ᠮᠠᠯᠴᠢᠳ ᠤ᠋ᠨ ᠬᠤᠪᠢᠷᠠᠯᠲᠠ᠄ 《ᠲᠠᠨᠢᠯᠲᠠ》 ᠵᠢᠨ ᠠᠰᠠᠭᠤᠳᠠᠯ ᠢ᠋ ᠬᠡᠷᠬᠢᠨ ᠱᠢᠶ᠋ᠳᠪᠦᠷᠢᠯᠡᠬᠦ᠌ ᠪᠣᠶ ?
2025-11-24 10:04:13
ᠵᠣᠬᠢᠶᠠᠭ᠍ᠴᠢ᠄
ᠪᠤᠶᠠᠨᠳᠤ ᠦᠨᠢᠷ ᠬᠢᠯᠪᠡᠭᠡᠨ ᠬᠦᠪᠴᠢᠨ ᠪᠢᠯᠢᠭ᠌ᠪᠠᠭᠠᠲᠤᠷ
ᠣᠩᠱᠢᠭ᠍ᠰᠠᠨ ᠣᠳᠠᠭ᠎ᠠ᠄
★★★☆☆

— ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠵᠢ ᠠᠬᠢᠭᠤᠯᠤᠭᠰᠠᠨ ᠦᠪᠦᠷ ᠮᠤᠩᠭᠤᠯ ᠤ᠋ᠨ ᠰᠢᠨ᠎ᠠ ᠦᠢᠯᠡᠳᠦᠯᠬᠡ ①


ᠨᠠᠢᠷᠠᠭᠤᠯᠤᠭᠴᠢ ᠵᠢᠨ ᠦᠬᠡ᠄

2023 ᠣᠨ ᠤ᠋ 6 ᠰᠠᠷ᠎ᠠ ᠳ᠋ᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠳ᠋ᠠᠭᠠᠨ᠂ ᠶᠡᠷᠦᠩᠬᠡᠶ ᠳ᠋ᠤᠨᠢ ᠠᠪᠴᠤ᠌ ᠦᠵᠡᠪᠡᠯ᠂ ᠥᠪᠥᠷ ᠮᠣᠩᠭᠣᠯ ᠤ᠋ᠨ ᠨᠤᠳᠤᠭ ᠪᠡᠯᠴᠢᠬᠡᠷ ᠲᠦ᠍ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠵᠤ ᠪᠠᠢᠨ᠎ᠠ᠂ ᠠᠮᠠᠷᠠᠭᠤᠯᠤᠨ ᠰᠡᠷᠭᠦᠭᠡᠬᠦ ᠶ᠋ᠢ ᠠᠩᠬᠠᠷᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠶᠡᠷᠤᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠬᠦ᠌ ᠢ᠋ᠢᠨ ᠲᠥᠯᠥᠭᠡ᠂ ᠥᠪᠥᠷ ᠮᠣᠩᠭᠣᠯ 2024 ᠣᠨ ᠤ᠋ ᠡᠬᠢ ᠪᠡᠷ 17 ᠬᠣᠱᠢᠭᠤ ᠱᠢᠶᠠᠨ ᠳ᠋ᠤ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠲᠤᠷᠱᠢᠯᠲᠠ ᠢ᠋ᠢᠨ ᠴᠡᠭ ᠤ᠋ᠨ ᠠᠵᠢᠯ ᠢ᠋ ᠡᠬᠢᠯᠡᠭᠦᠯᠵᠤ᠂ ᠡᠨᠡ ᠵᠢᠯ ᠡᠴᠡ ᠲᠤᠷᠱᠢᠯᠲᠠ ᠢ᠋ᠢᠨ ᠴᠡᠭ ᠤ᠋ᠨ ᠬᠣᠱᠢᠭᠤ ᠱᠢᠶᠠᠨ ᠤ᠋ ᠠᠷᠭ᠎ᠠ ᠲᠤᠷᠱᠢᠯᠭ᠎ᠠ ᠢ᠋ᠢ ᠭᠦᠨᠵᠡᠭᠡᠶ ᠳ᠋ᠦᠩᠨᠡᠨ᠂ ᠨᠤᠲᠤᠭ ᠪᠡᠯᠴᠢᠭᠡᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠱᠠᠩᠨᠠᠯ ᠨᠦᠬᠦᠪᠦᠷᠢ ᠢ᠋ᠢᠨ ᠲᠥᠷᠥ ᠢ᠋ᠢᠨ ᠪᠣᠳᠣᠯᠭ᠎ᠠ ᠢ᠋ᠢ ᠬᠦᠷᠲᠡᠵᠦ᠍ ᠪᠠᠢᠭ᠎ᠠ ᠬᠣᠱᠢᠭᠤ ᠱᠢᠶᠠᠨ ᠳ᠋ᠤ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠰᠢᠢᠳᠪᠦᠷᠢᠯᠡᠬᠦ ᠠᠵᠢᠯ ᠢ᠋ ᠪᠦᠬᠦ᠌ ᠲᠠᠯ᠎ᠠ ᠪᠡᠷ ᠳᠡᠯᠭᠡᠷᠡᠭᠦᠯᠵᠤ ᠪᠠᠢᠨ᠎ᠠ᠃

ᠡᠯ᠎ᠡ ᠬᠤᠰᠢᠭᠤ ᠰᠢᠶᠠᠨ ᠤ᠋ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠵᠤ᠂ ᠮᠠᠯ ᠠᠵᠤ ᠠᠬᠤᠢ ᠵᠢᠨ ᠦᠢᠯᠡᠳᠪᠤᠷᠢᠯᠡᠯ ᠤ᠋ᠨ ᠠᠷᠭ᠎ᠠ ᠬᠡᠯᠪᠡᠷᠢ ᠪᠠᠨ ᠬᠤᠪᠢᠷᠠᠭᠤᠯᠬᠤ ᠳ᠋ᠤ ᠲᠤᠰᠠ ᠳᠡᠮ ᠪᠤᠯᠬᠤ ᠵᠢᠨ ᠲᠦᠯᠦᠬᠡ᠂ ᠲᠤᠰ ᠰᠤᠨᠢᠨ 《ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠵᠢ ᠠᠬᠢᠭᠤᠯᠤᠭᠰᠠᠨ ᠦᠪᠤᠷ ᠮᠤᠩᠭᠤᠯ ᠤ᠋ᠨ ᠰᠢᠨ᠎ᠠ ᠦᠢᠯᠡᠳᠦᠯᠬᠡ》 ᠬᠡᠮᠡᠬᠦ ᠰᠢᠷᠢᠰ ᠮᠡᠳᠡᠬᠡᠯᠡᠯ ᠢ᠋ ᠤᠬᠠᠭᠠᠯᠠᠵᠤ᠂ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠲᠤᠷᠰᠢᠯᠳᠠ ᠵᠢᠨ ᠴᠡᠭ ᠤ᠋ᠨ ᠬᠤᠰᠢᠭᠤ ᠰᠢᠶᠠᠨ ᠤ᠋ ᠰᠢᠨ᠎ᠠ ᠬᠠᠢᠯᠳᠠ᠂ ᠰᠢᠨ᠎ᠠ ᠲᠤᠷᠰᠢᠯᠭ᠎ᠠ᠂ ᠰᠢᠨ᠎ᠠ ᠵᠠᠭᠪᠤᠷ᠂ ᠱᠢᠨ᠎ᠡ ᠠᠮᠵᠢᠯᠲᠠ ᠢ᠋ᠢ ᠰᠤᠷᠪᠤᠯᠵᠢᠯᠠᠨ ᠮᠡᠳᠡᠬᠡᠯᠡᠵᠤ᠂ ᠤᠷᠤᠨ ᠨᠤᠲᠤᠭ  ᠪᠤᠯᠤᠨ ᠮᠠᠯᠴᠢᠨ ᠲᠦᠮᠡᠨ ᠳ᠋ᠤ ᠯᠠᠪᠯᠠᠯᠲᠠ ᠬᠠᠩᠭᠠᠬᠤ ᠵᠢ ᠵᠤᠷᠢᠯ᠎ᠠ᠃ ᠡᠨᠡ ᠡᠳᠤᠷ ᠡᠴᠡ ᠡᠬᠢᠯᠡᠨ  6  ᠰᠢᠷᠢᠰ ᠮᠡᠳᠡᠬᠡᠯᠡᠯ ᠵᠢᠡᠨ ᠵᠠᠯᠭᠠᠭ᠎ᠠ ᠪᠡᠷ ᠨᠡᠢᠳᠡᠯᠡᠬᠦ ᠪᠤᠯᠤᠨ᠎ᠠ᠂ ᠠᠩᠬᠠᠷᠤᠨ ᠤᠩᠰᠢᠮᠤ!


ᠡᠩᠬᠡᠷ ᠲᠠᠬᠡᠨ ᠤᠨᠢᠶᠠᠷ ᠬᠦᠪᠤᠯᠵᠡᠬᠦᠯᠦᠭᠰᠡᠨ

ᠡᠷᠳᠡᠨᠢᠳᠤ ᠰᠠᠢᠬᠠᠨ ᠬᠠᠢᠷᠬᠠᠨ ᠮᠢᠨᠢ

ᠡᠯᠢᠬᠡᠨ ᠳ᠋ᠡᠬᠡᠨ ᠴᠡᠴᠡᠭ ᠮᠢᠷᠠᠯᠵᠠᠭᠤᠯᠤᠭᠰᠠᠨ

ᠡᠩ ᠦᠬᠡᠢ ᠨᠤᠭᠤᠭᠠᠨ ᠲᠠᠯ᠎ᠠ ᠮᠢᠨᠢ ᠁

ᠡᠨᠡ ᠰᠠᠢᠬᠠᠨ ᠨᠤᠳᠤᠭ ᠵᠢᠡᠨ ᠬᠡᠷᠬᠢᠨ ᠦᠨᠢ ᠡᠬᠦᠷᠢᠳᠡ ᠡᠯᠢᠬᠡ ᠪᠦᠳᠤᠨ ᠪᠠᠢᠯᠭᠠᠵᠤ᠂ ᠡᠨᠡ ᠰᠠᠢᠬᠠᠨ ᠨᠤᠳᠤᠭ ᠤ᠋ᠨ ᠵᠢᠡᠨ ᠬᠡᠰᠢᠭ ᠰᠢᠮ᠎ᠠ ᠳ᠋ᠤ ᠰᠠᠭᠤᠷᠢᠯᠠᠭᠰᠠᠨ ᠮᠠᠯ ᠠᠵᠤ ᠠᠬᠤᠢ ᠵᠢ ᠬᠡᠷᠬᠢᠨ ᠰᠢᠨᠵᠢᠯᠡᠬᠦ ᠤᠬᠠᠭᠠᠴᠢ ᠪᠡᠷ ᠬᠦᠭᠵᠢᠬᠦᠯᠵᠤ᠂ ᠮᠠᠯᠴᠢᠨ ᠲᠦᠮᠡᠨ ᠤ᠋ ᠤᠷᠤᠯᠭ᠎ᠠ ᠵᠢ ᠤᠯᠠᠮ ᠴᠢᠨᠠᠭᠰᠢᠳᠠ ᠨᠡᠮᠡᠭᠳᠡᠬᠦᠯᠬᠦ ᠪᠤᠢ? ᠡᠬᠦᠨ ᠤ᠋ ᠵᠠᠩᠬᠢᠯᠠᠭ᠎ᠠ ᠨᠢ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠵᠢ ᠬᠤᠪᠢᠷᠠᠭᠤᠯᠬᠤ ᠳ᠋ᠤ ᠪᠤᠢ᠃

ᠮᠠᠯᠴᠢᠨ ᠲᠦᠮᠡᠨ ᠪᠤᠯ ᠮᠠᠯ ᠰᠦᠷᠦᠭ ᠤ᠋ᠨ ᠡᠵᠡᠨ᠂ ᠪᠡᠯᠴᠢᠬᠡᠷ ᠤ᠋ᠨ ᠮᠠᠯ ᠠᠵᠤ ᠠᠬᠤᠢ ᠵᠢᠨ ᠦᠢᠯᠡᠳᠪᠤᠷᠢᠯᠡᠯ ᠡᠵᠡᠩᠨᠡᠯᠳᠡ ᠵᠢᠨ ᠭᠤᠤᠯ ᠴᠤᠭᠴᠠ ᠪᠠᠢᠵᠤ᠂ ᠮᠠᠯ ᠠᠵᠤ ᠠᠬᠤᠢ ᠵᠢᠨ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠵᠢ ᠬᠤᠪᠢᠷᠠᠭᠤᠯᠬᠤ ᠳ᠋ᠤ 《ᠮᠠᠯᠴᠢᠳ ᠤ᠋ᠨ ᠬᠤᠪᠢᠷᠠᠯᠳᠠ》 ᠱᠢᠶ᠋ᠳᠪᠦᠷᠢᠯᠡᠭ᠌ᠴᠢ ᠴᠢᠨᠠᠷᠲᠠᠶ ᠦᠢᠯᠡᠳᠦᠯ ᠦᠵᠡᠭᠦᠯᠬᠦ ᠨᠢ ᠳᠠᠮᠵᠢᠭ ᠥᠬᠡᠶ᠃ ᠲᠡᠭᠡᠪᠡᠯ ᠪᠡᠯᠴᠢᠭᠡᠷ ᠤ᠋ᠨ ᠮᠠᠯ ᠠᠵᠤ ᠠᠬᠤᠢ ᠶ᠋ᠢᠨ ᠬᠡᠯᠪᠡᠷᠢ ᠶ᠋ᠢ ᠬᠤᠪᠢᠷᠠᠭᠤᠯᠵᠤ ᠳᠡᠰ ᠳᠡᠪᠰᠢᠭᠦᠯᠬᠦ ᠳ᠋ᠤ ᠮᠠᠯᠴᠢᠨ ᠲᠦᠮᠡᠨ ᠤ᠋ 《ᠲᠠᠨᠢᠯᠳᠠ》 ᠵᠢᠨ ᠠᠰᠠᠭᠤᠳᠠᠯ ᠢ᠋ ᠬᠡᠷᠬᠢᠨ ᠱᠢᠶ᠋ᠳᠪᠦᠷᠢᠯᠡᠬᠦ᠌ ᠪᠣᠶ?


