᠠᠬᠢ ᠠᠮᠤ᠎ᠵᠢᠨ ᠰᠠᠩ 》 ᠢ᠋ ᠰᠠᠬᠢᠨ ᠬᠠᠮᠠᠭᠠᠯᠠᠵᠤ ᠂ ᠮᠠᠯ ᠠᠵᠤ ᠠᠬᠤᠶ᠎ᠲᠠᠷᠢᠶᠠᠯᠠᠩ᠎ᠤᠨ ᠤᠨᠠᠯᠲᠠ᠎ᠶ᠋ᠢ ᠳᠡᠭᠡᠭ᠌ᠰᠢᠯᠡᠭᠦᠯᠵᠦ᠍᠂ ᠪᠠᠰᠠ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ᠂ ᠴᠠᠭᠠᠨ ᠭᠣᠶᠣᠣ ᠳᠠᠷᠢᠬᠤ᠂ ᠡᠯᠡᠰᠦᠨ ᠴᠥᠯ᠎ᠦᠨ ᠵᠢᠭᠤᠯᠴᠢᠯᠠᠯ ᠵᠡᠷᠭᠡ ᠠᠵᠤ ᠦᠶ᠋ᠯᠡᠰ᠎ᠢ ᠠᠬᠢᠭᠤᠯᠵᠤ᠂ ᠡᠯᠡᠰᠦᠷᠬᠡᠭ ᠣᠷᠣᠨ᠎ᠤ ᠠᠵᠤ ᠠᠬᠤᠶ᠎ᠶ᠋ᠢ ᠬᠥᠭ᠌ᠵᠢᠭᠡᠵᠦ᠍᠂ ᠡᠯᠡᠰᠦᠷᠬᠡᠭ ᠣᠷᠣᠨ᠎ᠤ ᠠᠷᠠᠳ ᠲᠦᠮᠡᠨ᠎ᠤ ᠣᠷᠣᠯᠭ᠎ᠠ᠎ᠶ᠋ᠢᠨ ᠨᠡᠮᠡᠭ᠌ᠳᠡᠯ᠎ᠢ ᠨᠠᠩ ᠢᠯᠡᠳᠲᠡ ᠠᠬᠢᠭᠤᠯᠤᠭ᠍ᠰᠠᠨ ᠪᠠᠢᠨ᠎ᠠ᠃
2024 ᠣᠨ᠎ᠳᠤ᠂ ᠥᠪᠥᠷ ᠮᠣᠩᠭᠣᠯ᠎ᠤᠨ ᠬᠠᠲᠤᠨ ᠭᠤᠤᠯ᠎ᠤᠨ 《 ᠶᠡᠬᠡ ᠲᠣᠬᠣᠶ ᠤᠷᠤᠨ 》 ᠤ᠋ 7 ᠠᠢᠮᠠᠭ ᠬᠣᠲᠠ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠨᠡᠢᠲᠡ 18510 ᠳ᠋ᠦᠩᠱᠢᠭᠤᠷ ᠲᠥᠭᠥᠷᠢᠭ᠎ᠲᠦ ᠬᠦᠷᠴᠦ᠍᠂ 2020 ᠣᠨ᠎ᠤ᠎ᠬᠢ᠎ᠡᠴᠡ 58.8% ᠪᠠᠷ ᠨᠡᠮᠡᠭ᠌ᠳᠡᠪᠡ᠃
︵ ᠦᠷᠭᠦᠯᠵᠢᠯᠡᠯ ᠨᠢ ᠲᠥᠷᠪᠡᠲᠥᠬᠡᠷ ᠨᠢᠭᠤᠷ ᠲᠤ ︶