ᠤᠢᠷ᠎ᠠ ᠳ᠋ᠤ᠂ ᠦᠪᠤᠷ ᠮᠤᠡᠭᠭᠤᠯ ᠤ᠋ᠨ ᠬᠢᠯᠢ ᠪᠡᠷ ᠤᠷᠤᠵᠤ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠡᠭᠭᠡᠢ ᠦᠷᠳᠡᠭᠡ ᠪᠠ ᠦᠪᠦᠷ ᠮᠤᠡᠭᠭᠤᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠵᠢᠨ ᠬᠠᠷᠢᠶᠠᠳᠤ ᠡᠮᠨᠡᠭᠡ ᠵᠢᠨ ᠬᠤᠷᠢᠶ᠎ᠠ ᠬᠠᠮᠳᠤᠷᠠᠨ 《ᠤᠮᠠᠷᠠᠳᠤ ᠬᠢᠯᠢ ᠵᠢᠨ ᠮᠤᠳᠤᠨ ᠪᠠᠳᠮ᠎ᠠ·ᠡᠷᠡᠬᠦᠯ ᠡᠡᠭᠭᠡ ᠤᠯᠠᠭᠠᠨᠮᠦ᠋ᠴᠢᠷ》 ᠲᠤᠭᠤᠷᠢᠨ ᠡᠮᠴᠢᠯᠡᠬᠦ ᠠᠵᠢᠯᠯᠠᠭ᠎ᠠ ᠦᠷᠨᠢᠬᠦᠯᠪᠡ᠃
ᠥᠪᠥᠷ ᠮᠣᠩᠭᠣᠯ᠎ᠤᠨ ᠬᠢᠯᠢ᠎ᠶ᠋ᠢᠨ ᠱᠤᠭᠤᠮ ᠣᠷᠳᠣ᠂ ᠭᠠᠵᠠᠷ ᠣᠷᠣᠨ ᠥᠷᠭᠡᠨ ᠠᠭᠤᠳᠠᠮ᠂ ᠴᠥᠭᠡᠨ ᠪᠤᠰᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠪᠣᠯᠤᠨ ᠮᠠᠯᠴᠢᠳ᠎ᠤᠨ ᠭᠡᠷ ᠨᠤᠳᠤᠭ ᠨᠢ ᠬᠣᠲᠠ᠎ᠶ᠋ᠢᠨ ᠲᠣᠭᠣᠷᠢᠭ᠎ᠠᠴᠠ ᠬᠣᠯᠠ ᠪᠤᠯᠬᠤᠷ 《ᠡᠪᠡᠳᠴᠢᠨ ᠦᠵᠡᠭᠦᠯᠬᠦ᠌᠎ᠳᠦ ᠬᠣᠯᠠ᠂ ᠡᠪᠡᠳᠴᠢᠨ ᠦᠵᠡᠭᠦᠯᠬᠦ᠌᠎ᠳᠦ ᠬᠦᠴᠢᠷᠲᠡᠶ》 ᠨᠢ ᠣᠯᠠᠨ ᠲᠦᠮᠡᠨ᠎ᠢ ᠲᠦᠪᠡᠭᠳᠡᠬᠦᠯᠵᠦ ᠪᠠᠢᠵᠠᠢ᠃ ᠡᠨᠡ ᠤᠳᠠᠭ᠎ᠠ ᠵᠢᠨ ᠲᠤᠭᠤᠷᠢᠨ ᠡᠮᠴᠢᠯᠡᠬᠦ ᠠᠵᠢᠯᠯᠠᠭ᠎ᠠ ᠨᠢ ᠡᠮ ᠡᠮᠴᠢᠯᠡᠭᠡ ᠵᠢ ᠬᠢᠯᠢ ᠵᠢᠨ ᠡᠮᠦᠨ᠎ᠠ ᠹᠷᠤᠨᠲ ᠲᠸ᠋ ᠬᠦᠷᠭᠡᠵᠦ᠂ ᠬᠢᠯᠢ ᠨᠤᠳᠤᠭ ᠤ᠋ᠨ ᠴᠠᠭᠳᠠᠭ᠎ᠠ ᠠᠷᠠᠳ ᠤ᠋ᠨ ᠰᠡᠳᠬᠢᠯ ᠢ᠋ ᠲᠤᠯᠠᠭᠠᠴᠠᠭᠤᠯᠪᠠ᠃