QQ20251124-094949.png


ᠨᠠᠷᠠ ᠨᠠᠯᠠᠢᠵᠤ ᠨᠡᠪᠴᠢᠰ ᠪᠦᠵᠢᠭᠰᠡᠨ ᠨᠠᠮᠤᠷ ᠤ᠋ᠨ ᠰᠡᠭᠦᠯᠴᠢ ᠢ᠋ᠢᠨ ᠡᠳᠦᠷ ᠤ᠋ᠳ ᠲᠤ᠌ ᠮᠠᠨ ᠤ᠋ ᠰᠤᠷᠪᠤᠯᠵᠢᠯᠠᠭ᠎ᠠ ᠢ᠋ᠢᠨ ᠳᠤᠭᠤᠢᠯᠠᠡᠭ ᠤ᠋ᠨ ᠬᠢᠨ ᠦᠪᠡᠷᠳᠡᠬᠡᠨ ᠵᠠᠰᠠᠬᠤ ᠤᠷᠤᠨ ᠤ᠋ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠲᠤᠷᠱᠢᠯᠲᠠ ᠢ᠋ᠢᠨ ᠴᠡᠭ ᠤ᠋ᠨ ᠬᠤᠰᠢᠭᠤ ᠰᠢᠶᠠᠨ ᠪᠤᠯᠬᠤ ᠤᠯᠠᠭᠠᠨᠬᠠᠳᠠ ᠬᠤᠲᠠ ᠢ᠋ᠢᠨ ᠠᠷᠤ ᠬᠤᠷᠴᠢᠨ ᠬᠤᠰᠢᠭᠤ᠂ ᠰᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠤᠰᠢᠭᠤ᠂ ᠤᠯᠠᠭᠠᠨᠴᠠᠪ ᠬᠤᠲᠠ ᠢ᠋ᠢᠨ ᠴᠠᠬᠠᠷ ᠪᠠᠷᠠᠭᠤᠨ ᠭᠠᠷᠤᠨ ᠬᠤᠢᠳᠤ ᠬᠤᠰᠢᠭᠤ ᠪᠡᠷ ᠰᠤᠷᠪᠤᠯᠵᠢᠯᠠᠵᠤ ᠶᠠᠪᠤᠬᠤ ᠳ᠋ᠠᠭᠠᠨ ᠮᠠᠰᠢ ᠤᠯᠠᠨ ᠮᠠᠯᠴᠢᠳ ᠤᠯᠠᠮᠵᠢᠯᠠᠯᠳᠤ ᠮᠠᠯᠵᠢᠯ ᠤ᠋ᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ 《ᠪᠡᠯᠴᠢᠬᠡᠷ ᠬᠢᠬᠡᠳ ᠮᠠᠯ》 ᠤ᠋ᠨ ᠬᠠᠷᠢᠴᠠᠭ᠎ᠠ ᠵᠢ ᠵᠦᠢ ᠵᠤᠬᠢᠰᠳᠠᠢ ᠰᠢᠢᠳᠪᠤᠷᠢᠯᠡᠨ᠂ ᠡᠩ ᠦᠬᠡᠢ ᠨᠤᠭᠤᠭᠠᠨ ᠲᠠᠯ᠎ᠠ ᠪᠠᠨ ᠡᠯᠢᠬᠡ ᠪᠦᠳᠤᠨ ᠪᠠᠢᠯᠭᠠᠬᠤ ᠡᠵᠡᠨ ᠬᠦᠮᠦᠨ ᠤ᠋ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ ᠶᠠᠪᠤᠭ᠎ᠠ ᠵᠢ ᠤᠯᠵᠤ ᠬᠠᠷᠠᠯ᠎ᠠ᠃ ᠮᠦᠨ ᠴᠦ᠍ ᠤᠷᠤᠨ ᠨᠤᠳᠤᠭ ᠤ᠋ᠨ ᠨᠠᠮ ᠵᠠᠰᠠᠭ ᠡᠴᠡ ᠮᠠᠯᠴᠢᠳ ᠢ᠋ ᠲᠠᠭᠠᠭᠤᠯᠤᠨ ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠵᠢ ᠲᠦᠷᠬᠡᠳᠬᠡᠨ ᠠᠬᠢᠭᠤᠯᠬᠤ ᠪᠡᠷ ᠠᠷᠭ᠎ᠠ ᠵᠠᠮ ᠬᠠᠢᠵᠤ᠂ ᠤᠶᠤᠨ ᠬᠦᠴᠦ ᠪᠠᠨ ᠰᠢᠪᠬᠠᠵᠤ ᠪᠠᠢᠬᠤ ᠵᠢ ᠤᠯᠵᠤ ᠬᠠᠷᠠᠯ᠎ᠠ᠃

ᠵᠠᠩᠭᠢᠯᠠᠭ᠎ᠠ ᠶ᠋ᠢᠨ ᠦᠭᠡ᠄ ᠲᠤᠰᠬᠠᠢᠵᠢᠬᠰᠠᠨ ᠪᠤᠯᠪᠠᠰᠤᠷᠠᠯ

ᠨᠠᠷᠠ ᠲᠤᠨᠤᠷᠠᠬᠰᠠᠨ ᠨᠠᠮᠤᠷ ᠤ᠋ᠨ ᠲᠤᠡᠭᠭᠠᠯᠠᠭ ᠦᠷᠯᠦᠭᠡ ᠠᠷᠤ ᠬᠤᠷᠴᠢᠨ ᠬᠤᠰᠢᠭᠤᠨ ᠤ᠋ ᠱᠤᠤ ᠪᠠᠯᠭᠠᠰᠤ ᠵᠢᠨ ᠮᠠᠡᠭᠬᠠᠨ ᠠᠷᠤ ᠭᠠᠴᠠᠭ᠎ᠠ ᠢ᠋ᠢᠨ ᠮᠠᠯᠴᠢᠨ ᠬᠠᠰᠲᠠᠨ᠎ᠠ ᠰᠦ ᠰᠠᠭᠠᠯᠢ ᠪᠡᠨ ᠠᠪᠬᠤ᠂ ᠠᠭᠠᠷᠤᠤᠯ ᠬᠤᠷᠤᠳ ᠢ᠋ᠢᠡᠨ ᠳᠡᠯᠭᠡᠬᠦ ᠵᠡᠷᠭᠡ ᠠᠵᠢᠯ ᠢ᠋ᠢᠡᠨ ᠠᠮᠵᠢᠭᠤᠯᠴᠢᠬᠠᠭᠠᠳ ᠴᠠᠢ ᠪᠡᠨ ᠤᠤᠭᠤᠬᠤ ᠵᠠᠭᠤᠷ᠎ᠠ ᠴᠠᠭᠠᠨ ᠢᠳᠡᠭᠡᠨ ᠤ᠋ ᠵᠠᠬᠢᠶᠠᠯᠠᠭ᠎ᠠ ᠲᠤᠰᠤᠨ᠎ᠠ᠃

《ᠪᠢᠳᠡ ᠬᠤᠷᠤᠳ᠂ ᠰᠢᠷ᠎ᠠ ᠲᠤᠰᠤ᠂ ᠵᠦᠭᠡᠭᠡᠢ᠂ ᠠᠭᠠᠷᠤᠤᠯ᠂ ᠦᠷᠦᠮ᠎ᠠ ᠵᠡᠷᠭᠡ 16 ᠵᠦᠢᠯ ᠤ᠋ᠨ ᠤᠯᠠᠮᠵᠢᠯᠠᠯᠲᠤ ᠴᠠᠭᠠᠨ ᠢᠳᠡᠭᠡᠨ ᠪᠠ ᠰᠢᠷ᠎ᠠ ᠲᠤᠰᠤᠨ ᠤ᠋ ᠤᠷᠤᠭᠤᠯ ᠤ᠋ᠨ ᠪᠤᠳᠤᠭ᠂ ᠦᠨᠢᠶᠠᠨ ᠰᠦ ᠢ᠋ᠢᠨ ᠰᠠᠪᠤᠡᠭ ᠵᠡᠷᠭᠡ 10 ᠭᠠᠷᠤᠢ ᠵᠦᠢᠯ ᠤ᠋ᠨ ᠰᠢᠨ᠎ᠠ ᠮᠠᠶᠢᠭ ᠤ᠋ᠨ ᠰᠦ ᠵᠢᠨ ᠪᠦᠲᠦᠭᠡᠭᠳᠡᠭᠦᠨ ᠬᠢᠵᠤ᠂ ᠤᠯᠠᠭᠠᠨᠬᠠᠳᠠ ᠪᠠ ᠬᠦᠬᠡᠬᠤᠲᠠ ᠵᠡᠷᠭᠡ ᠭᠠᠵᠠᠷ ᠲᠤ᠌ ᠪᠤᠷᠤᠯᠠᠭᠤᠯᠵᠤ᠂ ᠵᠢᠯ ᠤ᠋ᠨ 15 ᠲᠦᠮᠡᠨ ᠲᠦᠬᠦᠷᠢᠭ ᠤ᠋ᠨ ᠤᠷᠤᠯᠭ᠎ᠠ ᠤᠯᠵᠤ ᠪᠠᠢᠨ᠎ᠠ》 ᠭᠡᠵᠤ ᠬᠠᠰᠲᠠᠨ᠎ᠠ ᠪᠢᠳᠡᠨ ᠳ᠋ᠤ ᠴᠠᠢ ᠠᠶᠠᠭᠠᠯᠠᠬᠤ ᠢ᠋ᠢᠨ ᠵᠠᠭᠤᠷ᠎ᠠ ᠲᠠᠨᠢᠯᠴᠠᠭᠤᠯᠤᠨ᠎ᠠ᠃

ᠶᠡᠬᠡ ᠰᠤᠷᠭᠠᠭᠤᠯᠢ ᠡᠴᠡ ᠪᠡᠨ ᠲᠡᠭᠦᠰᠤᠬᠡᠳ ᠨᠤᠲᠤᠭ ᠲᠠᠭᠠᠨ ᠪᠤᠴᠠᠭᠰᠠᠨ ᠬᠠᠰᠲᠠᠨ᠎ᠠ ᠮᠠᠯ ᠠᠵᠤ ᠠᠬᠤᠢ ᠵᠢᠨ ᠦᠢᠯᠡᠳᠪᠦᠷᠢᠯᠡᠯ ᠡᠵᠡᠡᠭᠨᠡᠯᠲᠡ ᠢ᠋ᠢᠨ ᠠᠷᠭ᠎ᠠ ᠬᠡᠯᠪᠡᠷᠢ ᠪᠡᠨ ᠬᠤᠪᠢᠷᠠᠭᠤᠯᠵᠤ ᠠᠰᠢᠭ ᠤᠷᠤᠯᠭ᠎ᠠ ᠪᠡᠨ ᠨᠡᠮᠡᠭᠳᠡᠭᠦᠯᠬᠦ ᠲᠠᠯ᠎ᠠ ᠪᠡᠷ ᠬᠠᠢᠨ ᠰᠦᠪᠡᠭᠴᠢᠯᠡᠯᠲᠡ ᠬᠢᠭᠰᠡᠭᠡᠷ ᠢᠷᠡᠵᠡᠢ᠃ ᠲᠡᠷᠡ ᠪᠡᠷ ᠤᠷᠢᠳ ᠬᠤᠵᠢᠳ ᠠᠯᠲᠠᠢ ᠮᠠᠡᠭᠬ᠎ᠠ ᠭᠡᠷ ᠪᠦᠯᠢ ᠢ᠋ᠢᠨ ᠮᠠᠯᠵᠢᠯ ᠤ᠋ᠨ ᠲᠠᠯᠠᠪᠠᠢ ᠪᠤᠯᠤᠨ ᠰᠦᠨ ᠰᠠᠴᠤᠯᠢ ᠴᠠᠭᠠᠨ ᠢᠳᠡᠭᠡᠨ ᠤ᠋ ᠲᠤᠰᠬᠠᠢ ᠬᠤᠷᠰᠢᠶ᠎ᠠ ᠢ᠋ᠢ ᠰᠠᠨᠠᠭᠠᠴᠢᠯᠠᠨ ᠪᠠᠢᠭᠤᠯᠵᠤ᠂ ᠠᠯᠲᠠᠢ ᠮᠠᠡᠭᠬ᠎ᠠ ᠭᠡᠷ ᠪᠦᠯᠢ ᠢ᠋ᠢᠨ ᠮᠠᠯᠵᠢᠯ ᠤ᠋ᠨ ᠲᠠᠯᠠᠪᠠᠢ ᠳ᠋ᠠᠭᠠᠨ 100 ᠭᠠᠷᠤᠢ ᠰᠢᠮᠸᠨ᠋ᠳ᠋ᠠᠷ ᠦᠬᠡᠷ ᠲᠡᠵᠢᠭᠡᠨ ᠴᠠᠭᠠᠨ ᠢᠳᠡᠭᠡᠨ ᠪᠤᠯᠪᠠᠰᠤᠷᠠᠭᠤᠯᠵᠤ᠂ ᠰᠦᠨ ᠰᠠᠴᠤᠯᠢ ᠴᠠᠭᠠᠨ ᠢᠳᠡᠭᠡᠨ ᠤ᠋ ᠲᠤᠰᠬᠠᠢ ᠬᠤᠷᠰᠢᠶ᠎ᠠ ᠳ᠋ᠠᠭᠠᠨ 645 ᠰᠦ ᠮᠢᠬᠠᠨ ᠤ᠋ ᠬᠤᠤᠰ ᠬᠡᠷᠡᠭᠴᠡᠭᠡᠲᠤ ᠦᠭᠡᠷ᠂ 127 ᠰᠠᠭᠠᠯᠢ ᠢ᠋ᠢᠨ ᠦᠨᠢᠶ᠎ᠠ ᠪᠤᠯᠤᠨ 58 ᠠᠳᠤᠭᠤ ᠲᠡᠵᠢᠭᠡᠵᠤ᠂ ᠡᠳᠦᠷ ᠲᠤᠮᠳᠠᠴᠢ ᠪᠡᠷ 3000 ᠭᠠᠷᠤᠢ ᠵᠢᠡᠭ ᠰᠦ ᠰᠠᠭᠠᠵᠤ᠂ ᠴᠠᠭᠠᠨ ᠢᠳᠡᠭᠡᠨ ᠤ᠋ ᠵᠢᠯ ᠤ᠋ᠨ ᠶᠡᠷᠦᠡᠭᠬᠡᠢ ᠤᠷᠤᠯᠭ᠎ᠠ ᠨᠢ 100 ᠲᠦᠮᠡᠨ ᠲᠦᠬᠦᠷᠢᠭ ᠢ᠋ ᠳᠡᠪᠠᠵᠤ ᠪᠠᠢᠨ᠎ᠠ᠃

ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠶᠠᠪᠤᠴᠠ ᠳ᠋ᠤ ᠮᠠᠯ ᠠᠵᠤ ᠠᠬᠤᠢ ᠢ᠋ᠢᠨ ᠦᠶ᠋ᠯᠡᠳᠪᠦᠷᠢᠯᠡᠯ ᠤ᠋ᠨ ᠪᠦᠲᠦᠴᠡ ᠪᠡᠨ ᠬᠡᠷᠬᠢᠨ ᠰᠢᠯᠢᠳᠡᠭᠵᠢᠭᠦᠯᠬᠦ᠂ ᠡᠵᠡᠩᠨᠡᠯᠲᠡ ᠬᠠᠮᠢᠶᠠᠷᠤᠯᠲᠠ ᠢ᠋ᠢᠨ ᠴᠢᠳᠠᠪᠤᠷᠢ ᠪᠡᠨ ᠬᠡᠷᠬᠢᠨ ᠳᠡᠭᠡᠭ᠌ᠰᠢᠯᠡᠭᠦᠯᠬᠦ᠂ ᠠᠱᠢᠭ ᠤᠷᠤᠯᠭ᠎ᠠ ᠤᠯᠬᠤ ᠴᠢᠳᠠᠪᠤᠷᠢ ᠪᠡᠨ ᠬᠡᠷᠬᠢᠨ ᠨᠡᠮᠡᠭ᠌ᠳᠡᠭᠦᠯᠬᠦ ᠪᠤᠯ ᠮᠠᠯᠴᠢᠨ ᠲᠦᠮᠡᠨ ᠳ᠋ᠤ ᠳᠤᠯᠭᠠᠷᠠᠵᠤ ᠪᠠᠢᠭ᠎ᠠ ᠪᠤᠳᠠᠳᠠᠢ ᠠᠰᠠᠭᠤᠳᠠᠯ ᠶᠤᠮ᠃ ᠡᠨᠡ ᠲᠤᠬᠠᠢ ᠠᠷᠤ ᠬᠤᠷᠴᠢᠨ ᠬᠤᠰᠢᠭᠤ ᠠᠷᠭ᠎ᠠ ᠪᠦᠬᠦᠨ ᠢ᠋ ᠰᠦᠪᠡᠭᠴᠢᠯᠡᠵᠤ ᠪᠠᠢᠭ᠎ᠠ ᠠᠵᠢ᠃ 《ᠮᠠᠨ ᠤ᠋ ᠬᠤᠰᠢᠭᠤ ᠡᠭᠦᠯᠳᠡᠷ ᠰᠣᠩᠭᠣᠵᠤ ᠬᠡᠬᠡᠯᠳᠦᠭᠦᠯᠭᠡ ᠬᠢᠬᠦ ᠡᠴᠡ ᠠᠷᠠᠴᠢᠯᠠᠨ ᠲᠡᠵᠢᠭᠡᠵᠤ ᠬᠡᠮ ᠬᠢᠵᠢᠭ ᠢ᠋ ᠰᠡᠷᠭᠡᠢᠯᠡᠨ ᠡᠵᠡᠮᠳᠡᠬᠦ᠌ ᠬᠦᠷᠲᠡᠯᠡᠬᠢ ᠮᠠᠯ ᠠᠵᠤ ᠠᠬᠤᠶ ᠢ᠋ᠢᠨ ᠲᠡᠵᠢᠭᠡᠨ ᠦᠷᠡᠵᠢᠭᠦᠯᠬᠦ᠌ ᠮᠡᠷᠭᠡᠵᠢᠯ ᠢ᠋ ᠮᠠᠯᠵᠢᠯ ᠤ᠋ᠨ ᠬᠤᠲᠠ ᠳ᠋ᠤ ᠬᠦᠷᠭᠡᠵᠤ᠂ ᠰᠢᠨᠵᠢᠯᠡᠬᠦ ᠤᠬᠠᠭᠠᠠ ᠲᠸᠭᠨᠢᠭ ᠮᠡᠷᠭᠡᠵᠢᠯ ᠤ᠋ᠨ ᠵᠢᠯᠤᠭᠤᠳᠤᠯᠭ᠎ᠠ ᠬᠠᠡᠭᠭᠠᠨ᠂ ᠮᠠᠯᠴᠢᠳ ᠤ᠋ᠨ ᠦᠢᠯᠡᠳᠪᠤᠷᠢᠯᠡᠯ ᠡᠵᠡᠩᠨᠡᠯᠳᠡ ᠵᠢᠨ ᠬᠡᠯᠪᠡᠷᠢ ᠪᠡᠨ ᠬᠤᠪᠢᠷᠠᠭᠤᠯᠤᠨ ᠠᠰᠢᠭ ᠤᠷᠤᠯᠭ᠎ᠠ ᠪᠡᠨ ᠨᠡᠮᠡᠭᠳᠡᠭᠦᠯᠬᠦ ᠢ᠋ᠢ ᠠᠬᠢᠭᠤᠯᠵᠤ ᠪᠤᠢ》 ᠭᠡᠵᠤ ᠠᠷᠤ ᠬᠤᠷᠴᠢᠨ ᠬᠤᠰᠢᠭᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠤᠪᠴᠢᠶ᠎ᠠ ᠢ᠋ᠢᠨ ᠠᠵᠢᠯᠲᠠᠨ ᠭᠡᠷᠡᠯᠴᠢᠮᠡᠭ ᠶᠠᠷᠢᠯ᠎ᠠ᠃

ᠬᠡᠷᠡᠭ᠌ᠯᠡᠭᠡᠨ ᠤ᠋ ᠮᠡᠷᠭᠡᠵᠢᠯ ᠴᠢᠳᠠᠪᠤᠷᠢ ᠢ᠋ᠢᠨ ᠪᠤᠯᠪᠠᠰᠤᠷᠠᠯ ᠮᠠᠯᠴᠢᠳ ᠤ᠋ᠨ ᠡᠵᠡᠡᠭᠨᠡᠯᠲᠡ ᠢ᠋ᠢᠨ ᠬᠡᠯᠪᠡᠷᠢ ᠪᠠᠨ ᠬᠤᠪᠢᠷᠠᠭᠤᠯᠬᠤ ᠳ᠋ᠤ ᠪᠠᠲᠤ ᠴᠢᠡᠭᠭ᠎ᠠ ᠲᠤᠯᠭᠠᠭᠤᠷᠢᠯᠠᠯ ᠬᠠᠡᠭᠭᠠᠳᠠᠭ᠃ ᠬᠠᠰᠲᠠᠨ᠎ᠠ ᠪᠤᠯ ᠮᠡᠷᠭᠡᠵᠢᠯ ᠴᠢᠳᠠᠪᠤᠷᠢ ᠢ᠋ᠢᠨ ᠪᠤᠯᠪᠠᠰᠤᠷᠠᠯ ᠡᠴᠡ ᠠᠰᠢᠭ ᠬᠦᠷᠲᠡᠭᠴᠢ ᠶᠤᠮ᠃ ᠲᠡᠷᠡ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠡᠷᠬᠢᠯᠡᠭᠰᠡᠨ ᠬᠦᠳᠡᠭᠡ ᠲᠤᠰᠬᠤᠨ ᠤ᠋ ᠠᠵᠤ ᠦᠢᠯᠡᠰ ᠤ᠋ᠨ ᠬᠦᠭᠵᠢᠬᠦᠯᠤᠯᠲᠡ ᠢ᠋ᠢᠨ 《ᠬᠤᠰᠢᠭᠤᠴᠢ》 ᠵᠢ ᠬᠦᠮᠦᠵᠢᠭᠦᠯᠬᠦ ᠲᠦᠷᠦᠯ ᠵᠦᠢᠯ ᠤ᠋ᠨ ᠪᠤᠯᠪᠠᠰᠤᠷᠠᠯ ᠳ᠋ᠤ ᠤᠷᠤᠯᠴᠠᠨ ᠬᠠᠷᠠᠭ᠎ᠠ ᠪᠠᠨ ᠳᠠᠯᠠᠵᠦ᠂ ᠬᠦᠭᠵᠢᠭᠰᠡᠨ ᠭᠠᠵᠠᠷ ᠤᠷᠤᠨ ᠳ᠋ᠤ ᠬᠦᠷᠴᠦ ᠵᠠᠬ᠎ᠠ ᠳᠡᠯᠭᠡᠬᠦᠷ ᠤ᠋ᠨ ᠠᠵᠦ ᠠᠬᠤᠢ ᠵᠢᠨ ᠳᠤᠬᠠᠢ ᠳᠠᠨᠢᠯᠳᠠ ᠪᠠᠨ ᠳᠡᠭᠡᠭᠰᠢᠯᠡᠬᠦᠯᠦᠭᠰᠡᠨ ᠮᠦᠷᠳᠡᠭᠡᠨ ᠮᠠᠯ ᠠᠵᠦ ᠠᠬᠤᠢ ᠵᠢᠨ ᠤᠨᠴᠠᠯᠢᠭ ᠲᠸ᠋ ᠨᠡᠢᠴᠡᠭᠰᠡᠨ᠂ ᠨᠤᠳᠤᠭ ᠤᠷᠤᠨ ᠤ᠋ ᠪᠠᠨ ᠪᠤᠳᠠᠳᠤ ᠪᠠᠢᠳᠠᠯ ᠳ᠋ᠤ ᠳᠤᠬᠢᠷᠠᠭᠰᠠᠨ ᠡᠵᠡᠩᠨᠠᠯᠳᠠ ᠵᠢᠨ ᠠᠷᠭ᠎ᠠ ᠤᠬᠠᠭᠠᠨ ᠢ᠋ ᠰᠤᠪᠢᠨ ᠰᠦᠪᠡᠭᠴᠢᠯᠡᠵᠦ ᠢᠷᠡᠭᠰᠡᠨ ᠵᠢᠡᠷ ᠠᠷᠤ ᠬᠤᠷᠴᠢᠨ ᠬᠤᠰᠢᠭᠤᠨ ᠤ᠋ ᠦᠨᠳᠦᠰᠤᠨ ᠱᠠᠲᠤᠨ ᠤ᠋ ᠮᠠᠯ ᠠᠵᠤ ᠠᠬᠤᠢ ᠲᠠᠷᠢᠶᠠᠯᠠᠡᠭ ᠤ᠋ᠨ ᠮᠡᠷᠭᠡᠵᠢᠯ ᠤ᠋ᠨ ᠳᠡᠯᠭᠡᠷᠡᠭᠦᠯᠦᠯᠲᠡ ᠪᠤᠯᠤᠨ ᠨᠦᠬᠦᠪᠦᠷᠢ ᠤᠯᠭᠤᠬᠤ ᠲᠦᠷᠦᠯ ᠵᠦᠢᠯ ᠤ᠋ᠨ ᠤᠨᠴᠠ ᠤᠷᠢᠭᠰᠠᠨ ᠮᠡᠷᠭᠡᠵᠢᠯᠲᠡᠨ ᠪᠤᠯᠵᠤ᠂ ᠨᠤᠲᠤᠭ ᠲᠠᠭᠠᠨ ᠪᠤᠴᠠᠭᠰᠠᠨ ᠤᠶᠤᠲᠠᠳ ᠢ᠋ ᠳᠠᠭᠠᠭᠤᠯᠤᠨ ᠲᠤᠰᠬᠠᠢ ᠬᠤᠷᠰᠢᠶ᠎ᠠ ᠪᠠᠢᠭᠤᠯᠵᠤ᠂ ᠤᠳᠤᠬᠢᠴᠢᠯᠠᠬᠰᠠᠨ ᠮᠠᠯ ᠠᠵᠤ ᠠᠬᠤᠢ ᠢ᠋ᠢᠨ ᠵᠠᠮ ᠢ᠋ᠢᠡᠷ ᠵᠢᠯᠤᠭᠤ ᠰᠤᠡᠭᠭᠠᠨ ᠤᠷᠤᠭᠰᠢᠯᠠᠵᠤ ᠪᠠᠢᠨ᠎ᠠ᠃


QQ20251124-095008.png


ᠤᠢᠷ᠎ᠠ ᠢ᠋ᠢᠨ ᠬᠤᠶᠠᠷ ᠵᠢᠯ ᠳ᠋ᠤ ᠪᠠᠷᠠᠭᠤᠨ ᠦᠵᠦᠮᠦᠴᠢᠨ ᠬᠣᠱᠢᠭᠤ ᠬᠡᠷᠡᠭ᠌ᠯᠡᠭᠡᠨ ᠤ᠋ ᠮᠡᠷᠭᠡᠵᠢᠯ ᠴᠢᠳᠠᠪᠤᠷᠢ ᠢ᠋ᠢᠨ ᠪᠣᠯᠪᠠᠰᠤᠷᠠᠯ ᠢ᠋ ᠴᠢᠡᠭᠭᠠᠳᠬᠠᠵᠤ᠂ ᠮᠠᠯᠴᠢᠳ ᠤ᠋ᠨ ᠨᠠᠰᠤ ᠵᠢᠯ᠂ ᠮᠠᠯᠵᠢᠯ ᠤ᠋ᠨ ᠬᠡᠪᠴᠢᠶ᠎ᠡ ᠢ᠋ᠢ ᠦᠨᠳᠦᠰᠦᠯᠡᠨ 《ᠱᠠᠲᠤ ᠲᠥᠷᠥᠯ ᠬᠤᠪᠢᠶᠠᠨ》 ᠪᠣᠯᠪᠠᠰᠤᠷᠠᠯ ᠬᠦᠷᠲᠡᠭᠡᠵᠤ᠂ ᠵᠠᠯᠠᠭᠤ ᠮᠠᠯᠴᠢᠳ ᠲᠤ᠌ ᠡᠯᠧᠺᠲ᠋ᠷᠣᠨ ᠬᠤᠳᠠᠯᠳᠤᠭ᠎ᠠ ᠡᠵᠡᠩᠨᠡᠬᠦ᠂ ᠣᠶᠤᠨᠴᠢ ᠪᠡᠷ ᠲᠡᠵᠢᠭᠡᠨ ᠦᠷᠡᠵᠢᠭᠦᠯᠬᠦ᠌᠂ ᠠᠶᠠᠯᠠᠯ ᠵᠢᠭᠤᠯᠴᠢᠯᠡᠯ ᠳ᠋ᠤ ᠦᠢᠯᠡᠴᠢᠯᠡᠬᠦ ᠵᠡᠷᠭᠡ ᠪᠣᠯᠪᠠᠰᠤᠷᠠᠯ ᠢ᠋ ᠭᠤᠤᠯᠳᠠᠯᠭ᠎ᠠ ᠲᠠᠢ ᠬᠦᠷᠲᠡᠭᠡᠵᠤ᠂ ᠢᠳᠡᠷ ᠨᠠᠰᠤᠨ ᠤ᠋ ᠮᠠᠯᠴᠢᠳ ᠲᠤ᠌ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌᠂ ᠮᠠᠯ ᠤ᠋ᠨ ᠬᠡᠮ ᠬᠢᠵᠢᠭ ᠢ᠋ ᠰᠡᠷᠭᠡᠢᠯᠡᠨ ᠡᠵᠡᠮᠳᠡᠬᠦ ᠵᠡᠷᠭᠡ ᠬᠡᠷᠡᠭ᠌ᠯᠡᠭᠡᠨ ᠤ᠋ ᠮᠡᠷᠭᠡᠵᠢᠯ ᠢ᠋ ᠭᠣᠣᠯᠴᠢᠯᠠᠨ ᠬᠦᠷᠲᠡᠬᠡᠭᠰᠡᠨ ᠠᠵᠢ᠃

