ᠦᠪᠦᠷ ᠮᠤᠩᠭᠤᠯ ᠤ᠋ᠨ ᠡᠯ᠎ᠠ ᠠᠵᠢᠯ ᠲᠦᠷᠦᠯ ᠤ᠋ᠨ ᠬᠢᠨ ᠨᠡᠢᠳᠡ 2.4 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠰᠤ ᠠᠷᠪᠢᠯᠠᠪᠠ
2025-11-24 10:19:15
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠤᠰᠤᠨ ᠠᠰᠢᠭᠯᠠᠯᠳᠠ ᠶ᠋ᠢᠨ ᠲᠢᠩᠬᠢᠮ ᠡᠴᠡ ᠤᠢᠯᠠᠭᠠᠭᠰᠠᠨ ᠶ᠋ᠢᠡᠷ᠂ ᠵᠢᠯ ᠤ᠋ᠨ ᠡᠬᠢᠨ ᠡᠴᠡ ᠨᠠᠭᠠᠰᠢ 11 ᠰᠠᠷ᠎ᠠ ᠶ᠋ᠢᠨ 5 ᠤ᠋ ᠡᠳᠦᠷ ᠪᠤᠯᠳᠠᠯ᠎ᠠ ᠪᠦᠬᠦ ᠤᠷᠤᠨ ᠤ᠋ ᠡᠯ᠎ᠠ ᠠᠵᠢᠯ ᠲᠦᠷᠦᠯ ᠤ᠋ᠨ ᠬᠢᠨ ᠨᠡᠢᠳᠡ 2.4 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠰᠤ ᠠᠷᠪᠢᠯᠠᠵᠤ᠂ ᠨᠢᠬᠡᠨᠳᠡ ᠤᠨ ᠤ᠋ ᠬᠠᠷᠠᠯᠳᠠ ᠶ᠋ᠢᠨ ᠵᠢᠡᠨ 90% ᠶ᠋ᠢ ᠪᠡᠶᠡᠯᠡᠬᠦᠯᠪᠡ᠃

ᠤᠰᠤ ᠠᠷᠪᠢᠯᠠᠬᠤ ᠠᠵᠢᠯᠯᠠᠭ᠎ᠠ ᠪᠤᠯ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠡᠴᠡ ᠪᠠᠢᠷᠢᠯᠠᠭᠤᠯᠤᠭᠰᠠᠨ 2025 ᠤᠨ ᠤ᠋ 《ᠵᠢᠷᠭᠤᠭᠠᠨ ᠠᠵᠢᠯᠯᠠᠭ᠎ᠠ》 ᠶ᠋ᠢᠨ ᠨᠢᠭᠡ ᠪᠠᠢᠵᠤ᠂ ᠦᠪᠡᠷᠳᠡᠭᠡᠨ ᠵᠠᠰᠠᠬᠤ ᠤᠷᠤᠨ ᠤ᠋ ᠤᠰᠤᠨ ᠠᠰᠢᠭᠯᠠᠯᠳᠠ ᠶ᠋ᠢᠨ ᠲᠢᠩᠬᠢᠮ ᠳᠤᠭᠳᠠᠮᠠᠯ ᠬᠤᠭᠤᠴᠠᠭ᠎ᠠ ᠪᠡᠷ ᠳᠤᠬᠢᠷᠠᠭᠤᠯᠤᠯᠳᠠ ᠬᠢᠬᠦ ᠳᠤᠭᠳᠠᠴᠠ ᠵᠢ ᠪᠠᠢᠭᠤᠯᠤᠨ᠂ ᠨᠢᠭᠡᠳᠦᠯᠳᠠᠢ ᠲᠦᠯᠦᠪᠵᠢᠭᠦᠯᠦᠨ ᠡᠷᠴᠢᠮᠳᠠᠢ ᠠᠬᠢᠭᠤᠯᠵᠠᠢ᠃ ᠤᠰᠤᠨ ᠤ᠋ ᠡᠬᠢ ᠪᠠᠶᠠᠯᠢᠭ ᠤ᠋ᠨ ᠬᠠᠳᠠᠭᠤ ᠬᠢᠵᠠᠭᠠᠷᠯᠠᠯ ᠤ᠋ᠨ ᠲᠠᠯ᠎ᠠ ᠪᠡᠷ᠂ ᠲᠦᠷᠦ ᠶ᠋ᠢᠨ ᠪᠤᠳᠤᠯᠭ᠎ᠠ ᠶ᠋ᠢᠨ ᠰᠢᠰᠲ᠋ᠧᠮ ᠢ᠋ ᠤᠯᠠᠮ ᠨᠢᠭᠡ ᠠᠯᠬᠤᠮ ᠪᠦᠷᠢᠨᠰᠢᠭᠦᠯᠵᠦ᠂ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠰᠤ ᠠᠷᠪᠢᠯᠠᠬᠤ ᠳᠦᠷᠢᠮ》 ᠳ᠋ᠤ ᠵᠠᠰᠠᠪᠤᠷᠢ ᠤᠷᠤᠭᠤᠯᠤᠨ᠂ 《〈ᠤᠰᠤᠨ ᠤ᠋ ᠬᠡᠮᠵᠢᠢ᠎ᠠ ᠪᠡᠷ ᠬᠤᠲᠠ ᠵᠢᠨ ᠪᠦᠳᠦᠬᠡᠨ ᠪᠠᠢᠭᠤᠯᠤᠯᠳᠠ ᠵᠢ ᠲᠣᠭ᠍ᠲᠠᠭᠠᠬᠤ᠂ ᠤᠰᠤᠨ ᠤ᠋ ᠬᠡᠮᠵᠢᠢ᠎ᠠ ᠪᠡᠷ ᠭᠠᠵᠠᠷ ᠳᠠᠷᠢᠶ᠎ᠠ ᠵᠢ ᠲᠣᠭ᠍ᠲᠠᠭᠠᠬᠤ᠂ ᠤᠰᠤᠨ ᠤ᠋ ᠬᠡᠮᠵᠢᠢ᠎ᠠ ᠪᠡᠷ ᠬᠤᠳᠠ ᠵᠢᠨ ᠬᠥᠮᠦᠨ ᠠᠮᠠ ᠵᠢᠨ ᠳᠠᠭᠠᠭᠠᠴᠠ ᠵᠢ ᠲᠣᠭ᠍ᠲᠠᠭᠠᠬᠤ᠂ ᠤᠰᠤᠨ ᠤ᠋ ᠬᠡᠮᠵᠢᠢ᠎ᠠ ᠪᠡᠷ ᠦᠢᠯᠡᠳᠪᠦᠷᠢᠯᠡᠯ᠎ᠢ ᠲᠣᠭ᠍ᠲᠠᠭᠠᠬᠤ〉ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ》 ᠢ᠋ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠤᠳᠤ ᠪᠦᠬᠦ ᠤᠷᠤᠨ ᠤ᠋ 1740 ᠬᠡᠪᠴᠢᠶᠠᠵᠢᠯ ᠡᠴᠡ ᠳᠡᠭᠡᠭᠰᠢᠬᠢ ᠲᠠᠷᠢᠶᠠᠯᠠᠩ ᠤ᠋ᠨ ᠪᠤᠰᠤ ᠤᠰᠤ ᠬᠡᠷᠡᠭᠯᠡᠬᠦ ᠡᠷᠦᠬᠡ ᠶ᠋ᠢᠨ ᠤᠰᠤ ᠳᠠᠳᠠᠬᠤ ᠬᠡᠮᠵᠢᠶ᠎ᠠ ᠶ᠋ᠢ ᠪᠦᠷ ᠰᠦᠯᠵᠢᠶ᠎ᠠ ᠪᠡᠷ ᠬᠢᠨᠠᠨ ᠡᠵᠡᠮᠳᠡᠵᠤ ᠪᠤᠢ᠃