ᠥᠯᠵᠡᠶ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠲᠦᠷ ᠴᠠᠭ᠎ᠤᠨ ᠣᠨᠣᠱᠢᠯᠠᠨ ᠡᠮᠨᠡᠬᠦ᠌ ᠴᠡᠭ᠎ᠲᠦ᠂ ᠡᠮᠴᠢᠯᠡᠭᠡᠨ᠎ᠦ ᠠᠩᠭᠢ᠎ᠶ᠋ᠢᠨ ᠶᠠᠰᠤᠨ᠎ᠤ ᠰᠠᠯᠠᠭᠠᠨ᠎ᠤ ᠲᠤᠰᠭᠠᠶ ᠮᠡᠷᠭᠡᠵᠢᠯᠲᠡᠨ ᠠᠷᠠᠳ᠎ᠤᠨ ᠴᠠᠭ᠍ᠳᠠᠭ᠎ᠠ ᠴᠣᠭ᠍ᠵᠢᠯᠳᠤ ᠪᠠᠢᠴᠠᠭᠠᠯᠲᠠ ᠬᠢᠬᠦ᠌᠎ᠶ᠋ᠢᠨ ᠳᠠᠭᠠᠤ ᠨᠠᠷᠢᠨ ᠨᠢᠮᠪᠠᠶ ᠤᠨᠤᠰᠢᠯᠠᠨ ᠵᠠᠬᠢᠪᠠ᠃ ᠴᠤᠭ᠍ᠵᠢᠯ ᠬᠢᠯᠢ᠎ᠶ᠋ᠢᠨ ᠨᠢᠭᠡᠳᠦᠭᠡᠷ ᠹᠷᠣᠨᠲ᠎ᠲᠤ ᠠᠷᠪᠠ ᠭᠠᠷᠤᠢ ᠵᠢᠯ ᠠᠵᠢᠯᠯᠠᠵᠤ᠂ ᠵᠢᠯ ᠲᠤᠷᠰᠢ ᠰᠠᠯᠬᠢ ᠱᠢᠭᠤᠷᠭ᠎ᠠ᠎ᠶ᠋ᠢ ᠰᠦᠷᠦᠨ ᠬᠢᠯᠢ ᠴᠠᠭ᠍ᠳᠠᠵᠤ᠂ ᠡᠪᠦᠳᠦᠭ ᠨᠢᠷᠤᠭᠤ ᠵᠢᠨ ᠬᠡᠮ ᠲᠠᠢ ᠪᠤᠯᠵᠤ᠂ ᠲᠤᠮᠤ ᠡᠮᠨᠡᠯᠭᠡ᠎ᠶ᠋ᠢᠨ ᠬᠣᠷᠢᠢ᠎ᠠ᠎ᠳᠤ ᠣᠴᠢᠵᠦ ᠪᠠᠢᠴᠠᠭᠠᠬᠤ ᠵᠠᠪ ᠪᠠᠢᠬᠤ ᠦᠭᠡᠢ᠃ ᠡᠨᠡ ᠤᠳᠠᠭ᠎ᠠ ᠲᠤᠰᠭᠠᠢ ᠮᠡᠷᠭᠡᠵᠢᠯᠲᠡᠨ ᠬᠦᠷᠴᠦ᠍ ᠢᠷᠡᠭᠡᠳ᠂ ᠲᠡᠭᠦᠨ ᠳ᠋ᠤ ᠣᠨᠣᠱᠢᠯᠠᠨ ᠡᠮᠨᠡᠭᠦ ᠲᠦᠰᠦᠯ ᠢ᠋ ᠲᠤᠳᠤᠷᠬᠠᠢᠯᠠᠵᠤ ᠦᠭᠭᠦᠭᠰᠡᠨ ᠮᠦᠷᠳᠡᠭᠡᠨ ᠲᠤᠬᠠᠢ ᠵᠢᠨ ᠲᠠᠯᠠᠪᠠᠢ ᠳ᠋ᠤ ᠡᠮ ᠨᠠᠢᠷᠠᠭᠤᠯᠵᠤ ᠦᠭᠪᠡ᠃
