ᠪᠥᠬᠥ᠌ ᠣᠷᠣᠨ᠎ᠤ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠠᠵᠢᠯᠲᠠᠨ᠎ᠤ ᠲᠤᠬᠠᠢᠯᠠᠭ᠍ᠰᠠᠨ ᠠᠵᠢᠯ᠎ᠤᠨ ᠲᠦᠪᠰᠢᠨ ᠪᠠ ᠦᠶ᠋ᠯᠡᠴᠢᠯᠡᠭᠡᠨ᠎ᠦ ᠴᠢᠳᠠᠪᠤᠷᠢ᠎ᠶ᠋ᠢ ᠤᠯᠠᠮ ᠳᠡᠭᠡᠭ᠌ᠰᠢᠯᠡᠭᠦᠯᠬᠦ᠌᠎ᠶ᠋ᠢᠨ ᠲᠦᠯᠦᠭᠡ᠂ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ ᠡᠴᠡ ᠪᠤᠭᠤᠲᠤ ᠳᠤ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃
ᠲᠤᠰ ᠤᠳᠠᠭᠠᠨ᠎ᠤ ᠪᠣᠯᠪᠠᠰᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠰᠢᠬᠦᠭᠴᠢ᠂ ᠱᠧᠨᠵᠧᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠡᠷᠭᠡ ᠡᠷᠬᠡ ᠰᠦᠷᠲᠦ ᠲᠤᠰᠭᠠᠢ ᠮᠡᠷᠭᠡᠵᠢᠯᠲᠡᠨ᠎ᠢ ᠤᠷᠢᠵᠤ ᠬᠢᠴᠢᠶᠡᠯ ᠣᠷᠣᠭᠤᠯᠪᠠ᠃ ᠲᠤᠰᠭᠠᠶ ᠮᠡᠷᠭᠡᠵᠢᠯᠲᠡᠨ ᠡᠴᠡ ᠲᠤᠰᠭᠠᠶ ᠮᠡᠷᠭᠡᠵᠢᠯ᠎ᠦᠨ ᠣᠨᠣᠯ᠎ᠤᠨ ᠭᠦᠨᠵᠡᠭᠡᠶ ᠲᠠᠢᠯᠤᠮᠵᠢ ᠬᠢᠭᠰᠡᠨ ᠪᠦᠭᠡᠳ ᠪᠣᠳᠠᠲᠠᠶ ᠠᠵᠢᠯᠯᠠᠭ᠍ᠰᠠᠨ ᠲᠤᠷᠱᠢᠯᠭ᠎ᠠ᠎ᠪᠠᠨ ᠬᠤᠪᠢᠶᠠᠯᠴᠠᠵᠤ᠂ ᠰᠤᠷᠤᠭ᠍ᠴᠢᠳ᠎ᠤᠨ ᠲᠤᠰᠭᠠᠶ ᠮᠡᠷᠭᠡᠵᠢᠯ᠎ᠦᠨ ᠬᠡᠪ ᠴᠢᠨᠠᠷ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠤᠯᠠᠮ ᠳᠡᠭᠡᠭ᠌ᠰᠢᠯᠡᠭᠦᠯᠪᠡ᠃ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠡᠴᠡ ᠲᠣᠰ ᠲᠣᠰ ᠬᠠᠤᠯᠢ ᠴᠠᠭᠠᠵᠠ᠎ᠪᠠᠷ ᠵᠡᠮᠳᠡᠭ᠌ᠴᠦᠳ᠎ᠢ ᠲᠤᠰᠠᠯᠠᠬᠤ᠂ ᠵᠡᠮᠳᠡᠭ᠌ᠴᠦᠳ᠎ᠦᠨ ᠬᠡᠷ ᠪᠦᠯᠢ᠎ᠶ᠋ᠢ ᠰᠠᠭᠠᠳ ᠥᠬᠡᠶ ᠪᠣᠯᠭᠠᠨ ᠥᠭᠡᠷᠡᠴᠢᠯᠡᠨ ᠰᠢᠨᠡᠳᠭᠡᠬᠦ᠂ ᠬᠠᠤᠯᠢ ᠪᠠᠷ ᠵᠠᠰᠠᠬᠤ ᠪᠠᠢᠭᠤᠯᠤᠯᠲᠠ᠂ ᠵᠡᠮᠳᠡᠭ᠌ᠴᠦᠳ᠎ᠦᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠲᠣᠭᠣᠷᠢᠨ᠎ᠳᠤ ᠨᠡᠢᠲᠡᠯᠢᠭ ᠲᠤᠷᠱᠢᠯᠭ᠎ᠠ ᠪᠠᠨ ᠰᠣᠯᠢᠯᠴᠠᠬᠤ᠎ᠶ᠋ᠢᠨ ᠬᠠᠮᠲᠤ᠂ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠭᠤᠤᠯᠳᠠᠯᠭ᠎ᠠ᠎ᠲᠠᠶ ᠠᠵᠢᠯ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠬᠠᠤᠯᠢ 〉 ᠶ᠋ᠢ ᠬᠡᠷᠡᠭ᠌ᠵᠢᠭᠦᠯᠬᠦ᠌ ᠠᠷᠭ᠎ᠠ》 ᠳ᠋ᠤ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠵᠡᠷᠭᠡ᠎ᠶ᠋ᠢᠨ ᠲᠣᠭᠣᠷᠢᠨ᠎ᠳᠤ ᠶᠠᠷᠢᠯᠴᠠᠬᠤ ᠬᠤᠷᠠᠯ ᠬᠢᠵᠦ᠍ ᠰᠠᠨᠠᠯ᠎ᠢᠶᠠᠨ ᠰᠣᠯᠢᠯᠴᠠᠪᠠ᠃
ᠪᠣᠯᠪᠠᠰᠤᠷᠠᠯ᠎ᠳᠤ ᠣᠷᠣᠯᠴᠠᠭ᠍ᠰᠠᠳ ᠡᠴᠡ᠂ ᠰᠤᠷᠤᠯᠴᠠᠯᠭ᠎ᠠ᠎ᠶᠢᠨ ᠦᠷ᠎ᠡ ᠪᠦᠲᠦᠭᠡᠯ ᠵᠢᠡᠨ ᠦᠨᠡᠨ ᠬᠦ᠌ ᠬᠤᠪᠢᠷᠠᠭᠤᠯᠵᠤ᠂ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠂ ᠵᠡᠮᠳᠡᠭ᠌ᠴᠦᠳ᠎ᠦᠨ ᠬᠡᠷ ᠪᠦᠯᠢ᠎ᠶ᠋ᠢ ᠰᠠᠭᠠᠳ ᠥᠬᠡᠶ ᠪᠤᠯᠭᠠᠨ ᠥᠭᠡᠷᠡᠴᠢᠯᠡᠨ ᠰᠢᠨᠡᠳᠭᠡᠬᠦ ᠪᠠ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠵᠡᠷᠭᠡ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠠᠷᠠᠯᠲᠠ ᠡᠭᠦᠷᠭᠡ᠎ᠶ᠋ᠢ ᠪᠥᠬᠥ᠌ ᠲᠠᠯ᠎ᠠ᠎ᠪᠠᠷ ᠴᠢᠨᠠᠷ ᠰᠠᠢᠲᠠᠶ ᠪᠡᠶᠡᠯᠡᠭᠦᠯᠦᠨ᠂ 《 ᠠᠷᠪᠠᠨ ᠲᠠᠪᠤᠳᠤᠭᠠᠷ ᠲᠠᠪᠤᠨ ᠵᠢᠯ》 ᠤ᠋ᠨ ᠬᠠᠷᠠᠯᠲᠠ ᠡᠭᠦᠷᠭᠡ᠎ᠶ᠋ᠢ ᠨᠠᠷᠢᠨ ᠨᠢᠮᠪᠠᠶ ᠲᠥᠯᠥᠪᠵᠢᠭᠦᠯᠵᠦ᠍᠂ ᠪᠥᠬᠥ᠌ ᠣᠷᠣᠨ᠎ᠤ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠰᠠᠨᠠᠯ ᠨᠢᠭᠡᠲᠡᠶ ᠢᠯᠡᠳᠭᠡᠪᠡ᠃