ᠭᠠᠯ ᠲᠦᠢᠮᠡᠷ ᠢ᠋ ᠰᠡᠷᠭᠡᠢᠯᠡᠨ ᠤᠨᠳᠠᠷᠠᠭᠠᠬᠤ 《ᠥᠪᠥᠷ ᠮᠣᠩᠭᠣᠯ ᠤ᠋ᠨ ᠵᠠᠭ᠍ᠪᠤᠷ》
2025-11-24 17:04:57
ᠵᠣᠬᠢᠶᠠᠭ᠍ᠴᠢ᠄
​ ᠤᠷᠭᠤᠮᠠᠯ
ᠣᠩᠱᠢᠭ᠍ᠰᠠᠨ ᠣᠳᠠᠭ᠎ᠠ᠄
★★★☆☆

《ᠰᠠᠢᠨ ᠤᠤ?ᠮᠠᠰᠢᠨ᠎ᠵᠢᠡᠨ ᠵᠤᠭᠰᠤᠭᠠᠵᠦ ᠳᠠᠩᠰᠠᠯᠠᠭᠠᠷᠠᠶ᠂ ᠱᠢᠭᠤᠢᠲᠤ ᠣᠷᠣᠨ᠎ᠵᠢᠡᠷ ᠨᠤᠴᠤᠭᠠᠭᠤᠷ ᠵᠡᠷᠭᠡ᠎ᠠᠶᠤᠯᠳᠠᠢ ᠵᠦᠢᠯᠡᠰ᠎ᠢ ᠠᠪᠴᠤ᠌ ᠤᠷᠤᠵᠤ ᠪᠣᠯᠬᠤ ᠦᠭᠡᠢ!》 ᠭᠡᠵᠦ ᠥᠷᠯᠥᠭᠡ ᠵᠢᠨ ᠵᠢᠷᠭᠤᠭᠠᠨ ᠴᠠᠭ᠎ᠤᠨ ᠵᠠᠢᠴᠠ ᠪᠠᠷ᠂ ᠭᠡᠭᠡᠡ ᠭᠣᠣᠯ ᠬᠤᠲᠠ ᠵᠢᠨ ᠮᠠᠨᠬᠢᠢ ᠤᠢ ᠰᠢᠭᠤᠢ ᠵᠢᠨ ᠠᠵᠤ ᠦᠢᠯᠡᠳᠪᠦᠷᠢ ᠵᠢᠨ ᠺᠣᠮᠫᠠᠨᠢ ᠵᠢᠨ ᠭᠠᠯ ᠰᠡᠷᠭᠡᠢᠯᠡᠬᠦ᠌ ᠪᠠᠢᠴᠠᠭᠠᠯᠲᠠ ᠵᠢᠨ ᠦᠷᠳᠡᠭᠡ ᠵᠢᠨ ᠠᠵᠢᠯᠳᠠᠨ ᠯᠢᠦ ᠯᠢ ᠭᠦᠸᠧ ᠪᠣᠯᠤᠨ ᠯᠢ ᠵᠢᠶᠠᠨ ᠭᠦᠸᠧ ᠬᠤᠶᠠᠷ ᠪᠠᠢᠴᠠᠭᠠᠯᠳᠠ ᠵᠢᠨ ᠦᠷᠳᠡᠭᠡ ᠪᠡᠷ ᠦᠩᠭᠡᠷᠡᠬᠦ ᠮᠠᠰᠢᠨ ᠤ᠋ ᠵᠢᠯᠤᠭᠤᠴᠢ ᠳ᠋ᠦ ᠵᠠᠬᠢᠨ᠎ᠠ᠃ ᠲᠡᠳᠡ ᠡᠨᠳᠡ 24 ᠴᠠᠭ ᠵᠢᠡᠷ ᠵᠢᠵᠢᠭᠦᠷᠯᠡᠨ᠂ ᠠᠵᠢᠯ ᠤ᠋ᠨ ᠪᠠᠢᠷᠢ᠎ᠪᠡᠨ ᠪᠠᠳᠦ ᠰᠠᠬᠢᠵᠦ ᠂ ᠰᠢᠭᠤᠢᠳᠦ ᠤᠷᠤᠨ ᠳ᠋ᠦ ᠠᠶᠤᠯᠲᠠᠢ ᠪᠤᠳᠠᠰ ᠠᠪᠴᠦ ᠤᠷᠤᠬᠤ ᠵᠢ ᠴᠢᠩᠭ᠎ᠠ ᠴᠠᠭᠠᠵᠠᠯᠠᠨ᠎ᠠ᠃ ᠡᠨᠡ ᠨᠢ 《ᠥᠪᠥᠷ ᠮᠣᠩᠭᠣᠯ ᠤ᠋ᠨ ᠵᠠᠭ᠍ᠪᠤᠷ》 ᠲᠡᠬᠢ ᠦᠨᠳᠦᠰᠦᠨ ᠱᠠᠲᠤᠨ ᠤ᠋ ᠭᠠᠯ ᠲᠦᠢᠮᠡᠷ ᠢ᠋ ᠰᠡᠷᠭᠡᠢᠯᠡᠨ ᠤᠨᠳᠠᠷᠠᠭᠠᠬᠤ ᠪᠠᠲᠤ ᠰᠠᠬᠢᠯᠳᠠ ᠵᠢᠨ ᠠᠮᠢᠳᠤᠯᠢᠭ ᠲᠠᠢᠯᠪᠤᠷᠢ ᠬᠡᠯᠳᠠᠢ᠃ ᠦᠪᠦᠷ ᠮᠤᠩᠭᠤᠯ ᠪᠦᠬᠦ ᠤᠷᠤᠨ ᠢ᠋ ᠨᠢᠭᠡᠳᠦᠯᠲᠡᠶ ᠲᠥᠯᠥᠪᠵᠢᠭᠦᠯᠵᠦ᠂ ᠠᠢᠮᠠᠭ ᠬᠣᠲᠠ ᠵᠢᠨ ᠱᠢᠨ᠎ᠡ ᠵᠢ ᠡᠭᠦᠳᠬᠦ᠌᠎ᠪᠡᠷ ᠭᠤᠤᠯᠳᠠᠯᠭ᠎ᠠ ᠪᠣᠯᠭᠠᠵᠤ᠂ ᠦᠨᠳᠦᠰᠦᠨ ᠱᠠᠲᠤᠨ ᠳ᠋ᠦ ᠨᠠᠢᠳᠠᠪᠤᠷᠢᠵᠢᠭᠤᠯᠬᠤ ᠪᠡᠷ ᠰᠠᠭᠤᠷᠢ ᠪᠣᠯᠭᠠᠨ᠂ ᠪᠥᠬᠥ᠌ ᠲᠠᠯ᠎ᠠ ᠵᠢᠨ᠂ ᠣᠯᠠᠨ ᠲᠠᠰ ᠳᠠᠪᠬᠤᠷᠭ᠎ᠠ ᠵᠢᠨ ᠣᠶ ᠱᠢᠭᠤᠶ ᠨᠤᠲᠤᠭ ᠪᠡᠯᠴᠢᠭᠡᠷ᠎ᠦᠨ ᠭᠠᠯ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠱᠢᠰᠲ᠋ᠧᠮ ᠢ᠋ ᠪᠠᠢᠭᠤᠯᠵᠦ᠂  ᠣᠳᠣᠬᠠᠨ ᠪᠣᠯᠲᠠᠯ᠎ᠠ᠂ ᠦᠪᠦᠷ ᠮᠤᠩᠭᠤᠯ᠎ᠳᠤ ᠣᠶ ᠱᠢᠭᠤᠶ ᠨᠤᠲᠤᠭ ᠪᠡᠯᠴᠢᠭᠡᠷ᠎ᠦᠨ ᠭᠠᠯ ᠲᠦᠶ᠋ᠮᠡᠷ ᠡᠭᠦᠰᠦᠭᠰᠡᠨ ᠥᠬᠡᠶ ᠰᠢᠯᠢᠳᠡᠭ ᠪᠦᠲᠦᠮᠵᠢ ᠲᠤᠰᠢᠶᠠᠵᠦ᠂ ᠭᠠᠯ ᠲᠦᠢᠮᠡᠷ ᠢ᠋ ᠰᠡᠷᠭᠡᠢᠯᠡᠨ ᠤᠨᠳᠠᠷᠠᠭᠠᠬᠤ 《ᠥᠪᠥᠷ ᠮᠣᠩᠭᠣᠯ ᠤ᠋ᠨ ᠵᠠᠭ᠍ᠪᠤᠷ》 ᠵᠢᠡᠷ ᠤᠮᠠᠷᠠᠲᠤ ᠬᠢᠯᠢ ᠵᠢᠨ ᠠᠮᠢ ᠠᠬᠤᠶ ᠵᠢᠨ ᠠᠮᠤᠷ ᠲᠦᠪᠱᠢᠨ᠎ᠤ᠋ ᠬᠠᠯᠬᠠᠪᠴᠢ᠎ᠵᠢ ᠪᠠᠳᠤ ᠴᠤᠭᠴᠠᠯᠠᠵᠤ  ᠪᠠᠢᠨ᠎ᠠ᠃

《ᠲᠠᠪᠤᠨ ᠱᠠᠲᠤᠨ ᠤ᠋ ᠬᠠᠷᠢᠭᠤᠴᠠᠯᠭ᠎ᠠ ᠵᠢᠨ ᠪᠢᠲᠡᠭᠦᠮᠵᠢᠯᠡᠭᠰᠡᠨ ᠬᠠᠮᠢᠶᠠᠷᠤᠯᠳᠠ + ᠠᠢᠮᠠᠭ ᠬᠣᠲᠠ ᠵᠢᠨ ᠦᠪᠡᠷᠮᠢᠴᠡ ᠣᠨᠴᠠᠯᠢᠭᠳᠦ ᠨᠠᠢᠳᠠᠪᠤᠷᠢᠵᠢᠭᠤᠯᠤᠯᠳᠠ》 ᠪᠡᠷ ᠭᠠᠯ ᠲᠦᠢᠮᠡᠷ ᠢ᠋ ᠰᠡᠷᠭᠡᠢᠯᠡᠨ ᠤᠨᠳᠠᠷᠠᠭᠠᠬᠤ 《ᠥᠪᠥᠷ ᠮᠣᠩᠭᠣᠯ ᠤ᠋ᠨ ᠵᠠᠭ᠍ᠪᠤᠷ》 ᠤ᠋ᠨ ᠰᠠᠭᠤᠷᠢ ᠵᠢ ᠪᠡᠬᠢᠵᠢᠭᠦᠯᠪᠡ᠃ ᠦᠪᠦᠷ ᠮᠤᠩᠭᠤᠯ 《ᠥᠪᠡᠷᠲᠡᠭᠡᠨ ᠵᠠᠰᠠᠬᠤ ᠣᠷᠣᠨ — ᠠᠢᠮᠠᠭ ᠬᠣᠲᠠ— ᠬᠣᠱᠢᠭᠤ ᠱᠢᠶᠠᠨ — ᠰᠤᠮᠤ ᠱᠢᠶᠠᠩ ᠪᠠᠯᠭᠠᠰᠤ — ᠭᠠᠴᠠᠭ᠎ᠠ ᠲᠣᠰᠭᠣᠨ》 ᠲᠠᠪᠤᠨ ᠱᠠᠲᠤᠨ ᠤ᠋ ᠬᠠᠷᠢᠭᠤᠴᠠᠯᠭ᠎ᠠ ᠵᠢᠨ ᠱᠢᠰᠲ᠋ᠧᠮ ᠢ᠋ ᠪᠠᠢᠭᠤᠯᠵᠤ᠂ 《ᠬᠥᠨᠳᠡᠯᠡᠨ ᠴᠢᠭᠯᠡᠯ ᠵᠢᠡᠷ ᠵᠠᠬ᠎ᠠ ᠬᠢᠵᠠᠭᠠᠷ ᠬᠦᠷᠳᠡᠯ᠎ᠡ᠂ ᠭᠤᠯᠳᠤ ᠴᠢᠭᠯᠡᠯ ᠵᠢᠡᠷ ᠡᠴᠦᠰ ᠲᠤᠨᠢ ᠲᠤᠯᠳᠠᠯ᠎ᠠ ᠬᠢᠬᠦ》 ᠪᠢᠲᠡᠭᠦᠮᠵᠢᠯᠡᠭᠰᠡᠨ ᠬᠠᠮᠢᠶᠠᠷᠤᠯᠲᠠ ᠵᠢ ᠪᠤᠶ ᠪᠣᠯᠭᠠᠵᠠᠢ᠃ ᠡᠨᠡ ᠪᠣᠯ《ᠥᠪᠥᠷ ᠮᠣᠩᠭᠣᠯ ᠤ᠋ᠨ ᠵᠠᠭ᠍ᠪᠤᠷ》 ᠤ᠋ᠨ ᠭᠣᠣᠯ ᠪᠦᠲᠦᠴᠡ ᠪᠣᠯᠤᠨ᠎ᠠ᠃ ᠡᠯ᠎ᠡ ᠭᠠᠵᠠᠷ ᠤ᠋ᠨ᠎ᠬᠢᠨ ᠪᠣᠳᠠᠲᠠᠶ ᠪᠠᠢᠳᠠᠯ᠎ᠳᠤ ᠪᠡᠨ ᠰᠠᠭᠤᠷᠢᠯᠠᠨ ᠠᠷᠭ᠎ᠠ ᠬᠡᠮᠵᠢᠶ᠎ᠡ ᠪᠡᠨ ᠨᠠᠷᠢᠯᠢᠬ᠍ᠵᠢᠭᠤᠯᠪᠠ᠄ ᠪᠠᠶᠠᠨᠨᠠᠭᠤᠷ ᠬᠣᠲᠠ᠎ᠵᠢᠨ ᠬᠢᠨ《ᠬᠤᠤᠰ ᠣᠶ ᠰᠢᠭᠤᠢ ᠵᠢᠨ ᠳᠠᠷᠤᠭ᠎ᠠ》 ᠵᠢᠨ ᠲᠣᠭ᠍ᠲᠠᠴᠠ ᠵᠢ ᠬᠡᠷᠡᠭ᠌ᠵᠢᠭᠦᠯᠵᠦ᠍᠂ 1800 ᠭᠠᠷᠤᠶ ᠳᠥᠷᠪᠡᠨ ᠱᠠᠳᠤᠨ ᠤ᠋ ᠣᠶ ᠰᠢᠭᠤᠢ ᠵᠢᠨ ᠳᠠᠷᠤᠭ᠎ᠠ ᠨᠡᠢᠲᠡ 3 ᠲᠦᠮᠡ ᠭᠠᠷᠤᠶ ᠤᠳᠠᠭ᠎ᠠ ᠣᠶ ᠱᠢᠭᠤᠶ ᠡᠪᠡᠰᠦ ᠪᠡᠯᠴᠢᠭᠡᠷ ᠢ᠋ ᠲᠣᠭᠣᠷᠢᠨ ᠪᠠᠢᠴᠠᠭᠠᠪᠠ; ᠱᠢᠯᠢ ᠵᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠣᠱᠢᠭᠤ᠎ᠵᠢᠨ ᠬᠢᠨ 《ᠨᠠᠮ ᠤ᠋ᠨ ᠭᠡᠱᠢᠭᠦᠨ ᠡᠷᠦᠬᠡ ᠬᠣᠯᠪᠣᠭᠠᠯᠠᠬᠤ + ᠲᠤᠤᠷᠵᠢᠭᠤᠯᠤᠭᠰᠠᠨ ᠲᠣᠭᠣᠷᠢᠨ ᠬᠠᠮᠠᠭᠠᠯᠠᠯᠲᠠ》 ᠪᠡᠷ ᠪᠥᠬᠥ᠌ ᠣᠷᠣᠨ ᠪᠦᠰᠡ ᠵᠢᠨ ᠨᠤᠲᠤᠭ ᠪᠡᠯᠴᠢᠭᠡᠷ ᠢ᠋ ᠬᠠᠮᠤᠷᠴᠤ᠌᠂ ᠨᠠᠮ ᠤ᠋ᠨ ᠭᠡᠱᠢᠭᠦᠨ ᠺᠠᠳ᠋ᠷ ᠮᠠᠯᠵᠢᠬᠤ ᠡᠷᠦᠬᠡ ᠵᠢ ᠳᠠᠭᠠᠭᠠᠴᠢᠯᠠᠨ ᠬᠠᠷᠢᠯᠴᠠᠵᠤ ᠬᠡᠮ ᠰᠣᠭᠣᠭ ᠢ᠋ ᠵᠢᠭ᠍ᠰᠠᠭᠠᠨ ᠪᠠᠢᠴᠠᠭᠠᠵᠠᠢ; ᠲᠦᠩᠯᠢᠶᠣᠤ ᠬᠣᠲᠠ᠎ᠵᠢᠨ ᠬᠢᠨ 《ᠭᠠᠯ ᠰᠡᠷᠭᠡᠢᠯᠡᠬᠦ᠌ ᠺᠣᠳ᠋》 ᠤ᠋ᠨ ᠬᠠᠮᠢᠶᠠᠷᠤᠯᠲᠠ ᠵᠢ ᠳᠡᠯᠭᠡᠷᠡᠭᠦᠯᠵᠦ᠍᠂ ᠠᠭᠤᠯᠠᠨ᠎ᠳᠤ ᠤᠷᠤᠭᠰᠠᠳ᠎ᠢ᠋ ᠣᠨᠣᠪᠴᠢᠲᠠᠶ ᠮᠦᠷᠳᠡᠵᠦ ᠴᠢᠳᠠᠬᠤ ᠵᠢ ᠪᠡᠶᠡᠯᠡᠭᠦᠯᠪᠡ᠃ ᠤᠯᠤᠰ ᠤ᠋ᠨ ᠣᠶ ᠱᠢᠭᠤᠶ ᠨᠤᠳᠤᠭ ᠪᠡᠯᠴᠢᠭᠡᠷ ᠤ᠋ᠨ ᠭᠠᠯ ᠲᠤᠢᠮᠠᠷ᠎ᠢ ᠰᠡᠷᠭᠡᠢᠯᠡᠨ ᠤᠨᠳᠠᠷᠠᠭᠠᠬᠤ ᠠᠵᠢᠯ ᠤ᠋ᠨ ᠵᠢᠯᠤᠭᠤᠳᠬᠤ ᠭᠠᠵᠠᠷ ᠤ᠋ᠨ ᠠᠯᠪᠠᠨ ᠭᠡᠷ ᠤ᠋ᠨ ᠢᠯᠡ ᠪᠡᠷ ᠪᠠᠢᠴᠠᠭᠠᠵᠦ ᠲᠠᠯᠳᠠᠭᠤᠷ ᠰᠤᠷᠪᠤᠯᠵᠢᠯᠠᠵᠤ ᠢᠯᠡᠷᠡᠭᠦᠯᠦᠭ᠌ᠰᠡᠨ 26 ᠵᠦᠶ᠋ᠯ᠎ᠦᠨ ᠠᠰᠠᠭᠤᠳᠠᠯ ᠳ᠋ᠤ ᠴᠢᠭ᠌ᠯᠡᠭᠦᠯᠦᠨ᠂ ᠡᠯ᠎ᠡ ᠭᠠᠵᠠᠷ ᠤ᠋ᠨ᠎ᠬᠢᠨ 《ᠨᠠᠷᠢᠨ ᠲᠠᠩᠰᠠ ᠵᠢᠨ ᠬᠡᠯᠪᠡᠷᠢ》 ᠵᠢᠨ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ ᠪᠠᠢᠭᠤᠯᠤᠨ 《ᠠᠰ ᠠᠰ ᠲᠤᠨᠢ ᠵᠦᠪᠯᠡᠬᠦ》 ᠬᠡᠯᠪᠡᠷᠢ ᠪᠡᠷ ᠬᠢᠨᠠᠨ ᠵᠢᠯᠤᠭᠤᠳᠴᠦ᠂ 25 ᠵᠦᠶ᠋ᠯ ᠢ᠋ ᠨᠢᠭᠡᠨᠲᠡ ᠴᠡᠭ᠌ᠴᠡᠯᠡᠨ ᠰᠠᠢᠵᠢᠷᠠᠭᠤᠯᠵᠤ ᠳᠠᠭᠤᠰᠭᠠᠪᠠ; ᠪᠥᠬᠥ᠌ ᠣᠷᠣᠨ᠎ᠳᠤ ᠨᠢᠭᠡᠳᠦᠭᠡᠷ ᠹᠷᠣᠨᠲ ᠤ᠋ᠨ ᠪᠠᠢᠴᠠᠭᠠᠯᠳᠠ ᠵᠢᠯᠣᠭᠣᠳᠤᠯᠭ᠎ᠠ ᠵᠢ ᠨᠡᠢᠲᠡ 127 ᠤᠳᠠᠭ᠎ᠠ ᠥᠷᠨᠢᠭᠦᠯᠵᠦ᠍᠂ 1100 ᠭᠠᠷᠤᠶ ᠠᠭᠤᠯᠠᠨ᠎ᠳᠤ ᠣᠷᠣᠬᠤ ᠵᠠᠮ ᠤ᠋ᠨ ᠠᠭᠤᠯᠵᠠᠷ ᠤ᠋ᠨ ᠪᠠᠢᠴᠠᠭᠠᠯᠳᠠ ᠵᠢᠨ ᠦᠷᠳᠡᠭᠡ ᠪᠡᠬᠢᠯᠡᠯᠳᠡ ᠪᠡᠨ ᠪᠠᠲᠤ ᠰᠠᠬᠢᠵᠤ᠂ ᠬᠠᠷᠢᠭᠤᠴᠠᠯᠭ᠎ᠠ ᠵᠢ ᠪᠦᠷᠢᠨ ᠬᠦᠢᠴᠡᠳ ᠨᠠᠢᠳᠠᠪᠤᠷᠢᠵᠢᠭᠤᠯᠬᠤ ᠵᠢ ᠦᠨᠡᠨ ᠬᠦ᠌  ᠪᠠᠲᠤᠯᠠᠭᠰᠠᠨ ᠪᠠᠢᠨ᠎ᠠ᠃

《ᠲᠡᠭᠷᠢ ᠠᠭᠠᠷ ᠤᠭᠳᠠᠷᠭᠤᠢ》 ᠵᠢᠨ ᠪᠣᠰᠣᠭ᠎ᠠ ᠴᠣᠭ᠍ᠴᠠᠳᠦ ᠰᠡᠷᠭᠡᠢᠯᠡᠨ ᠡᠵᠡᠮᠳᠡᠯ + ᠣᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠬᠦ 《ᠥᠪᠥᠷ ᠮᠣᠩᠭᠣᠯ ᠤ᠋ᠨ ᠵᠠᠭ᠍ᠪᠤᠷ》 ᠨᠢ ᠭᠠᠯ ᠲᠦᠢᠮᠡᠷ ᠢ᠋ ᠰᠡᠷᠬᠡᠢᠯᠡᠨ ᠤᠨᠳᠠᠷᠠᠭᠠᠬᠤ ᠦᠷ᠎ᠡ ᠪᠦᠲᠦᠮᠵᠢ ᠵᠢ ᠪᠦᠲᠦᠮᠵᠢᠳᠠᠢ ᠳᠡᠭᠡᠭ᠌ᠰᠢᠯᠡᠭᠦᠯᠪᠡ᠃ ᠬᠡᠭᠡᠷ᠎ᠡ ᠭᠠᠳᠠᠨᠠᠬᠢ ᠭᠠᠯ ᠤ᠋ᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ᠌ ᠡᠨᠡ ᠬᠦ᠌ ᠵᠠᠩᠭᠢᠯᠠᠭ᠎ᠠ᠎ᠳᠤ ᠠᠩᠬᠠᠷᠤᠯ ᠵᠢᠡᠨ ᠲᠥᠪᠯᠡᠷᠡᠭᠦᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠡᠨᠧᠷᠭᠢ ᠣᠯᠭᠣᠵᠦ᠂  ᠪᠦᠬᠦ᠌ ᠠᠷᠠᠳ ᠵᠢᠡᠷ ᠵᠢᠡᠨ ᠭᠠᠯ ᠤ᠋ᠨ ᠡᠬᠢ ᠰᠤᠷᠪᠤᠯᠵᠢ ᠵᠢᠨ ᠰᠡᠷᠭᠡᠢᠯᠡᠯᠲᠡ ᠵᠢᠨ ᠱᠤᠭᠤᠮ ᠢ᠋ ᠪᠠᠢᠭᠤᠯᠬᠤ᠎ᠳᠤ ᠣᠷᠣᠯᠴᠠᠵᠠᠢ᠃ ᠦᠪᠤᠷ ᠮᠤᠡᠭᠭᠤᠯ ᠳᠠᠭᠠᠭᠤᠯᠢ ᠣᠳᠣᠨ ᠤ᠋ ᠠᠯᠤᠰ ᠰᠡᠷᠡᠯ᠂ ᠵᠢᠯᠣᠭᠣᠴᠢ ᠥᠬᠡᠶ ᠨᠢᠰᠭᠡᠯ ᠤ᠋ᠨ ᠲᠣᠭᠣᠷᠢᠨ ᠪᠠᠢᠴᠠᠭᠠᠯᠳᠠ ᠵᠡᠷᠭᠡ 《ᠵᠢᠷᠭᠤᠭ᠎ᠠ ᠵᠢ ᠨᠢᠭᠡ ᠴᠤᠬ᠍ᠴᠠᠵᠢᠭᠤᠯᠬᠤ》 ᠬᠢᠨᠠᠨ ᠬᠡᠮᠵᠢᠬᠦ᠌ ᠱᠢᠰᠲ᠋ᠧᠮ ᠢ᠋ ᠨᠢᠭᠡᠳᠦᠯᠲᠡᠶ ᠲᠥᠯᠥᠪᠵᠢᠭᠦᠯᠦᠭᠰᠡᠨ ᠵᠢᠡᠷ᠂ ᠡᠯ᠎ᠡ ᠭᠠᠵᠠᠷ ᠲᠣ᠌ ᠱᠢᠨ᠎ᠡ ᠵᠢ ᠡᠭᠦᠳᠦᠭ᠌ᠰᠡᠨ ᠦᠶ᠋ᠯᠡᠳᠦᠯᠭᠡ ᠵᠢᠨ ᠬᠢᠯᠠᠰ ᠴᠡᠭ ᠵᠠᠯᠭᠠᠭ᠎ᠠ ᠪᠡᠷ ᠲᠤᠳᠤᠷᠠᠪᠠ᠄ ᠬᠥᠯᠥᠨ ᠪᠣᠢᠷ ᠬᠤᠳᠠ᠎ᠵᠢᠨ ᠬᠢᠨ ᠴᠠᠬᠢᠯᠭᠠᠨ ᠤᠳᠠᠰᠦ ᠴᠢᠷᠦᠭᠰᠡᠨ ᠵᠢᠯᠣᠭᠣᠴᠢ ᠥᠬᠡᠶ ᠨᠢᠰᠭᠡᠯ ᠵᠢᠡᠷ 4.8 ᠲᠦᠮᠡᠨ ᠾᠧᠺᠲ᠋ᠠᠷ ᠪᠡᠯᠴᠢᠭᠡᠷ ᠢ᠋ 24 ᠴᠠᠭ ᠵᠢᠡᠷ ᠬᠢᠨᠠᠨ ᠬᠡᠮᠵᠢᠪᠡ; ᠱᠢᠯᠢᠩᠬᠣᠲᠠ᠎ᠵᠢᠨ ᠬᠢᠨ ᠲᠦᠷᠭᠡᠨ᠎ᠦ ᠵᠠᠮ ᠤ᠋ᠨ ᠤᠷᠤᠴᠠ ᠭᠠᠷᠤᠴᠠ ᠳ᠋ᠦ ᠬᠠᠯᠠᠭᠤᠨ ᠳᠦᠷᠰᠦ ᠪᠦᠲᠦᠭᠡᠬᠦ᠌ ᠡᠭᠦᠯᠡᠨ ᠲᠠᠪᠴᠠᠩ ᠪᠠᠢᠷᠢᠯᠠᠭᠤᠯᠵᠤ ᠂ ᠭᠠᠯ ᠲᠤᠢᠮᠠᠷ ᠤ᠋ᠨ ᠠᠶᠤᠯ ᠤ᠋ᠨ ᠬᠡᠮ ᠰᠤᠭᠤᠭ ᠢ᠋ ᠣᠨᠣᠪᠴᠢᠲᠠᠶ ᠢᠯᠭᠠᠨ ᠲᠠᠨᠢᠪᠠ; ᠤᠯᠠᠭᠠᠨᠬᠠᠳᠠ ᠬᠣᠲᠠ ᠎ᠵᠢᠨ ᠬᠢᠨ ᠪᠥᠬᠥ᠌ ᠤᠯᠤᠰ ᠤ᠋ᠨ ᠠᠩᠬᠠᠳᠠᠭ᠍ᠴᠢ ᠲᠥᠯᠥᠪᠯᠡᠭᠡ᠎ᠪᠡᠷ ᠱᠢᠲᠠᠭᠠᠵᠦ ᠠᠷᠢᠯᠭᠠᠬᠤ ᠬᠠᠤᠯᠢ ᠪᠡᠷ ᠲᠣᠭ᠍ᠲᠠᠭᠠᠭ᠍ᠰᠠᠨ ᠲᠤᠰᠭᠠᠶ ᠣᠷᠣᠨ ᠤ᠋ ᠲᠠᠰ ᠤ᠋ᠨ ᠬᠣᠲᠠ ᠪᠤᠯᠤᠭᠰᠠᠨ ᠤ᠋ ᠬᠤᠪᠢ ᠳ᠋ᠦ᠂ 110 ᠲᠦᠮᠡᠨ ᠮᠣ᠌ ᠵᠢᠨ ᠲᠠᠯᠠᠪᠠᠶ ᠵᠢ ᠱᠢᠲᠠᠭᠠᠨ ᠠᠷᠢᠯᠭᠠᠵᠦ᠂ ᠪᠥᠬᠥ᠌ ᠤᠯᠤᠰ ᠲᠣ᠌ ᠬᠠᠭᠤᠯᠪᠤᠷᠢᠯᠠᠵᠤ ᠪᠣᠯᠬᠤᠢᠴᠠ ᠲᠤᠷᠱᠢᠯᠭ᠎ᠠ ᠬᠠᠩᠭᠠᠵᠠᠢ᠃ ᠪᠥᠬᠥ᠌ ᠣᠷᠣᠨ ᠪᠦᠰᠡ᠎ᠪᠡᠷ ᠬᠦᠴᠦᠯᠡᠬᠦ ᠵᠢ ᠤᠬᠠᠭᠤᠯᠤᠨ ᠵᠢᠯᠤᠭᠤᠳᠴᠦ᠂ ᠦᠪᠤᠷ ᠮᠤᠡᠭᠭᠤᠯ ᠨᠡᠢᠲᠡ ᠵᠢᠨ ᠠᠰᠠᠷᠠᠮᠵᠢ ᠵᠢᠨ ᠴᠠᠬᠢᠮ ᠮᠡᠳᠡᠭᠡ ᠵᠢ 6500 ᠭᠠᠷᠤᠶ ᠲᠦᠮᠡᠨ ᠵᠤᠷᠪᠤᠰ ᠳᠠᠮᠵᠢᠭᠤᠯᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠦᠭᠡᠮᠡᠯᠵᠢᠭᠦᠯᠦᠯᠳᠡ ᠵᠢᠨ ᠱᠢᠭᠤᠳ ᠨᠡᠪᠲᠡᠷᠡᠭᠦᠯᠭᠡ ᠵᠢ 1.4 ᠲᠦᠮᠡ ᠭᠠᠷᠤᠶ ᠬᠥᠮᠦᠨ ᠤᠳᠠᠭ᠎ᠠ ᠬᠦᠯᠢᠶᠡᠨ ᠠᠪᠴᠦ ᠦᠵᠡᠵᠦ᠂ ᠪᠠᠶᠠᠨᠨᠠᠭᠤᠷ ᠬᠣᠲᠠ ᠵᠢᠨ ᠬᠢᠨ ᠲᠣᠭ᠍ᠲᠠᠭᠠᠯ᠎ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭ᠌ᠯᠡᠭ᠌ᠰᠡᠨ ᠢ᠋ ᠢᠯᠡᠴᠢᠯᠡᠨ ᠮᠡᠳᠡᠭᠦᠯᠦᠭ᠌ᠰᠡᠳ ᠢ᠋ ᠱᠠᠩᠨᠠᠬᠤ ᠲᠦᠷᠢᠮ ᠢ᠋ ᠭᠡᠷᠡᠭᠵᠢᠬᠦᠯᠵᠦ᠂ ᠠᠯᠠᠱᠠ ᠠᠢᠮᠠᠭ ᠮᠣᠩᠭᠣᠯ ᠬᠢᠲᠠᠳ ᠬᠤᠤᠰ ᠬᠡᠯᠡᠨ᠎ᠦ ᠣᠬᠣᠷ ᠸᠢᠳᠢᠣ᠋ ᠪᠡᠷ ᠭᠠᠯ ᠲᠤᠢᠮᠠᠷ᠎ᠢ ᠰᠡᠷᠭᠡᠢᠯᠡᠬᠦ᠌ ᠲᠥᠷᠥ ᠵᠢᠨ ᠪᠣᠳᠣᠯᠭ᠎ᠠ ᠵᠢ ᠲᠠᠢᠯᠪᠤᠷᠢᠯᠠᠪᠠ᠃ ᠡᠢᠨ ᠬᠦ᠌᠂ ᠪᠥᠬᠥ᠌ ᠣᠷᠣᠨ ᠳ᠋ᠦ ᠨᠡᠢᠲᠡ 4021.56 ᠺᠢᠯᠣᠮᠧᠲ᠋ᠷ ᠢ᠋ ᠲᠦᠯᠦᠪᠯᠡᠭᠡ ᠲᠠᠢ ᠪᠡᠷ ᠱᠢᠲᠠᠭᠠᠵᠦ᠂ 2139 ᠺᠢᠯᠣᠮᠧᠲ᠋ᠷ  ᠬᠢᠯᠢ ᠵᠢᠨ ᠲᠤᠰᠠᠭᠠᠷᠯᠠᠬᠤ ᠪᠦᠰᠡ ᠵᠢ ᠭᠠᠷᠭᠠᠵᠤ᠂ ᠭᠠᠯ ᠲᠤᠢᠮᠠᠷ ᠤ᠋ᠨ ᠠᠶᠤᠯ ᠤ᠋ᠨ ᠵᠡᠷᠭᠡ ᠳᠡᠰ ᠢ᠋ ᠡᠬᠢ ᠡᠭᠦᠰᠦᠯ᠎ᠡᠴᠡ ᠨᠢ ᠪᠠᠭᠤᠷᠠᠭᠤᠯᠤᠭᠰᠠᠨ ᠪᠠᠢᠨ᠎ᠠ᠃

《ᠤᠷᠢᠳᠴᠢᠯᠠᠨ ᠰᠡᠷᠭᠡᠢᠯᠡᠬᠦ᠌᠎ᠪᠡᠷ ᠭᠤᠤᠯ ᠪᠣᠯᠭᠠᠵᠤ᠂ ᠲᠦᠷᠭᠡᠨ ᠪᠦᠭᠡᠳ ᠪᠦᠲᠦᠮᠵᠢᠳᠠᠢ ᠤᠨᠳᠠᠷᠠᠭᠠᠬᠤ》 ᠪᠣᠯ 《ᠥᠪᠥᠷ ᠮᠣᠩᠭᠣᠯ ᠤ᠋ᠨ ᠵᠠᠭ᠍ᠪᠤᠷ》 ᠤ᠋ᠨ ᠢᠯᠡ ᠲᠣᠳᠣ ᠤᠳᠤᠷᠢᠳᠤᠮᠵᠢ ᠮᠥᠨ᠂ ᠦᠪᠤᠷ ᠮᠤᠡᠭᠭᠤᠯ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠠᠵᠢᠯ ᠢ᠋ ᠨᠢᠭᠡᠳᠦᠯᠲᠡᠶ ᠪᠠᠢᠷᠢᠯᠠᠭᠤᠯᠵᠤ᠂ ᠡᠯ᠎ᠡ ᠭᠠᠵᠠᠷ ᠤ᠋ᠨ᠎ᠬᠢᠨ ᠨᠠᠷᠢᠯᠢᠭ ᠤᠨᠤᠪᠴᠢᠳᠠᠢ  ᠨᠠᠢᠳᠠᠪᠤᠷᠢᠵᠢᠭᠤᠯᠤᠨ ᠨᠡᠢᠯᠡᠯ ᠬᠦᠴᠦᠨ ᠢ᠋ ᠣᠨᠣᠪᠴᠢᠲᠠᠶ ᠪᠣᠶ ᠪᠣᠯᠭᠠᠪᠠ᠄ ᠬᠥᠬᠡᠬᠣᠲᠠ᠂ ᠬᠥᠯᠥᠨ ᠪᠣᠢᠷ ᠵᠡᠷᠭᠡ ᠭᠤᠤᠯᠳᠠᠯᠭ᠎ᠠ᠎ᠲᠠᠶ ᠣᠷᠣᠨ ᠪᠦᠰᠡ ᠳ᠋ᠦ ᠭᠠᠯ ᠲᠦᠶ᠋ᠮᠡᠷ ᠢ᠋ ᠰᠡᠷᠭᠡᠢᠯᠡᠬᠦ᠌ ᠡᠳ᠋ ᠪᠣᠳᠠᠰ ᠢ᠋ 4001 ᠬᠤᠪᠢ(ᠢᠵᠢ)ᠨᠥᠭᠡᠴᠡᠯᠡᠵᠦ᠍᠂《ᠭᠠᠯ ᠲᠦᠶ᠋ᠮᠡᠷ᠎ᠡᠭᠦᠰᠪᠡᠯ ᠳᠠᠷᠤᠢᠬᠠᠨ ᠠᠵᠢᠯᠯᠠᠭ᠎ᠠ ᠠᠪᠬᠤ᠂ ᠡᠳ᠋ ᠪᠣᠳᠠᠰ ᠢ᠋ ᠳᠠᠷᠤᠢᠬᠠᠨ ᠪᠣᠳᠠᠲᠠᠢᠵᠢᠭᠤᠯᠬᠤ》 ᠵᠢ ᠪᠡᠶᠡᠯᠡᠭᠦᠯᠪᠡ; ᠬᠢᠩᠭᠠᠨ ᠠᠢᠮᠠᠭ᠎ᠤᠨ ᠬᠢᠨ《ᠭᠠᠯ ᠲᠦᠢᠮᠡᠷ ᠢ᠋ ᠰᠡᠷᠭᠡᠢᠯᠡᠬᠦ᠌ ᠤᠬᠠᠭᠤᠯᠭ᠎ᠠ ᠵᠢᠨ ᠬᠥᠩᠭᠡᠨ ᠮᠣᠷᠢᠲᠤ ᠴᠡᠷᠢᠭ》ᠢ᠋ ᠵᠣᠬᠢᠶᠠᠨ ᠪᠠᠢᠭᠤᠯᠵᠤ᠂ ᠮᠣᠲ᠋ᠣᠷ ᠤᠨᠤᠵᠤ ᠪᠣᠢᠳᠠ ᠪᠦᠭ᠌ᠯᠡᠭᠦᠦ ᠱᠢᠭᠤᠢᠲᠤ ᠣᠷᠣᠨ᠎ᠳᠤ ᠭᠦᠨᠵᠡᠭᠡᠢᠷᠡᠨ ᠮᠣᠩᠭᠣᠯ ᠬᠢᠲᠠᠳ ᠬᠤᠤᠰ ᠬᠡᠯᠡᠨ ᠤ᠋ ᠤᠬᠠᠭᠤᠯᠤᠨ ᠲᠠᠢᠯᠪᠤᠷᠢᠯᠠᠬᠤ ᠠᠵᠢᠯ ᠦᠷᠨᠢᠬᠦᠯᠪᠡ; ᠪᠥᠬᠥ᠌ ᠣᠷᠣᠨ ᠤ᠋ 3.7 ᠲᠦᠮᠡᠨ ᠲᠤᠰᠭᠠᠶ ᠮᠡᠷᠭᠡᠵᠢᠯ᠎ᠦᠨ ᠪᠠ ᠬᠠᠭᠠᠰ ᠲᠤᠰᠭᠠᠶ ᠮᠡᠷᠭᠡᠵᠢᠯ᠎ᠦᠨ ᠡᠩᠨᠡᠭᠡ ᠳ᠋ᠦ ᠭᠠᠯ ᠲᠦᠢᠮᠡᠷ ᠤᠨᠳᠠᠷᠠᠭᠠᠬᠤ ᠰᠣᠷᠢᠯᠲᠠ ᠵᠢ ᠪᠠᠢᠩᠭᠤᠵᠢᠭᠤᠯᠤᠨ ᠥᠷᠨᠢᠭᠦᠯᠵᠦ᠍᠂ 35 ᠨᠢᠰᠭᠡᠯ ᠤ᠋ᠨ ᠲᠣᠭᠣᠷᠢᠨ ᠬᠠᠮᠠᠭᠠᠯᠠᠵᠤ ᠭᠠᠯ ᠲᠦᠢᠮᠡᠷ ᠤᠨᠲᠠᠷᠠᠭᠠᠬᠤ ᠠᠵᠢᠯ ᠢ᠋ ᠨᠢᠭᠡᠳᠦᠯᠲᠡᠶ ᠲᠥᠯᠥᠪᠵᠢᠬᠦᠯᠦᠨ ᠂ ᠣᠷᠣᠰ ᠮᠣᠩᠭᠣᠯ ᠤ᠋ᠨ ᠬᠢᠯᠢ ᠵᠢᠨ ᠭᠠᠳᠠᠨᠠᠬᠢ ᠭᠠᠯ ᠲᠦᠢᠮᠡᠷ ᠢ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠬᠢᠭᠡᠳ ᠠᠢᠮᠠᠭ ᠬᠣᠲᠠ ᠵᠢᠨ ᠬᠣᠭᠣᠷᠣᠨᠳᠣᠬᠢ ᠣᠷᠣᠨ ᠪᠦᠰᠡ ᠠᠯᠤᠰᠯᠠᠭ᠍ᠰᠠᠨ ᠬᠠᠮᠵᠢᠯᠴᠠᠭ᠎ᠠ ᠵᠢ ᠭᠦᠨᠵᠡᠭᠡᠢᠷᠡᠭᠦᠯᠵᠦ᠍᠂《ᠲᠦᠷᠭᠡᠨ ᠠᠵᠢᠯᠯᠠᠭ᠎ᠠ ᠠᠪᠬᠤ᠂ ᠥᠨᠳᠥᠷ ᠪᠦᠲᠦᠮᠵᠢᠲᠡᠶ ᠱᠢᠶ᠋ᠳᠪᠦᠷᠢᠯᠡᠬᠦ᠌ 》 ᠱᠢᠰᠲ᠋ᠧᠮ ᠢ᠋ ᠪᠠᠢᠭᠤᠯᠵᠠᠢ᠃ ᠭᠠᠯ ᠲᠦᠢᠮᠡᠷ ᠢ᠋ ᠤᠨᠳᠠᠷᠠᠭᠠᠬᠤ ᠲᠣᠨᠣᠭ᠍ᠯᠠᠯ ᠢ᠋ ᠨᠦᠭᠡᠴᠡᠯᠡᠬᠦ ᠎ᠡᠴᠡ ᠭᠠᠯ ᠲᠦᠢᠮᠡᠷ ᠢ᠋ ᠤᠨᠳᠠᠷᠠᠭᠠᠬᠤ ᠡᠩᠨᠡᠭᠡ ᠵᠢ ᠪᠣᠯᠪᠠᠰᠤᠷᠠᠭᠤᠯᠬᠤ ᠬᠦᠷᠲᠡᠯ᠎ᠡ᠂ ᠬᠢᠯᠢ ᠠᠯᠤᠰᠯᠠᠨ ᠬᠣᠯᠪᠣᠭᠠᠯᠠᠨ ᠰᠡᠷᠭᠡᠢᠯᠡᠬᠦ᠌᠎ᠡᠴᠡ ᠣᠷᠣᠨ ᠪᠦᠰᠡ ᠵᠢᠨ ᠬᠠᠮᠵᠢᠯᠴᠠᠭ᠎ᠠ ᠬᠦᠷᠲᠡᠯ᠎ᠡ᠂ 《ᠥᠪᠥᠷ ᠮᠣᠩᠭᠣᠯ ᠤ᠋ᠨ ᠵᠠᠭ᠍ᠪᠤᠷ》 ᠨᠢ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌ ᠵᠢ ᠨᠠᠩ ᠢᠲᠠ ᠬᠦᠴᠦᠨ᠎ᠲᠡᠶ ᠪᠣᠯᠭᠠᠵᠣ᠂ ᠲᠦᠶ᠋ᠮᠡᠷ᠎ᠦᠨ ᠪᠠᠢᠳᠠᠯ ᠢ᠋ 《ᠡᠷᠲᠡ᠎ᠡᠴᠡ ᠰᠡᠷᠭᠡᠢᠯᠡᠬᠦ᠌᠂ ᠪᠠᠭ᠎ᠠ᠎ᠳᠤᠨᠢ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ》 ᠵᠢ ᠦᠨᠡᠨ ᠬᠦ᠌ ᠪᠠᠲᠤᠯᠠᠪᠠ᠃

ᠰᠢᠭᠤᠢᠳᠤ ᠤᠷᠤᠨ᠎ᠵᠢᠡᠨ ᠪᠠᠳᠤ ᠬᠠᠮᠠᠭᠠᠯᠠᠬᠤ ᠲᠠᠪᠤᠨ ᠱᠠᠲᠤᠨ ᠤ᠋ ᠬᠠᠷᠢᠭᠤᠴᠠᠯᠭ᠎ᠠ ᠵᠢ ᠱᠠᠲᠤ ᠱᠠᠲᠤ ᠪᠡᠷ ᠪᠣᠳᠠᠲᠠᠢᠵᠢᠭᠤᠯᠬᠤ᠎ᠠᠴᠠ ᠪᠥᠬᠥ᠌ ᠠᠷᠠᠳ ᠵᠢᠡᠷ ᠵᠢᠡᠨ ᠣᠷᠣᠯᠴᠠᠨ ᠰᠠᠬᠢᠨ ᠬᠠᠮᠠᠭᠠᠯᠠᠬᠤ ᠬᠦᠷᠲᠡᠯ᠎ᠡ᠂ 《ᠥᠪᠥᠷ ᠮᠣᠩᠭᠣᠯ ᠤ᠋ᠨ ᠵᠠᠭ᠍ᠪᠤᠷ》 ᠨᠢ 《ᠪᠥᠬᠥ᠌ ᠣᠷᠣᠨ᠎ᠳᠤ ᠨᠢᠭᠡ ᠬᠥᠯᠭᠡ ᠱᠢᠲᠠᠷ᠎ᠠ + ᠦᠨᠳᠦᠰᠦᠨ ᠱᠠᠲᠤᠨ᠎ᠳᠤ ᠪᠣᠳᠠᠲᠠᠶ ᠠᠷᠭ᠎ᠠ ᠬᠡᠮᠵᠢᠶ᠎ᠡ ᠠᠪᠬᠤ》 ᠥᠪᠡᠷᠮᠢᠴᠡ ᠳᠠᠪᠠᠭᠤᠯᠢᠭ ᠵᠢᠡᠷ ᠵᠢᠡᠨ ᠬᠢᠯᠢ ᠬᠢᠵᠠᠭᠠᠷ ᠣᠷᠣᠨ ᠤ᠋ ᠣᠶ ᠱᠢᠭᠤᠶ ᠨᠤᠲᠤᠭ ᠪᠡᠯᠴᠢᠭᠡᠷ᠎ᠦᠨ  ᠭᠠᠯ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠠᠯᠢ ᠣᠯᠠᠨ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ᠃ ᠡᠨᠡ ᠬᠦ᠌ ᠵᠠᠭ᠍ᠪᠤᠷ ᠨᠢ ᠤᠮᠠᠷᠠᠲᠤ ᠬᠢᠯᠢ ᠵᠢᠨ ᠬᠥᠬᠡᠮᠳᠦᠭ ᠨᠣᠭᠣᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ ᠪᠠᠢᠬᠤ ᠪᠡᠷ ᠪᠠᠷᠠᠬᠤ ᠦᠭᠡᠢ᠂ ᠨᠡᠩ ᠴᠤ᠌ ᠪᠦᠬᠦ᠌ ᠤᠯᠤᠰ ᠤ᠋ᠨ ᠠᠳᠠᠯᠢ ᠲᠦᠷᠦᠯ᠎ᠦᠨ ᠭᠠᠵᠠᠷ ᠣᠷᠣᠨ ᠤ᠋ ᠭᠠᠯ ᠲᠦᠢᠮᠡᠷ ᠢ᠋ ᠰᠡᠷᠭᠡᠢᠯᠡᠨ ᠤᠨᠲᠠᠷᠠᠭᠠᠬᠤ ᠠᠵᠢᠯ᠎ᠳᠤ ᠦᠢᠯᠡᠳᠦᠯᠭᠡ ᠵᠢᠨ ᠲᠤᠷᠱᠢᠯᠭ᠎ᠠ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号