《ᠡᠨᠡ ᠵᠢᠯ ᠮᠠᠨ ᠤ᠋ ᠰᠤᠮᠤ ᠵᠢᠨ ᠮᠠᠯᠴᠢᠳ ᠭᠠᠷ ᠤᠷᠠᠯᠠᠯ ᠤ᠋ᠨ ᠪᠦᠲᠦᠭᠡᠭᠳᠡᠭᠦᠨ᠂ ᠬᠤᠭᠤᠯᠠ ᠵᠠᠭᠤᠰᠢ ᠪᠡᠨ ᠵᠢᠭᠤᠯᠴᠢᠯᠡᠯ ᠤ᠋ᠨ ᠵᠠᠮ ᠱᠤᠭᠤᠮ ᠳᠠᠭᠠᠤ ᠠᠪᠠᠴᠢᠵᠤ ᠪᠤᠷᠤᠯᠠᠭᠤᠯᠤᠭᠠᠳ ᠠᠰᠢᠭ ᠤᠷᠤᠯᠭ᠎ᠠ ᠨᠡᠯᠢᠶᠡᠳ ᠰᠠᠢᠨ ᠪᠠᠢᠨ᠎ᠠ》 ᠭᠡᠵᠤ ᠪᠠᠷᠠᠭᠤᠨ ᠦᠵᠦᠮᠦᠴᠢᠨ ᠬᠤᠰᠢᠭᠤᠨ ᠤ᠋ ᠪᠠᠶᠠᠨᠬᠤᠰᠢᠭᠤ ᠰᠤᠮᠤᠨ᠎ᠤ ᠳᠠᠷᠤᠭ᠎ᠠ ᠴᠡᠡᠭᠭᠡᠯᠲᠤ ᠤᠷᠮᠠᠲᠠᠢ ᠶᠠᠷᠢᠵᠤ ᠪᠠᠢᠯ᠎ᠠ᠃

ᠪᠠᠷᠠᠭᠤᠨ ᠦᠵᠦᠮᠦᠴᠢᠨ ᠬᠤᠰᠢᠭᠤ ᠲᠠᠢ ᠠᠳᠠᠯᠢ ᠪᠡᠷ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠴᠤ᠌ ᠤᠷᠤᠨ ᠨᠤᠲᠤᠭ ᠤ᠋ᠨ ᠪᠤᠳᠠᠳᠤ ᠪᠠᠢᠳᠠᠯ ᠳ᠋ᠠᠭᠠᠨ ᠵᠤᠬᠢᠴᠠᠭᠤᠯᠤᠨ ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠵᠤ ᠲᠡᠰ ᠲᠡᠪᠰᠢᠬᠦᠯᠬᠦ ᠵᠢ ᠡᠷᠴᠢᠮᠲᠠᠢ ᠠᠬᠢᠭᠤᠯᠵᠤ᠂ ᠬᠠᠱᠢᠶᠠᠯᠠᠨ ᠲᠡᠵᠢᠭᠡᠬᠦ᠂ ᠡᠭᠦᠯᠳᠡᠷ ᠰᠠᠢᠵᠢᠷᠠᠭᠤᠯᠬᠤ᠂ ᠡᠪᠡᠰᠦ ᠳᠠᠷᠢᠵᠤ ᠪᠤᠷᠳᠤᠭ᠎ᠠ ᠨᠦᠬᠡᠴᠡᠯᠡᠬᠦ᠂ ᠮᠠᠯ ᠤ᠋ᠨ ᠠᠱᠢᠭ ᠱᠢᠮ᠎ᠡ ᠢ᠋ᠢ ᠪᠤᠯᠪᠠᠰᠤᠷᠠᠭᠤᠯᠬᠤ᠂ ᠵᠢᠭᠤᠯᠴᠢᠯᠡᠯ ᠤ᠋ᠨ ᠦᠢᠯᠡᠰ ᠡᠷᠬᠢᠯᠡᠬᠦ ᠵᠡᠷᠭᠡ ᠬᠦᠷᠢᠶᠠᠨ ᠳ᠋ᠤ ᠬᠡᠷᠡᠭ᠌ᠯᠡᠭᠡᠨ ᠤ᠋ ᠮᠡᠷᠭᠡᠵᠢᠯ ᠴᠢᠳᠠᠪᠤᠷᠢ ᠢ᠋ᠢᠨ ᠪᠣᠯᠪᠠᠰᠤᠷᠠᠯ ᠥᠷᠨᠢᠭᠦᠯᠵᠤ᠂ ᠮᠠᠯᠴᠢᠳ ᠤ᠋ᠨ ᠦᠶ᠋ᠯᠡᠳᠪᠦᠷᠢᠯᠡᠯ ᠤ᠋ᠨ ᠦᠷ᠎ᠡ ᠪᠦᠲᠦᠮᠵᠢ ᠢ᠋ᠢ ᠶᠡᠬᠡᠬᠡᠨ ᠳᠡᠭᠡᠭ᠌ᠰᠢᠯᠡᠭᠦᠯᠪᠠ᠃

《ᠮᠠᠨ ᠤ᠋ ᠬᠢ ᠭᠤᠴᠢᠭᠠᠳ ᠦᠭᠡᠷ ᠮᠠᠯᠵᠢᠬᠤ ᠢ᠋ᠢᠨ ᠳᠠᠭᠠᠤ ᠡᠭᠦᠳᠡᠨ ᠬᠠᠰᠢᠶ᠎ᠠ ᠪᠡᠨ ᠵᠢᠯ ᠤ᠋ᠨ 5 ᠲᠦᠮᠡᠨ ᠲᠦᠬᠦᠷᠢᠭ ᠢ᠋ᠢᠡᠷ ᠭᠠᠳᠠᠭᠰᠢ ᠲᠦᠷᠢᠶᠡᠰᠦᠯᠡᠭᠦᠯᠵᠤ ᠪᠤᠢ᠂ ᠵᠤᠨ ᠨᠠᠮᠤᠷ ᠪᠤᠯᠪᠠᠯ ᠡᠨᠳᠡ ᠵᠢᠭᠤᠯᠴᠢᠯᠠᠭᠰᠠᠳ ᠲᠤ᠌ ᠵᠤᠷᠢᠭᠤᠯᠤᠭᠰᠠᠨ ᠬᠤᠨᠤᠭ ᠪᠠᠭᠤᠳᠠᠯ ᠬᠤᠭᠤᠯᠠᠨ ᠭᠡᠷ ᠡᠷᠬᠢᠯᠡᠳᠡᠭ ᠶᠤᠮ》 ᠭᠡᠵᠤ ᠴᠠᠬᠠᠷ ᠪᠠᠷᠠᠭᠤᠨ ᠭᠠᠷᠤᠨ ᠬᠤᠢᠳᠤ ᠬᠤᠰᠢᠭᠤᠨ ᠤ᠋ ᠪᠠᠶᠠᠨᠴᠠᠭᠠᠨ ᠪᠠᠯᠭᠠᠰᠤ ᠵᠢᠨ ᠨᠡᠷᠡᠨᠭᠡᠷᠡᠯ ᠭᠠᠴᠠᠭᠠᠨ ᠤ᠋ ᠮᠠᠯᠴᠢᠨ ᠨᠠᠰᠤᠨᠪᠠᠲᠤ ᠬᠠᠰᠢᠶᠠᠨ ᠳ᠋ᠡᠬᠢ ᠪᠦᠮᠪᠦᠭᠡᠷ ᠰᠢᠯ ᠭᠡᠷ ᠤ᠋ᠳ ᠵᠢᠡᠨ  ᠵᠢᠭᠠᠨ ᠲᠠᠨᠢᠯᠴᠠᠭᠤᠯᠤᠯ᠎ᠠ᠃ ᠴᠠᠬᠠᠷ ᠪᠠᠷᠠᠭᠤᠨ ᠭᠠᠷᠤᠨ ᠬᠤᠢᠳᠤ ᠬᠤᠰᠢᠭᠤᠨ ᠤ᠋ ᠪᠠᠶᠠᠨᠴᠠᠭᠠᠨ ᠪᠠᠯᠭᠠᠰᠤ ᠵᠢᠨ ᠨᠡᠷᠡᠨᠭᠡᠷᠡᠯ ᠭᠠᠴᠠᠭᠠᠨ ᠤ᠋ ᠮᠠᠯᠴᠢᠤᠨ ᠤᠯᠠᠭᠠᠨᠬᠠᠳᠠ ᠭᠠᠯᠲᠤ ᠠᠭᠤᠯᠠ ᠢ᠋ᠢᠨ ᠵᠢᠭᠤᠯᠴᠢᠯᠡᠯ ᠤ᠋ᠨ ᠦᠵᠡᠮᠵᠢ ᠢ᠋ᠢᠨ ᠤᠷᠤᠨ ᠤ᠋ ᠡᠬᠢ ᠪᠠᠶᠠᠯᠢᠭ ᠲᠠᠭᠠᠨ ᠲᠦᠰᠢᠭᠯᠡᠨ 《ᠮᠠᠯ ᠠᠵᠤ ᠠᠬᠤᠢ + ᠵᠢᠭᠤᠯᠴᠢᠯᠠᠯ》 ᠤ᠋ᠨ ᠠᠷᠭ᠎ᠠ ᠬᠡᠯᠪᠡᠷᠢ ᠢ᠋ᠢ ᠬᠡᠷᠡᠭᠵᠢᠬᠦᠯᠵᠤ ᠠᠰᠢᠭ ᠤᠷᠤᠯᠭ᠎ᠠ ᠪᠡᠨ ᠨᠡᠮᠡᠭᠳᠡᠭᠦᠯᠵᠤ ᠪᠠᠢᠭ᠎ᠠ ᠨᠢ ᠡᠨᠡ ᠪᠢᠯᠡ᠃

ᠵᠠᠩᠬᠢᠯᠠᠭ᠎ᠠ ᠵᠢᠨ ᠦᠬᠡ᠄ ᠰᠢᠨᠡᠴᠢᠯᠡᠭᠰᠡᠨ ᠡᠵᠡᠩᠨᠡᠯᠳᠡ

ᠰᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠤᠰᠢᠭᠤᠨ ᠤ᠋ ᠬᠤᠭᠤᠯᠠᠲᠤ ᠢ᠋ᠢᠨ ᠭᠤᠤᠯ ᠪᠠᠯᠭᠠᠰᠤ ᠵᠢᠨ ᠪᠠᠶᠠᠨᠪᠤᠯᠠᠭ ᠭᠠᠴᠠᠭᠠᠨ ᠤ᠋ ᠪᠠᠯᠠᠮᠤ ᠪᠤᠯ ᠡᠵᠡᠡᠭᠨᠡᠯᠲᠡ ᠢ᠋ᠢᠨ ᠠᠷᠭ᠎ᠠ ᠪᠠᠷᠢᠯ ᠪᠤᠯᠤᠨ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠪᠡᠨ ᠬᠤᠪᠢᠷᠠᠭᠤᠯᠵᠤ᠂ ᠵᠠᠬ᠎ᠠ ᠲᠠᠯᠬᠡᠬᠦᠷ ᠵᠢᠡᠷ ᠲᠠᠮᠵᠢᠨ ᠠᠰᠢᠭ ᠤᠷᠤᠯᠭ᠎ᠠ ᠪᠡᠨ ᠨᠡᠮᠡᠭᠳᠡᠭᠦᠯᠵᠤ ᠶᠠᠪᠤᠭ᠎ᠠ ᠬᠤᠯᠠ ᠢ᠋ᠢᠨ ᠬᠠᠷᠠᠴᠠ ᠲᠠᠢ ᠬᠤᠷᠴᠠ ᠤᠬᠠᠭᠠᠨ ᠲᠠᠢ ᠮᠠᠯᠴᠢᠨ ᠪᠦᠰᠡᠭᠦᠢ ᠶᠤᠮ᠃

ᠪᠠᠯᠠᠮᠤ ᠪᠠᠯᠭᠠᠷᠭᠤᠤᠯ ᠪᠠᠯᠭᠠᠰᠤ ᠵᠢᠨ ᠮᠠᠯᠴᠢᠳ ᠤ᠋ᠨ ᠵᠡᠭᠡᠯᠢ ᠳ᠋ᠤ 《ᠳᠠᠯᠠᠯᠭ᠎ᠠ ᠮᠢᠬᠠᠨ ᠤ᠋ ᠦᠢᠯᠡᠰ》 ᠤ᠋ᠨ ᠳᠡᠯᠭᠡᠭᠦᠷ ᠡᠷᠬᠢᠯᠡᠵᠤ᠂ ᠵᠢᠯ ᠳ᠋ᠤ 20 ᠭᠠᠷᠤᠢ ᠦᠭᠡᠷ᠂ 70 ᠭᠠᠷᠤᠢ ᠬᠤᠨᠢ ᠡᠳ᠋ᠰᠢᠭᠦᠯᠦᠨ ᠪᠤᠷᠤᠯᠠᠭᠤᠯᠵᠤ᠂ 15 ᠲᠦᠮᠡᠨ ᠲᠦᠬᠦᠷᠢᠭ ᠤ᠋ᠨ ᠮᠠᠯᠵᠢᠯ ᠤ᠋ᠨ ᠪᠤᠰᠤ ᠤᠷᠤᠯᠭ᠎ᠠ ᠡᠭᠦᠳᠴᠤ ᠶᠠᠪᠤᠭ᠎ᠠ ᠪᠦᠭᠡᠳ ᠦᠬᠡᠷ ᠤ᠋ᠨ ᠮᠢᠬᠠᠨ ᠤ᠋ ᠵᠢᠶᠠᠡᠭ᠂ ᠵᠢᠷᠦᠬᠡᠨ ᠤ᠋ ᠪᠢᠳᠡᠭᠦᠤ ᠱᠦᠯᠤ ᠵᠡᠷᠭᠡ ᠪᠦᠲᠦᠭᠡᠭᠳᠡᠭᠦᠨ ᠢ᠋ ᠰᠤᠳᠤᠯᠤᠨ ᠨᠡᠬᠡᠬᠡᠵᠤ ᠪᠤᠷᠤᠯᠠᠭᠤᠯᠤᠭᠠᠳ ᠬᠦᠮᠦᠨ ᠤᠯᠠᠨ ᠳ᠋ᠤ ᠬᠦᠷᠢᠶᠡᠯᠡᠯ ᠲᠠᠢ ᠶᠠᠪᠤᠨ᠎ᠠ᠃

