ᠰᠤᠷᠪᠤᠯᠵᠢᠯᠠᠭᠴᠢ 11ᠰᠠᠷ᠎ᠠ ᠵᠢᠨ 19 ᠤ᠋ ᠡᠳᠦᠷ ᠬᠤᠷᠠᠯᠳᠤᠭᠰᠠᠨ ᠡᠪᠦᠯ᠎ᠦᠨ ᠤᠯᠠᠷᠢᠯ ᠤ᠋ᠨ ᠭᠠᠮᠱᠢᠭ ᠢ᠋ ᠰᠡᠷᠭᠡᠢᠯᠡᠵᠤ ᠭᠠᠮᠱᠢᠭ ᠢ᠋ ᠪᠠᠭᠠᠰᠭᠠᠬᠤ ᠪᠠ ᠠᠶᠤᠯᠬᠦᠢ ᠦᠶ᠋ᠯᠡᠳᠪᠦᠷᠢᠯᠡᠯ᠎ᠦᠨ ᠠᠵᠢᠯ ᠢ᠋ ᠥᠷᠨᠢᠭᠦᠯᠦᠭ᠌ᠰᠡᠨ ᠪᠠᠢᠳᠠᠯ ᠤ᠋ᠨ ᠲᠤᠬᠠᠶ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ ᠵᠢᠡᠷ᠂ ᠪᠥᠬᠥ᠌ ᠣᠷᠣᠨ ᠤ᠋ ᠦᠶ᠋ᠯᠡᠳᠪᠦᠷᠢᠯᠡᠯ᠎ᠦᠨ ᠠᠮᠤᠷ ᠲᠦᠪᠱᠢᠨ᠎ᠦ ᠡᠨᠳᠡᠯ ᠭᠠᠷᠤᠭ᠍ᠰᠠᠨ ᠲᠣᠭ᠎ᠠ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ᠎ᠡᠴᠡ 29.8% ᠪᠠᠭᠤᠷᠠᠪᠠ᠃
ᠡᠨᠡ ᠵᠢᠯ᠎ᠡᠴᠡ ᠪᠥᠬᠥ᠌ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ ᠤ᠋ᠨ ᠲᠤᠬᠠᠶ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠣᠯᠤᠨ ᠵᠠᠰᠠᠭ ᠤ᠋ᠨ ᠣᠷᠳᠣᠨ ᠤ᠋ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠤᠢᠪᠢᠰᠢ ᠦᠭᠡᠢ ᠨᠠᠢᠳᠠᠪᠤᠷᠢᠵᠢᠭᠤᠯᠤᠨ᠂ ᠠᠷᠠᠳ ᠲᠦᠮᠡᠨ ᠢ᠋ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠥᠬᠥ᠌ ᠬᠦᠴᠦᠨ ᠵᠢᠡᠷ ᠵᠢᠡᠨ ᠰᠡᠷᠭᠡᠢᠯᠡᠨ ᠠᠷᠢᠯᠭᠠᠵᠤ᠂ ᠠᠶᠤᠯᠬᠦᠢ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ ᠢ᠋ ᠪᠠᠲᠤ ᠰᠠᠬᠢᠪᠠ᠃ 《ᠬᠣᠶᠠᠷ ᠢ᠋ ᠪᠠᠷᠢᠮᠲᠠᠯᠠᠵᠤ᠂ ᠭᠤᠷᠪᠠ᠎ᠶ᠋ᠢ ᠬᠤᠪᠢᠷᠠᠭᠤᠯᠬᠤ》 ᠵᠢ ᠦᠶ᠋ᠯᠡᠳᠦᠯᠭᠡᠵᠢᠭᠦᠯᠵᠦ᠍᠂ ᠪᠠᠢᠭᠠᠯᠢ ᠵᠢᠨ ᠭᠠᠮᠱᠢᠭ ᠢ᠋ ᠠᠮᠵᠢᠯᠲᠠ ᠲᠠᠶ ᠠᠷᠭᠠᠴᠠᠭᠠᠨ ᠱᠢᠶ᠋ᠳᠪᠦᠷᠢᠯᠡᠵᠦ᠍᠂ ᠠᠷᠠᠳ ᠲᠦᠮᠡᠨ᠎ᠦ ᠠᠮᠢ ᠨᠠᠰᠤᠨ ᠤ᠋ ᠠᠮᠤᠷ ᠲᠦᠪᠱᠢᠨ ᠢ᠋ ᠦᠨᠡᠨ ᠬᠦ᠌ ᠲᠡᠷᠢᠭᠦᠨ ᠪᠠᠢᠷᠢᠨ ᠳ᠋ᠦ ᠲᠠᠯᠪᠢᠵᠤ ᠪᠣᠳᠠᠲᠠᠶ ᠳ᠋ᠦ ᠨᠠᠢᠳᠠᠪᠤᠷᠢᠵᠢᠭᠤᠯᠪᠠ᠃ 23 ᠡᠭᠡᠯᠵᠢ ᠵᠢᠨ ᠱᠢᠷᠦᠭᠦᠨ ᠪᠣᠷᠣᠭᠠᠨᠲᠤ ᠴᠠᠭ ᠠᠭᠤᠷ ᠢ᠋ ᠪᠦᠲᠦᠮᠵᠢᠲᠡᠶ ᠠᠷᠭᠠᠴᠠᠭᠠᠵᠤ᠂ ᠦᠶᠡᠷ ᠤᠰᠤᠲᠤᠯ ᠤ᠋ᠨ ᠭᠠᠮᠱᠢᠭ ᠤ᠋ᠨ ᠬᠣᠬᠢᠷᠠᠯ ᠢ᠋ ᠬᠠᠮᠤᠭ ᠤ᠋ᠨ ᠶᠡᠬᠡ ᠬᠡᠮᠵᠢᠶ᠎ᠡ᠎ᠪᠡᠷ ᠪᠠᠭᠠᠰᠭᠠᠵᠠᠢ᠃ ᠬᠥᠭ᠌ᠵᠢᠯᠲᠡ ᠪᠠ ᠠᠮᠤᠷ ᠲᠦᠪᠱᠢᠨ ᠢ᠋ ᠨᠢᠭᠡᠳᠦᠯᠲᠡᠶ ᠲᠥᠯᠥᠪᠵᠢᠬᠦᠯᠦᠨ᠂ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠦᠨᠳᠦᠰᠦᠨ ᠱᠠᠲᠤᠨ ᠤ᠋ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠱᠢᠰᠲ᠋ᠧᠮ ᠪᠠ ᠴᠢᠳᠠᠪᠤᠷᠢ ᠵᠢᠨ ᠣᠳᠣᠬᠢᠴᠢᠯᠠᠯᠲᠠ᠎ᠶ᠋ᠢ ᠬᠦᠴᠦᠯᠡᠨ ᠠᠬᠢᠭᠤᠯᠪᠠ᠃ ᠡᠯ᠎ᠡ ᠵᠦᠢᠯ᠎ᠦᠨ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ᠎ᠳᠦ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠬᠦᠨᠳᠦ ᠶᠡᠬᠡ ᠣᠨᠴᠠ ᠶᠡᠬᠡ ᠪᠠᠢᠭᠠᠯᠢ ᠵᠢᠨ ᠭᠠᠮᠱᠢᠭ ᠪᠣᠯᠤᠨ ᠡᠨᠳᠡᠯ᠎ᠦᠨ ᠭᠠᠢ ᠭᠠᠮᠱᠢᠭ ᠤ᠋ᠨ ᠪᠠᠴᠢᠮ ᠪᠠᠢᠳᠠᠯ ᠢ᠋ ᠠᠷᠭᠠᠴᠠᠭᠠᠬᠤ ᠵᠢᠯᠣᠭᠣᠳᠭᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠭᠠᠯ ᠲᠤᠢᠮᠠᠷ ᠢ᠋ ᠰᠡᠷᠭᠡᠢᠯᠡᠬᠦ᠌᠂ ᠦᠶᠡᠷ ᠤᠰᠤᠳᠤᠯ ᠢ᠋ ᠰᠡᠷᠭᠡᠢᠯᠡᠬᠦ᠌ ᠵᠠᠩᠭᠢᠯᠠᠭ᠎ᠠ ᠵᠢᠨ ᠬᠤᠭᠤᠴᠠᠭᠠᠨ ᠳ᠋ᠦ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠢ᠋ ᠵᠣᠬᠢᠶᠠᠨ ᠪᠠᠢᠭᠤᠯᠤᠨ ᠲᠥᠪᠯᠡᠷᠡᠭᠦᠯᠦᠨ ᠠᠵᠢᠯᠯᠠᠭᠤᠯᠪᠠ᠃ ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠳᠡᠬᠢ ᠠᠵᠤ ᠠᠬᠤᠢᠯᠠᠯ ᠤ᠋ᠨ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠡᠨᠳᠡᠯ᠎ᠦᠨ ᠭᠡᠮ ᠰᠤᠭᠤᠭ ᠢ᠋ ᠳᠣᠲᠣᠭᠠᠳᠤ᠎ᠳᠠᠭᠠᠨ ᠮᠡᠳᠡᠭᠦᠯᠵᠦ᠍ ᠱᠠᠩᠨᠠᠬᠤ ᠲᠣᠭ᠍ᠲᠠᠴᠠ᠎ᠶ᠋ᠢ ᠪᠠᠢᠭᠤᠯᠤᠨ᠂ ᠠᠶᠤᠯᠭᠦᠢ ᠦᠢᠯᠡᠳᠪᠦᠷᠢᠯᠡᠯ᠎ᠦᠨ ᠢᠯᠡᠴᠢᠯᠡᠨ ᠮᠡᠳᠡᠭᠦᠯᠦᠭ᠌ᠰᠡᠳ ᠤ᠋ᠨ ᠱᠠᠩᠨᠠᠯ ᠢ᠋ ᠨᠡᠢᠳᠠ 138.3 ᠲᠦᠮᠡ ᠭᠠᠷᠤᠢ ᠲᠥᠭᠥᠷᠢᠭ ᠣᠯᠭᠣᠪᠠ᠃ ᠠᠮᠤᠷ ᠲᠦᠪᠱᠢᠨ᠎ᠦ ᠤᠬᠠᠭᠤᠯᠭ᠎ᠠ ᠵᠢᠨ 《ᠲᠠᠪᠤᠨ ᠵᠠᠩᠬᠢᠯᠠᠭ᠎ᠠ ᠵᠢᠨ ᠬᠦᠷᠢᠶᠡᠨ ᠳ᠋ᠦ ᠬᠦᠨᠵᠡᠭᠡᠢᠷᠡᠬᠦ》 ᠪᠠ 《ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ +》 ᠵᠡᠷᠭᠡ ᠱᠢᠷᠢᠰ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠨᠡᠢᠲᠡ 1.2 ᠲᠦᠮᠡ ᠭᠠᠷᠤᠢ ᠲᠠᠯᠠᠪᠠᠢ ᠤᠳᠠᠭ᠎ᠠ ᠥᠷᠨᠢᠭᠦᠯᠵᠦ᠍᠂ ᠬᠦᠯᠢᠶᠡᠨ ᠠᠪᠤᠭ᠍ᠴᠢᠳ ᠤ᠋ᠨ ᠲᠤᠭ᠎ᠠ 383.3 ᠲᠦᠮᠡ ᠭᠠᠷᠤᠢ ᠬᠥᠮᠦᠨ ᠤᠳᠠᠭ᠎ᠠ ᠳ᠋ᠦ ᠬᠦᠷᠴᠦ᠍᠂ 《ᠬᠥᠮᠦᠨ ᠪᠦᠬᠦᠨ ᠠᠮᠤᠷ ᠲᠦᠪᠱᠢᠨ ᠢ᠋ ᠡᠷᠬᠢᠮᠯᠡᠵᠦ᠍᠂ ᠬᠥᠮᠦᠨ ᠪᠦᠬᠦᠨ ᠪᠠᠴᠢᠮ ᠪᠠᠢᠳᠠᠯ ᠢ᠋ ᠠᠷᠭᠠᠴᠠᠭᠠᠵᠦ ᠴᠢᠳᠠᠬᠤ》 ᠠᠭᠤᠷ ᠠᠮᠢᠰᠭᠤᠯ ᠢ᠋ ᠥᠳᠭᠡᠷᠠᠬᠦᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号