11 ᠰᠠᠷ᠎ᠠ᠎ᠶᠢᠨ 19 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢᠨ ᠳᠤᠷ᠎ᠠ᠎ᠶᠢᠨ ᠦᠢᠯᠡᠴᠢᠯᠡᠭᠡᠨ᠎ᠦ 《ᠲᠦᠷᠪᠡᠨ ᠨᠢᠭᠡ ᠪᠦᠯᠦᠭ》 ᠤ᠋ᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠰᠠᠢᠰᠢᠶᠠᠨ ᠬᠥᠬᠢᠭᠦᠯᠬᠦ ᠶᠣᠰᠣᠯᠠᠯ ᠵᠢᠴᠢ ᠠᠩᠬᠠᠳᠤᠭᠠᠷ ᠬᠤᠭᠤᠴᠠᠭᠠᠨ᠎ᠤ ᠬᠠᠮᠤᠭ᠎ᠤᠨ ᠭᠤᠶᠤ ᠨᠡᠢᠭᠡᠮ᠎ᠦᠨ ᠠᠵᠢᠯᠲᠠᠨ᠎ᠢ ᠨᠡᠢᠲᠡᠯᠡᠬᠦ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠮᠠᠨ᠎ᠤ ᠣᠷᠣᠨ᠎ᠤ 2024 ᠣᠨ᠎ᠤ ᠪᠦᠬᠦ ᠤᠯᠤᠰ᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ 《ᠲᠦᠷᠪᠡᠨ 100》 ᠵᠢᠨ ᠲᠡᠷᠢᠭᠦᠨ᠎ᠦ ᠨᠡᠢᠲᠡᠯᠢᠭ ᠵᠢᠱ᠌ᠢᠶ᠎ᠡ᠂ ᠪᠦᠬᠦ ᠣᠷᠣᠨ᠎ᠤ ᠰᠠᠢᠨ ᠳᠤᠷ᠎ᠠ᠎ᠶᠢᠨ ᠦᠢᠯᠡᠴᠢᠯᠡᠭᠡᠨ᠎ᠦ《ᠲᠦᠷᠪᠡᠨ ᠨᠢᠭᠡ ᠪᠦᠯᠦᠭ》 ᠤ᠋ᠨ ᠲᠡᠷᠢᠭᠦᠨ᠎ᠦ ᠨᠡᠢᠲᠡᠯᠢᠭ ᠵᠢᠱ᠌ᠢᠶ᠎ᠡ ᠵᠢᠴᠢ ᠠᠩᠬᠠᠳᠤᠭᠠᠷ ᠬᠤᠭᠤᠴᠠᠭᠠᠨ᠎ᠤ ᠬᠠᠮᠤᠭ᠎ᠤᠨ ᠭᠤᠶᠤ ᠨᠡᠢᠭᠡᠮ᠎ᠦᠨ ᠠᠵᠢᠯᠲᠠᠨ᠎ᠤ ᠲᠥᠯᠥᠭᠡᠯᠡᠭᠴᠢᠳ᠎ᠲᠦ ᠢᠷᠠᠭᠤ ᠠᠯᠳᠠᠷ᠎ᠤᠨ ᠦᠨᠡᠮᠯᠡᠯ ᠣᠯᠭᠣᠵᠠᠢ᠃
ᠲᠠᠨᠢᠯᠴᠠᠭᠤᠯᠤᠭᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ ᠨᠢ ᠶᠡᠷᠦᠩᠬᠡᠢ ᠱᠦᠵᠢ ᠰᠢ᠎ᠶᠢᠨ ᠫᠢᠩ᠎ᠤᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠰᠢᠨ᠎ᠡ ᠴᠠᠭ ᠦᠶ᠎ᠡ᠎ᠶᠢᠨ ᠨᠡᠢᠭᠡᠮ᠎ᠦᠨ ᠠᠵᠢᠯᠲᠠᠳ᠎ᠤᠨ ᠢᠲᠡᠭᠡᠯ ᠵᠣᠷᠢᠭ᠋ ᠡᠷᠡᠰ ᠪᠠᠲᠤ᠂ ᠬᠠᠷᠠᠮ ᠦᠭᠡᠢ ᠵᠢᠳᠬᠦᠬᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠬᠦ ᠪᠡᠷ ᠵᠤᠷᠢᠯᠭ᠎ᠠ ᠪᠠᠨ ᠪᠤᠯᠭᠠᠵᠠᠢ᠃
《ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠭᠣᠶᠣ᠌ ᠨᠡᠢᠭᠡᠮ᠎ᠦᠨ ᠠᠵᠢᠯᠲᠠᠨ᠎ᠢᠶᠠᠷ ᠦᠨᠡᠯᠡᠭᠳᠡᠭᠰᠡᠨ ᠶᠠᠪᠤᠳᠠᠯ ᠪᠣᠯ ᠣᠯᠠᠨ ᠲᠦᠮᠡᠨ᠎ᠦ ᠢᠲᠡᠭᠡᠯ ᠨᠠᠶ᠋ᠢᠳᠠᠯᠭ᠎ᠠ ᠮᠥᠨ᠂ ᠨᠡᠩ ᠴᠤ᠌ ᠵᠣᠬᠢᠶᠠᠨ ᠪᠠᠢᠭᠤᠯᠤᠯᠲᠠ ᠶ᠋ᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠮᠥᠨ᠂ ᠡᠨᠡ ᠨᠢ ᠨᠠᠳᠠ᠎ᠳᠤ ᠬᠠᠯᠠᠭᠤᠨ ᠲᠤᠯᠠᠭᠠᠬᠠᠨ ᠰᠠᠨᠠᠬᠲᠠᠬᠰᠠᠨ ᠮᠦᠷᠲᠡᠭᠡᠨ ᠨᠡᠩ ᠴᠸ᠋ ᠬᠠᠷᠢᠭᠤᠴᠠᠯᠭ᠎ᠠ ᠬᠦᠨᠳᠦ ᠬᠡᠲᠡᠭ ᠢ᠋ ᠭᠦᠨ ᠣᠢᠯᠠᠭᠠᠭᠤᠯᠤᠭᠰᠠᠨ ᠶᠤᠮ》᠃ ᠣᠷᠳᠣᠰ ᠬᠤᠳᠠ᠎ᠶᠢᠨ ᠵᠡᠭᠦᠨᠭᠠᠷ ᠬᠣᠰᠢᠭᠤᠨ᠎ᠤ ᠶᠢᠩ ᠽᠸ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠣᠷᠢᠶ᠎ᠠ᠎ᠶᠢᠨ ᠳᠡᠳ᠋ ᠱᠦᠵᠢ᠂ ᠨᠠᠨ ᠶᠤᠸᠠᠨ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠳ᠋ᠧᠩ ᠢᠦᠢ᠂ ᠡᠨᠡᠬᠦ ᠢᠷᠠᠭᠤ ᠠᠯᠲᠠᠷ ᠢ᠋ ᠦᠨᠳᠦᠰᠦᠨ ᠱᠠᠲᠤᠨ᠎ᠳᠤ ᠦᠨᠳᠦᠰᠦᠯᠡᠬᠦ᠎ᠶᠢᠨ ᠬᠥᠳᠡᠯᠭᠡᠬᠦ ᠬᠦᠴᠦᠨ ᠪᠣᠯᠭᠠᠵᠤ᠂ ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ《ᠡᠴᠦᠰ᠎ᠦᠨ ᠨᠢᠭᠡ ᠮᠧᠲᠷ》 ᠢ᠋ ᠭᠦᠨ ᠬᠠᠭᠠᠯᠪᠤᠷᠢᠯᠠᠵᠤ᠂ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠬᠥᠷᠰᠢ ᠵᠡᠷᠭᠡᠯᠡᠳᠡᠭᠡ᠎ᠶᠢᠨ ᠬᠠᠷᠢᠯᠴᠠᠨ ᠬᠠᠪᠰᠤᠷᠤᠯᠴᠠᠬᠤ ᠬᠥᠭᠥᠷᠭᠡ ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ ᠠᠷᠢᠯᠭᠠᠨ᠂ ᠨᠡᠢᠭᠡᠮ ᠲᠣᠭᠣᠷᠢᠭ᠋᠎ᠤᠨ ᠬᠠᠢᠷ᠎ᠠ ᠰᠡᠳᠬᠢᠯᠭᠡ᠎ᠶᠢ ᠨᠢᠭ᠍ᠲᠠᠷᠠᠭᠤᠯᠵᠤ᠂ ᠨᠠᠩ ᠣᠯᠠᠨ ᠬᠥᠮᠥᠰ᠎ᠢ ᠳᠠᠶ᠋ᠢᠴᠢᠯᠠᠨ ᠵᠡᠭᠡᠯᠢ ᠭᠤᠳᠤᠮᠵᠢ᠎ᠶᠢᠨ ᠠᠷᠠᠳ᠎ᠤᠨ ᠪᠠᠢᠳᠠᠯ᠎ᠢ ᠤᠢᠯᠠᠭᠠᠵᠦ᠂ ᠦᠨᠡᠨ ᠰᠡᠳᠬᠢᠯᠭᠡ᠎ᠪᠡᠷ ᠠᠢᠯ ᠡᠷᠦᠭᠡ ᠵᠢ ᠲᠤᠯᠠᠭᠠᠴᠠᠭᠤᠯᠵᠦ᠂ ᠰᠠᠢᠨ ᠳᠤᠷ᠎ᠠ᠎ᠶᠢᠨ ᠦᠢᠯᠡᠴᠢᠯᠡᠭᠡ ᠪᠡᠷ ᠬᠥᠮᠥᠰ᠎ᠦᠨ ᠰᠡᠳᠬᠢᠯ᠎ᠢ ᠤᠮᠳᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠳᠦ ᠦᠨᠳᠦᠰᠦᠨ ᠱᠠᠲᠤᠨ᠎ᠤ ᠬᠦᠴᠦᠨ ᠴᠢᠳᠠᠯᠢ᠋ᠢᠡᠨ ᠨᠡᠮᠡᠷᠢᠯᠡᠨ᠎ᠡ ᠬᠡᠵᠦ ᠢᠯᠡᠷᠬᠡᠢᠯᠡᠪᠡ᠃