《ᠪᠢ ᠵᠢᠷᠭᠢᠶ᠎ᠠ᠂ ᠴᠤᠤᠷᠢᠶ᠎ᠠ ᠵᠡᠷᠭᠡ ᠰᠦᠯᠵᠢᠶᠠᠨ ᠲᠠᠪᠴᠠᠡᠭ ᠳᠡᠭᠡᠷ᠎ᠠ ᠦᠭᠡᠷ ᠬᠤᠨᠢᠨ ᠮᠢᠬ᠎ᠠ ᠪᠤᠯᠤᠨ ᠴᠠᠭᠠᠨ ᠢᠳᠡᠭᠡᠨ ᠢ᠋ᠢᠡᠨ ᠲᠠᠨᠢᠯᠴᠠᠭᠤᠯᠤᠨ ᠪᠤᠷᠤᠯᠠᠭᠤᠯᠳᠠᠭ᠃ ᠪᠠᠰᠠ 〈ᠬᠤᠨᠢ ᠪᠠᠵᠠᠭᠠᠬᠤ + ᠭᠡᠳᠡᠰᠤ ᠴᠢᠳᠬᠤᠬᠤ + ᠮᠢᠬ᠎ᠠ ᠴᠢᠨᠠᠬᠤ〉 ᠵᠡᠷᠭᠡ ᠦᠢᠯᠡᠴᠢᠯᠡᠬᠡ ᠭᠠᠷᠭᠠᠵᠤ᠂ ᠬᠤᠲᠠ ᠢ᠋ᠢᠨ ᠠᠷᠠᠳ ᠲᠤ᠌ ᠳᠦᠬᠦᠮ ᠦᠵᠡᠭᠦᠯᠵᠤ ᠤᠷᠤᠯᠭ᠎ᠠ ᠪᠡᠨ ᠨᠡᠮᠡᠭᠳᠡᠭᠦᠯᠵᠤ ᠪᠠᠢᠨ᠎ᠠ》  ᠭᠡᠵᠤ ᠪᠡᠯᠡᠮᠤ ᠮᠤᠡᠭᠭᠤᠯ ᠭᠡᠷ ᠲᠡᠬᠡᠨ ᠲᠦᠬᠦᠬᠡᠷᠦᠭᠰᠡᠨ 3 ᠬᠤᠨᠢ ᠵᠢᠨ ᠮᠢᠬ᠎ᠠ ᠵᠢ ᠪᠠᠭᠲᠠᠭᠠᠬᠤ ᠲᠤᠮᠤ ᠲᠤᠭᠤᠭ᠎ᠠ ᠪᠠᠨ ᠵᠢᠭᠠᠵᠤ ᠶᠠᠷᠢᠨ᠎ᠠ᠃

ᠤᠢᠷ᠎ᠠ ᠢ᠋ᠢᠨ ᠬᠤᠶᠠᠷ ᠵᠢᠯ ᠳ᠋ᠤ ᠡᠯ᠎ᠠ ᠭᠠᠵᠠᠷ ᠤ᠋ᠨ ᠮᠠᠯᠴᠢᠳ ᠮᠠᠨᠢ ᠲᠦᠷᠦ ᠢ᠋ᠢᠨ ᠪᠤᠳᠤᠯᠭ᠎ᠠ ᠪᠠ ᠵᠠᠬ᠎ᠠ ᠳᠡᠯᠭᠡᠭᠦᠷ ᠢ᠋ᠢᠡᠷ ᠤᠳᠤᠷᠢᠳᠤᠮᠵᠢ ᠪᠤᠯᠭᠠᠨ ᠮᠠᠯ ᠰᠦᠷᠦᠭ ᠤ᠋ᠨ ᠪᠦᠲᠦᠴᠡ ᠳ᠋ᠡᠭᠡᠨ ᠲᠣᠬᠢᠷᠠᠭᠤᠯᠤᠯᠲᠠ ᠬᠢᠵᠦ᠍᠂ ᠵᠠᠬ᠎ᠠ ᠳᠡᠯᠭᠡᠭᠦᠷ ᠤ᠋ᠨ ᠠᠵᠤ ᠠᠬᠤᠶ ᠢ᠋ᠢᠨ ᠦᠵᠡᠯᠲᠡ ᠲᠠᠨᠢᠯᠲᠠ ᠨᠢ ᠲᠠᠬᠡᠭᠰᠢᠯᠡᠨ᠂ ᠮᠠᠯ ᠤ᠋ᠨ ᠠᠱᠢᠭ ᠱᠢᠮ᠎ᠡ ᠢ᠋ᠢᠨ ᠶᠠᠰᠤ ᠴᠢᠨᠠᠷ᠂ ᠲᠦᠷᠦᠯ ᠲᠡᠮᠳᠡᠭ ᠤ᠋ᠨ ᠪᠠᠢᠭᠤᠯᠤᠯᠲᠠ᠂ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠢ᠋ᠢ ᠤᠯᠠᠮ ᠠᠡᠭᠬᠠᠷᠬᠤ ᠪᠤᠯᠵᠤ᠂ ᠬᠤᠭᠤᠯᠠᠨ ᠭᠡᠷ᠂ ᠬᠤᠨᠤᠭ ᠪᠠᠭᠤᠳᠠᠯ᠂ ᠮᠢᠬᠠᠨ ᠤ᠋ ᠦᠢᠯᠡᠰ᠂ ᠮᠠᠯᠴᠢᠨ ᠠᠢᠯ ᠤ᠋ᠨ ᠵᠢᠭᠤᠯᠴᠢᠯᠠᠯ ᠵᠡᠷᠭᠡ ᠵᠢ ᠬᠥᠭ᠌ᠵᠢᠭᠦᠯᠵᠦ᠍᠂ ᠴᠢᠨᠠᠭᠰᠢᠯᠠᠪᠠᠯ ᠦᠢᠯᠡᠳᠪᠤᠷᠢ ᠺᠤᠮᠫᠠᠨᠢ ᠪᠠᠢᠭᠤᠯᠤᠨ ᠮᠠᠯᠵᠢᠬᠤ ᠡᠷᠦᠬᠡ ᠵᠢᠨ ᠬᠡᠷ ᠪᠦᠯᠢ ᠵᠢᠨ ᠵᠢᠵᠢᠭ ᠡᠵᠡᠩᠨᠡᠯᠳᠡ ᠵᠢ ᠰᠢᠭᠤᠳ ᠲᠤᠮᠤ ᠵᠠᠬ᠎ᠠ ᠲᠠᠯᠬᠡᠬᠦᠷ ᠲᠠᠢ ᠵᠤᠯᠭᠠᠭᠤᠯᠵᠤ᠂ ᠣᠷᠣᠯᠭ᠎ᠠ ᠢ᠋ᠢᠨ ᠵᠠᠮ ᠵᠢᠡᠨ ᠦᠷᠬᠡᠳᠬᠡᠵᠤ ᠪᠠᠢᠨ᠎ᠠ᠃

ᠨᠠᠷᠠ ᠵᠢᠷᠭᠠᠬᠤ ᠢ᠋ᠢᠨ ᠠᠯᠲᠠ ᠪᠡᠷ ᠮᠠᠨ ᠤ᠋ ᠰᠤᠷᠪᠤᠯᠵᠢᠯᠠᠭ᠎ᠠ ᠢ᠋ᠢᠨ ᠳᠤᠭᠤᠢᠯᠠᠡᠭ ᠤ᠋ᠨ ᠬᠢᠨ ᠮᠠᠯᠴᠢᠳ ᠤ᠋ᠨ ᠦᠪᠡᠰᠤᠪᠠᠨ ᠪᠠᠢᠭᠤᠯᠤᠭᠰᠠᠨ ᠪᠠᠷᠠᠭᠤᠨ ᠦᠵᠦᠮᠦᠴᠢᠨ ᠬᠤᠰᠢᠭᠤᠨ ᠤ᠋ ᠰᠤᠳᠤᠨ ᠮᠠᠯ ᠠᠵᠤ ᠠᠬᠤᠢ ᠢ᠋ᠢᠨ ᠬᠢᠵᠠᠭᠠᠷᠲᠤ ᠺᠤᠮᠫᠠᠨᠢ ᠳ᠋ᠤ ᠬᠦᠷᠴᠤ ᠪᠢᠯᠡ᠃ ᠺᠤᠮᠫᠠᠨᠢ ᠢ᠋ᠢᠨ ᠲᠤᠮᠤ ᠬᠦᠷᠢᠶᠠᠨ ᠳ᠋ᠤ ᠬᠣᠯᠢᠮᠠᠭ ᠪᠤᠷᠳᠤᠭᠠᠨ ᠤ᠋ ᠦᠢᠯᠡᠳᠪᠦᠷᠢ᠂ ᠡᠪᠡᠰᠦ ᠪᠣᠷᠳᠣᠭ᠎ᠠ ᠨᠥᠭᠡᠴᠡᠯᠡᠬᠦ᠌ ᠰᠠᠭᠤᠷᠢᠨ᠂ ᠨᠠᠢᠳᠠᠨ ᠬᠠᠮᠢᠶᠠᠷᠴᠤ ᠣᠷᠣᠯᠠᠨ ᠲᠡᠵᠢᠭᠡᠬᠦ᠌ ᠰᠠᠭᠤᠷᠢᠨ᠂ ᠮᠠᠯ ᠤᠨᠤᠭ᠎ᠠ ᠵᠢᠨ ᠡᠮᠴᠢᠯᠡᠭᠡᠨ ᠤ᠋ ᠲᠡᠰᠤᠭ ᠡᠡᠭᠨᠡᠷᠡᠨ᠂ ᠦᠢᠯᠡᠳᠪᠦᠷᠢ ᠢ᠋ᠢᠨ ᠲᠠᠰᠤᠭ ᠲᠤ᠌  ᠬᠣᠯᠢᠮᠠᠭ  ᠪᠤᠷᠳᠤᠭ᠎ᠠ  ᠡᠳ᠋ᠰᠢᠭᠦᠯᠬᠦ  ᠮᠠᠰᠢᠨ ᠬᠦᠷᠴᠢᠭᠢᠨᠡᠨ ᠠᠵᠢᠯᠯᠠᠨ᠎ᠠ᠃

《ᠰᠤᠳᠤᠨ ᠮᠠᠯ ᠠᠵᠤ ᠠᠬᠤᠢ ᠢ᠋ᠢᠨ ᠬᠢᠵᠠᠭᠠᠷᠲᠤ ᠺᠤᠮᠫᠠᠨᠢ 2024 ᠣᠨ ᠤ᠋ ᠰᠡᠭᠦᠯᠴᠢ ᠡᠴᠡ ᠬᠣᠯᠢᠮᠠᠭ ᠪᠤᠷᠳᠤᠭ᠎ᠠ ᠦᠶ᠋ᠯᠡᠳᠪᠦᠷᠢᠯᠡᠵᠦ᠍ ᠡᠳ᠋ᠱᠢᠭᠦᠯᠦᠭ᠌ᠰᠡᠨ ᠡᠴᠡ ᠨᠠᠭᠠᠰᠢ ᠬᠠᠷᠢᠶ᠎ᠠ ᠣᠷᠣᠨ ᠤ᠋ ᠪᠡᠨ ᠮᠠᠯᠴᠢᠳ ᠲᠤ᠌ ᠵᠠᠬ᠎ᠠ ᠳᠡᠯᠭᠡᠭᠦᠷ ᠤ᠋ᠨ ᠦᠨ᠎ᠡ ᠬᠠᠩᠰᠢ ᠡᠴᠡ 200 ᠲᠥᠭᠥᠷᠢᠭ ᠤ᠋ᠨ ᠬᠢᠮᠲᠠ ᠦᠨ᠎ᠡ ᠪᠡᠷ 500 ᠭᠠᠷᠤᠶ ᠲᠣᠨ ᠬᠤᠯᠢᠮᠠᠭ ᠪᠤᠷᠳᠤᠭ᠎ᠠ ᠪᠤᠷᠤᠯᠠᠭᠤᠯᠤᠭᠰᠠᠨ ᠶᠤᠮ》 ᠭᠡᠵᠤ ᠴᠡᠡᠭᠭᠡᠯᠲᠤ ᠪᠢᠳᠡᠨ ᠢ᠋ ᠲᠠᠭᠠᠭᠤᠯᠤᠨ ᠦᠢᠯᠡᠳᠪᠤᠷᠢ ᠢ᠋ᠢᠨ ᠲᠠᠰᠤᠭ ᠵᠦᠭ ᠠᠯᠬᠤᠬᠤ ᠵᠠᠭᠤᠷ᠎ᠠ ᠪᠡᠨ ᠶᠠᠷᠢᠵᠤ ᠪᠠᠢᠯ᠎ᠠ᠃

ᠮᠠᠯᠴᠢᠨ ᠲᠦᠮᠡᠨ ᠤ᠋ ᠮᠠᠯ ᠠᠵᠤ ᠠᠬᠤᠢ ᠢ᠋ᠢᠨ ᠦᠢᠯᠡᠳᠪᠦᠷᠢᠯᠡᠯ ᠤ᠋ᠨ ᠦᠪᠡᠷ ᠤ᠋ᠨ ᠦᠷᠲᠡᠭ ᠢ᠋ ᠪᠠᠭᠤᠷᠠᠭᠤᠯᠵᠤ᠂ ᠮᠠᠯ ᠤ᠋ᠨ ᠭᠠᠷᠭᠠᠯᠲᠠ ᠢ᠋ᠢ ᠠᠬᠢᠭᠤᠯᠤᠨ᠂ ᠮᠠᠯ ᠪᠡᠯᠴᠢᠭᠡᠷ ᠤ᠋ᠨ ᠲᠡᠡᠭᠴᠡᠬᠦᠷᠢ ᠢ᠋ᠢ ᠪᠠᠲᠤᠯᠠᠬᠤ ᠢ᠋ᠢᠨ ᠲᠦᠯᠦᠭᠡ᠂ ᠪᠠᠷᠠᠭᠤᠨ ᠦᠵᠦᠮᠦᠴᠢᠨ ᠬᠤᠰᠢᠭᠤᠨ ᠤ᠋ ᠪᠠᠶᠠᠨᠬᠤᠰᠢᠭᠤ ᠰᠤᠮᠤ ᠨᠢᠳᠤᠨᠤᠨ ᠤ᠋ 11 ᠰᠠᠷ᠎ᠠ ᠳ᠋ᠤ 14 ᠭᠠᠴᠠᠭᠠᠨ ᠤ᠋ ᠮᠠᠯᠴᠢᠳ ᠤ᠋ᠨ ᠲᠤᠰᠬᠠᠢ ᠬᠤᠷᠰᠢᠶ᠎ᠠ ᠵᠢᠨ ᠬᠤᠪᠢ ᠤᠷᠤᠭᠤᠯᠤᠯᠳᠠ ᠵᠢᠨ ᠬᠡᠯᠪᠡᠷᠢ ᠪᠡᠷ ᠡᠨᠡ ᠬᠦ᠌ ᠰᠤᠳᠤᠨ ᠮᠠᠯ ᠠᠵᠤ ᠠᠬᠤᠶ ᠢ᠋ᠢᠨ ᠬᠢᠵᠠᠭᠠᠷᠲᠤ ᠺᠣᠮᠫᠠᠨᠢ ᠢ᠋ᠢ ᠪᠠᠢᠭᠤᠯᠵᠤ᠂ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ᠂ ᠡᠳ᠋ᠱᠢᠭᠦᠯᠬᠦ᠌᠂ ᠪᠣᠷᠣᠯᠠᠭᠤᠯᠬᠤ ᠢ᠋ᠢ ᠨᠢᠭᠡ ᠴᠤᠬ᠍ᠴᠠᠵᠢᠭᠤᠯᠵᠤ᠂ ᠮᠠᠯᠴᠢᠨ ᠲᠦᠮᠡᠨ ᠢ᠋ ᠲᠠᠭᠠᠭᠤᠯᠤᠨ ᠤᠷᠤᠨ ᠤ᠋ ᠲᠤᠳᠤᠨ᠎ᠠ ᠭᠠᠳᠠᠨᠠᠬᠢ ᠲᠤᠮᠤ ᠵᠠᠬ᠎ᠠ ᠲᠠᠯᠬᠡᠬᠦᠷ ᠲᠦ᠍ ᠴᠡᠷᠢᠭᠯᠡᠭᠰᠡᠨ ᠠᠵᠢ᠃

