ᠨᠡᠢᠭᠡᠮ᠎ᠤᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠳᠦᠷᠦᠯ ᠵᠦᠶ᠋ᠯ ᠬᠦᠴᠢᠷᠳᠡᠯᠲᠡᠶ ᠤᠯᠠᠨ ᠲᠦᠮᠡᠨ ᠳ᠋ᠤ ᠤᠯᠠᠨ ᠡᠱᠢᠲᠦ ᠪᠠᠲᠤᠯᠠᠭ᠎ᠠ ᠬᠠᠩᠭᠠᠨ᠎ᠠ
2025-11-24 17:48:27
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠬᠦᠬᠡᠨ᠂《ᠬᠠᠢᠷ᠎ᠠ ᠰᠡᠳᠭᠢᠯᠭᠡ᠎ᠪᠡᠷ᠎ᠢᠶᠡᠨ ᠲᠤᠰᠠᠯᠠᠯᠴᠠᠵᠤ ᠠᠪᠤᠷᠠᠨ ᠲᠤᠰᠠᠯᠠᠯᠳᠠ ᠵᠢ ᠲᠡᠷᠭᠡᠳᠡ ᠨᠢ ᠬᠦᠷᠭᠡᠬᠦ》ᠨᠡᠢᠭᠡᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠲᠥᠷᠥᠯ ᠵᠦᠶ᠋ᠯ᠎ᠢ  ᠠᠬᠢᠭᠤᠯᠬᠤ  ᠬᠤᠷᠠᠯ  ᠬᠢᠪᠠ᠃ ᠲᠣᠰ ᠲᠥᠷᠥᠯ ᠵᠦᠶ᠋ᠯ᠎ᠬᠠᠷᠢᠶ᠎ᠠ ᠣᠷᠣᠨ᠎ᠤ ᠣᠨᠴᠠ ᠬᠦᠴᠢᠷᠳᠡᠯᠲᠡᠶ ᠠᠰᠠᠷᠠᠨ ᠲᠡᠵᠢᠭᠡᠵᠤ ᠪᠠᠢᠭ᠎ᠠ ᠬᠦᠮᠤᠰ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ ᠵᠡᠷᠭᠡ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠲᠦ ᠦᠶ᠋ᠯᠡᠴᠢᠯᠡᠭᠡᠨ᠎ᠦ ᠲᠥᠷᠥᠯ ᠵᠦᠢᠯ᠎ᠦᠨ ᠨᠡᠢᠭᠡᠮ᠎ᠦᠨ ᠠᠪᠤᠷᠠᠨ ᠲᠤᠰᠠᠯᠠᠯᠲᠠ ᠬᠠᠩᠭᠠᠵᠤ᠂ ᠬᠦᠴᠢᠷᠳᠡᠯᠲᠡᠶ ᠣᠯᠠᠨ ᠲᠦᠮᠡᠨ᠎ᠦ ᠥᠪᠡᠷᠮᠢᠴᠡ᠂ ᠣᠯᠠᠨ ᠶᠠᠩᠵᠤᠴᠢᠯᠠᠭ᠍ᠰᠠᠨ ᠠᠮᠢᠳᠤᠷᠠᠯ᠎ᠤᠨ ᠬᠡᠷᠡᠭ᠌ᠴᠡᠭᠡ  ᠱᠠᠭᠠᠷᠳᠠᠯᠭ᠎ᠠ᠎ᠶ᠋ᠢ  ᠬᠠᠨᠭᠭᠠᠭᠰᠠᠨ ᠪᠠᠢᠨ᠎ᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠂ ᠬᠦᠬᠡᠬᠤᠳᠠ ᠵᠢᠨ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠠᠵᠢᠯᠲᠠᠨ ᠡᠴᠡ ᠲᠤᠬᠠᠶ᠎ᠶ᠋ᠢᠨ ᠲᠠᠯᠠᠪᠠᠶ᠎ᠶ᠋ᠢᠨ ᠬᠦᠴᠢᠷᠳᠡᠯᠲᠡᠶ ᠣᠯᠠᠨ ᠲᠦᠮᠡᠨ᠎ᠳᠦ ᠲᠦᠷ ᠴᠠᠭ᠎ᠤᠨ ᠠᠪᠤᠷᠠᠨ ᠲᠤᠰᠠᠯᠠᠬᠤ ᠵᠡᠷᠭᠡ ᠨᠡᠢᠭᠡᠮ᠎ᠦᠨ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠬᠦᠯᠢᠴᠡᠩᠭᠦᠶ ᠲᠠᠢᠯᠪᠤᠷᠢᠯᠠᠵᠤ᠂ ᠬᠣᠲᠣᠩ ᠠᠷᠠᠳ᠎ᠤᠨ ᠲᠣᠭᠣᠷᠢᠭ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ᠎ᠶ᠋ᠢᠨ ᠠᠵᠢᠯᠲᠠᠨ ᠡᠴᠡ ᠬᠦᠴᠢᠷᠳᠡᠯᠲᠡᠶ ᠣᠯᠠᠨ ᠲᠦᠮᠡᠨ᠎ᠦ ᠡᠮᠨᠡᠯᠭᠡ᠎ᠳᠦ ᠰᠠᠭᠤᠬᠤ ᠪᠠ ᠬᠦᠨᠳᠦ ᠶᠡᠬᠡ ᠡᠪᠡᠳᠴᠢᠳᠡᠨ᠎ᠦ ᠡᠮ ᠡᠮᠨᠡᠯᠭᠡ᠎ᠶ᠋ᠢᠨ ᠠᠪᠤᠷᠠᠨ ᠲᠤᠰᠠᠯᠠᠯᠳᠠ ᠵᠡᠷᠭᠡ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠲᠠᠨᠢᠯᠴᠠᠭᠤᠯᠪᠠ᠃ ᠲᠤᠬᠠᠶ᠎ᠶ᠋ᠢᠨ ᠲᠠᠯᠠᠪᠠᠶ᠎ᠳᠤ ᠪᠠᠰᠠ 30 ᠬᠦᠴᠢᠷᠳᠡᠯᠲᠡᠶ ᠣᠯᠠᠨ ᠲᠦᠮᠡᠨ᠎ᠳᠦ ᠠᠮᠤ ᠭᠤᠯᠢᠷ ᠲᠤᠰᠤ ᠵᠡᠷᠭᠡ ᠲᠣᠬᠣᠨᠢᠭᠤᠯᠬᠤ ᠪᠣᠳᠠᠰ ᠬᠦᠷᠭᠡᠭᠰᠡᠨ ᠪᠥᠭᠡᠳ ᠬᠢᠲᠠᠳ ᠡᠮᠨᠡᠯᠭᠡ᠎ᠶ᠋ᠢᠨ ᠠᠯᠪᠠᠨ ᠵᠢᠷᠤᠮ᠎ᠤᠨ ᠡᠮᠴᠢᠯᠡᠭᠡ᠂ ᠨᠢᠳᠦᠨ᠎ᠦ ᠰᠠᠯᠠᠭᠠᠨ᠎ᠤ ᠪᠠᠢᠴᠠᠭᠠᠯᠲᠠ ᠵᠡᠷᠭᠡ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠬᠠᠩᠭᠠᠵᠠᠢ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠨᠡᠢᠭᠡᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠲᠥᠷᠥᠯ ᠵᠦᠶ᠋ᠯ᠎ᠨᠢ ᠰᠠᠭᠤᠷᠢ ᠦᠶ᠋ᠯᠡᠴᠢᠯᠡᠭᠡ᠂ ᠬᠠᠷᠠᠭᠠᠯᠵᠠᠨ ᠠᠰᠠᠷᠠᠬᠤ ᠦᠶ᠋ᠯᠡᠴᠢᠯᠡᠭᠡ᠂ ᠠᠮᠢᠳᠤᠷᠠᠯ᠎ᠤᠨ ᠦᠶ᠋ᠯᠡᠴᠢᠯᠡᠭᠡ᠂ ᠬᠠᠯᠠᠮᠵᠢᠯᠠᠨ ᠬᠠᠢᠷᠠᠯᠠᠬᠤ  ᠦᠶ᠋ᠯᠡᠴᠢᠯᠡᠭᠡ ᠵᠡᠷᠭᠡ ᠳᠥᠷᠪᠡᠨ ᠶᠡᠬᠡ ᠵᠦᠶ᠋ᠯᠡᠰ᠎ᠢ ᠬᠠᠮᠤᠷᠴᠤ᠌᠂ ᠬᠦᠴᠢᠷᠳᠡᠯᠲᠡᠶ ᠣᠯᠠᠨ ᠲᠦᠮᠡᠨ᠎ᠳᠦ ᠡᠮᠴᠢᠯᠡᠭᠦᠯᠵᠦ᠍ ᠬᠠᠷᠠᠭᠠᠯᠵᠠᠨ ᠠᠰᠠᠷᠠᠬᠤ᠂ ᠬᠠᠷᠠᠭᠠᠯᠵᠠᠨ ᠰᠤᠪᠢᠯᠠᠬᠤ᠂ ᠬᠡᠷ᠎ᠦᠷᠦᠭᠡ  ᠵᠢ ᠨᠢ ᠴᠡᠪᠡᠷᠯᠡᠵᠤ ᠦᠭᠬᠦ᠂ ᠪᠠᠶᠠᠷ᠎ᠤᠨ ᠡᠳᠦᠷ ᠲᠸ᠋ ᠲᠣᠬᠣᠨᠢᠭᠤᠯᠬᠤ ᠵᠡᠷᠭᠡ 19 ᠵᠦᠶ᠋ᠯ᠎ᠦᠨ ᠦᠶ᠋ᠯᠡᠴᠢᠯᠡᠭᠡᠨ᠎ᠦ ᠠᠭᠤᠯᠭ᠎ᠠ  ᠬᠠᠩᠭᠠᠵᠤ᠂  《ᠡᠳ᠋ ᠪᠣᠳᠠᠰ᠎ᠢᠶᠠᠷ ᠠᠪᠤᠷᠠᠨ ᠲᠤᠰᠠᠯᠠᠬᠤ + ᠦᠶ᠋ᠯᠡᠴᠢᠯᠡᠭᠡᠨ᠎ᠦ ᠪᠠᠲᠤᠯᠠᠭ᠎ᠠ》 ᠶ᠋ᠢᠨ ᠶᠡᠷᠦᠩᠬᠡᠢᠯᠡᠭ᠌ᠰᠡᠨ ᠠᠪᠤᠷᠠᠨ ᠲᠤᠰᠠᠯᠠᠬᠤ ᠵᠠᠭ᠍ᠪᠤᠷ᠎ᠢᠶᠠᠷ ᠳᠠᠮᠵᠢᠭᠤᠯᠤᠨ᠂ ᠬᠦᠴᠢᠷᠳᠡᠯᠳᠠᠢ ᠣᠯᠠᠨ ᠲᠦᠮᠡᠨ᠎ᠳᠦ ᠨᠡᠢᠭᠡᠮ᠎ᠦᠨ ᠬᠠᠢᠷ᠎ᠠ ᠬᠠᠯᠠᠮᠵᠢ᠎ᠶ᠋ᠢ  ᠦᠨᠡᠨ ᠬᠦ᠌ ᠮᠡᠳᠡᠷᠡᠭᠦᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号