2025 ᠣᠨ᠎ᠤ ᠬᠣᠶᠠᠷ ᠬᠦᠷᠢᠶᠡᠯᠡᠩ᠎ᠦᠨ ᠠᠺᠠᠳᠧᠮᠢᠴᠢ᠎ᠶᠢ ᠨᠡᠮᠡᠵᠦ ᠰᠣᠩᠭᠣᠭᠰᠠᠨ ᠦᠷ᠎ᠡ ᠳ᠋ᠦᠩ᠎ᠢ ᠨᠡᠢᠲᠡᠯᠡᠪᠡ
2025-11-24 10:07:22
ᠵᠣᠬᠢᠶᠠᠭ᠍ᠴᠢ᠄
ᠬᠤ᠌ ᠵᠸ ᠯᠢᠦ ᠵᠧᠨ
ᠣᠩᠱᠢᠭ᠍ᠰᠠᠨ ᠣᠳᠠᠭ᠎ᠠ᠄
★★★☆☆

144 ᠲᠤᠰᠬᠠᠢ ᠮᠡᠷᠭᠡᠵᠢᠯᠲᠠ ᠰᠤᠨᠭᠭᠤᠭᠳᠠᠵᠠᠢ


ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ 11 ᠰᠠᠷ᠎ᠠ᠎ᠶᠢᠨ 21 ᠤ᠋ ᠡᠳᠦᠷ 2025 ᠣᠨ᠎ᠤ ᠠᠺᠠᠳᠧᠮᠢᠴᠢ᠎ᠶᠢ ᠨᠡᠮᠡᠵᠦ ᠰᠣᠩᠭᠣᠭᠰᠠᠨ ᠦᠷ᠎ᠡ ᠳ᠋ᠦᠩ᠎ᠢ ᠨᠡᠢᠲᠡᠯᠡᠵᠦ᠂ ᠲᠣᠰ ᠲᠣᠰ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ 73 ᠬᠥᠮᠥᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ 71 ᠬᠥᠮᠥᠨ᠎ᠢ ᠰᠣᠩᠭᠣᠨ ᠭᠠᠷᠭᠠᠪᠠ᠃

ᠠᠺᠠᠳᠧᠮᠢᠴᠢ ᠪᠣᠯ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ᠎ᠪᠠᠷ ᠬᠢ ᠪᠠ ᠢᠨᠵᠧᠨᠧᠷᠢᠩ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠨ᠎ᠳᠡᠬᠢ ᠬᠠᠮᠤᠭ᠎ᠤᠨ ᠳᠡᠭᠡᠳᠦ ᠢᠷᠠᠭᠤ ᠠᠯᠳᠠᠷ᠎ᠤᠨ ᠴᠣᠯᠠ ᠮᠥᠨ᠂ ᠠᠺᠠᠳᠧᠮᠢᠴᠢ᠎ᠶᠢᠨ ᠳᠦᠷᠢᠮ ᠪᠣᠯ ᠨᠠᠮ ᠪᠤᠯᠤᠨ ᠤᠯᠤᠰ᠎ᠡᠴᠡ ᠮᠡᠳᠡᠯᠭᠡ᠎ᠶᠢ ᠬᠦᠨᠳᠦᠳᠬᠡᠬᠦ᠂ ᠴᠢᠳᠠᠪᠤᠷᠢᠲᠠᠨ᠎ᠢ ᠬᠦᠨᠳᠦᠳᠬᠡᠬᠦ᠎ᠤᠳᠤᠷᠢᠳᠤᠮᠵᠢ᠎ᠶᠢ ᠪᠤᠢ ᠪᠤᠯᠭᠠᠬᠤ᠎ᠵᠢᠨ ᠲᠦᠯᠦᠭᠡ᠂ ᠰᠢᠯᠢᠳᠡᠭ ᠴᠢᠳᠠᠪᠤᠷᠢᠲᠠᠨ᠎ᠢ ᠨᠢᠭ᠍ᠲᠠᠷᠠᠭᠤᠯᠵᠤ ᠤᠯᠤᠰ᠎ᠢ ᠪᠠᠢᠭᠤᠯᠬᠤ ᠳ᠋ᠤ ᠦᠢᠯᠡᠴᠢᠯᠡᠬᠦ ᠨᠢᠭᠡᠨ ᠴᠢᠬᠤᠯᠠ ᠳᠦᠷᠢᠮ ᠮᠥᠨ᠃ ᠲᠣᠰ ᠤᠳᠠᠭ᠎ᠠ ᠨᠡᠮᠡᠵᠦ ᠰᠣᠩᠭᠣᠭᠰᠠᠨ᠎ᠤ ᠳᠠᠷᠠᠭ᠎ᠠ᠂ ᠮᠠᠨ᠎ᠤ ᠤᠯᠤᠰ᠎ᠤᠨ ᠠᠺᠠᠳᠧᠮᠢᠴᠢ᠎ᠶᠢᠨ ᠡᠩᠨᠡᠭᠡ᠎ᠶᠢᠨ ᠪᠦᠲᠦᠴᠡ ᠤᠯᠠᠮ ᠴᠢᠨᠠᠭᠰᠢᠳᠠ ᠰᠢᠯᠢᠳᠡᠭᠵᠢᠪᠡ᠃

ᠰᠢᠨ᠎ᠡ᠎ᠪᠡᠷ ᠰᠣᠩᠭᠣᠭᠳᠠᠭᠰᠠᠨ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠎ᠶᠢᠨ ᠳᠤᠮᠳᠠᠴᠢ ᠨᠠᠰᠤ ᠨᠢ 57.2 ᠪᠠᠢᠵᠤ᠂ ᠬᠠᠮᠤᠭ᠎ᠤᠨ ᠪᠠᠭ᠎ᠠ ᠨᠢ 44 ᠨᠠᠰᠤ ᠲᠠᠢ᠂ ᠬᠠᠮᠤᠭ᠎ᠤᠨ ᠶᠡᠬᠡ ᠨᠢ 66 ᠨᠠᠰᠤ ᠲᠠᠢ ᠪᠠᠢᠵᠤ᠂ 60 (ᠪᠠᠭᠲᠠᠨ᠎ᠠ)᠎ᠡᠴᠡ ᠳᠣᠷᠣᠭ᠍ᠰᠢᠬᠢ ᠨᠢ 67.1%᠎ᠵᠢ ᠡᠵᠡᠯᠡᠵᠦ᠂ ᠡᠮᠡᠭᠲᠡᠢ ᠰᠢᠨᠵᠢᠯᠡᠬᠦ ᠤᠬᠠᠭᠠᠨᠲᠠᠨ 5 ᠬᠥᠮᠥᠨ ᠰᠣᠩᠭᠣᠭᠳᠠᠭᠰᠠᠨ ᠪᠠᠢᠨ᠎ᠠ᠃ ᠰᠢᠨ᠎ᠡ᠎ᠪᠡᠷ ᠰᠣᠩᠭᠣᠭᠳᠠᠭᠰᠠᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠶᠢᠨ ᠳᠣᠲᠣᠷ᠎ᠠ᠂ ᠪᠠᠷᠠᠭᠤᠨ ᠬᠡᠰᠡᠭ᠎ᠦᠨ ᠵᠠᠬ᠎ᠠ ᠬᠢᠵᠠᠭᠠᠷ ᠣᠷᠣᠨ᠎ᠳᠤ ᠨᠤᠲᠤᠭᠰᠢᠭ᠍ᠰᠠᠨ 6 ᠲᠤᠰᠬᠠᠢ ᠮᠡᠷᠭᠡᠵᠢᠯᠲᠡᠨ᠂ 8 ᠡᠮᠡᠭᠲᠡᠢ ᠰᠢᠨᠵᠢᠯᠡᠬᠦ ᠤᠬᠠᠭᠠᠨᠲᠠᠨ ᠪᠣᠶ᠃