《ᠮᠠᠨ ᠤ᠋ ᠰᠤᠮᠤ 〈ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ + ᠬᠠᠮᠲᠤ ᠢ᠋ᠢᠨ ᠠᠵᠤ ᠠᠬᠤᠶ ᠢ᠋ᠢᠨ ᠵᠣᠬᠢᠶᠠᠨ ᠪᠠᠢᠭᠤᠯᠤᠯᠲᠠ + ᠠᠵᠤ ᠠᠬᠤᠢᠯᠠᠯ + ᠮᠠᠯᠴᠢᠳ〉 ᠤ᠋ᠨ ᠬᠡᠯᠪᠡᠷᠢ ᠪᠡᠷ ᠤᠷᠤᠨ ᠨᠤᠲᠤᠭ ᠤ᠋ᠨ ᠴᠢᠨᠠᠷ ᠰᠠᠢᠲᠠᠶ ᠡᠬᠢ ᠪᠠᠶᠠᠯᠢᠭ ᠵᠢᠡᠨ ᠭᠠᠳᠠᠭ᠍ᠰᠢ ᠪᠣᠷᠣᠯᠠᠭᠤᠯᠬᠤ ᠠᠷᠭ᠎ᠠ ᠵᠠᠮ ᠢ᠋ ᠦᠷᠭᠡᠳᠬᠡᠵᠤ᠂ ᠪᠡᠭᠡᠵᠢᠩ ᠤ᠋ᠨ ᠱᠠᠨ ᠳ᠋ᠢᠩ ᠵᠢᠶᠠᠨ ᠢᠳᠡᠭᠡᠨ ᠤᠮᠳᠠᠭᠠᠨ ᠤ᠋ ᠬᠠᠮᠢᠶᠠᠷᠤᠯᠲᠠ ᠢ᠋ᠢᠨ ᠺᠣᠮᠫᠠᠨᠢ ᠲᠠᠢ ᠬᠠᠮᠲᠤᠷᠠᠨ ᠮᠣᠩᠭᠣᠯ ᠤᠨᠴᠠᠯᠢᠭᠲᠤ ᠬᠠᠯᠠᠭᠤᠨ ᠲᠣᠭᠣᠭᠠᠨ ᠤ᠋ ᠳᠡᠯᠭᠡᠭᠦᠷ ᠡᠵᠡᠩᠨᠡᠵᠦ᠍᠂ ᠦᠵᠦᠮᠦᠴᠢᠨ ᠬᠣᠨᠢ ᠪᠠ ᠦᠵᠦᠮᠦᠴᠢᠨ ᠴᠠᠭᠠᠨ ᠦᠬᠡᠷ ᠤ᠋ᠨ ᠮᠢᠬ᠎ᠠ ᠪᠡᠨ ᠬᠠᠩᠭᠠᠵᠤ ᠪᠤᠢ; ᠪᠠᠰᠠ ᠱᠠᠩᠬᠠᠶ᠂ ᠵᠸᠩᠵᠸᠦ ᠢ᠋ᠢᠨ 4 ᠠᠵᠤ ᠠᠬᠤᠢᠯᠠᠯ ᠲᠠᠢ 1000 ᠲᠦᠮᠡᠨ ᠲᠥᠭᠥᠷᠢᠭ ᠤ᠋ᠨ ᠪᠠᠢᠯᠳᠤᠬᠤ ᠪᠣᠳᠣᠯᠭ᠎ᠠ ᠢ᠋ᠢᠨ ᠬᠠᠮᠲᠤᠷᠠᠯᠴᠠᠭᠠᠨ ᠤ᠋ ᠬᠡᠯᠡᠯᠴᠡᠭᠡᠷ ᠲᠣᠭ᠍ᠲᠠᠵᠡᠢ》ᠭᠡᠵᠤ ᠴᠡᠡᠭᠭᠡᠯᠲᠤ ᠲᠠᠨᠢᠯᠴᠠᠭᠤᠯᠭ᠎ᠠ ᠪᠡᠨ ᠦᠷᠭᠦᠯᠵᠢᠯᠡᠭᠦᠯᠤᠨ᠎ᠠ᠃

ᠵᠠᠩᠭᠢᠯᠠᠭ᠎ᠠ ᠶ᠋ᠢᠨ ᠦᠭᠡ᠄ ᠨᠡᠢᠭᠡᠮᠴᠢᠯᠡᠭᠰᠡᠨ ᠦᠢᠯᠡᠴᠢᠯᠡᠭᠡ

ᠮᠠᠯ ᠠᠵᠤ ᠠᠬᠤᠢ ᠢ᠋ᠢᠨ ᠦᠢᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠪᠦᠲᠦᠮᠵᠢᠲᠡᠶ ᠪᠠᠭᠤᠷᠠᠭᠤᠯᠵᠤ᠂ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠬᠦ᠌ ᠪᠤᠯ ᠮᠠᠯ ᠠᠵᠤ ᠠᠬᠤᠶ ᠢ᠋ᠢᠨ ᠬᠡᠯᠪᠡᠷᠢ ᠢ᠋ᠢ ᠬᠤᠪᠢᠷᠠᠭᠤᠯᠤᠨ ᠲᠠᠰ ᠳᠡᠪᠱᠢᠭᠦᠯᠬᠦ ᠢ᠋ᠢᠨ ᠵᠠᠡᠭᠭᠢᠯᠠᠭ᠎ᠠ ᠶᠤᠮ᠃ ᠪᠠᠷᠠᠭᠤᠨ ᠦᠵᠦᠮᠦᠴᠢᠨ ᠬᠤᠰᠢᠭᠤᠨ ᠤ᠋ ᠬᠤᠭᠤᠯᠠᠲᠤ ᠢ᠋ᠢᠨ ᠭᠤᠤᠯ ᠪᠠᠯᠭᠠᠰᠤ ᠵᠢᠨ ᠪᠠᠶᠠᠨᠪᠤᠯᠠᠭ ᠭᠠᠴᠠᠭ᠎ᠠ 《ᠨᠠᠮ ᠤ᠋ᠨ ᠵᠤᠬᠢᠶᠠᠨ ᠪᠠᠢᠭᠤᠯᠤᠯᠲᠠ + ᠠᠵᠤ ᠠᠬᠤᠢᠯᠠᠯ》 ᠤ᠋ᠨ ᠡᠵᠡᠩᠨᠡᠯᠲᠡ ᠢ᠋ᠢᠨ ᠬᠡᠯᠪᠡᠷᠢ ᠢ᠋ᠢ ᠪᠦᠷᠢᠯᠳᠦᠭᠦᠯᠵᠦ᠍ ᠂ ᠲᠢᠶᠠᠨᠵᠢᠨ ᠤ᠋ ᠲᠦᠩ ᠾᠧ ᠲᠡᠵᠢᠭᠡᠯ  ᠪᠣᠷᠳᠣᠭᠠᠨ ᠤ᠋  ᠬᠢᠵᠠᠭᠠᠷᠲᠤ  ᠺᠣᠮᠫᠠᠨᠢ  ᠪᠤᠯᠤᠨ ᠰᠢᠮ᠎ᠠ  ᠡᠪᠡᠰᠦᠨ ᠤ᠋ ᠦᠶ᠋ᠯᠡᠰ ᠤ᠋ᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠨᠠᠢᠳᠠᠨ ᠲᠡᠵᠢᠭᠡᠬᠦ᠌ ᠰᠠᠭᠤᠷᠢᠨ ᠪᠠ ᠬᠤᠯᠢᠮᠠᠭ ᠪᠣᠷᠳᠣᠭ᠎ᠠ ᠢ᠋ᠢᠨ ᠦᠶ᠋ᠯᠡᠳᠪᠦᠷᠢ ᠪᠠᠢᠭᠤᠯᠵᠤ᠂ ᠮᠠᠯᠴᠢᠳ ᠲᠤ᠌ ᠮᠠᠯ ᠰᠦᠷᠦᠭ ᠢ᠋ ᠨᠢ ᠨᠠᠢᠳᠠᠨ ᠬᠠᠮᠢᠶᠠᠷᠴᠤ ᠤᠷᠤᠯᠠᠨ ᠲᠡᠵᠢᠭᠡᠬᠦ᠌ ᠵᠢᠴᠢ ᠪᠣᠷᠳᠣᠨ ᠲᠠᠷᠭᠤᠯᠠᠭᠤᠯᠬᠤ ᠦᠢᠯᠡᠴᠢᠯᠡᠭᠡ ᠬᠠᠩᠭᠠᠵᠤ᠂ ᠮᠠᠯᠵᠢᠯ ᠤ᠋ᠨ ᠦᠪᠡᠷ ᠤ᠋ᠨ ᠦᠷᠳᠡᠭ ᠢ᠋ ᠨᠢ ᠪᠦᠳᠦᠮᠵᠢᠳᠠᠢ ᠪᠠᠭᠤᠷᠠᠭᠤᠯᠵᠤ ᠪᠤᠢ᠃

《ᠨᠢᠳᠤᠨᠤᠨ ᠮᠠᠨ ᠤ᠋ ᠭᠠᠴᠠᠭ᠎ᠠ ᠵᠢᠨ ᠬᠢᠨ 150 ᠦᠬᠡᠷ ᠢ᠋ ᠺᠤᠮᠫᠠᠨᠢ ᠳ᠋ᠤ ᠦᠭᠴᠦ 6 ᠰᠠᠷ᠎ᠠ ᠨᠠᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠬᠡᠭᠡᠳ᠂ ᠮᠠᠯᠴᠢᠳ ᠤ᠋ᠨ ᠠᠷᠠᠴᠢᠯᠠᠨ ᠲᠡᠵᠢᠭᠡᠬᠦ᠌ ᠥᠪᠡᠷ ᠤ᠋ᠨ ᠥᠷᠲᠡᠭ ᠢ᠋ ᠦᠬᠡᠷ ᠨᠢᠬᠡᠪᠤᠷᠢ ᠳᠡᠭᠡᠷ᠎ᠡ 720 ᠲᠥᠭᠥᠷᠢᠭ ᠪᠠᠭᠤᠷᠠᠭᠤᠯᠪᠠ᠃ ᠪᠠᠰᠠ ᠭᠠᠴᠠᠭᠠᠨ ᠤ᠋ ᠮᠠᠯᠴᠢᠳ ᠳᠠᠭᠠᠨ ᠲᠣᠨ ᠪᠦᠷᠢ ᠳ᠋ᠤ 100 ᠲᠥᠭᠥᠷᠢᠭ ᠤ᠋ᠨ ᠬᠠᠷᠠᠭᠠᠯᠵᠠᠯ ᠲᠠᠢ ᠬᠤᠯᠢᠮᠠᠭ ᠪᠤᠷᠳᠤᠭ᠎ᠠ ᠪᠤᠷᠤᠯᠠᠭᠤᠯᠵᠤ᠂ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠨᠢ ᠴᠢᠷᠮᠠᠢᠨ ᠪᠠᠭᠤᠷᠠᠭᠤᠯᠵᠤ ᠪᠠᠢᠨ᠎ᠠ》 ᠭᠡᠵᠤ ᠪᠠᠶᠠᠨᠪᠤᠯᠠᠭ ᠭᠠᠴᠠᠭᠠᠨ ᠤ᠋ ᠳᠠᠷᠤᠭ᠎ᠠ ᠨᠠᠰᠤᠨᠵᠢᠷᠭᠠᠯ ᠨᠠᠷᠢᠨ ᠲᠤᠳᠤᠷᠬᠠᠢ ᠳᠠᠡᠭᠰᠠ ᠪᠤᠳᠤᠵᠤ ᠭᠠᠷᠤᠯ᠎ᠠ᠃

