《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠠᠷᠪᠠᠨ ᠲᠠᠪᠤᠳᠤᠭᠠᠷ ᠲᠠᠪᠤᠨ ᠵᠢᠯ ᠤ᠋ᠨ ᠲᠥᠯᠥᠪᠵᠢᠭᠦᠯᠭᠡ ᠵᠢ ᠲᠣᠭ᠍ᠲᠠᠭᠠᠬᠤ ᠲᠤᠬᠠᠶ ᠰᠠᠨᠠᠭᠤᠯᠭ᠎ᠠ》 ᠵᠢᠨ ᠲᠤᠬᠠᠶ ᠲᠣᠳᠣᠷᠬᠠᠢᠯᠠᠯᠲᠠ
( 2025 ᠣᠨ ᠤ᠋ 11 ᠰᠠᠷ᠎ᠠ ᠵᠢᠨ 13 ᠤ᠋ ᠡᠳᠦᠷ )
ᠸᠠᠩ ᠸᠧᠢ ᠵᠦᠩ
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠪᠠᠢᠩᠭᠤ ᠵᠢᠨ ᠬᠤᠷᠢᠶ᠎ᠠ ᠵᠢᠨ ᠨᠠᠢᠳᠠᠯᠭ᠎ᠠ ᠪᠡᠷ᠂ ᠪᠢ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠠᠷᠪᠠᠨ ᠲᠠᠪᠤᠳᠤᠭᠠᠷ ᠲᠠᠪᠤᠨ ᠵᠢᠯ ᠤ᠋ᠨ ᠲᠥᠯᠥᠪᠵᠢᠭᠦᠯᠭᠡ ᠵᠢ ᠲᠣᠭ᠍ᠲᠠᠭᠠᠬᠤ ᠲᠤᠬᠠᠶ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ᠍ ᠲᠣᠪᠴᠢᠯᠠᠨ᠎ᠠ) ᠵᠢ ᠲᠤᠭᠤᠷᠪᠢᠭ᠍ᠰᠠᠨ ᠬᠣᠯᠪᠣᠭ᠍ᠳᠠᠯ ᠪᠥᠬᠥᠶ ᠪᠠᠢᠳᠠᠯ ᠤ᠋ᠨ ᠲᠤᠬᠠᠶ ᠪᠥᠬᠥᠳᠡ ᠬᠤᠷᠠᠯ ᠳ᠋ᠤ ᠲᠣᠳᠣᠷᠬᠠᠢᠯᠠᠯᠲᠠ ᠬᠢᠶ᠎ᠠ᠃
ᠨᠢᠭᠡ᠂ 《ᠰᠠᠨᠠᠭᠤᠯᠭ᠎ᠠ》 ᠵᠢᠨ ᠨᠤᠤᠷᠠᠭ ᠢ᠋ ᠲᠤᠭᠤᠷᠪᠢᠬᠰᠠᠨ ᠶᠠᠪᠤᠴᠠ
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ ᠵᠢ ᠰᠠᠢᠲᠤᠷ ᠰᠤᠳᠤᠯᠤᠨ ᠲᠤᠭᠳᠠᠭᠠᠬᠤ ᠨᠢ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠡᠷ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠱᠢᠯᠠᠭᠤᠯᠵᠤ᠂ ᠳᠤᠮᠳᠠᠳᠤ ᠤᠯᠤᠰ ᠤ᠋ᠨ ᠮᠠᠶᠢᠬ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ ᠳ᠋ᠸ᠋ ᠴᠢᠬᠤᠯᠠ ᠠᠴᠢ ᠬᠣᠯᠪᠣᠭ᠍ᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ 《ᠰᠠᠨᠠᠭᠤᠯᠭ᠎ᠠ》 ᠵᠢᠨ ᠨᠣᠣᠷᠠᠭ ᠢ᠋ ᠲᠤᠭᠤᠷᠪᠢᠬᠤ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠨᠠᠮ ᠤ᠋ᠨ ᠬᠤᠷᠢᠶ᠎ᠠ ᠵᠢᠨ ᠪᠠᠢᠩᠭᠤ ᠵᠢᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ ᠤ᠋ᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ ᠵᠢᠨ ᠬᠤᠭᠤᠴᠠᠭᠠᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢ ᠱᠢᠨᠵᠢᠯᠡᠬᠦ᠌ ᠤᠬᠠᠭᠠᠨᠴᠢ ᠪᠡᠷ ᠲᠦᠯᠦᠪᠵᠢᠬᠦᠯᠬᠦ ᠲᠤᠬᠠᠶ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠣᠯᠠᠨ ᠤᠳᠠᠭ᠎ᠠ ᠰᠤᠳᠤᠯᠤᠨ ᠪᠠᠢᠷᠢᠯᠠᠭᠤᠯᠪᠠ᠃ ᠡᠨᠡ ᠵᠢᠯ ᠤ᠋ᠨ 4 ᠰᠠᠷ᠎ᠠ ᠵᠢᠨ ᠡᠬᠢ ᠪᠡᠷ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠢ᠋ ᠵᠣᠬᠢᠶᠠᠨ ᠪᠠᠢᠭᠤᠯᠤᠨ ᠠᠢᠮᠠᠭ ᠬᠣᠲᠠ ᠳ᠋ᠤ ᠲᠤᠰᠭᠠᠶ ᠰᠡᠳᠦᠪ ᠵᠢᠡᠷ ᠪᠠᠢᠴᠠᠭᠠᠨ ᠰᠤᠳᠤᠯᠤᠯᠲᠠ ᠬᠢᠵᠦ᠍᠂ 25 ᠵᠦᠶ᠋ᠯ ᠤ᠋ᠨ ᠭᠤᠤᠯᠳᠠᠯᠭ᠎ᠠ ᠲᠠᠢ ᠰᠡᠳᠦᠪ ᠤ᠋ᠨ ᠲᠤᠬᠠᠶ ᠰᠤᠳᠤᠯᠭᠠᠨ ᠥᠷᠨᠢᠭᠦᠯᠪᠡ᠃ 6 ᠰᠠᠷ᠎ᠠ ᠵᠢᠨ ᠰᠡᠬᠦᠯᠴᠢ ᠪᠡᠷ 《ᠰᠠᠨᠠᠭᠤᠯᠭ᠎ᠠ》 ᠵᠢᠨ ᠨᠣᠣᠷᠠᠭ ᠢ᠋ ᠲᠤᠭᠤᠷᠪᠢᠬᠤ ᠠᠵᠢᠯ ᠢ᠋ ᠵᠢᠩᠬᠢᠨᠢ ᠪᠡᠷ ᠡᠬᠢᠯᠡᠭᠦᠯᠪᠡ᠃ ᠡᠭᠦᠨ ᠤ᠋ ᠬᠠᠮᠲᠤ ᠰᠦᠯᠵᠢᠶᠡᠨ ᠳᠡᠭᠡᠷ᠎ᠡ 4000 ᠱᠢᠬᠠᠮ ᠵᠤᠷᠪᠤᠰ ᠰᠠᠨᠠᠯ ᠰᠠᠨᠠᠭᠤᠯᠭ᠎ᠠ ᠬᠤᠷᠢᠶᠠᠵᠠᠶ᠃ 9 ᠰᠠᠷ᠎ᠠ ᠵᠢᠨ ᠡᠬᠢ ᠪᠡᠷ᠂ ᠥᠪᠡᠷᠲᠡᠭᠡᠨ ᠵᠠᠰᠠᠬᠤ ᠣᠷᠣᠨ ᠤ᠋ 23 ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠡᠴᠡ ᠰᠡᠳᠭᠢᠴᠡ ᠠᠷᠭ᠎ᠠ ᠬᠡᠮᠵᠢᠶ᠎ᠡ ᠴᠤᠭ᠍ᠯᠠᠭᠤᠯᠵᠤ᠂ ᠴᠤᠭ᠍ᠯᠠᠭᠤᠯᠤᠭ᠍ᠰᠠᠨ ᠰᠠᠨᠠᠭᠤᠯᠭ᠎ᠠ ᠲᠠᠢ ᠪᠠᠨ ᠤᠶᠠᠯᠳᠤᠭᠤᠯᠤᠨ ᠨᠤᠤᠷᠠᠭ ᠲᠦ᠍ ᠵᠠᠰᠠᠪᠤᠷᠢ ᠣᠷᠣᠭᠤᠯᠵᠤ᠂ ᠮᠤᠵᠢ ᠵᠢᠨ ᠱᠠᠲᠤᠨ ᠤ᠋ ᠤᠳᠤᠷᠢᠳᠭᠤ ᠺᠠᠳ᠋ᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠭᠡᠱᠢᠭᠦᠨ ᠪᠣᠯᠤᠨ ᠣᠷᠣᠯᠠᠭ᠍ᠴᠢ ᠭᠡᠱᠢᠭᠦᠨ ᠵᠢᠴᠢ ᠡᠯ᠎ᠡ ᠠᠢᠮᠠᠭ ᠬᠣᠲᠠ ᠵᠢᠨ ᠨᠠᠮ ᠤ᠋ᠨ ᠬᠣᠷᠢᠶ᠎ᠠ᠂ ᠡᠯ᠎ᠡ ᠰᠠᠯᠠᠭ᠎ᠠ ᠮᠥᠴᠢᠷ ᠨᠢᠭᠡᠴᠢ ᠵᠢᠨ ᠨᠠᠮ ᠤ᠋ᠨ ᠤᠳᠤᠷᠢᠳᠭᠤ ᠳᠤᠭᠤᠢᠯᠠᠩ (ᠨᠠᠮ ᠤ᠋ᠨ ᠬᠣᠷᠢᠶ᠎ᠠ) ᠳ᠋ᠤ ᠳᠠᠷᠤᠮᠠᠯᠯᠠᠨ ᠲᠠᠷᠬᠠᠭᠠᠵᠤ ᠰᠠᠨᠠᠯ ᠬᠤᠷᠢᠶᠠᠪᠠ᠃ 9 ᠰᠠᠷ᠎ᠠ ᠵᠢᠨ ᠰᠡᠬᠦᠯᠴᠢ ᠪᠠ 10 ᠰᠠᠷ᠎ᠠ ᠵᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠦᠵᠢᠵᠢᠨ ᠲᠤᠰᠭᠠᠶ ᠰᠡᠳᠦᠪᠲᠦ ᠬᠤᠷᠠᠯᠢ ᠬᠣᠶᠠᠷ ᠤᠳᠠᠭ᠎ᠠ ᠬᠤᠷᠠᠯᠳᠤᠭᠤᠯᠵᠤ᠂ 《ᠰᠠᠨᠠᠭᠤᠯᠭ᠎ᠠ》 ᠵᠢᠨ ᠨᠤᠤᠷᠠᠭᠲᠠᠬᠢ ᠴᠢᠬᠤᠯᠠ ᠶᠡᠬᠡ ᠵᠦᠶ᠋ᠯᠡᠰ ᠢ᠋ ᠲᠤᠰᠭᠠᠢᠯᠠᠨ ᠰᠤᠳᠤᠯᠪᠠ᠃ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠲᠡᠭᠦᠰᠦᠭ᠌ᠰᠡᠨ ᠤ᠋ ᠳᠠᠷᠠᠭ᠎ᠠ᠂ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠦᠨᠳᠦᠰᠦᠯᠡᠨ 《ᠰᠠᠨᠠᠭᠤᠯᠭ᠎ᠠ》 ᠵᠢᠨ ᠨᠤᠤᠷᠠᠭ ᠲᠦ᠍ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠲᠠᠬᠢᠨᠳᠠ ᠶᠡᠭᠡ ᠬᠡᠪᠴᠢᠶ᠎ᠠ ᠪᠡᠷ ᠰᠠᠨᠠᠯ ᠬᠤᠷᠢᠶᠠᠵᠤ᠂ ᠶᠠᠷᠢᠯᠴᠠᠬᠤ ᠬᠤᠷᠠᠯ ᠬᠤᠷᠠᠯᠳᠤᠭᠤᠯᠤᠨ ᠡᠯ᠎ᠡ ᠠᠷᠠᠳᠴᠢᠯᠠᠭ᠍ᠰᠠᠨ ᠨᠠᠮ ᠪᠦᠯᠦᠭ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠤ᠋ ᠦᠶ᠋ᠯᠡᠳᠪᠦᠷᠢ ᠬᠤᠳᠠᠯᠳᠤᠭᠠᠨ ᠤ᠋ ᠬᠣᠯᠪᠣᠭ᠎ᠠ ᠵᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ ᠤ᠋ᠨ ᠪᠤᠰᠤ ᠬᠥᠮᠦᠰ᠂ ᠲᠤᠰᠭᠠᠶ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯᠲᠠᠨ ᠤ᠋ ᠲᠥᠯᠥᠭᠡᠯᠡᠭ᠌ᠴᠢ ᠵᠢᠨ ᠰᠠᠨᠠᠯ ᠢ᠋ ᠰᠣᠨᠣᠰᠴᠤ᠌᠂ ᠡᠯ᠎ᠡ ᠲᠠᠯ᠎ᠠ ᠵᠢᠨᠬᠢᠨ ᠤ᠋ ᠳᠤᠷᠠᠳᠤᠭ᠍ᠰᠠᠨ 840 ᠵᠤᠷᠪᠤᠰ ᠰᠠᠨᠠᠯ ᠢ᠋ ᠨᠠᠷᠢᠨ ᠬᠢᠨᠠᠮᠠᠭᠠᠶ ᠰᠤᠳᠤᠯᠤᠨ ᠰᠢᠡᠭᠭᠡᠭᠡᠨ ᠠᠪᠤᠪᠠ᠃ ᠳᠠᠷᠠᠭ᠎ᠠ ᠨᠢ᠂ ᠨᠠᠮ ᠤ᠋ᠨ ᠬᠤᠷᠢᠶ᠎ᠠ ᠵᠢᠨ ᠱᠦᠵᠢ ᠵᠢᠨ ᠲᠤᠰᠭᠠᠢ ᠰᠡᠳᠦᠪᠲᠦ ᠬᠤᠷᠠᠯ ᠪᠣᠯᠤᠨ ᠬᠣᠶᠠᠷ ᠤᠳᠠᠭ᠎ᠠ ᠵᠢᠨ ᠨᠠᠮ ᠤ᠋ᠨ ᠬᠤᠷᠢᠶ᠎ᠠ ᠵᠢᠨ ᠪᠠᠢᠩᠭᠤ ᠵᠢᠨ ᠬᠤᠷᠢᠶ᠎ᠠ ᠵᠢᠨ ᠬᠤᠷᠠᠯ ᠬᠤᠷᠠᠯᠳᠤᠭᠤᠯᠵᠤ ᠬᠢᠨᠠᠨ ᠵᠥᠪᠯᠡᠵᠦ᠍ ᠵᠠᠰᠠᠪᠤᠷᠢ ᠣᠷᠣᠭᠤᠯᠵᠤ᠂ ᠡᠨᠡ ᠤᠳᠠᠭ᠎ᠠ ᠵᠢᠨ ᠪᠦᠬᠦᠳᠡ ᠬᠤᠷᠠᠯ ᠳ᠋ᠤ ᠳᠡᠪᠱᠢᠭᠦᠯᠵᠦ᠍ ᠬᠢᠨᠠᠨ ᠵᠥᠪᠯᠡᠭᠦᠯᠬᠦ᠌ 《ᠰᠠᠨᠠᠭᠤᠯᠭ᠎ᠠ》 ᠵᠢᠨ ᠨᠤᠤᠷᠠᠭ ᠢ᠋ ᠪᠦᠷᠢᠯᠳᠦᠭᠦᠯᠪᠡ᠃
ᠬᠣᠶᠠᠷ᠂ 《ᠰᠠᠨᠠᠭᠤᠯᠭ᠎ᠠ》 ᠵᠢᠨ ᠨᠣᠣᠷᠠᠭ ᠤ᠋ᠨ ᠦᠨᠳᠦᠰᠦᠨ ᠪᠣᠷᠣ ᠲᠥᠯᠥᠪ ᠪᠠ ᠭᠣᠣᠯ ᠪᠤᠳᠤᠯᠬᠢᠯᠠᠯ
《ᠰᠠᠨᠠᠭᠤᠯᠭ᠎ᠠ》 ᠵᠢᠨ ᠨᠣᠣᠷᠠᠭ ᠨᠢ 15 ᠪᠦᠯᠦᠭ ᠵᠢᠡᠷ ᠪᠦᠷᠢᠯᠳᠦᠵᠦ᠍᠂ ᠭᠤᠷᠪᠠᠨ ᠶᠡᠬᠡ ᠭᠡᠰᠡᠭ ᠬᠤᠪᠢᠶᠠᠪᠠ᠃ ᠨᠢᠭᠡᠳᠦᠭᠡᠷ ᠶᠡᠭᠡ ᠬᠡᠰᠡᠭᠨᠢ ᠶᠡᠷᠦᠩᠬᠡᠶ ᠣᠨᠣᠯ ᠪᠣᠯᠤᠨ᠎ᠠ᠂ ᠤᠳᠤᠷᠢᠳᠭᠠᠯ ᠪᠣᠯᠤᠨ ᠨᠢᠭᠡᠳᠦᠭᠡᠷ ᠪᠦᠯᠦᠭ ᠢ᠋ ᠪᠠᠭ᠍ᠲᠠᠭᠠᠵᠤ᠂ ᠭᠤᠤᠯᠳᠠᠭᠤ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨᠳᠡᠬᠢ ᠬᠥᠭ᠌ᠵᠢᠯᠲᠡ ᠵᠢᠨ ᠳᠠᠯ᠎ᠠ ᠪᠡᠷ ᠤᠯᠤᠬᠰᠠᠨ ᠴᠢᠬᠤᠯᠠ ᠶᠡᠬᠡ ᠠᠮᠵᠢᠯᠲᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨᠳᠡᠬᠢ ᠬᠥᠭ᠌ᠵᠢᠯᠲᠡ ᠳ᠋ᠸ᠋ ᠲᠤᠯᠭᠠᠷᠠᠬᠤ ᠪᠠᠢᠳᠠᠯ ᠪᠣᠯᠤᠨ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ ᠵᠢ ᠲᠣᠳᠣᠷᠬᠠᠢᠯᠠᠨ ᠥᠭᠦᠯᠡᠪᠡ᠃ ᠬᠣᠶᠠᠳᠤᠭᠠᠷ ᠶᠡᠬᠡ ᠬᠡᠰᠡᠭ ᠨᠢ ᠬᠤᠪᠢᠶᠠᠷᠢ ᠤᠨᠤᠯ ᠪᠣᠯᠤᠨ᠎ᠠ᠂ ᠡᠭᠦᠨ ᠳ᠋ᠤ ᠬᠣᠶᠠᠳᠤᠭᠠᠷ ᠪᠦᠯᠦᠭ ᠡᠴᠡ ᠠᠷᠪᠠᠨ ᠳᠥᠷᠪᠡᠳᠦᠭᠡᠷ ᠪᠦᠯᠦᠭ ᠬᠦᠷᠲᠡᠯᠡᠬᠢ ᠨᠡᠢ᠌ᠳᠡ 13 ᠬᠡᠰᠡᠭ ᠪᠠᠭ᠍ᠲᠠᠨᠠ᠂ ᠡᠭᠦᠨ ᠳ᠋ᠤ ᠬᠣᠶᠠᠳᠤᠭᠠᠷ ᠪᠦᠯᠦᠭ ᠡᠴᠡ ᠳᠣᠯᠣᠳᠤᠭᠠᠷ ᠪᠦᠯᠦᠭ ᠬᠦᠷᠲᠡᠯ᠎ᠡ ᠶᠡᠷᠦᠩᠬᠡᠢ ᠱᠦᠵᠢ ᠰᠢ ᠵᠢᠨ ᠫᠢᠩ ᠤ᠋ᠨ ᠦᠨᠳᠦᠰᠦᠲᠡᠨ ᠤ᠋ ᠭᠠᠵᠠᠷ ᠣᠷᠣᠨ ᠤ᠋ ᠠᠵᠢᠯ ᠤ᠋ᠨ ᠲᠤᠬᠠᠢ ᠴᠢᠬᠤᠯᠠ ᠱᠠᠭᠠᠷᠳᠠᠯᠭ᠎ᠠ ᠪᠣᠯᠤᠨ ᠥᠪᠥᠷ ᠮᠣᠩᠭᠣᠯ ᠳ᠋ᠤ ᠲᠤᠬᠳᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ ᠵᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ ᠶᠣᠰᠣᠭᠠᠷ᠂ ᠲᠤᠰ ᠲᠤᠰ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠪᠠᠢᠭᠤᠯᠤᠯᠲᠠ ᠶ᠋ᠢ ᠠᠬᠢᠭᠤᠯᠬᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠦᠳᠦᠭᠡᠨ ᠪᠠᠢᠭᠤᠯᠤᠯᠲᠠ ᠶ᠋ᠢ ᠭᠦᠨᠵᠡᠭᠡᠢᠷᠡᠭᠦᠯᠬᠦ᠌ ᠰᠡᠳᠭᠢᠴᠡ ᠪᠣᠯᠤᠨ ᠭᠣᠣᠯᠳᠠᠯᠭ᠎ᠠ ᠲᠠᠢ ᠠᠵᠢᠯ ᠢ᠋ ᠲᠣᠳᠣᠷᠬᠠᠢᠯᠠᠪᠠ; ᠨᠠᠢ᠍ᠮᠠᠳᠤᠭᠠᠷ ᠪᠦᠯᠦᠭ ᠡᠴᠡ ᠠᠷᠪᠠᠨ ᠳᠥᠷᠪᠡᠳᠦᠭᠡᠷ ᠪᠦᠯᠦᠭ ᠬᠦᠷᠲᠡᠯ᠎ᠡ ᠠᠵᠤ ᠦᠢᠯᠡᠰ ᠤ᠋ᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠭᠦᠳᠦᠯᠲᠡ᠂ ᠵᠠᠬ᠎ᠠ ᠳᠡᠯᠭᠡᠭᠦᠷ ᠤ᠋ᠨ ᠪᠠᠢᠭᠤᠯᠤᠯᠲᠠ᠂ ᠠᠵᠤ ᠠᠬᠤᠢ ᠵᠢᠨ ᠪᠠᠢᠭᠤᠯᠤᠯ᠂ ᠣᠷᠣᠨ ᠪᠦᠰᠡ ᠵᠢᠨ ᠬᠥᠭ᠌ᠵᠢᠯᠲᠡ᠂ ᠰᠣᠶᠣᠯ ᠤ᠋ᠨ ᠪᠠᠢᠭᠤᠯᠤᠯᠲᠠ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠵᠡᠷᠭᠡ ᠲᠠᠯ᠎ᠠ ᠪᠡᠷ ᠡᠭᠦᠷᠭᠡ ᠠᠷᠭ᠎ᠠ ᠬᠡᠮᠵᠢᠶ᠎ᠡ ᠳᠤᠷᠠᠳᠪᠠ᠃ ᠭᠤᠷᠪᠠᠳᠤᠭᠠᠷ ᠶᠡᠭᠡ ᠬᠡᠰᠡᠭ ᠲᠤ᠌ ᠠᠷᠪᠠᠨ ᠲᠠᠪᠤᠳᠤᠭᠠᠷ ᠪᠦᠯᠦᠭ ᠪᠠ ᠲᠡᠭᠦᠰᠭᠡᠯ ᠤ᠋ᠨ ᠦᠭᠡ ᠪᠠᠭ᠍ᠲᠠᠵᠤ᠂ ᠭᠣᠣᠯᠳᠠᠭᠤ ᠨᠠᠮ ᠤ᠋ᠨ ᠲᠥᠪ ᠬᠣᠷᠢᠶᠠᠨ ᠤ᠋ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶ᠋ᠢ ᠡᠷᠡᠰ ᠬᠠᠮᠠᠭᠠᠯᠠᠬᠤ᠂ ᠺᠠᠳ᠋ᠷ ᠤ᠋ᠨ ᠡᠩᠨᠡᠭᠡ ᠪᠠ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠪᠠᠢᠭᠤᠯᠤᠯᠲᠠ ᠶ᠋ᠢ ᠴᠢᠩᠭᠠᠳᠭᠠᠬᠤ᠂ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠠ ᠢᠯᠵᠢᠷᠠᠯ ᠢ᠋ ᠡᠰᠡᠷᠭᠦᠴᠡᠬᠦ᠌ ᠲᠡᠮᠡᠴᠡᠯ ᠢ᠋ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢ ᠲᠣᠭ᠍ᠲᠠᠭᠠᠬᠤ ᠪᠠ ᠨᠠᠢᠳᠠᠪᠤᠷᠢᠵᠢᠭᠤᠯᠬᠤ ᠲᠣᠭ᠍ᠲᠠᠴᠠ ᠶ᠋ᠢ ᠪᠦᠷᠢᠨᠱᠢᠬᠦᠯᠬᠦ᠌ ᠵᠡᠷᠭᠡ ᠡᠭᠦᠷᠭᠡ ᠶ᠋ᠢ ᠪᠠᠢᠷᠢᠯᠠᠭᠤᠯᠪᠠ᠃
ᠲᠤᠭᠤᠷᠪᠢᠨ ᠪᠢᠴᠢᠬᠦ᠌ ᠶᠠᠪᠤᠴᠠ ᠳ᠋ᠤ ᠳᠣᠣᠷᠠᠬᠢ ᠬᠡᠳᠦᠨ ᠲᠠᠯ᠎ᠠ ᠶ᠋ᠢ ᠠᠩᠬᠠᠷᠤᠨ ᠡᠵᠡᠮᠱᠢᠪᠡ᠃
ᠨᠢᠭᠡ ᠳ᠋ᠤ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠪᠡᠷ ᠶᠡᠷᠦᠩᠬᠡᠶ ᠬᠥᠲᠥᠯᠪᠦᠷᠢ ᠪᠤᠯᠭᠠᠪᠠ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ 3 ᠤᠳᠠᠭ᠎ᠠ ᠪᠡᠶ᠎ᠡ ᠪᠡᠷ ᠵᠢᠡᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠵᠤ᠂ 5 ᠵᠢᠯ ᠳᠠᠷᠠᠭᠠᠯᠠᠨ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠵᠤ᠂ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠥᠭ᠌ᠴᠦ᠂ ᠥᠪᠥᠷ ᠮᠣᠩᠭᠣᠯ ᠤ᠋ᠨ ᠬᠥᠭ᠌ᠵᠢᠯᠲᠡ ᠳ᠋ᠤ ᠤᠷᠤᠭ᠍ᠰᠢᠯᠠᠬᠤ ᠴᠢᠭ᠌ᠯᠡᠯ ᠢ᠋ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠮᠠᠨ ᠤ᠋ ᠣᠷᠣᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ ᠶ᠋ᠢ ᠲᠥᠯᠥᠪᠵᠢᠭᠦᠯᠬᠦ᠌ ᠳ᠋ᠤ ᠡᠷᠬᠡᠪᠰᠢ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠪᠡᠷ ᠦᠨᠳᠦᠰᠦᠨ ᠵᠢᠯᠣᠭᠣᠳᠣᠯᠭ᠎ᠠ ᠪᠣᠯᠭᠠᠵᠤ᠂ ᠦᠷᠭᠦᠯᠵᠢᠯᠡᠨ ᠭᠦᠨᠵᠡᠭᠡᠶ ᠰᠤᠷᠤᠯᠴᠠᠨ ᠣᠢᠯᠠᠭᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠡᠷ ᠵᠢᠡᠨ《ᠬᠣᠶᠠᠷ ᠢ᠋ ᠲᠤᠭᠳᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠢ᠋ ᠬᠠᠮᠠᠭᠠᠯᠠᠬᠤ》 ᠶ᠋ᠢ ᠡᠷᠡᠰ ᠪᠡᠶᠡᠯᠡᠬᠦᠯᠪᠡ᠃
ᠬᠣᠶᠠᠷ ᠲᠦ᠍ ᠨᠠᠮ ᠤ᠋ᠨ ᠲᠥᠪ ᠬᠣᠷᠢᠶᠠᠨ ᠤ᠋ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠪᠥᠬᠥ᠌ ᠲᠠᠯ᠎ᠠ ᠪᠡᠷ ᠪᠠᠷᠢᠮᠵᠢᠶᠠᠯᠠᠨ ᠬᠠᠷᠭᠤᠭᠤᠯᠪᠠ᠃ ᠶᠡᠷᠦᠩᠬᠡᠶ ᠱᠦᠵᠢ ᠰᠢ ᠵᠢᠨ ᠫᠢᠩ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠠ ᠨᠠᠮ ᠤ᠋ᠨ ᠲᠥᠪ ᠬᠤᠷᠢᠶ᠎ᠠ ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ 《ᠰᠠᠨᠠᠭᠤᠯᠭ᠎ᠠ》 ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨᠳᠠᠬᠢ ᠴᠢᠬᠤᠯᠠ ᠪᠠᠢᠷᠢ ᠰᠠᠭᠤᠷᠢ ᠪᠠ ᠨᠠᠮ ᠤ᠋ᠨ ᠲᠥᠪ ᠬᠤᠷᠢᠶ᠎ᠠ ᠵᠢᠨ ᠤᠯᠤᠰ ᠤ᠋ᠨ ᠳᠣᠲᠣᠭᠠᠳᠤ ᠭᠠᠳᠠᠭᠠᠳᠤ ᠵᠢᠨ ᠪᠠᠢᠳᠠᠯ ᠤ᠋ᠨ ᠲᠤᠬᠠᠢ ᠦᠨᠳᠦᠰᠦᠨ ᠮᠠᠭᠠᠳᠯᠠᠯᠲᠠ ᠶ᠋ᠢ ᠭᠦᠨᠵᠡᠭᠡᠢ ᠤᠢᠯᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠵᠢᠯᠣᠭᠣᠳᠭᠤ ᠦᠵᠡᠯ ᠰᠠᠨᠠᠭ᠎ᠠ ᠶ᠋ᠢ ᠭᠦᠨᠵᠡᠭᠡᠶ ᠤᠢᠯᠠᠭᠠᠵᠤ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ ᠵᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ᠂ ᠮᠠᠨ ᠤ᠋ ᠣᠷᠣᠨ ᠤ᠋ ᠪᠣᠳᠠᠲᠤ ᠪᠠᠢᠳᠠᠯ ᠳ᠋ᠤ ᠰᠠᠭᠤᠷᠢᠯᠠᠵᠤ᠂ ᠮᠠᠨ ᠤ᠋ ᠣᠷᠣᠨ ᠤ᠋ ᠬᠥᠭ᠌ᠵᠢᠯᠲᠡ ᠵᠢᠨ ᠱᠠᠲᠤᠴᠢ ᠴᠢᠨᠠᠷᠲᠠᠶ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ ᠶ᠋ᠢ ᠳᠤᠷᠠᠳᠴᠤ᠂ ᠨᠠᠮ ᠤ᠋ᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠥᠪᠥᠷ ᠮᠣᠩᠭᠣᠯ ᠳ᠋ᠤ ᠪᠣᠳᠠᠲᠠᠶ ᠳ᠋ᠤ ᠨᠠᠢᠳᠠᠪᠤᠷᠢᠵᠢᠭᠤᠯᠬᠤ ᠶ᠋ᠢ ᠦᠨᠡᠨ ᠬᠦ᠌ ᠪᠠᠳᠤᠯᠠᠪᠠ᠃
ᠭᠤᠷᠪᠠ ᠳ᠋ᠤ ᠬᠠᠷᠠᠯᠲᠠ ᠵᠢᠨ ᠤᠳᠤᠷᠢᠳᠤᠮᠵᠢ ᠪᠠ ᠠᠰᠠᠭᠤᠳᠠᠯ ᠤ᠋ᠨ ᠤᠳᠤᠷᠢᠳᠤᠮᠵᠢ ᠶ᠋ᠢ ᠢᠯᠡᠷᠡᠭᠦᠯᠬᠦ᠌ ᠶ᠋ᠢ ᠴᠢᠬᠤᠯᠠᠴᠢᠯᠠᠪᠠ᠃ ᠨᠠᠮ ᠤ᠋ᠨ ᠲᠥᠪ ᠬᠣᠷᠢᠶᠠᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ 《 ᠰᠠᠨᠠᠭᠤᠯᠭ᠎ᠠ》 ᠳ᠋ᠤ ᠲᠣᠭ᠍ᠲᠠᠭᠠᠭ᠍ᠰᠠᠨ 2030 ᠣᠨ ᠪᠠ 2035 ᠣᠨ ᠬᠦᠷᠲᠡᠯᠡᠬᠢ ᠬᠠᠷᠠᠯᠲᠠ ᠲᠠᠢ ᠨᠢᠭ᠍ᠲᠠ ᠤᠶᠠᠯᠳᠤᠭᠤᠯᠤᠨ᠂ ᠲᠥᠷᠥ ᠵᠢᠨ ᠶᠠᠪᠤᠳᠠᠯ ᠤ᠋ᠨ ᠬᠤᠷᠢᠶ᠎ᠠ ᠵᠢᠨ《ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》 ᠳ᠋ᠤ ᠳᠤᠷᠠᠳᠤᠭ᠍ᠰᠠᠨ ᠱᠠᠲᠤᠴᠢ ᠴᠢᠨᠠᠷᠲᠠᠶ ᠬᠠᠷᠠᠯᠲᠠ ᠲᠠᠢ ᠬᠠᠷᠢᠴᠠᠭᠤᠯᠵᠤ ᠪᠠᠢᠭᠠᠳ᠂ ᠮᠠᠨ ᠤ᠋ ᠣᠷᠣᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ ᠵᠢᠨ ᠬᠠᠷᠠᠯᠲᠠ ᠶ᠋ᠢ ᠵᠦᠶ ᠵᠣᠬᠢᠰᠲᠠᠶ ᠲᠤᠭᠳᠠᠭᠠᠪᠠ᠃ ᠮᠠᠨ ᠤ᠋ ᠣᠷᠣᠨ ᠤ᠋ ᠴᠢᠨᠠᠷ ᠰᠠᠢᠲᠠᠶ ᠬᠥᠭ᠌ᠵᠢᠯᠲᠡ ᠶ᠋ᠢ ᠬᠢᠵᠠᠭᠠᠷᠯᠠᠵᠤ ᠪᠠᠢᠭ᠎ᠠ ᠲᠣᠪᠣᠢᠮ᠎ᠠ ᠠᠰᠠᠭᠤᠳᠠᠯ ᠢ᠋ ᠪᠤᠰᠤᠳᠴᠢ ᠪᠡᠷ ᠵᠠᠳᠠᠯᠵᠤ᠂ ᠪᠠᠷᠠᠭᠤᠨ ᠣᠷᠣᠨ ᠢ᠋ ᠶᠡᠬᠡ ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ ᠢ᠋ ᠪᠥᠬᠥ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠡᠷᠭᠡ ᠤᠯᠤᠰ ᠤ᠋ᠨ ᠴᠢᠬᠤᠯᠠ ᠶᠡᠬᠡ ᠪᠠᠢᠯᠳᠤᠬᠤ ᠪᠣᠳᠣᠯᠭ᠎ᠠ ᠵᠢᠨ ᠠᠪᠴᠢᠷᠠᠭ᠍ᠰᠠᠨ ᠠᠵᠠ ᠲᠣᠬᠢᠶᠠᠯ ᠢ᠋ ᠭᠦᠨᠵᠡᠭᠡᠶ ᠠᠭᠤᠳᠠᠯᠵᠤ᠂ ᠲᠠᠪᠠᠭᠤᠯᠢᠬ ᠲᠠᠯ᠎ᠠ ᠪᠠᠨ ᠳᠠᠪᠲᠠᠨ ᠪᠣᠯᠪᠠᠰᠤᠷᠠᠭᠤᠯᠵᠤ ᠬᠦᠷᠦᠯᠴᠡᠬᠦ᠌ ᠥᠬᠡᠶ ᠲᠠᠯ᠎ᠠ ᠪᠠᠨ ᠨᠥᠬᠥᠪᠥᠷᠢᠯᠡᠬᠦ᠌ᠬᠦᠴᠦᠯᠡᠬᠦ᠌ ᠭᠤᠤᠯᠳᠠᠯᠭ᠎ᠠ ᠶ᠋ᠢ ᠣᠨᠣᠪᠴᠢᠲᠠᠶ ᠡᠷᠢᠵᠦ᠍ ᠤᠯᠪᠠ᠃
ᠳᠥᠷᠪᠡ ᠳ᠋ᠤ ᠦᠨᠡᠨ ᠡᠴᠡ ᠵᠥᠪ ᠢ᠋ ᠡᠷᠢᠬᠦ᠌ ᠶ᠋ᠢ ᠪᠠᠷᠢᠮᠳᠠᠯᠠᠪᠠ᠃ ᠮᠠᠨ ᠤ᠋ ᠣᠷᠣᠨ ᠤ᠋ ᠬᠥᠭ᠌ᠵᠢᠯᠲᠡ ᠵᠢᠨ ᠰᠠᠭᠤᠷᠢ᠂ ᠬᠡᠷᠡᠭ᠌ᠴᠡᠭᠡ ᠪᠠ ᠪᠣᠯᠤᠯᠴᠠᠭ᠎ᠠ ᠶ᠋ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠳᠤᠷᠠᠳᠤᠭ᠍ᠰᠠᠨ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ ᠵᠢᠨ ᠵᠦᠶ ᠵᠣᠬᠢᠰᠲᠠᠶ ᠪᠥᠭᠡᠳ ᠶᠠᠪᠤᠭ᠍ᠳᠠᠭᠤᠱᠢᠲᠠᠶ ᠪᠠᠢᠬᠤ ᠶ᠋ᠢ ᠦᠨᠡᠨ ᠬᠦ᠌ ᠪᠠᠲᠤᠯᠠᠵᠤ᠂ ᠪᠤᠰᠤᠳᠴᠢ ᠵᠢᠮ᠎ᠡ ᠶᠣᠰᠣ ᠶ᠋ᠢ ᠬᠦᠨᠳᠦᠳᠭᠡᠨ᠂ ᠱᠠᠲᠤ ᠱᠠᠲᠤ ᠪᠡᠷ ᠡᠭᠦᠷᠭᠡ ᠨᠡᠮᠡᠬᠦ᠌ ᠥᠬᠡᠶ ᠪᠠᠢᠵᠤ᠂ ᠱᠢᠨᠵᠢᠯᠡᠬᠦ᠌ ᠤᠬᠠᠭᠠᠨᠴᠢ ᠪᠥᠭᠡᠳ ᠨᠠᠷᠢᠯᠢᠭ ᠣᠨᠣᠪᠴᠢᠲᠠᠶ ᠪᠠᠢᠬᠤ ᠶ᠋ᠢ ᠪᠡᠶᠡᠯᠡᠬᠦᠯᠪᠡ; ᠪᠠᠰᠠ ᠥᠨᠳᠥᠷ ᠪᠠᠷᠢᠮᠵᠢᠶ᠎ᠠ ᠶ᠋ᠢ ᠣᠨᠢᠯᠠᠵᠤ᠂ ᠬᠥᠲᠥᠯᠥᠨ ᠳᠠᠭᠠᠭᠤᠯᠬᠤ ᠪᠠ ᠵᠣᠷᠢᠭ᠍ᠵᠢᠭᠤᠯᠬᠤ ᠶ᠋ᠢ ᠢᠯᠡᠷᠡᠬᠦᠯᠪᠡ᠃ ᠬᠣᠷᠸ᠎ᠠ ᠲᠠᠯ᠎ᠠ ᠡᠴᠡ ᠲᠣᠭ᠍ᠲᠠᠭᠠᠯ ᠤ᠋ᠨ ᠴᠢᠨᠠᠷᠲᠠᠢ ᠱᠠᠭᠠᠷᠳᠠᠯᠭ᠎ᠠ ᠳᠤᠷᠠᠳᠭᠤ ᠶ᠋ᠢ ᠴᠢᠬᠤᠯᠠᠴᠢᠯᠠᠵᠤ ᠂ ᠴᠢᠬᠤᠯᠠ ᠪᠦᠬᠦᠢ ᠬᠡᠮᠵᠢᠶ᠎ᠡ ᠲᠣᠭ᠍ᠲᠠᠭᠠᠬᠤ ᠱᠠᠭᠠᠷᠳᠠᠯᠭ᠎ᠠ ᠪᠣᠯᠤᠨ ᠪᠣᠳᠠᠲᠠᠢ ᠠᠵᠢᠯ ᠤ᠋ᠨ ᠪᠠᠢᠷᠢᠯᠠᠭᠤᠯᠤᠯᠲᠠ ᠶ᠋ᠢ ᠲᠥᠯᠥᠪᠵᠢᠭᠦᠯᠭᠡ ᠵᠢᠨ 《ᠬᠥᠲᠥᠯᠪᠦᠷᠢ》 ᠳ᠋ᠤ ᠲᠠᠯᠪᠢᠵᠤ ᠨᠠᠷᠢᠨ ᠦᠬᠦᠯᠡᠪᠡ᠃
ᠭᠤᠷᠪᠠ᠂ ᠲᠣᠳᠣᠷᠬᠠᠢᠯᠠᠬᠤ ᠴᠢᠬᠤᠯᠠᠲᠠᠢ ᠬᠡᠳᠦᠨ ᠭᠣᠣᠯᠳᠠᠯᠭ᠎ᠠ ᠲᠠᠢ ᠠᠰᠠᠭᠤᠳᠠᠯ ᠤ᠋ᠨ ᠲᠤᠬᠠᠢ 《ᠰᠠᠨᠠᠭᠤᠯᠭ᠎ᠠ》 ᠶ᠋ᠢᠨ ᠨᠤᠤᠷᠠᠭ ᠲᠦ᠍ ᠵᠠᠷᠢᠮ ᠴᠢᠬᠤᠯᠠ ᠦᠵᠡᠯᠲᠡ ᠪᠠ ᠬᠠᠷᠠᠯᠲᠠ ᠠᠷᠭ᠎ᠠ ᠬᠡᠮᠵᠢᠶ᠎ᠡ ᠶ᠋ᠢ ᠳᠤᠷᠠᠳᠤᠨ ᠭᠠᠷᠭᠠᠪᠠ᠃ ᠡᠨᠳᠡ ᠡᠭᠦᠨ ᠤ᠋ ᠳᠣᠲᠣᠷᠠᠬᠢ ᠬᠡᠳᠦᠨ ᠭᠣᠣᠯᠳᠠᠯᠭ᠎ᠠ ᠲᠠᠢ ᠠᠰᠠᠭᠤᠳᠠᠯ ᠤ᠋ᠨ ᠲᠤᠬᠠᠢ ᠲᠣᠪᠴᠢ ᠲᠣᠳᠣᠷᠬᠠᠢᠯᠠᠯᠲᠠ ᠬᠢᠶ᠎ᠠ᠃
ᠨᠢᠭᠡᠳᠦᠭᠡᠷ ᠲᠤ᠌᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠤ᠋ ᠮᠠᠨ ᠤ᠋ ᠣᠷᠣᠨ ᠤ᠋ ᠬᠥᠭ᠌ᠵᠢᠯᠲᠡ ᠵᠢᠨ ᠦᠨᠳᠦᠰᠦᠨ ᠪᠠᠢᠷᠢ ᠲᠣᠭ᠍ᠲᠠᠭᠠᠯᠲᠠ ᠵᠢᠨ ᠲᠤᠬᠠᠶ᠃ ᠶᠡᠷᠦᠩᠬᠡᠶ ᠱᠦᠵᠢ ᠰᠢ ᠵᠢᠨ ᠫᠢᠩ 2023 ᠣᠨ ᠳ᠋ᠤ ᠮᠠᠨ ᠤ᠋ ᠣᠷᠣᠨ ᠳ᠋ᠤ ᠱᠢᠨᠵᠢᠯᠡᠨ ᠪᠠᠢᠴᠠᠭᠠᠬᠤᠳᠠᠭᠠᠨ᠂ ᠪᠢᠳᠡᠨ ᠢ᠋ 《 ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠪᠥᠲᠥᠭᠡᠨ ᠪᠠᠢᠭᠤᠯᠤᠯᠲᠠ ᠳ᠋ᠤ ᠱᠢᠨ᠎ᠡ ᠵᠠᠮ ᠨᠡᠭᠡᠭᠡᠰᠦᠭᠡᠢ》 ᠭᠡᠵᠦ᠍ ᠵᠣᠷᠢᠭ᠍ᠵᠢᠭᠤᠯᠪᠠ᠃ ᠨᠠᠮ ᠤ᠋ᠨ ᠲᠥᠪ ᠬᠤᠷᠢᠶ᠎ᠠ ᠡᠴᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ ᠤ᠋ ᠤᠯᠤᠰ ᠨᠡᠢᠭᠡᠮ ᠵᠢᠷᠤᠮᠳᠤ ᠣᠳᠣᠬᠢᠴᠢᠯᠠᠯᠲᠠ ᠶ᠋ᠢ ᠦᠨᠳᠦᠰᠦᠨᠳᠡᠭᠡᠨ ᠪᠡᠶᠡᠯᠡᠭᠦᠯᠬᠦ᠌ ᠵᠢᠨ ᠰᠠᠭᠤᠷᠢ ᠶ᠋ᠢ ᠪᠡᠬᠢᠵᠢᠭᠦᠯᠵᠦ᠍᠂ ᠪᠦᠬᠦ᠌ ᠲᠠᠯ᠎ᠠ ᠪᠡᠷ ᠬᠦᠴᠦᠯᠡᠬᠦ᠌ ᠵᠠᠩᠭᠢᠯᠠᠭ᠎ᠠ ᠵᠢᠨ ᠬᠤᠭᠤᠴᠠᠭ᠎ᠠ ᠪᠣᠯᠤᠨ᠎ᠠ᠂ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠪᠡᠷ ᠦᠷᠭᠦᠯᠵᠢᠯᠡᠨ ᠭᠣᠣᠯ ᠰᠡᠳᠦᠪ ᠪᠣᠯᠭᠠᠨ᠎ᠠ ᠭᠡᠵᠦ᠍ ᠵᠢᠭᠠᠵᠤ ᠭᠠᠷᠭᠠᠪᠠ᠃ ᠡᠭᠦᠨ ᠢ᠋ ᠦᠨᠳᠦᠰᠦᠯᠡᠨ᠂ 《ᠰᠠᠨᠠᠭᠤᠯᠭ᠎ᠠ》 ᠵᠢᠨ ᠨᠤᠤᠷᠠᠭ ᠲᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ ᠢ᠋ ᠲᠦᠷᠭᠡᠨ ