ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠄ ᠦᠨᠳᠦᠰᠦᠲᠡᠨ᠎ᠦ ᠪᠦᠯᠬᠦᠮᠳᠡᠯ᠎ᠦᠨ ᠰᠢᠨ᠎ᠡ ᠬᠠᠭᠤᠳᠠᠰᠤ᠎ᠶᠢ ᠬᠠᠮᠲᠤ᠎ᠪᠠᠷ ᠵᠢᠷᠤᠭᠯᠠᠨ᠎ᠠ
2025-11-25 09:34:18
ᠵᠣᠬᠢᠶᠠᠭ᠍ᠴᠢ᠄
ᠸᠠᠩ ᠶᠠ ᠵᠢᠩ
ᠣᠩᠱᠢᠭ᠍ᠰᠠᠨ ᠣᠳᠠᠭ᠎ᠠ᠄
★★★☆☆

ᠳᠠᠭᠤᠤ ᠬᠥᠭᠵᠢᠮ᠎ᠦᠨ ᠬᠢᠴᠢᠶᠡᠯ ᠳᠡᠭᠡᠷ᠎ᠡ ᠰᠤᠷᠤᠭᠴᠢᠳ ᠬᠠᠮᠳᠤ ᠪᠡᠷ ᠠᠶᠠᠯᠠᠭᠤᠯᠤᠨ ᠪᠦᠵᠢᠭᠯᠡᠵᠤ᠂ ᠬᠡᠦᠭᠡᠳ᠎ᠤᠨ ᠲᠤᠷᠭᠠᠨ ᠬᠤᠭᠤᠯᠠᠢ ᠪᠠᠷ ᠵᠣᠯ ᠵᠢᠷᠭᠠᠯᠲᠤ᠌ ᠠᠮᠢᠳᠤᠷᠠᠯ᠎ᠢ ᠮᠠᠭᠳᠠᠨ ᠳᠠᠭᠤᠯᠠᠨ᠎ᠠ; ᠨᠡᠶ᠋ᠢᠭᠡᠮ ᠲᠣᠭᠣᠷᠢᠭ᠎ᠤᠨ《ᠰᠠᠨᠲᠠᠯᠢᠳᠤ ᠬᠤᠷᠠᠯ》 ᠨᠡᠭᠦᠳᠡᠯ ᠬᠢᠴᠢᠶᠡᠯ᠎ᠦᠨ ᠲᠠᠩᠬᠢᠮ᠎ᠳᠤ ᠠᠵᠢᠯᠲᠠᠳ ᠠᠮᠢᠳᠤ ᠴᠤᠪᠤᠭᠤᠯᠢᠭ ᠬᠡᠯᠪᠡᠷᠢ᠎ᠪᠡᠷ ᠤᠯᠠᠨ ᠲᠦᠮᠡᠨ᠎ᠳᠦ ᠦᠨᠳᠦᠰᠦᠲᠡᠨ᠎ᠦ ᠲᠦᠷᠦ᠎ᠶᠢᠨ ᠪᠤᠳᠤᠯᠭ᠎ᠠ᠎ᠶᠢ ᠲᠠᠶ᠋ᠢᠯᠪᠤᠷᠢᠯᠠᠨ ᠥᠭᠴᠦ᠍᠂《ᠠᠬᠠᠮᠠᠳ ᠺᠠᠳ᠋ᠷ᠂ ᠠᠬᠠᠮᠠᠳ ᠪᠠᠢᠯᠲᠤᠭᠴᠢ᠂ ᠠᠬᠠᠮᠠᠳ ᠲᠤᠰᠬᠠᠢ ᠮᠡᠷᠬᠡᠵᠢᠯᠲᠠᠨ᠂ ᠠᠬᠠᠮᠠᠳ ᠪᠠᠭᠰᠢ᠂ ᠠᠬᠠᠮᠠᠳ ᠵᠢᠱ᠌ᠢᠶᠠᠴᠢ ᠬᠦᠮᠤᠰ》ᠤᠯᠤᠰ᠎ᠢᠶᠠᠨ ᠬᠠᠶ᠋ᠢᠷᠠᠯᠠᠬᠤ ᠬᠤᠪᠢᠰᠬᠠᠯᠲᠤ᠌ ᠦᠯᠢᠬᠡᠷ᠎ᠢ ᠲᠦᠷᠰᠦᠯᠢᠭ᠎ᠢᠶᠡᠷ ᠶᠠᠷᠢᠨ᠎ᠠ; ᠨᠡᠶ᠋ᠢᠭᠡᠮ ᠲᠣᠭᠣᠷᠢᠭ᠎ᠤᠨ ᠰᠣᠶᠣᠯ᠎ᠤᠨ ᠠᠵᠢᠯᠯᠠᠭᠠᠨ᠎ᠤ ᠲᠠᠰᠤᠭ᠎ᠲᠤ᠌ ᠤᠷᠠᠨ ᠪᠢᠴᠢᠯᠭᠡ ᠵᠢᠨ ᠪᠠᠬᠠᠲᠠᠳ 《ᠳᠤᠮᠳᠠᠳᠤ᠎ᠶᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ᠍ ᠳᠣᠲᠣᠨᠣ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠵᠢ ᠬᠠᠮᠲᠤ᠎ᠪᠠᠷ ᠲᠡᠷᠭᠡᠯᠰᠢᠭᠦᠯᠦᠨ᠎ᠡ》 ᠭᠡᠵᠦ᠍ ᠪᠢᠴᠢᠭᠰᠡᠨ ᠪᠠᠶ᠋ᠢᠳᠠᠭ ᠁ ᠡᠶ᠋ᠢᠮᠦᠷᠬᠦᠦ ᠦᠵᠡᠭᠳᠡᠯ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠎ᠲᠤ᠌ ᠭᠠᠵᠠᠷ ᠰᠠᠶ ᠥᠬᠡᠶ ᠬᠠᠷᠠᠭᠳᠠᠨ᠎ᠠ᠃

ᠣᠶ᠋ᠢᠷ᠎ᠠ᠎ᠶᠢᠨ ᠵᠢᠯ᠎ᠡᠴᠡ ᠨᠠᠭᠠᠰᠢ᠂ ᠬᠣᠲᠣᠩ ᠠᠷᠠᠳ᠎ᠤᠨ ᠲᠣᠭᠣᠷᠢᠭ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ 《ᠳᠤᠮᠳᠠᠳᠤ᠎ᠶᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ᠍ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ᠌》 ᠶᠡᠷᠦᠩᠬᠡᠶ ᠬᠠᠷᠠᠯᠲᠠ᠎ᠶᠢᠨ ᠲᠣᠭᠣᠷᠢᠨ᠎ᠳᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠦᠮᠦᠵᠢᠬᠦᠯᠦᠨ ᠵᠢᠯᠤᠭᠤᠳᠴᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》 ᠵᠢ ᠬᠦᠮᠦᠰ᠎ᠤᠨ ᠰᠡᠳᠬᠢᠯ ᠳ᠋ᠤ ᠬᠠᠳᠠᠩᠰᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠠᠵᠤ ᠠᠬᠤᠶ᠎ᠶᠢᠨ ᠪᠥᠲᠥᠭᠡᠨ ᠪᠠᠶ᠋ᠢᠭᠤᠯᠤᠯᠲᠠ᠂ ᠤᠯᠤᠰ ᠲᠥᠷᠥ᠎ᠶᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠦᠨ ᠪᠠᠶ᠋ᠢᠭᠤᠯᠤᠯᠲᠠ᠂ ᠠᠮᠢ ᠠᠬᠤᠶ᠎ᠶᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠨᠠᠮ᠎ᠤᠨ ᠪᠠᠶ᠋ᠢᠭᠤᠯᠤᠯᠲᠠ ᠵᠡᠷᠭᠡ ᠡᠯ᠎ᠡ ᠲᠠᠯ᠎ᠠ᠎ᠶᠢᠨ ᠪᠥᠬᠥ᠌ ᠶᠠᠪᠤᠴᠠ᠎ᠳᠤ ᠲᠤᠭᠤᠰᠢᠯᠠᠭᠤᠯᠵᠤ᠂ ᠬᠣᠲᠣᠩ ᠠᠷᠠᠳ᠎ᠤᠨ ᠲᠣᠭᠣᠷᠢᠭ᠎ᠤᠨ ᠣᠨᠴᠠᠯᠢᠭ ᠪᠦᠬᠦᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠦᠢᠯᠡᠲᠤᠯᠬᠡ᠎ᠶᠢᠨ ᠠᠷᠭ᠎ᠠ ᠵᠠᠮ᠎ᠢ ᠰᠦᠪᠡᠭᠴᠢᠯᠡᠨ ᠪᠦᠷᠢᠯᠳᠦᠭᠦᠯᠪᠡ᠃

《ᠮᠢ ᠮᠢ ᠰᠤᠤ ᠯᠠ ᠳ᠋ᠤᠤ ᠳ᠋ᠤᠤ ᠯᠠ ᠰᠤᠤ ᠰᠤᠤ ᠯᠠ ᠰᠤᠤ ᠁》10 ᠰᠠᠷ᠎ᠠ᠎ᠶᠢᠨ 18 ᠎ᠤ᠋ ᠦᠳᠡ᠎ᠶᠢᠨ ᠬᠣᠶ᠋ᠢᠨ᠎ᠠ᠂ ᠬᠣᠲᠣᠩ ᠠᠷᠠᠳ᠎ᠤᠨ ᠲᠣᠭᠣᠷᠢᠭ᠎ᠤᠨ ᠬᠤᠸᠠᠨ ᠾᠧ ᠵᠡᠭᠡᠯᠢ ᠭᠤᠳᠤᠮᠵᠢ᠎ᠶᠢᠨ ᠠᠵᠢᠯᠴᠢᠨ ᠨᠡᠶ᠋ᠢᠭᠡᠮ ᠲᠣᠭᠣᠷᠢᠭ᠎ᠤᠨ ᠰᠣᠶᠣᠯ ᠪᠡᠶ᠎ᠡ᠎ᠶᠢᠨ ᠲᠠᠮᠢᠷ᠎ᠤ᠋ᠨ ᠬᠥᠳᠡᠯᠭᠡᠭᠡᠨ᠎ᠦ ᠲᠥᠪ᠎ᠲᠦ᠍ 65 ᠨᠠᠰᠤᠲᠠᠢ ᠸᠠᠩ ᠠᠨᠢᠶ᠎ᠠ ᠲᠠᠭᠤᠤ ᠵᠢᠨ ᠠᠶᠠᠰ᠎ᠪᠣᠯᠪᠠᠰᠤᠷᠠᠵᠤ ᠪᠠᠶ᠋ᠢᠯ᠎ᠠ᠃