ᠤᠢᠯᠠᠭᠠᠬᠰᠠᠨ ᠵᠢᠡᠷ᠂ ᠲᠤᠰ ᠤᠳᠠᠭᠠᠨ ᠤ᠋ ᠲᠤᠭᠤᠷᠢᠨ ᠡᠮᠴᠢᠯᠡᠬᠦ ᠠᠵᠢᠯᠯᠠᠭ᠎ᠠ ᠳ᠋ᠤ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠨᠢ ᠶᠡᠷᠦᠩᠬᠡᠶ ᠰᠠᠯᠠᠭ᠎ᠠ᠂ ᠶᠠᠰᠤᠨ᠎ᠤ ᠰᠠᠯᠠᠭ᠎ᠠ᠂ ᠬᠢᠲᠠᠳ ᠡᠮᠨᠡᠯᠭᠡ᠎ᠶ᠋ᠢᠨ ᠰᠠᠯᠠᠭ᠎ᠠ ᠵᠡᠷᠭᠡ 12 ᠭᠤᠤᠯᠳᠠᠯᠭ᠎ᠠ᠎ᠲᠠᠶ ᠰᠠᠯᠠᠭ᠎ᠠ ᠲᠠᠰᠤᠭ ᠤ᠋ᠨ 24 ᠡᠮᠴᠢᠯᠡᠭᠡᠨ᠎ᠦ ᠭᠤᠤᠯᠯᠠᠭ᠍ᠴᠢ ᠬᠦᠴᠦᠨ ᠢ᠋ ᠵᠤᠬᠢᠶᠠᠨ ᠪᠠᠢᠭᠤᠯᠵᠤ᠂ 5 ᠡᠳᠦᠷ᠎ᠦᠨ ᠬᠤᠭᠤᠴᠠᠭᠠᠨ᠎ᠳᠤ 5700 ᠭᠠᠷᠤᠢ ᠺᠢᠯᠤᠮᠸᠲᠷ ᠠᠶᠠᠯᠠᠵᠤ᠂ 1600 ᠭᠠᠷᠤᠶ ᠬᠥᠮᠦᠨ ᠤᠳᠠᠭ᠎ᠠ ᠳ᠋ᠤ ᠦᠶ᠋ᠯᠡᠴᠢᠯᠡᠵᠦ᠍᠂ 2 ᠲᠦᠮᠡᠨ ᠲᠥᠭᠥᠷᠢᠭ᠎ᠦᠨ ᠦᠷᠳᠡᠭ ᠪᠦᠬᠦᠢ ᠡᠮᠪᠠ ᠪᠤᠳᠠᠰ ᠢ᠋ ᠬᠦᠷᠭᠡᠭ᠌ᠰᠡᠨ ᠪᠠᠢᠨ᠎ᠠ᠃ ᠡᠭᠦᠨ᠎ᠦ ᠬᠠᠮᠲᠤ ᠬᠢᠯᠢ ᠬᠢᠵᠠᠭᠠᠷ᠎ᠤᠨ ᠡᠮᠴᠢᠯᠡᠭᠡᠨ᠎ᠦ ᠡᠬᠢ ᠪᠠᠶᠠᠯᠢᠭ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠡᠮᠴᠢᠯᠡᠭᠡᠨ᠎ᠦ ᠪᠦᠯᠬᠦᠮ ᠪᠠ ᠶᠡᠷᠦᠩᠬᠡᠶ ᠥᠷᠲᠡᠭᠡ ᠣᠷᠳᠣ ᠬᠤᠭᠤᠴᠠᠭᠠᠨ᠎ᠤ ᠪᠦᠲᠦᠮᠵᠢᠲᠡᠶ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ 《ᠠᠯᠤᠰ᠎ᠠᠴᠠ ᠬᠠᠮᠲᠤᠷᠠᠨ ᠣᠨᠣᠱᠢᠯᠠᠬᠤ +ᠰᠠᠭᠠᠳ ᠦᠭᠡᠢ ᠱᠢᠯᠵᠢᠭᠦᠯᠦᠨ ᠣᠨᠣᠱᠢᠯᠠᠬᠤ》 ᠬᠤᠤᠰ ᠪᠠᠲᠤᠯᠠᠭ᠎ᠠ᠎ᠪᠠᠷ ᠳᠠᠮᠵᠢᠨ᠂ ᠬᠢᠯᠢ ᠬᠢᠵᠠᠭᠠᠷ ᠢ᠋ ᠰᠠᠬᠢᠨ ᠬᠠᠮᠠᠭᠠᠯᠠᠵᠤ ᠪᠠᠢᠭ᠎ᠠ ᠠᠷᠠᠳ᠎ᠤᠨ ᠴᠠᠭ᠍ᠳᠠᠭ᠎ᠠ᠂ ᠬᠢᠯᠢ᠎ᠶ᠋ᠢᠨ ᠬᠠᠷᠢᠶ᠎ᠠ ᠣᠷᠣᠨ᠎ᠤ ᠣᠯᠠᠨ ᠲᠦᠮᠡᠨ᠎ᠦ ᠡᠷᠡᠭᠦᠯ ᠮᠡᠨᠳᠦ᠍᠎ᠵᠢᠨ ᠦᠶ᠋ᠯᠡᠴᠢᠯᠡᠭᠡᠨ᠎ᠦ ᠵᠠᠮ᠎ᠢ ᠨᠡᠪᠲᠡᠷᠡᠭᠦᠯᠪᠡ᠃
ᠲᠠᠷᠠᠭᠠᠴᠢ ᠪᠡᠷ ᠶᠡᠷᠦᠩᠬᠡᠶ ᠥᠷᠲᠡᠭᠡ ᠵᠢᠨ ᠬᠢᠨ ᠡᠮᠴᠢᠯᠡᠭᠡᠨ᠎ᠦ ᠨᠢᠭᠡᠴᠢ᠎ᠯᠦᠭᠡ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠲᠣᠭᠣᠷᠢᠨ ᠡᠮᠴᠢᠯᠡᠭᠦ ᠠᠵᠢᠯᠯᠠᠭ᠎ᠠ᠎ᠶ᠋ᠢ ᠪᠠᠢᠩᠭᠤᠵᠢᠭᠤᠯᠬᠤ᠂ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠣᠷᠳᠣ ᠬᠤᠭᠤᠴᠠᠭ᠎ᠠ ᠬᠦᠴᠦᠨ᠎ᠲᠡᠶ ᠪᠠᠢᠬᠤ᠎ᠶ᠋ᠢ ᠠᠬᠢᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠬᠠᠯᠠᠮᠵᠢᠯᠠᠯ ᠪᠠ ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠶ᠋ᠢ ᠬᠢᠯᠢ ᠬᠢᠵᠠᠭᠠᠷ᠎ᠤᠨ ᠣᠯᠠᠨ ᠲᠦᠮᠡᠨ᠎ᠦ ᠳᠡᠷᠭᠡᠳᠡ ᠬᠦᠷᠭᠡᠨ᠎ᠡ ᠭᠡᠵᠤ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ᠎ᠶ᠋ᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠪᠡ᠃