ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠦᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ᠎ᠠᠴᠠ ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠡᠴᠠ ᠨᠠᠭᠠᠰᠢ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠤ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》᠎ᠶ᠋ᠢ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠠᠷᠳᠠᠴᠠ ᠪᠣᠯᠭᠠᠵᠤ᠂ ᠣᠷᠣᠭᠤᠯᠤᠨ ᠠᠪᠴᠢᠷᠠᠬᠤ ᠦᠯᠡᠳᠡᠭᠡᠬᠦ᠌ ᠬᠡᠷᠡᠭ᠌ᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠴᠢᠳᠠᠪᠤᠷᠢᠲᠠᠨ᠎ᠤ ᠠᠵᠢᠯ᠎ᠤᠨ ᠶᠡᠬᠡ ᠱᠢᠰᠲ᠋ᠧᠮ ᠶᠡᠬᠡ ᠪᠠᠢᠷᠢᠱᠢᠯ᠎ᠢ ᠦᠷᠭᠦᠯᠵᠢᠯᠡᠨ ᠪᠠᠢᠭᠤᠯᠪᠠ᠃ ᠣᠳᠣᠬᠠᠨ ᠪᠣᠯᠲᠠᠯ᠎ᠠ ᠪᠥᠬᠥ᠌ ᠣᠷᠣᠨ᠎ᠤ ᠴᠢᠳᠠᠪᠤᠷᠢᠲᠠᠨ᠎ᠤ ᠡᠬᠢ ᠪᠠᠶᠠᠯᠢᠭ᠎ᠤᠨ ᠶᠡᠷᠦᠩᠬᠡᠶ ᠲᠤᠭ᠎ᠠ 346.5 ᠲᠦᠮᠡ ᠭᠠᠷᠤᠶ ᠬᠥᠮᠦᠨ᠎ᠳᠦ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠠᠴᠠ 《ᠰᠠᠭᠠᠳ ᠥᠬᠡᠶ ᠨᠡᠪᠲᠡᠷᠡᠬᠦ᠌ ᠵᠠᠮ》 ᠢ᠋ᠢᠠᠷ 2340 ᠳᠡᠭᠡᠳᠦ ᠲᠠᠰ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠤᠷᠢᠳ ᠬᠣᠵᠢᠳ 526 ᠴᠢᠳᠠᠪᠤᠷᠢᠲᠠᠨ ᠳ᠋ᠤ ᠵᠤᠷᠰᠢᠯ᠎ᠡᠴᠡ ᠭᠠᠳᠠᠭᠤᠷ ᠳᠡᠭᠡᠳᠦ ᠵᠡᠷᠭᠡ᠎ᠶ᠋ᠢᠨ ᠮᠡᠷᠭᠡᠵᠢᠯ᠎ᠦᠨ ᠴᠣᠯᠠ ᠤᠯᠭᠤᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌᠂ ᠦᠨᠡᠯᠡᠬᠦ᠌᠂ ᠱᠢᠯᠵᠢᠭᠦᠯᠬᠦ᠌ ᠪᠠ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢᠨ ᠲᠥᠯᠥᠭᠡ ᠦᠪᠡᠷᠳᠡᠭᠡᠨ ᠵᠠᠰᠠᠬᠤ ᠣᠷᠣᠨ ᠴᠢᠳᠠᠪᠤᠷᠢᠲᠠᠨ᠎ᠤ ᠠᠵᠢᠯ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠎ᠪᠡᠷ ᠳᠤᠭᠤᠢᠯᠠᠩ᠎ᠤᠨ ᠳᠠᠷᠤᠭ᠎ᠠ ᠪᠣᠯᠭᠠᠭ᠍ᠰᠠᠨ ᠴᠢᠳᠠᠪᠤᠷᠢᠲᠠᠨ᠎ᠤ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠪᠠ; 《ᠴᠢᠳᠠᠪᠤᠷᠢᠲᠠᠨ᠎ᠤ ᠬᠥᠭ᠌ᠵᠢᠯᠲᠡ᠎ᠶ᠋ᠢ ᠠᠬᠢᠭᠤᠯᠬᠤ ᠲᠦᠷᠢᠮ》 ᠢ᠋ ᠲᠣᠭ᠍ᠲᠠᠭᠠᠵᠤ᠂ 《ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠂ 《〈ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ〉 ᠢᠨᠵᠧᠨᠧᠷᠢᠩ᠎ᠢ ᠬᠡᠷᠡᠭ᠌ᠵᠢᠭᠦᠯᠬᠦ᠌ ᠲᠥᠷᠥ᠎ᠶ᠋ᠢᠨ ᠪᠣᠳᠣᠯᠭ᠎ᠠ᠎ᠨᠤᠭᠤᠳ᠎ᠤᠨ ᠲᠤᠬᠠᠶ ᠰᠠᠨᠠᠯ》᠎ᠢ᠋ ᠨᠡᠢᠲᠡᠯᠡᠵᠦ᠍᠂ ᠥᠪᠥᠷ ᠮᠣᠩᠭᠣᠯ᠎ᠤᠨ ᠣᠨᠴᠠᠯᠢᠭ ᠪᠥᠬᠥᠶ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠪᠠ; 11 ᠭᠠᠵᠠᠷ ᠣᠷᠣᠨ ᠨᠢᠭᠡᠴᠢ᠎ᠶ᠋ᠢ ᠰᠣᠩᠭᠣᠵᠤ᠂ ᠲᠣᠭ᠍ᠲᠠᠴᠠ᠎ᠶ᠋ᠢᠨ ᠠᠵᠢᠯᠯᠠᠭᠠᠨ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ ᠵᠡᠷᠭᠡ ᠲᠠᠯ᠎ᠠ᠎ᠪᠠᠷ ᠬᠠᠷᠢᠴᠠᠩᠭᠤᠶ᠎ᠪᠠᠷ ᠤᠷᠢᠳ ᠵᠢᠡᠷ ᠪᠤᠳᠤᠯᠬᠢᠯᠠᠬᠤ᠂ ᠣᠨᠴᠠᠭᠠᠢ ᠠᠷᠭ᠎ᠠ ᠬᠡᠮᠵᠢᠶ᠎ᠡ ᠠᠪᠬᠤ᠎ᠶ᠋ᠢ ᠳᠡᠮᠵᠢᠪᠠ; ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯᠯᠠᠭᠠᠨ᠎ᠤ ᠲᠥᠯᠥᠪᠯᠡᠭᠡ᠎ᠶ᠋ᠢ ᠶᠡᠬᠡ ᠪᠡᠷ ᠠᠬᠢᠭᠤᠯᠵᠤ᠂ 5 ᠵᠢᠯ ᠳᠠᠷᠠᠭᠠᠯᠠᠨ ᠳᠡᠭᠡᠳᠤ ᠳᠡᠰ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠦ᠍ ᠦᠶ᠋ᠯᠡᠰ ᠪᠤᠰᠬᠠᠬᠤ ᠭᠠᠷᠠᠭ᠎ᠤᠨ ᠠᠵᠢᠯᠯᠠᠭ᠎ᠠ ᠥᠷᠨᠢᠭᠦᠯᠦᠨ᠂ ᠴᠢᠩᠬᠤᠸᠠ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠠᠷᠠᠳ᠎ᠤᠨ ᠶᠡᠬᠡ ᠰᠤᠷᠭᠠᠭᠤᠯᠢ ᠵᠡᠷᠭᠡ ᠨᠠᠷᠠᠳᠦ ᠶᠡᠭᠡ ᠳᠡᠭᠡᠳᠦ ᠰᠤᠷᠭᠠᠭᠤᠯᠢ᠎ᠳᠤ ᠬᠦᠷᠴᠦ᠍ ᠴᠢᠳᠠᠪᠤᠷᠢᠲᠠᠨ ᠣᠷᠣᠭᠤᠯᠤᠨ ᠠᠪᠴᠢᠷᠠᠬᠤ ᠲᠤᠰᠭᠠᠶ ᠠᠵᠢᠯᠯᠠᠭ᠎ᠠ ᠥᠷᠨᠢᠭᠦᠯᠵᠦ᠍᠂ 《ᠨᠢᠭᠡ ᠰᠤᠷᠭᠠᠭᠤᠯᠢ ᠨᠢᠭᠡ ᠣᠷᠣᠨ ᠪᠦᠰᠡ ᠵᠢ ᠲᠠᠭᠠᠭᠤᠯᠬᠤ》 ᠵᠠᠭ᠍ᠪᠤᠷ᠎ᠢᠶᠠᠷ ᠱᠢᠯᠢᠳᠡᠭ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠥᠪᠥᠷ ᠮᠣᠩᠭᠣᠯ᠎ᠳᠤ ᠦᠨᠳᠦᠰᠦᠯᠡᠭᠦᠯᠪᠠ᠃ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ ᠡᠴᠡ ᠳᠡᠭᠡᠳᠦ ᠲᠠᠰ᠎ᠦᠨ ᠴᠢᠳᠠᠪᠤᠷᠢᠲᠠᠨ᠎ᠢ 1000 ᠭᠠᠷᠤᠶ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ᠎ᠤ ᠪᠣᠳᠠᠲᠤ ᠬᠡᠷᠡᠭ᠌ᠯᠡᠭᠡᠨ᠎ᠦ ᠴᠢᠳᠠᠪᠤᠷᠢᠲᠠᠨ᠎ᠢ 2 ᠲᠦᠮᠡ ᠭᠠᠷᠤᠶ ᠬᠥᠮᠦᠵᠢᠭᠦᠯᠦᠨ ᠪᠣᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠡᠴᠠ ᠨᠠᠭᠠᠰᠢ ᠤᠯᠤᠰ᠎ᠤᠨ ᠭᠤᠤᠯᠳᠠᠯᠭ᠎ᠠ᠎ᠲᠠᠶ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠲᠥᠯᠥᠪᠯᠡᠭ᠌ᠰᠡᠨ50 ᠵᠢᠱ᠌ᠢᠭ᠌ᠳᠡᠭ᠌ᠴᠢ ᠵᠢ ᠰᠣᠩᠭᠣᠨ ᠣᠷᠣᠭᠤᠯᠤᠨ ᠠᠪᠴᠢᠷᠠᠵᠤ᠂ ᠳᠡᠭᠡᠳᠦ ᠲᠠᠰ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠣᠭ᠎ᠠ ᠬᠡᠮᠵᠢᠶ᠎ᠡ ᠲᠡᠦᠬᠡ᠎ᠶ᠋ᠢᠨ ᠬᠠᠮᠤᠭ᠎ᠤᠨ ᠥᠨᠳᠥᠷ ᠱᠠᠲᠤᠨ᠎ᠳᠤ ᠣᠷᠣᠪᠠ ᠬᠡᠵᠤ ᠲᠠᠨᠢᠯᠴᠠᠭᠤᠯᠪᠠ᠃
ᠡᠭᠦᠨ᠎ᠦ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠵᠥᠭᠡᠯᠡᠨ ᠣᠷᠴᠢᠨ ᠨᠦᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠎ᠶ᠋ᠢᠨ ᠪᠠᠲᠤᠯᠠᠭ᠎ᠠ ᠵᠡᠷᠭᠡ 13 ᠵᠦᠶ᠋ᠯ᠎ᠦᠨ ᠨᠠᠷᠢᠯᠢᠬ᠍ᠵᠢᠭᠤᠯᠤᠭᠰᠠᠨ ᠠᠷᠭ᠎ᠠ ᠬᠡᠮᠵᠢᠶ᠎ᠡ᠎ᠶ᠋ᠢ ᠢᠵᠢ ᠪᠦᠷᠢᠳᠦᠭᠦᠯᠦᠨ ᠨᠡᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠤᠨ ᠠᠵᠢᠯᠯᠠᠭᠤᠯᠵᠤ᠂ ᠳᠡᠭᠡᠳᠦ ᠲᠠᠰ᠎ᠦᠨ ᠴᠢᠳᠠᠪᠤᠷᠢᠲᠠᠨ᠎ᠳᠤ ᠯᠡ ᠪᠠᠢᠳᠠᠭ 《ᠴᠢᠳᠠᠪᠤᠷᠢᠲᠠᠨ᠎ᠤ ᠺᠣᠳ᠋》 ᠣᠯᠭᠣᠨ᠂ 25 ᠵᠦᠶ᠋ᠯ᠎ᠦᠨ ᠠᠵᠢᠯ ᠠᠮᠢᠳᠤᠷᠠᠯ᠎ᠤᠨ ᠦᠶ᠋ᠯᠡᠴᠢᠯᠡᠭᠡ᠎ᠶ᠋ᠢ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠦᠷᠭᠦᠯᠵᠢᠯᠡᠨ ᠨᠡᠮᠡᠭ᠌ᠳᠡᠭᠦᠯᠪᠡ᠃