《ᠮᠠᠨ᠎ᠤ ᠨᠡᠶ᠋ᠢᠭᠡᠮ ᠲᠣᠭᠣᠷᠢᠭ᠎ᠤᠨ ᠨᠠᠶ᠋ᠢᠷᠠᠯ ᠳᠠᠭᠤᠤ᠎ᠶᠢᠨ ᠪᠦᠯᠬᠦᠮ ᠠᠩᠬ᠎ᠠ ᠡᠬᠢᠨ᠎ᠤ ᠬᠡᠳᠦᠭᠡᠨ ᠬᠥᠮᠦᠨ᠎ᠡᠴᠡ ᠣᠲᠣ  ᠬᠡᠳᠦᠨ ᠠᠷᠪᠠᠨ ᠬᠥᠮᠦᠨ᠎ᠲᠡᠶ ᠪᠤᠯᠵᠤ᠂ ᠤᠯᠠᠨ᠎ᠢᠶᠡᠷ ᠵᠢᠡᠨ ᠬᠠᠮᠲᠤ᠌ ᠪᠠᠷ ᠳᠠᠭᠤᠯᠠᠵᠤ ᠤᠷ᠎ᠠ ᠮᠡᠷᠭᠡᠵᠢᠯ ᠵᠢᠡᠨ ᠰᠤᠯᠢᠯᠴᠠᠬᠤ᠎ᠶᠢᠨ ᠬᠠᠮᠲᠤ᠌ ᠭᠦᠨ ᠵᠤᠵᠠᠭᠠᠨ ᠨᠥᠬᠥᠷᠯᠡᠯ᠎ᠢ ᠪᠠᠢᠭᠤᠯᠵᠠᠢ》 ᠬᠡᠵᠤ ᠸᠠᠩ ᠠᠨᠢᠶ᠎ᠠ ᠬᠡᠯᠡᠭᠰᠡᠨ᠎ᠢᠶᠡᠨ ᠵᠠᠯᠭᠠᠭᠠᠳ᠂ ᠳᠠᠭᠤᠤ ᠬᠥᠭᠵᠢᠮ᠎ᠤᠨ ᠲᠤᠷ᠎ᠠ ᠪᠠᠬ᠎ᠠ ᠳ᠋ᠤ ᠬᠦᠳᠦᠯᠦᠭᠳᠡᠨ ᠠᠳᠠᠯᠢ ᠪᠤᠰᠤ ᠦᠨᠳᠦᠰᠦᠲᠡᠨ᠎ᠤ ᠨᠠᠰᠤᠲᠠᠶ᠋ᠢᠴᠤᠳ ᠨᠢᠭᠡ ᠲᠤᠤᠷ᠎ᠠ ᠴᠤᠭᠯᠠᠷᠠᠨ᠂ ᠲᠠᠶ᠋ᠢᠰᠠᠨ ᠳᠡᠭᠡᠷ᠎ᠡ ᠢᠲᠡᠭᠡᠯ ᠲᠡᠭᠦᠯᠳᠡᠷ ᠠᠶᠠᠯᠠᠭᠤᠯᠤᠨ ᠳᠠᠭᠤᠯᠠᠬᠤ ᠵᠢᠨ ᠬᠠᠮᠲᠤ ᠠᠮᠢᠳᠤᠷᠠᠯ ᠤ᠋ᠨ ᠲᠤᠮᠲᠠ ᠪᠠᠰᠠ ᠨᠢᠭᠡ ᠬᠡᠷ᠎ᠦᠨ ᠬᠥᠮᠦᠨ ᠰᠢᠭ ᠳᠣᠲᠣᠨᠣ ᠶᠠᠪᠤᠯᠴᠠᠳᠠᠭ ᠬᠡᠪᠠ᠃

ᠬᠢᠲᠠᠳ᠂ ᠬᠣᠲᠣᠩ᠂ ᠮᠣᠩᠭᠣᠯ ᠵᠡᠷᠭᠡ ᠤᠯᠠᠨ ᠦᠨᠳᠦᠰᠦᠲᠡᠨ᠎ᠲᠡᠶ 7000 ᠭᠠᠷᠤᠢ ᠰᠠᠭᠤᠭᠠᠯᠢ ᠠᠷᠠᠳ᠎ᠲᠠᠶ ᠠᠵᠢᠯᠴᠢᠨ ᠨᠡᠶ᠋ᠢᠭᠡᠮ ᠲᠣᠭᠣᠷᠢᠭ᠎ᠲᠤ᠌ ᠬᠦᠷᠪᠠᠯ᠂ ᠨᠠᠮ᠎ᠤᠨ ᠪᠠᠶ᠋ᠢᠭᠤᠯᠤᠯᠲᠠ᠎ᠪᠠᠷ ᠰᠠᠭᠤᠷᠢ ᠪᠣᠯᠭᠠᠵᠤ᠂ ᠦᠢᠯᠡᠴᠢᠯᠡᠭᠡ᠎ᠪᠡᠷ ᠵᠠᠭᠤᠴᠢ ᠪᠣᠯᠭᠠᠨ᠂ ᠰᠠᠢ᠌ᠨ ᠳᠤᠷ᠎ᠠ᠎ᠶᠢᠨ ᠦᠢᠯᠡᠴᠢᠯᠡᠭᠡ᠎ᠪᠡᠷ ᠬᠠᠶ᠋ᠢᠷ᠎ᠠ ᠰᠡᠳᠬᠢᠯᠭᠡ ᠪᠡᠨ ᠬᠤᠯᠪᠤᠵᠤ᠂ ᠰᠤᠷᠭᠠᠨ ᠬᠥᠮᠦᠵᠢᠯ᠎ᠢᠶᠡᠷ ᠦᠵᠡᠯᠳᠡ ᠲᠠᠨᠢᠯᠲᠠ ᠪᠠᠨ ᠨᠢᠭᠡᠳᠭᠡᠨ᠂ ᠰᠣᠶᠣᠯ᠎ᠢᠶᠠᠷ ᠦᠨᠳᠦᠰᠦ ᠪᠣᠯᠭᠠᠵᠤ᠂ ᠦᠯᠢᠭᠡᠷ ᠵᠢᠱ᠌ᠢᠶ᠎ᠡ ᠪᠡᠷ ᠳᠠᠭᠤᠷᠢᠶᠠᠯ ᠪᠣᠯᠭᠠᠭᠰᠠᠨ ᠦᠨᠳᠦᠰᠦᠲᠡᠨ᠎ᠦ ᠪᠦᠯᠬᠦᠮᠳᠡᠯ᠎ᠦᠨ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠪᠠ᠃ ᠤᠬᠠᠭᠤᠯᠭ᠎ᠠ᠎ᠶᠢᠨ ᠵᠢᠭᠰᠠᠭᠠᠯ᠎ᠤᠨ ᠭᠠᠵᠠᠷ᠎ᠲᠤ᠌᠂ 《ᠤᠯᠠᠭᠠᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠲᠠᠬᠦ》 ᠤᠷᠠᠨ ᠪᠢᠴᠢᠯᠭᠡ᠎ᠶᠢᠨ ᠪᠣᠯᠪᠠᠰᠤᠷᠠᠯ᠂ 《ᠠᠬᠠᠮᠠᠳ ᠺᠠᠳ᠋ᠷ᠂ ᠠᠬᠠᠮᠠᠳ ᠪᠠᠢᠯᠲᠤᠭᠴᠢ᠂ ᠠᠬᠠᠮᠠᠳ ᠲᠤᠰᠬᠠᠢ ᠮᠡᠷᠬᠡᠵᠢᠯᠲᠠᠨ᠂ ᠠᠬᠠᠮᠠᠳ ᠪᠠᠭᠰᠢ᠂ ᠠᠬᠠᠮᠠᠳ ᠵᠢᠱ᠌ᠢᠶᠠᠴᠢ ᠬᠦᠮᠤᠰ》 ᠬᠤᠪᠢᠰᠬᠠᠯᠲᠤ ᠤᠯᠤᠰ᠎ᠤᠨ ᠬᠠᠢᠷᠠᠯᠠᠬᠤ ᠥᠯᠢᠭᠡᠷ᠎ᠢ ᠶᠠᠷᠢᠬᠤ᠂ 《ᠱᠣᠭ ᠶᠠᠷᠢᠶ᠎ᠠ ᠴᠠᠷᠭᠢᠯ ᠬᠣᠯᠪᠣᠭ᠎ᠠ》 ᠪᠠᠷ ᠲᠥᠷᠥ᠎ᠶᠢᠨ ᠪᠣᠳᠣᠯᠭ᠎ᠠ᠎ᠵᠢ ᠤᠬᠠᠭᠤᠯᠬᠤ ᠵᠡᠷᠭᠡ ᠣᠯᠠᠨ ᠬᠡᠯᠪᠡᠷᠢ᠎ᠶᠢᠨ ᠠᠵᠢᠯᠯᠠᠭ᠎ᠠ ᠨᠢ ᠨᠠᠮ᠎ᠤᠨ ᠦᠨᠳᠦᠰᠦᠲᠡᠨ᠎ᠦ ᠣᠨᠣᠯ ᠲᠥᠷᠥ᠎ᠶᠢᠨ ᠪᠣᠳᠣᠯᠭ᠎ᠠ᠎ᠶᠢ ᠡᠬᠡᠯ ᠠᠷᠠᠳ᠎ᠤᠨ ᠬᠡᠷ᠎ᠲᠦ᠍ ᠣᠷᠣᠭᠤᠯᠤᠭᠰᠠᠨ ᠪᠠᠶ᠋ᠢᠨ᠎ᠠ᠃ ᠬᠥᠳᠡᠯᠭᠡᠭᠡᠨ᠎ᠦ ᠵᠢᠭᠰᠠᠭᠠᠯ᠎ᠤᠨ ᠭᠠᠵᠠᠷ᠂ ᠨᠣᠮ᠎ᠤᠨ ᠥᠷᠥᠭᠡ᠂ ᠰᠣᠶᠣᠯ ᠲᠠᠮᠢᠷ᠎ᠤᠨ ᠬᠥᠳᠡᠯᠭᠡᠭᠡᠨ᠎ᠦ ᠲᠥᠪ᠎ᠢ ᠵᠢᠯ ᠲᠤᠷᠰᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠵᠦ᠂ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ᠍  ᠰᠣᠶᠣᠯ᠎ᠤᠨ ᠨᠠᠶ᠋ᠢᠷ ᠨᠢ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠲᠤ᠌ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠥᠷᠭᠡᠨ ᠠᠭᠤᠳᠠᠮ ᠲᠠᠪᠴᠠᠩ ᠪᠠᠶ᠋ᠢᠭᠤᠯᠵᠤ ᠥᠭᠴᠡᠢ ᠁ 《 ᠪᠦᠯᠬᠦᠮᠳᠡᠯ᠎ᠦᠨ ᠴᠡᠴᠡᠬᠡᠰ ᠭᠠᠵᠠᠷ ᠰᠠᠢ ᠦᠬᠡᠢ ᠳᠡᠯᠭᠡᠷᠡᠨ᠎ᠠ》 ᠬᠡᠬᠦ ᠨᠢ ᠵᠦᠪᠬᠡᠨ ᠬᠡᠷᠡᠮ ᠳᠡᠭᠡᠷᠡᠬᠢ ᠤᠷᠢᠶ᠎ᠠ ᠯᠣᠽᠦ᠋ᠩ ᠪᠢᠰᠢ᠂ ᠨᠡᠩ ᠴᠸ᠋ ᠨᠡᠶ᠋ᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠡᠳᠦᠷ ᠲᠤᠳᠤᠮ᠎ᠤᠨ ᠠᠮᠢᠳᠤᠷᠠᠯ᠎ᠤᠨ ᠦᠨᠡᠨ ᠪᠣᠳᠠᠲᠤ᠌ ᠵᠢᠷᠤᠭᠯᠠᠯ ᠪᠤᠯᠵᠤ᠂ ᠬᠣᠲᠣᠩ ᠠᠷᠠᠳ᠎ᠤᠨ ᠲᠣᠭᠣᠷᠢᠭ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ᠌ ᠴᠣᠭᠴᠠᠯᠠᠬᠤ᠎ᠶᠢᠨ ᠬᠤᠷᠢᠶᠠᠩᠭᠤᠢ ᠳᠦᠷᠰᠦ ᠪᠤᠯᠵᠠᠢ᠃ ᠬᠣᠲᠣᠩ ᠠᠷᠠᠳ᠎ᠤᠨ ᠲᠣᠭᠣᠷᠢᠭ  ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ 《ᠳᠥᠷᠪᠡ ᠶ᠋ᠢ ᠬᠠᠮᠲᠤᠳᠬᠠᠬᠤ》 ᠬᠠᠮᠲᠤ᠎ᠶᠢᠨ ᠴᠣᠭᠴᠠ᠎ᠶᠢᠨ ᠤᠢᠯᠠᠭᠠᠬᠲᠠᠬᠤᠨ᠎ᠢ ᠪᠠᠲᠤ᠌ ᠴᠤᠭᠴᠠᠯᠠᠵᠤ᠂ 《ᠲᠠᠪᠤᠨ ᠬᠠᠮᠲᠤ᠎ᠶᠢᠨ ᠲᠠᠨᠢᠯᠲᠠ》 ᠶ᠋ᠢ ᠨᠡᠮᠡᠭᠳᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠪᠥᠬᠥ᠌ ᠬᠦᠴᠦᠨ᠎ᠢᠶᠡᠷ᠎ᠢᠶᠡᠨ ᠨᠠᠨᠳᠢᠡᠭᠨᠡᠨ ᠬᠠᠢᠷᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ 《8 + N ᠲᠠᠪᠰᠢᠯᠲᠠ》 ᠶ᠋ᠢ ᠯᠠᠪᠳᠠᠭᠤᠨ ᠪᠠᠲᠤᠲᠠᠶ ᠠᠬᠢᠭᠤᠯᠵᠤ᠂ 《ᠨᠢᠭᠡ ᠭᠤᠤᠯ ᠱᠤᠭᠤᠮ᠎ᠳᠤ ᠠᠩᠬᠠᠷᠤᠯ᠎ᠢᠶᠠᠨ ᠲᠥᠪᠯᠡᠷᠡᠭᠦᠯᠬᠦ᠌᠂ ᠨᠢᠭᠡ ᠵᠦᠢᠯ᠎ᠦᠨ ᠠᠵᠢᠯᠯᠠᠭ᠎ᠠ᠎ᠶᠢ ᠥᠷᠨᠢᠭᠦᠯᠬᠦ᠌᠂ ᠭᠤᠷᠪᠠᠨ ᠵᠦᠢᠯ᠎ᠦᠨ ᠲᠣᠭᠲᠠᠴᠠ᠎ᠶᠢ ᠪᠦᠷᠢᠨᠰᠢᠭᠦᠯᠬᠦ᠌᠂ ᠲᠠᠪᠤᠨ ᠶᠡᠬᠡ ᠢᠨᠵᠧᠨᠧᠷᠢᠩ᠎ᠢ ᠬᠡᠷᠡᠭᠵᠢᠭᠦᠯᠬᠦ᠌》᠂ 《1135》 ᠠᠵᠢᠯ᠎ᠤᠨ ᠰᠡᠳᠬᠢᠴᠡ᠎ᠶᠢ ᠪᠦᠷᠢᠨᠰᠢᠬᠦᠯᠵᠤ᠂ ᠪᠦᠬᠦ ᠲᠤᠭᠤᠷᠢᠭ᠎ᠢ ᠲᠠᠢᠴᠢᠯᠠᠬᠤ᠂ ᠪᠦᠬᠦ ᠠᠷᠠᠳ᠎ᠢ ᠲᠠᠢᠴᠢᠯᠠᠬᠤ᠂ ᠪᠦᠬᠦ ᠨᠠᠢᠬᠡᠮ᠎ᠢᠶᠡᠷ ᠤᠷᠤᠯᠴᠠᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠪᠠ᠃

ᠡᠭᠦᠨ᠎ᠦ ᠬᠠᠮᠲᠤ᠌᠂ ᠭᠤᠤᠯ ᠰᠢᠵᠢᠮ᠎ᠢ ᠲᠤᠭᠤᠰᠢᠯᠠᠭᠤᠯᠬᠤ᠎ᠶᠢ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ᠂ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠬᠦᠢᠴᠡᠳᠬᠡᠬᠦ᠂ ᠤᠯᠤᠰ ᠲᠥᠷᠥ᠎ᠶᠢᠨ ᠵᠥᠪᠯᠡᠯᠭᠡᠨ ᠬᠢᠬᠦ᠌ ᠡᠯ᠎ᠡ ᠭᠣᠭᠴᠣᠭ᠎ᠠ᠎ᠳᠤ ᠠᠭᠤᠰᠬᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠵᠢ ᠲᠤᠰᠬᠠᠶ ᠲᠦᠷᠦᠯ ᠵᠢᠡᠷ ᠱᠠᠯᠠᠪᠲᠠᠭᠤᠯᠤᠨ ᠪᠠᠶ᠋ᠢᠴᠠᠭᠠᠬᠤ᠎ᠶᠢ ᠣᠨ᠎ᠤ ᠱᠠᠯᠠᠪᠲᠠᠭᠤᠯᠤᠨ ᠪᠠᠶ᠋ᠢᠴᠠᠭᠠᠵᠤ ᠬᠢᠨᠠᠨ ᠰᠢᠯᠭᠠᠬᠤ ᠲᠥᠯᠥᠪᠯᠡᠭᠡ᠎ᠳᠦ ᠣᠷᠣᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠲᠥᠪᠯᠡᠷᠡᠩᠭᠦᠢ ᠬᠦᠴᠦᠨ᠎ᠢ ᠨᠡᠮᠡᠭᠲᠠᠬᠦᠯᠵᠠᠢ᠃

ᠬᠣᠲᠣᠩ ᠠᠷᠠᠳ᠎ᠤᠨ ᠲᠣᠭᠣᠷᠢᠭ ᠬᠠᠷᠢᠯᠴᠠᠨ ᠰᠢᠭᠢᠳᠬᠡᠵᠦ᠍ ᠬᠠᠮᠲᠤ᠎ᠪᠠᠷ ᠠᠭᠤᠰᠤᠯᠴᠠᠬᠤ᠎ᠶᠢ ᠪᠠᠷᠢᠮᠲᠠᠯᠠᠨ᠂ 《ᠠᠨᠠᠷ᠎ᠤᠨ ᠴᠡᠴᠡᠬᠡᠰ ᠪᠠᠲᠠᠷᠠᠨ ᠳᠡᠯᠭᠡᠷᠡᠵᠦ᠂ ᠦᠵᠡᠰᠬᠦᠯᠡᠩᠲᠦ᠍ ᠰᠠᠶ᠋ᠢᠬᠠᠨ ᠬᠣᠲᠠ ᠵᠢ ᠡᠬᠦᠳᠦᠨ ᠪᠠᠢᠭᠤᠯᠬᠤ》 ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠵᠢᠨ ᠡᠭᠦᠳᠦᠨ ᠪᠠᠶ᠋ᠢᠭᠤᠯᠬᠤ ᠠᠵᠢᠯ᠎ᠤᠨ ᠲᠦᠷᠦᠯ ᠲᠡᠮᠳᠡᠭ᠎ᠢ ᠡᠬᠦᠳᠴᠤ᠂ ᠵᠢᠱ᠌ᠢᠶ᠎ᠡ ᠦᠵᠡᠭᠦᠯᠦᠨ《ᠲᠦᠷᠢ ᠲᠦᠷᠬᠦ ᠵᠢ ᠱᠤᠭᠤᠬᠤ》᠂ ᠶᠠᠰᠤ ᠴᠢᠨᠠᠷ᠎ᠢ ᠲᠡᠰ ᠲᠡᠪᠰᠢᠬᠦᠯᠦᠨ 《ᠨᠡᠷ᠎ᠡ ᠵᠢᠨ ᠬᠠᠭᠤᠳᠠᠰᠤ ᠵᠢ ᠠᠯᠳᠠᠷᠰᠢᠭᠤᠯᠬᠤ》᠂ ᠪᠦᠬᠦᠯᠢ ᠴᠤᠭᠴᠠ ᠪᠡᠷ ᠨᠢ ᠲᠠᠬᠡᠭᠰᠢᠯᠡᠬᠦᠯᠦᠨ《ᠬᠦᠴᠦᠷᠬᠡᠭᠵᠢᠬᠦᠯᠬᠦ》 ᠠᠵᠢᠯ᠎ᠤᠨ ᠰᠡᠳᠬᠢᠴᠡ ᠶᠤᠰᠤᠭᠠᠷ 《ᠡᠭᠦᠳᠦᠨ ᠪᠠᠶ᠋ᠢᠭᠤᠯᠬᠤ + ᠬᠤᠪᠢᠰᠬᠠᠯᠳᠤ ᠰᠣᠶᠣᠯ᠎ᠢ ᠤᠯᠠᠮᠵᠢᠯᠠᠬᠤ》᠂ 《ᠡᠭᠦᠳᠦᠨ ᠪᠠᠶ᠋ᠢᠭᠤᠯᠬᠤ + ᠲᠡᠦᠬᠡ ᠰᠣᠶᠣᠯ᠎ᠢ ᠤᠯᠠᠮᠵᠢᠯᠠᠬᠤ》᠂ 《ᠡᠭᠦᠳᠦᠨ ᠪᠠᠶ᠋ᠢᠭᠤᠯᠬᠤ + ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢ ᠤᠯᠠᠮᠵᠢᠯᠠᠬᠤ》᠂ 《ᠭᠤᠷᠪᠠᠨ ᠦᠯᠢᠭᠡᠷ ᠵᠢᠱ᠌ᠢᠶ᠎ᠡ ᠪᠡᠷ ᠲᠦᠷᠦᠯ ᠲᠠᠮᠳᠡᠭ᠎ᠢ ᠲᠠᠢᠴᠢᠯᠠᠬᠤ》 ᠵᠢᠴᠢ 《ᠲᠦᠭ ᠲᠦᠮᠡᠨ ᠬᠦᠮᠤᠰ᠎ᠢ ᠨᠢᠭᠲᠠᠷᠠᠭᠤᠯᠤᠨ᠂ ᠢᠵᠢᠯᠢ ᠲᠦᠪᠲᠤ ᠲᠣᠭᠣᠷᠢᠭ᠎ᠢ ᠬᠠᠮᠲᠤ᠎ᠪᠠᠷ ᠵᠢᠷᠤᠭᠯᠠᠬᠤ》 ᠬᠡᠭᠦ ᠤᠨᠴᠠᠯᠢᠭᠳᠤ ᠨᠠᠮ᠎ᠤᠨ ᠪᠠᠶ᠋ᠢᠭᠤᠯᠤᠯᠲᠠ᠎ᠶᠢᠨ ᠲᠦᠷᠦᠯ ᠲᠡᠮᠳᠡᠭ᠎ᠢ ᠬᠦᠴᠤᠯᠠᠨ ᠱᠤᠭᠤᠵᠤ ᠲᠠᠰ ᠲᠠᠪᠰᠢᠬᠦᠯᠪᠠ᠃ ᠨᠡᠶ᠋ᠢᠭᠡᠮ ᠲᠣᠭᠣᠷᠢᠭ᠎ᠲᠤ᠌ 《ᠨᠠᠮ᠎ᠤᠨ ᠶᠡᠷᠦᠩᠬᠡᠶ ᠡᠭᠦᠷ — ᠲᠣᠣᠷᠵᠢᠯ ᠤ᠋ᠨ ᠨᠠᠮ᠎ᠤᠨ ᠡᠭᠦᠷ — ᠠᠰᠠᠷ ᠤ᠋ᠨ ᠨᠠᠮ᠎ᠤᠨ ᠳᠤᠭᠤᠶ᠋ᠢᠯᠠᠩ》 ᠭᠤᠷᠪᠠᠨ ᠱᠠᠲᠤᠨ᠎ᠤ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠠᠶ᠋ᠢᠭᠤᠯᠵᠤ᠂ 《ᠵᠢᠵᠢᠭ ᠰᠠᠨᠳᠠᠯᠢᠳᠤ ᠵᠥᠪᠯᠡᠬᠦ ᠬᠤᠷᠠᠯ》᠂ 《ᠰᠠᠭᠤᠭᠠᠯᠢ ᠠᠷᠠᠳ᠎ᠤᠨ ᠵᠥᠪᠯᠡᠯ》 ᠵᠡᠷᠭᠡ ᠦᠨᠳᠦᠰᠦᠨ ᠱᠠᠲᠤᠨ᠎ᠤ ᠵᠠᠰᠠᠯᠲᠠ᠎ᠶᠢᠨ ᠵᠠᠭᠪᠤᠷ᠎ᠢ ᠳᠡᠯᠭᠡᠷᠡᠭᠦᠯᠦᠨ᠂ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠪᠠ᠃ ᠪᠦᠬᠦ᠌ ᠲᠤᠭᠤᠷᠢᠭ ᠨᠢᠭᠡ ᠪᠠᠯᠭᠠᠰᠤᠨ᠎ᠤ ᠨᠢ᠋ᠮᠠᠠ ᠠᠯᠪᠠᠨ ᠭᠡᠷ᠎ᠦᠨ 75 ᠨᠡᠶ᠋ᠢᠭᠡᠮ ᠲᠣᠭᠣᠷᠢᠭ (ᠲᠣᠰᠬᠣᠨ) ᠤ᠋ᠨ ᠤᠬᠠᠭᠤᠯᠭ᠎ᠠ᠎ᠶᠢᠨ ᠡᠬᠢ ᠪᠠᠶᠠᠯᠢᠭ᠎ᠢ ᠨᠡᠢᠳᠬᠡᠨ᠂ ᠣᠯᠠᠨ ᠲᠦᠮᠡᠨ᠎ᠦ ᠡᠳᠦᠷ ᠲᠤᠲᠤᠮ᠎ᠤᠨ ᠠᠮᠢᠳᠤᠷᠠᠯ᠎ᠳᠤ ᠭᠤᠤᠯᠳᠠᠯᠭ᠎ᠠ᠎ᠲᠠᠶ ᠠᠩᠬᠠᠷᠤᠯ᠎ᠢᠶᠠᠨ ᠲᠥᠪᠯᠡᠷᠡᠭᠦᠯᠵᠤ᠂《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠤᠬᠠᠭᠤᠯᠭ᠎ᠠ ᠬᠥᠮᠦᠵᠢᠯ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠯᠢᠭᠡᠷ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠯᠢᠭᠡᠷ᠎ᠢ ᠰᠠᠶ᠋ᠢᠲᠤᠷ ᠶᠠᠷᠢᠬᠤ᠂ ᠪᠠᠶᠠᠯᠢᠭ ᠰᠠᠶ᠋ᠢᠬᠠᠨ ᠭᠤᠤᠯ ᠰᠡᠳᠦᠪᠲᠦ᠍ ᠦᠢᠯᠡᠲᠤᠯᠬᠡ᠎ᠶᠢᠨ ᠠᠵᠢᠯᠯᠠᠭ᠎ᠠ ᠥᠷᠨᠢᠭᠦᠯᠬᠦ᠂ 《ᠶᠢᠰᠦᠨ ᠨᠠᠢᠬᠡᠮ ᠲᠤᠭᠤᠷᠢᠭ ᠬᠤᠯᠪᠤᠭᠠᠯᠠᠨ ᠬᠦᠲᠠᠯᠤᠯᠴᠠᠬᠦ》 ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠠᠵᠢᠯᠯᠠᠭ᠎ᠠ ᠥᠷᠨᠢᠭᠦᠯᠬᠦ᠌᠎ᠶᠢ ᠯᠠᠪᠳᠠᠭᠤᠨ ᠪᠠᠲᠤᠲᠠᠶ ᠠᠬᠢᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠤᠷᠢᠶᠠᠯᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠤᠬᠠᠭᠤᠯᠭ᠎ᠠ᠎ᠶᠢᠨ ᠬᠠᠷᠠᠭ᠎ᠠ ᠶ᠋ᠢ 《ᠡᠴᠦᠰ᠎ᠦᠨ ᠨᠢᠭᠡ ᠮᠧᠲ᠋ᠷ》 ᠬᠦᠷᠲᠡᠯ᠎ᠡ ᠤᠷᠲᠤᠳᠬᠠᠬᠤ᠎ᠶᠢ ᠠᠬᠢᠭᠤᠯᠵᠠᠢ᠃ ᠵᠡᠭᠡᠯᠢ ᠭᠤᠳᠤᠮᠵᠢ᠎ᠠᠴᠠ ᠨᠡᠶ᠋ᠢᠭᠡᠮ ᠲᠣᠭᠣᠷᠢᠭ᠎ᠤᠨ ᠠᠮᠢᠳᠤᠷᠠᠯ ᠬᠦᠷᠲᠡᠯ᠎ᠡ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠡᠯᠧᠮᠧᠨ᠋ᠲ ᠬᠣᠲᠣᠩ ᠠᠷᠠᠳ᠎ᠤᠨ ᠲᠣᠭᠣᠷᠢᠭ ᠲᠸ᠋ ᠪᠦᠬᠦ ᠲᠠᠯ᠎ᠠ ᠪᠡᠷ ᠢᠯᠡᠷᠡᠵᠦ ᠪᠤᠢ᠃ ᠰᠢᠭᠢᠳᠬᠡᠯᠳᠦ ᠮᠠᠶᠢᠭ᠎ᠤᠨ ᠨᠡᠶ᠋ᠢᠭᠡᠮ᠎ᠵᠢᠴᠢ ᠨᠡᠶ᠋ᠢᠭᠡᠮ ᠲᠣᠭᠣᠷᠢᠭ᠎ᠢ ᠪᠠᠶ᠋ᠢᠭᠤᠯᠬᠤ᠎ᠪᠠᠷ ᠦᠨᠳᠦᠰᠦᠲᠡᠨ᠎ᠨᠦᠭᠦᠳ᠎ᠦᠨ ᠣᠯᠠᠨ ᠲᠦᠮᠡᠨ 《ᠵᠢᠵᠢᠭ ᠬᠡᠷ᠎ᠡᠴᠡ᠎ᠪᠡᠨ ᠭᠠᠷᠴᠤ᠌᠂ ᠨᠠᠢᠬᠡᠮ ᠨᠡᠢᠳᠡ ᠳ᠋ᠤ ᠠᠭᠤᠰᠤᠯᠴᠠᠬᠤ》 ᠳᠤᠮᠳᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠵᠡᠯ ᠰᠠᠨᠠᠭᠠᠨ᠎ᠤ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠪᠡ᠃ ᠬᠣᠲᠣᠩ ᠠᠷᠠᠳ᠎ᠤᠨ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭᠴᠢ ᠺᠠᠩ ᠵᠢᠩ᠂ ᠲᠠᠷᠠᠭᠠᠴᠢ᠎ᠶᠢᠨ ᠠᠯᠬᠤᠮ᠎ᠳᠤ᠂ ᠬᠣᠲᠣᠩ ᠠᠷᠠᠳ᠎ᠤᠨ ᠲᠣᠭᠣᠷᠢᠭ ᠠᠵᠢᠯ᠎ᠤᠨ ᠬᠠᠷᠠᠯᠲᠠ ᠪᠠ ᠡᠭᠦᠷᠭᠡ ᠲᠠᠶ᠎ᠪᠠᠨ ᠬᠠᠷᠢᠴᠠᠭᠤᠯᠤᠨ᠂ ᠠᠵᠢᠯ᠎ᠤᠨ ᠠᠷᠭ᠎ᠠ ᠬᠡᠮᠵᠢᠶ᠎ᠡ᠎ᠪᠡᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠤᠨ᠂ ᠨᠡᠶ᠋ᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠤ᠋ᠨ ᠰᠠᠭᠤᠭᠠᠯᠢ ᠠᠷᠠᠳ ᠨᠢᠭᠡ ᠬᠡᠷ᠎ᠦᠨ ᠬᠥᠮᠦᠨ ᠮᠡᠳᠦ ᠳᠣᠲᠣᠨᠣ ᠪᠠᠢᠬᠤ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠨ᠎ᠡ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号