ᠲᠠᠷᠢᠶᠠᠯᠠᠩ ᠤ᠋ᠨ ᠬᠤᠪᠢ ᠳ᠋ᠤ᠂ ᠤᠰᠤ ᠠᠷᠪᠢᠯᠠᠬᠤ ᠴᠢᠳᠠᠪᠤᠷᠢ 2.3 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠨᠡᠮᠡᠭᠳᠡᠵᠤ᠂ ᠪᠤᠷᠳᠤᠬᠤᠢ ᠶ᠋ᠢᠨ ᠤᠰᠤᠯᠠᠯᠳᠠ ᠶ᠋ᠢᠨ ᠤᠷᠤᠨ ᠤ᠋ ᠤᠰᠤᠨ ᠤ᠋ ᠬᠡᠷᠡᠭᠯᠡᠭᠡ ᠨᠢᠳᠤᠨᠤᠨ ᠡᠴᠡ 1.35 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠭᠠᠰᠪᠠ᠃ ᠠᠵᠤ ᠦᠢᠯᠡᠳᠪᠤᠷᠢ ᠶ᠋ᠢᠨ ᠬᠤᠪᠢ ᠳ᠋ᠤ᠂ ᠦᠢᠯᠡᠳᠬᠦ ᠦᠢᠯᠡᠰ ᠪᠠ ᠢᠯᠴᠢ ᠶ᠋ᠢᠨ ᠴᠠᠬᠢᠯᠭᠠᠨ ᠤ᠋ ᠬᠦᠷᠢᠶᠡᠨ ᠤ᠋ ᠤᠰᠤ ᠠᠷᠪᠢᠯᠠᠬᠤ ᠦᠭᠡᠷᠡᠴᠢᠯᠡᠯᠳᠡ ᠶ᠋ᠢ ᠠᠬᠢᠭᠤᠯᠵᠤ᠂ 91 ᠤᠰᠤ ᠠᠷᠪᠢᠯᠠᠬᠤ ᠬᠡᠯᠪᠡᠷᠢ ᠶ᠋ᠢᠨ ᠠᠵᠤ ᠠᠬᠤᠢᠯᠠᠯ᠂ 12 ᠤᠰᠤ ᠠᠷᠪᠢᠯᠠᠬᠤ ᠬᠡᠯᠪᠡᠷᠢ ᠶ᠋ᠢᠨ ᠬᠦᠷᠢᠶᠡᠯᠡᠩ ᠲᠤᠭᠤᠷᠢᠭ ᠪᠠ 8 ᠤᠰᠤ ᠠᠷᠪᠢᠯᠠᠬᠤ ᠬᠡᠪ ᠳᠠᠭᠤᠷᠢᠶᠠᠯᠳᠤ ᠠᠵᠤ ᠠᠬᠤᠢᠯᠠᠯ ᠢ᠋ ᠪᠠᠢᠭᠤᠯᠤᠨ᠂ ᠤᠰᠤ ᠠᠷᠪᠢᠯᠠᠬᠤ ᠴᠢᠳᠠᠪᠤᠷᠢ ᠨᠢ 634 ᠲᠦᠮᠡᠨ ᠪᠤᠰᠤᠭ᠎ᠠ ᠳᠦᠷᠪᠡᠯᠵᠢᠨ ᠮᠧᠲᠷ ᠨᠡᠮᠡᠭᠳᠡᠵᠦ᠂ ᠤᠨ ᠤ᠋ ᠬᠠᠷᠠᠯᠳᠠᠳᠤ ᠡᠭᠦᠷᠭᠡ ᠪᠡᠨ ᠳᠠᠪᠠᠭᠤᠯᠤᠨ ᠪᠡᠶᠡᠯᠡᠭᠦᠯᠵᠠᠢ᠃ ᠬᠤᠳᠠ ᠬᠦᠳᠡᠭᠡ ᠶ᠋ᠢᠨ ᠬᠤᠪᠢ ᠳ᠋ᠤ᠂ 1311.86 ᠺᠢᠯᠦᠮᠧᠲᠷ ᠤ᠋ᠨ ᠤᠰᠤ ᠬᠠᠩᠭᠠᠬᠤ ᠬᠤᠭᠤᠯᠠᠢ ᠲᠤᠤᠷ ᠢ᠋ ᠰᠢᠨᠡᠴᠢᠯᠡᠵᠤ᠂ 483 ᠲᠦᠮᠡᠨ ᠪᠤᠰᠤᠭ᠎ᠠ ᠳᠦᠷᠪᠡᠯᠵᠢᠨ ᠮᠧᠲᠷ ᠤ᠋ᠨ ᠤᠰᠤᠨ ᠤ᠋ ᠬᠤᠬᠢᠷᠠᠯ ᠢ᠋ ᠪᠠᠭᠠᠰᠬᠠᠪᠠ᠃ ᠭᠠᠵᠠᠷ ᠲᠤᠤᠷᠠᠬᠢ ᠤᠰᠤ ᠶ᠋ᠢ ᠬᠡᠳᠦᠷᠡᠳᠡᠯ᠎ᠠ ᠲᠠᠳᠠᠬᠤ ᠠᠰᠠᠭᠤᠳᠠᠯ ᠢ᠋ ᠡᠷᠴᠢᠮᠳᠠᠢ ᠵᠠᠰᠠᠵᠤ᠂ 9.16 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤ᠋ᠨ ᠤᠰᠤ ᠶ᠋ᠢ ᠳᠤᠳᠠᠭᠤ ᠳᠠᠳᠠᠭᠤᠯᠵᠠᠢ᠃ ᠳᠠᠬᠢᠯᠳᠠ ᠤᠰᠤᠨ ᠤ᠋ ᠬᠡᠷᠡᠭᠯᠡᠭᠡ ᠶ᠋ᠢ ᠴᠢᠩᠭᠠᠳᠬᠠᠨ᠂ 49 ᠳᠠᠬᠢᠯᠳᠠ ᠤᠰᠤᠨ ᠤ᠋ ᠬᠡᠷᠡᠭᠯᠡᠭᠡ ᠶ᠋ᠢᠨ ᠲᠦᠷᠦᠯ ᠵᠦᠢᠯ ᠢ᠋ ᠬᠡᠷᠡᠭᠵᠢᠭᠦᠯᠵᠤ᠂ 372.62 ᠺᠢᠯᠦᠮᠧᠲᠷ ᠤ᠋ᠨ ᠳᠠᠬᠢᠯᠳᠠ ᠤᠰᠤ ᠬᠡᠷᠡᠭᠯᠡᠬᠦ ᠤᠰᠤᠨ ᠤ᠋ ᠬᠤᠭᠤᠯᠠᠢ ᠶ᠋ᠢ ᠰᠢᠨᠡᠴᠢᠯᠡᠨ ᠪᠠᠢᠭᠤᠯᠪᠠ᠃ ᠡᠭᠦᠨ ᠤ᠋ ᠬᠠᠮᠳᠤ ᠭᠡᠷ᠎ᠠ ᠪᠡᠷ ᠤᠰᠤ ᠠᠷᠪᠢᠯᠠᠬᠤ ᠲᠦᠷᠦᠯ ᠵᠦᠢᠯ ᠢ᠋ ᠬᠡᠷᠡᠭᠵᠢᠭᠦᠯᠵᠦ᠂ 3500 ᠲᠦᠮᠡᠨ ᠲᠦᠭᠦᠷᠢᠭ ᠤ᠋ᠨ ᠨᠡᠢᠭᠡᠮ ᠤ᠋ᠨ ᠪᠡᠯᠡ ᠮᠦᠩᠬᠦ ᠶ᠋ᠢ ᠳᠠᠳᠠᠵᠤ᠂ ᠵᠢᠯ ᠤ᠋ᠨ 100 ᠲᠦᠮᠡᠨ ᠪᠤᠰᠤᠭ᠎ᠠ ᠳᠦᠷᠪᠡᠯᠵᠢᠨ ᠮᠧᠲᠷ ᠤ᠋ᠨ ᠤᠰᠤ ᠠᠷᠪᠢᠯᠠᠬᠤ ᠴᠢᠳᠠᠪᠤᠷᠢ ᠶ᠋ᠢ ᠪᠦᠷᠢᠯᠳᠦᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号