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠬᠣᠶᠠᠷ ᠬᠦᠷᠢᠶᠡᠯᠡᠩ᠎ᠦᠨ ᠠᠺᠠᠳᠧᠮᠢᠴᠢ ᠨᠡᠮᠡᠵᠦ ᠰᠣᠩᠭᠣᠬᠤ ᠠᠵᠢᠯ ᠨᠢ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠶᠢᠨ ᠤᠳᠤᠷᠢᠳᠤᠮᠵᠢ᠎ᠶᠢ ᠳᠣᠪᠣᠶ᠋ᠢᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠱᠠᠭᠠᠷᠳᠠᠯᠭ᠎ᠠ᠎ᠶᠢ ᠬᠥᠲᠥᠯᠥᠨ ᠳᠠᠭᠠᠭᠤᠯᠬᠤ᠎ᠶᠢ ᠳᠣᠪᠣᠶ᠋ᠢᠯᠭᠠᠭᠰᠠᠨ ᠪᠠᠢᠨ᠎ᠠ᠃ ᠨᠡᠮᠡᠵᠦ ᠰᠣᠩᠭᠣᠬᠤ ᠠᠵᠢᠯ᠎ᠤᠨ ᠳᠤᠮᠳᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠬᠢᠨ ᠠᠺᠠᠳᠧᠮᠢᠴᠢ ᠨᠡᠮᠡᠵᠦ ᠰᠣᠩᠭᠣᠬᠤ᠎ᠳᠤ ᠰᠠᠬᠢᠯᠭ᠎ᠠ ᠪᠠᠲᠤ ᠴᠢᠩᠭ᠎ᠠ ᠪᠠᠢᠬᠤ ᠦᠨᠳᠦᠰᠦᠨ ᠬᠥᠭ ᠠᠶᠠᠰ᠎ᠢ ᠪᠠᠷᠢᠮᠲᠠᠯᠠᠨ᠂ ᠰᠠᠬᠢᠯᠭ᠎ᠠ ᠪᠠᠲᠤ᠎ᠶᠢᠨ ᠱᠠᠭᠠᠷᠳᠠᠯᠭ᠎ᠠ ᠪᠠ ᠪᠥᠬᠥ ᠶᠠᠪᠤᠴᠠ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠵᠢᠱ᠌ᠢᠭᠳᠡᠭᠴᠢ᠎ᠶᠢᠨ ᠡᠷᠳᠡᠮ ᠰᠢᠨᠵᠢᠯᠡᠭᠡᠨ᠎ᠦ ᠰᠤᠷᠲᠠᠯ᠂ ᠶᠣᠰᠣ᠌ ᠰᠤᠷᠲᠠᠬᠤᠨ ᠵᠠᠩ ᠰᠤᠷᠲᠠᠯ᠂ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠬᠤ ᠵᠡᠷᠭᠡ ᠲᠠᠯ᠎ᠠ᠎ᠪᠠᠷ ᠴᠢᠩᠭ᠎ᠠ ᠠᠳᠬᠤᠵᠤ᠂ ᠨᠡᠢᠭᠡᠮ᠎ᠦᠨ ᠬᠢᠨᠠᠯᠲᠠ᠎ᠶᠢ ᠢᠳᠡᠪᠬᠢᠲᠡᠢ ᠭᠥᠯᠢᠶᠡᠨ᠂ ᠨᠠᠢᠷ ᠲᠠᠯ᠎ᠠ ᠬᠡᠯᠡᠵᠦ ᠤᠷᠢᠳᠴᠢᠯᠠᠨ ᠰᠠᠨᠠᠭᠤᠯᠬᠤ᠎ᠶᠢ ᠴᠢᠩᠭ᠎ᠠ ᠰᠡᠷᠭᠡᠢᠯᠡᠵᠦ᠂ ᠠᠺᠠᠳᠧᠮᠢᠴᠢ᠎ᠶᠢᠨ ᠡᠩᠨᠡᠭᠡ᠎ᠶᠢᠨ 《ᠣᠷᠣᠬᠤ ᠡᠭᠦᠳᠡ》᠎ᠵᠢ ᠦᠨᠡᠨ ᠬᠦ᠌ ᠰᠠᠢᠲᠤᠷ ᠠᠳᠬᠤᠪᠠ᠃

ᠲᠣᠰ ᠤᠳᠠᠭ᠎ᠠ ᠨᠡᠮᠡᠵᠦ ᠰᠣᠩᠭᠣᠭᠰᠠᠨ᠎ᠤ ᠳᠠᠷᠠᠭ᠎ᠠ᠂ ᠮᠠᠨ᠎ᠤ ᠤᠯᠤᠰ᠎ᠲᠤ ᠣᠲᠣ᠌ ᠪᠠᠢᠭ᠎ᠠ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠨᠡᠶ᠋ᠢᠲᠡ 908 ᠬᠦᠮᠦᠨ ᠪᠤᠯᠵᠦ᠂ ᠣᠲᠣ᠌ ᠪᠠᠢᠭ᠎ᠠ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠨᠡᠶ᠋ᠢᠲᠡ 1002 ᠬᠦᠮᠦᠨ ᠪᠤᠯᠪᠠ᠃

(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 11 ᠰᠠᠷ᠎ᠠ᠎ᠶᠢᠨ 21᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号