ᠡᠨᠳᠡᠬᠢ ᠵᠢᠨ ᠮᠠᠯᠴᠢᠳ ᠨᠠᠢᠳᠠᠨ ᠬᠠᠮᠢᠶᠠᠷᠴᠤ ᠣᠷᠣᠯᠠᠨ ᠲᠡᠵᠢᠭᠡᠬᠦ᠌ ᠨᠡᠢᠬᠡᠮᠴᠢᠯᠡᠭᠰᠡᠨ ᠦᠢᠯᠡᠴᠢᠯᠡᠬᠡᠨ ᠤ᠋ ᠵᠠᠭ᠍ᠪᠤᠷ ᠢ᠋ ᠭᠥᠯᠢᠶᠡᠨ ᠠᠪᠤᠬᠰᠠᠨ ᠡᠴᠡ ᠵᠠᠬ᠎ᠠ ᠳᠡᠯᠭᠡᠭᠦᠷ ᠤ᠋ᠨ ᠲᠦᠭᠰᠢᠭᠦᠷᠢ ᠬᠢᠭᠡᠳ ᠪᠠᠢᠭᠠᠯᠢ ᠢ᠋ᠢᠨ ᠭᠠᠮᠰᠢᠭ ᠢ᠋ ᠭᠠᠭ᠍ᠴᠠᠭᠠᠷ ᠠᠷᠭᠠᠴᠠᠭᠠᠬᠤ ᠪᠡᠨ ᠪᠤᠯᠢᠵᠤ᠂ ᠠᠮᠢ ᠠᠬᠤᠶ ᠢ᠋ᠢᠨ ᠬᠠᠮᠠᠭᠠᠯᠠᠯᠲᠠ ᠪᠠ ᠠᠰᠢᠭ ᠣᠷᠣᠯᠭ᠎ᠠ ᠢ᠋ᠢᠨ ᠨᠡᠮᠡᠭᠳᠡᠯ ᠤ᠋ᠨ ᠬᠤᠤᠰ ᠠᠰᠢᠭ ᠢ᠋ ᠬᠦᠷᠳᠡᠵᠤ ᠡᠬᠢᠯᠡᠯ᠎ᠠ᠃ ᠨᠢᠳᠤᠨᠤᠨ ᠪᠠᠶᠠᠨᠪᠤᠯᠠᠭ ᠭᠠᠴᠠᠭ᠎ᠠ ᠪᠠᠰᠠ 《ᠨᠠᠮ ᠤ᠋ᠨ ᠵᠤᠬᠢᠶᠠᠨ ᠪᠠᠢᠭᠤᠯᠤᠯᠲᠠ + ᠨᠡᠢᠭᠡᠮᠴᠢᠯᠡᠭᠰᠡᠨ ᠦᠢᠯᠡᠴᠢᠯᠡᠭᠡ》 ᠢ᠋ᠢᠨ ᠵᠠᠭᠪᠤᠷ ᠢ᠋ ᠬᠡᠷᠡᠭᠵᠢᠭᠦᠯᠵᠤ᠂ ᠪᠠᠷᠠᠭᠤᠨ ᠦᠵᠦᠮᠦᠴᠢᠨ ᠬᠤᠰᠢᠭᠤᠨ ᠤ᠋ ᠲᠠᠯ᠎ᠠ ᠢ᠋ᠢᠨ ᠬᠤᠷ᠎ᠠ ᠮᠠᠯ ᠤ᠋ᠨ ᠡᠮ ᠤ᠋ᠨ ᠬᠢᠵᠠᠭᠠᠷᠲᠤ ᠺᠤᠮᠫᠠᠨᠢ ᠲᠠᠢ ᠮᠠᠯ ᠡᠮᠨᠡᠯᠬᠡ ᠵᠢᠨ ᠬᠠᠮᠲᠤᠷᠠᠯᠴᠠᠭ᠎ᠠ ᠪᠠᠢᠭᠤᠯᠤᠨ᠂ ᠮᠠᠯ ᠤ᠋ᠨ ᠬᠡᠮ ᠬᠢᠵᠢᠭ ᠢ᠋ ᠤᠨᠤᠰᠢᠯᠠᠨ ᠡᠮᠨᠡᠬᠦ᠂ ᠮᠠᠯ ᠡᠮᠨᠡᠯᠭᠡ᠂ ᠮᠠᠯ ᠤ᠋ᠨ ᠡᠮ᠂ ᠲᠡᠵᠢᠭᠡᠯ ᠡᠪᠡᠰᠤ ᠪᠤᠷᠳᠤᠭ᠎ᠠ ᠵᠡᠷᠭᠡ ᠵᠢᠨ ᠦᠢᠯᠡᠴᠢᠯᠡᠭᠡ ᠢ᠋ᠢ ᠭᠤᠤᠯᠳᠠᠯᠭ᠎ᠠ ᠲᠠᠢ ᠦᠷᠨᠢᠭᠦᠯᠵᠤ᠂ ᠮᠠᠯ ᠤᠨᠤᠭ᠎ᠠ ᠵᠢᠨ ᠡᠮᠴᠢᠯᠡᠭᠡᠨ ᠤ᠋ ᠲᠠᠰᠤᠭ ᠤ᠋ᠨ ᠡᠵᠡᠡᠭᠨᠡᠯᠲᠡ ᠢ᠋ᠢᠨ ᠴᠡᠪᠡᠷ ᠠᠰᠢᠭ ᠤᠷᠤᠯᠭ᠎ᠠ ᠢ᠋ᠢᠨ ᠢ᠋ᠢᠡᠨ 40% ᠢ᠋ᠢ ᠭᠠᠴᠠᠭᠠᠨ ᠤ᠋ ᠬᠠᠮᠲᠤ ᠢ᠋ᠢᠨ ᠠᠵᠤ ᠠᠬᠤᠢ ᠢ᠋ᠢᠨ ᠤᠷᠤᠯᠭ᠎ᠠ ᠳ᠋ᠤ ᠤᠷᠤᠭᠤᠯᠵᠤ᠂ 60% ᠢ᠋ᠢ ᠨᠢ ᠬᠤᠷᠰᠢᠬᠰᠠᠨ ᠠᠵᠤ ᠠᠬᠤᠢ ᠢ᠋ᠢᠨ ᠤᠷᠤᠯᠭ᠎ᠠ ᠪᠤᠯᠭᠠᠬᠰᠠᠨ ᠪᠠᠢᠨ᠎ᠠ᠃

ᠨᠡᠢᠭᠡᠮᠴᠢᠯᠡᠭ᠌ᠰᠡᠨ ᠦᠢᠯᠡᠴᠢᠯᠡᠭᠡ ᠨᠢ ᠮᠠᠯᠴᠢᠳ ᠤ᠋ᠨ ᠮᠠᠯ ᠠᠵᠤ ᠠᠬᠤᠢ ᠵᠢᠨ ᠬᠡᠯᠪᠡᠷᠢ ᠪᠡᠨ ᠬᠤᠪᠢᠷᠠᠭᠤᠯᠬᠤ ᠳ᠋ᠤ ᠪᠠᠲᠤ ᠴᠢᠡᠭᠭ᠎ᠠ ᠪᠠᠲᠤᠯᠠᠭ᠎ᠠ ᠬᠠᠡᠭᠭᠠᠬᠰᠠᠨ ᠢ᠋ᠢᠡᠷ ᠨᠠᠩ ᠣᠯᠠᠨ ᠮᠠᠯᠴᠢᠳ ᠲᠤᠰᠬᠠᠢ ᠬᠣᠷᠱᠢᠶ᠎ᠠ᠂ ᠬᠡᠷ ᠪᠦᠯᠢ ᠢ᠋ᠢᠨ ᠮᠠᠯᠵᠢᠯ ᠤ᠋ᠨ ᠲᠠᠯᠠᠪᠠᠶ ᠪᠠ ᠠᠵᠤ ᠠᠬᠤᠢᠯᠠᠯ ᠲᠠᠢ ᠬᠤᠯᠪᠤᠭᠠᠯᠠᠨ ᠡᠬᠢ ᠪᠠᠶᠠᠯᠢᠭ ᠢ᠋ᠢᠡᠨ ᠡᠮᠬᠢᠯᠡᠨ ᠨᠡᠢᠯᠡᠭᠦᠯᠵᠤ᠂ ᠮᠡᠳᠡᠭᠡ ᠵᠠᠩᠭᠢ᠂ ᠮᠡᠷᠭᠡᠵᠢᠯ᠂ ᠵᠠᠬ᠎ᠠ ᠳᠡᠯᠭᠡᠭᠦᠷ ᠢ᠋ ᠬᠠᠮᠲᠤ ᠪᠠᠷ ᠡᠳ᠋ᠯᠡᠨ᠂ ᠮᠠᠯ ᠤ᠋ᠨ ᠬᠡᠮ ᠬᠢᠵᠢᠭ ᠢ᠋ ᠨᠢᠭᠡᠳᠦᠯᠲᠡᠶ ᠰᠡᠷᠭᠡᠢᠯᠡᠨ ᠡᠵᠡᠮᠳᠡᠵᠤ᠂ ᠠᠶᠤᠯ ᠲᠦᠭ᠌ᠰᠢᠭᠦᠷᠢ ᠢ᠋ᠢ ᠬᠠᠮᠲᠤ ᠪᠠᠷ ᠡᠭᠦᠷᠭᠡᠯᠡᠨ ᠬᠠᠮᠳᠤ ᠪᠡᠷ ᠠᠷᠭᠠᠴᠠᠭᠠᠬᠤ᠎ᠪᠤᠯᠤᠬᠰᠠᠨ ᠶᠤᠮ᠃

《ᠪᠢᠳᠡ ᠠᠮᠢ ᠠᠬᠤᠢ ᠢ᠋ᠢ ᠬᠠᠮᠠᠭᠠᠯᠠᠬᠤ᠂ ᠠᠵᠤ ᠦᠢᠯᠡᠰ ᠢ᠋ ᠬᠥᠭ᠌ᠵᠢᠭᠦᠯᠬᠦ᠌᠂ ᠤᠯᠠᠨ ᠲᠦᠮᠡᠨ ᠤ᠋ ᠣᠷᠣᠯᠭ᠎ᠠ ᠢ᠋ᠢ ᠨᠡᠮᠡᠭ᠌ᠳᠡᠭᠦᠯᠬᠦ᠌ ᠶᠡᠷᠦᠩᠬᠡᠢ ᠬᠠᠷᠠᠯᠲᠠ ᠢ᠋ᠢᠨ ᠲᠣᠭᠣᠷᠢᠨ ᠳ᠋ᠤ ᠴᠥᠭᠡᠨ ᠲᠡᠵᠢᠭᠡᠵᠤ ᠨᠠᠷᠢᠯᠢᠭ ᠠᠷᠠᠴᠢᠯᠠᠬᠤ ᠵᠠᠷᠴᠢᠮ ᠢ᠋ ᠪᠠᠷᠢᠮᠲᠠᠯᠠᠨ᠂ ᠮᠢᠬᠠᠨ ᠤ᠋ ᠦᠬᠡᠷ ᠬᠣᠨᠢ ᠲᠡᠵᠢᠭᠡᠨ ᠦᠷᠡᠵᠢᠭᠦᠯᠬᠦ᠌᠂ ᠰᠦᠯ ᠰᠠᠢᠲᠠᠶ ᠡᠪᠡᠰᠦ ᠪᠣᠷᠳᠣᠭ᠎ᠠ ᠳᠠᠷᠢᠬᠤ ᠪᠡᠷ ᠭᠤᠤᠯᠯᠠᠬᠤ ᠠᠵᠤ ᠦᠶ᠋ᠯᠡᠰ ᠪᠣᠯᠭᠠᠵᠤ᠂ ᠡᠪᠡᠰᠤ ᠪᠤᠷᠳᠤᠭ᠎ᠠ ᠡᠴᠡ ᠠᠪᠤᠭᠠᠳ ᠲᠡᠵᠢᠭᠡᠨ ᠦᠷᠡᠵᠢᠭᠦᠯᠵᠤ ᠡᠳ᠋ᠱᠢᠭᠦᠯᠤᠨ ᠪᠤᠷᠤᠯᠠᠭᠤᠯᠬᠤ ᠬᠦᠷᠳᠡᠯᠡᠬᠢ ᠨᠡᠢᠬᠡᠮᠴᠢᠯᠡᠭᠰᠡᠨ ᠦᠢᠯᠡᠴᠢᠯᠡᠬᠡᠨ ᠤ᠋ ᠬᠡᠯᠬᠢᠶ᠎ᠡ ᠢ᠋ᠢ ᠪᠠᠢᠭᠤᠯᠵᠤ᠂ ᠣᠲᠣ ᠡᠪᠡᠰᠦ ᠳᠠᠷᠢᠵᠤ ᠨᠥᠭᠡᠴᠡᠯᠡᠬᠦ᠌ ᠠᠵᠤ ᠠᠬᠤᠢᠯᠠᠯ 20᠂ ᠲᠤᠰᠭᠠᠶ ᠬᠣᠷᠱᠢᠶ᠎ᠠ 37᠂ ᠮᠠᠯᠵᠢᠬᠤ ᠲᠠᠷᠢᠶᠠᠯᠠᠬᠤ ᠡᠷᠦᠬᠡ 170 ᠪᠤᠯᠵᠠᠢ》 ᠭᠡᠵᠤ ᠠᠷᠤ ᠬᠤᠷᠴᠢᠨ ᠬᠤᠰᠢᠭᠤᠨ ᠤ᠋ ᠱᠤᠤ ᠪᠠᠯᠭᠠᠰᠤ ᠢ᠋ᠢᠨ ᠨᠠᠮ ᠤ᠋ᠨ ᠬᠤᠷᠢᠶ᠎ᠠ ᠢ᠋ᠢᠨ ᠱᠦᠵᠢ ᠴᠢᠯᠠᠭᠤᠨᠪᠠᠭᠠᠨ᠎ᠠ ᠶᠠᠷᠢᠵᠤ ᠪᠠᠢᠯ᠎ᠠ᠃

ᠴᠠᠬᠠᠷ ᠪᠠᠷᠠᠭᠤᠨ ᠭᠠᠷᠤᠨ ᠬᠤᠢᠳᠤ ᠬᠤᠰᠢᠭᠤ ᠰᠤᠳᠤᠯᠤᠨ ᠨᠡᠭᠡᠭᠡᠬᠦ᠌᠂ ᠪᠣᠯᠪᠠᠰᠤᠷᠠᠭᠤᠯᠬᠤ᠂ ᠪᠣᠷᠣᠯᠠᠭᠤᠯᠬᠤ᠂ ᠪᠡᠶᠡᠴᠢᠯᠡᠨ ᠣᠢᠯᠠᠭᠠᠬᠤ᠂ ᠳᠡᠯᠭᠡᠨ ᠦᠵᠡᠭᠦᠯᠬᠦ᠌ ᠪᠠ ᠵᠢᠭᠤᠯᠴᠢᠯᠡᠬᠤ ᠢ᠋ᠢ ᠨᠢᠭᠡ ᠴᠣᠭ᠍ᠴᠠᠵᠢᠭᠤᠯᠤᠭ᠍ᠰᠠᠨ ᠰᠦ ᠰᠠᠭᠠᠯᠢ ᠢ᠋ᠢᠨ ᠵᠢᠵᠢᠭ ᠪᠠᠯᠭᠠᠰᠤ ᠵᠢ ᠪᠠᠢᠭᠤᠯᠵᠤ᠂ ᠰᠦ ᠰᠠᠭᠠᠯᠢ ᠠᠪᠴᠦ ᠪᠠᠢᠭ᠎ᠠ ᠮᠠᠯᠵᠢᠬᠤ ᠡᠷᠦᠬᠡ ᠡᠴᠡ ᠠᠪᠤᠭᠠᠳ ᠴᠠᠭᠠᠨ ᠢᠳᠡᠬᠡᠨ ᠪᠤᠯᠪᠠᠰᠤᠷᠠᠭᠤᠯᠬᠤ ᠠᠵᠤ ᠠᠬᠤᠢᠯᠠᠯ ᠬᠦᠷᠳᠡᠯᠡᠬᠢ ᠡᠯ᠎ᠠ ᠲᠠᠯ᠎ᠠ ᠵᠢᠨ ᠨᠡᠢᠬᠡᠮᠴᠢᠯᠡᠭᠰᠡᠨ ᠦᠢᠯᠡᠴᠢᠯᠡᠬᠡ ᠵᠢ ᠪᠦᠷᠢᠯᠳᠦᠬᠦᠯᠪᠡ᠃ 《ᠡᠨᠳᠡᠬᠢ ᠵᠢᠨ ᠦᠢᠯᠡᠴᠢᠯᠡᠬᠡ ᠪᠦᠷᠢᠨ᠂ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ ᠮᠠᠰᠢ ᠰᠠᠢᠨ᠃ ᠮᠠᠨ ᠤ᠋ ᠺᠤᠮᠫᠠᠨᠢ ᠲᠡᠵᠢᠭᠡᠯ ᠡᠪᠡᠰᠤ ᠲᠠᠷᠢᠬᠤ᠂ ᠲᠡᠵᠢᠭᠡᠨ ᠦᠷᠡᠵᠢᠭᠦᠯᠬᠦ᠂ ᠴᠠᠭᠠᠨ ᠢᠳᠡᠭᠡᠨ ᠪᠤᠯᠪᠠᠰᠤᠷᠠᠭᠤᠯᠵᠤ ᠪᠤᠷᠤᠯᠠᠭᠤᠯᠬᠤ ᠪᠦᠬᠦ ᠬᠡᠯᠬᠢᠶ᠎ᠠ ᠢ᠋ᠢᠨ ᠡᠵᠡᠡᠭᠨᠡᠯᠲᠡ ᠢ᠋ᠢᠨ ᠵᠠᠭᠪᠤᠷ ᠢ᠋ ᠬᠡᠷᠡᠭᠵᠢᠭᠦᠯᠵᠤ᠂ ᠨᠢᠭᠡ ᠡᠳᠦᠷ ᠲᠤ᠌ 7 — 8 ᠲᠤᠨ ᠰᠦ ᠪᠠᠷ ᠴᠠᠭᠠᠨ ᠢᠳᠡᠭᠡᠨ ᠪᠤᠯᠪᠠᠰᠤᠷᠠᠭᠤᠯᠵᠤ᠂ ᠤᠷᠢᠳ ᠬᠤᠵᠢᠳ 488 ᠮᠠᠯᠴᠢᠨ ᠲᠠᠷᠢᠶᠠᠴᠢᠨ ᠤ᠋ ᠠᠵᠢᠯ ᠤᠯᠭᠤᠯᠲᠠ ᠢ᠋ᠢ ᠳᠠᠢᠴᠢᠯᠠᠪᠠ》 ᠭᠡᠵᠤ ᠡᠾᠦ᠋ᠸᠸ ᠱᠠᠨ ᠸᠠᠡᠭ ᠮᠤ᠌ ᠰᠦ ᠢ᠋ᠢᠨ ᠦᠢᠯᠡᠰ ᠤ᠋ᠨ ᠬᠢᠵᠠᠭᠠᠷᠲᠤ ᠺᠤᠮᠫᠠᠨᠢ ᠢ᠋ᠢᠨ ᠬᠠᠷᠢᠭᠤᠴᠠᠯᠭᠠᠲᠠᠨ ᠬᠤ᠌ ᠮᠢᠡᠭ ᠲᠠᠨᠢᠯᠴᠠᠭᠤᠯᠤᠨ᠎ᠠ᠃

ᠴᠠᠬᠠᠷ ᠪᠠᠷᠠᠭᠤᠨ ᠭᠠᠷᠤᠨ ᠬᠤᠢᠳᠤ ᠬᠤᠰᠢᠭᠤ ᠤᠳᠤᠬᠠᠨ ᠪᠤᠯᠳᠠᠯ᠎ᠠ ᠰᠦ ᠰᠠᠭᠠᠯᠢ ᠢ᠋ᠢᠨ ᠵᠢᠵᠢᠭ ᠪᠠᠯᠭᠠᠰᠤ ᠳ᠋ᠠᠭᠠᠨ ᠨᠢᠬᠡᠨᠳᠡ ᠴᠠᠭᠠᠨ ᠢᠳᠡᠭᠡᠨ ᠪᠤᠯᠪᠠᠰᠤᠷᠠᠭᠤᠯᠬᠤ 15 ᠠᠵᠤ ᠠᠬᠤᠢᠯᠠᠯ ᠢ᠋ ᠣᠷᠣᠭᠤᠯᠤᠨ ᠠᠪᠴᠢᠷᠠᠵᠤ᠂ ᠤᠯᠠᠮᠵᠢᠯᠠᠯᠲᠤ ᠴᠠᠭᠠᠨ ᠢᠳᠡᠭᠡᠨ᠂ ᠣᠨᠴᠠᠯᠢᠭ᠍ᠲᠤ ᠴᠠᠭᠠᠨ ᠢᠳᠡᠭᠡᠨ ᠵᠡᠷᠭᠡ 19 ᠵᠦᠶ᠋ᠯ ᠤ᠋ᠨ ᠭᠤᠤᠯᠯᠠᠬᠤ ᠪᠦᠳᠦᠬᠡᠭᠳᠡᠬᠦᠨ ᠢ᠋ ᠪᠤᠯᠪᠠᠰᠤᠷᠠᠭᠤᠯᠤᠨ ᠪᠤᠷᠤᠯᠠᠭᠤᠯᠵᠤ᠂ ᠮᠠᠯᠴᠢᠳ ᠤ᠋ᠨ ᠰᠦ ᠰᠠᠭᠠᠯᠢ ᠵᠢᠨ ᠪᠤᠷᠤᠯᠠᠭᠤᠯᠭ᠎ᠠ ᠳ᠋ᠤ ᠪᠠᠳᠤᠯᠠᠭ᠎ᠠ ᠬᠠᠩᠭᠠᠵᠤ ᠪᠤᠢ᠃

ᠮᠠᠨ ᠤ᠋ ᠬᠦᠷᠦᠭᠰᠡᠨ ᠦᠪᠡᠷᠳᠡᠬᠡᠨ ᠵᠠᠰᠠᠬᠤ ᠤᠷᠤᠨ ᠤ᠋ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠲᠤᠷᠱᠢᠯᠲᠠ ᠢ᠋ᠢᠨ ᠴᠡᠭ ᠤ᠋ᠨ ᠬᠤᠰᠢᠭᠤ ᠨᠤᠲᠤᠭ ᠤ᠋ᠨ ᠬᠢᠨ ᠲᠣᠮᠣ ᠬᠡᠯᠪᠡᠷᠢ ᠢ᠋ᠢᠨ ᠳᠠᠷᠢᠵᠤ ᠲᠡᠵᠢᠭᠡᠬᠦ᠌ ᠠᠵᠤ ᠠᠬᠤᠢᠯᠠᠯ᠂ ᠲᠡᠵᠢᠭᠡᠯ ᠪᠣᠷᠳᠣᠭ᠎ᠠ ᠦᠶ᠋ᠯᠡᠳᠪᠦᠷᠢᠯᠡᠵᠦ᠍ ᠡᠵᠡᠩᠨᠡᠬᠦ᠌ ᠠᠵᠤ ᠠᠬᠤᠢᠯᠠᠯ ᠵᠡᠷᠭᠡ ᠳ᠋ᠤ ᠲᠦᠱᠢᠭ᠌ᠯᠡᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠵᠣᠬᠢᠶᠠᠨ ᠪᠠᠢᠭᠤᠯᠤᠯᠲᠠ ᠢ᠋ᠢ ᠪᠠᠢᠭᠤᠯᠤᠨ᠂ ᠴᠢᠳᠠᠮᠵᠢ ᠪᠡᠷ ᠪᠦᠷᠢᠨ᠂ ᠲᠣᠭ᠍ᠲᠠᠴᠠ ᠪᠡᠷ ᠱᠢᠨ᠎ᠡ᠂ ᠪᠦᠷᠬᠦᠴᠡ ᠪᠡᠷ ᠥᠷᠭᠡᠨ ᠣᠲᠣ ᠦᠶ᠎ᠡ ᠢ᠋ᠢᠨ ᠮᠠᠯ ᠠᠵᠤ ᠠᠬᠤᠶ ᠢ᠋ᠢᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠱᠢᠰᠲ᠋ᠧᠮ ᠢ᠋ ᠪᠠᠢᠭᠤᠯᠵᠤ᠂ ᠪᠡᠯᠴᠢᠬᠡᠷ ᠤ᠋ᠨ ᠮᠠᠯ ᠠᠵᠤ ᠠᠬᠤᠢ ᠢ᠋ᠢᠨ ᠬᠡᠯᠪᠡᠷᠢ ᠵᠢ ᠬᠤᠪᠢᠷᠠᠭᠤᠯᠵᠤ ᠳᠡᠰ ᠳᠡᠪᠱᠢᠬᠦᠯᠬᠦ ᠢ᠋ᠢ ᠪᠦᠲᠦᠮᠵᠢᠲᠡᠢ ᠠᠬᠢᠭᠤᠯᠵᠤ ᠪᠠᠢᠨ᠎ᠠ᠃

ᠮᠠᠯᠴᠢᠳ ᠤ᠋ᠨ ᠬᠤᠪᠢᠷᠠᠯᠳᠡ ᠡᠴᠡ ᠮᠠᠷᠭᠠᠰᠢ ᠵᠢᠨ ᠵᠠᠮ ᠲᠤᠳᠤᠷᠠᠨ᠎ᠠ᠃ 《ᠳᠠᠯᠠᠯᠭ᠎ᠠ ᠮᠢᠬᠠᠨ ᠤ᠋ ᠦᠢᠯᠡᠰ》 ᠤ᠋ᠨ ᠳᠡᠯᠭᠡᠭᠦᠷ ᠡᠷᠬᠢᠯᠡᠵᠤ ᠲᠤᠤᠷ ᠰᠦᠯᠵᠢᠶ᠎ᠠ ᠵᠢ ᠠᠰᠢᠭᠯᠠᠨ ᠮᠠᠯ ᠤ᠋ᠨ ᠠᠰᠢᠭ ᠰᠢᠮ᠎ᠠ ᠪᠠᠨ ᠪᠤᠷᠤᠯᠠᠭᠤᠯᠵᠤ ᠪᠠᠢᠭ᠎ᠠ ᠮᠠᠯᠴᠢᠨ ᠪᠦᠰᠡᠬᠦᠢ ᠪᠠᠯᠠᠮᠤ᠂ ᠠᠯᠲᠠᠢ ᠮᠠᠡᠭᠬ᠎ᠠ ᠭᠡᠷ ᠪᠦᠯᠢ ᠢ᠋ᠢᠨ ᠮᠠᠯᠵᠢᠯ ᠤ᠋ᠨ ᠲᠠᠯᠠᠪᠠᠢ ᠪᠤᠯᠤᠨ ᠰᠦᠨ ᠰᠠᠴᠤᠯᠢ ᠴᠠᠭᠠᠨ ᠢᠳᠡᠭᠡᠨ ᠤ᠋ ᠲᠤᠰᠬᠠᠢ ᠬᠤᠷᠰᠢᠶ᠎ᠠ ᠵᠢ ᠪᠠᠢᠭᠤᠯᠤᠭᠰᠠᠨ ᠬᠦᠳᠡᠭᠡ ᠲᠤᠰᠬᠤᠨ ᠤ᠋ ᠠᠵᠤ ᠦᠢᠯᠡᠰ ᠤ᠋ᠨ ᠬᠦᠭᠵᠢᠬᠦᠯᠤᠯᠲᠡ ᠢ᠋ᠢᠨ 《ᠬᠤᠰᠢᠭᠤᠴᠢ》 ᠬᠠᠰᠳᠠᠨ᠎ᠠ ᠁ ᠪᠢᠳᠡ ᠰᠤᠷᠪᠤᠯᠵᠢᠯᠠᠭ᠎ᠠ ᠵᠢᠨ ᠠᠶᠠᠨ ᠳ᠋ᠤ ᠨᠢᠭᠡ ᠪᠦᠯᠦᠭ ᠰᠢᠨ᠎ᠠ ᠪᠡᠷ ᠴᠤᠯᠭᠤᠷᠠᠨ ᠭᠠᠷᠤᠭᠰᠠᠨ ᠵᠠᠬ᠎ᠠ ᠳᠡᠯᠭᠡᠭᠦᠷ ᠤ᠋ᠨ ᠦᠵᠡᠯᠲᠡ ᠲᠠᠢ᠂ ᠲᠤᠰᠭᠠᠢ ᠮᠡᠷᠭᠡᠵᠢᠯ ᠤ᠋ᠨ ᠴᠢᠳᠠᠪᠤᠷᠢ ᠲᠠᠢ᠂ ᠬᠠᠮᠲᠤᠷᠠᠯᠴᠠᠯ ᠤ᠋ᠨ ᠵᠣᠷᠢᠭ ᠰᠠᠨᠠᠭ᠎ᠠ ᠲᠠᠢ 《ᠰᠢᠨ᠎ᠠ ᠮᠠᠯᠴᠢᠨ》 ᠪᠤᠯᠤᠨ ᠤᠳᠤ ᠦᠶ᠎ᠠ ᠵᠢᠨ ᠮᠠᠯ ᠠᠵᠤ ᠠᠬᠤᠢ ᠢ᠋ᠢᠨ ᠡᠵᠡᠩᠨᠡᠭ᠌ᠴᠢ ᠬᠠᠮᠢᠶᠠᠷᠤᠭ᠍ᠴᠢ ᠲᠠᠢ ᠤᠴᠠᠷᠠᠵᠤ᠂ ᠲᠡᠳᠡᠨ ᠤ᠋ ᠠᠷᠭ᠎ᠠ ᠬᠢᠳᠠᠯ ᠠᠮᠵᠢᠯᠳᠠ ᠪᠦᠳᠦᠮᠵᠢ ᠵᠢ ᠪᠢᠰᠢᠷᠡᠨ ᠱᠠᠭᠰᠢᠵᠤ ᠶᠠᠪᠤᠯ᠎ᠠ᠃ ᠮᠦᠨ ᠡᠯ᠎ᠠ ᠭᠠᠵᠠᠷ ᠤ᠋ᠨ ᠬᠢᠨ ᠪᠡᠯᠴᠢᠭᠡᠷ ᠤ᠋ᠨ ᠳᠠᠭᠠᠭᠠᠴᠠ ᠡᠴᠡ ᠬᠡᠲᠤᠷᠠᠲᠠᠯ᠎ᠠ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠲᠤᠷᠱᠢᠯᠲᠠ ᠢ᠋ᠢᠨ ᠴᠡᠭ ᠤ᠋ᠨ ᠠᠵᠢᠯ ᠢ᠋ᠢᠡᠷ ᠱᠢᠪᠲᠤᠯᠤᠯᠲᠠ ᠪᠣᠯᠭᠠᠵᠤ᠂ ᠮᠠᠯᠴᠢᠨ ᠲᠦᠮᠡᠨ ᠤ᠋ ᠦᠢᠯᠡᠳᠪᠤᠷᠢᠯᠡᠯ ᠡᠵᠡᠩᠨᠡᠯᠲᠡ ᠢ᠋ᠢᠨ ᠤᠢᠯᠠᠭᠠᠬᠳᠠᠬᠤᠨ ᠢ᠋ ᠰᠢᠨᠡᠴᠢᠯᠡᠨ ᠮᠡᠷᠭᠡᠵᠢᠯ ᠴᠢᠳᠠᠪᠤᠷᠢ ᠢ᠋ᠢ ᠨᠢ ᠳᠡᠭᠡᠭᠰᠢᠯᠡᠬᠦᠯᠵᠤ᠂ ᠪᠡᠯᠴᠢᠭᠡᠷ ᠤ᠋ᠨ ᠮᠠᠯ ᠠᠵᠤ ᠠᠬᠤᠢ ᠢ᠋ᠢᠨ ᠬᠡᠯᠪᠡᠷᠢ ᠢ᠋ᠢ ᠬᠤᠪᠢᠷᠠᠭᠤᠯᠤᠨ ᠳᠡᠰ ᠳᠡᠪᠰᠢᠭᠦᠯᠬᠦ ᠢ᠋ᠢ ᠲᠦᠷᠬᠡᠳᠬᠡᠨ ᠠᠬᠢᠭᠤᠯᠵᠤ ᠪᠠᠢᠬᠤ ᠵᠢ ᠰᠡᠳᠬᠢᠯ ᠵᠢᠡᠷ ᠵᠢᠡᠨ ᠮᠡᠳᠡᠷᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号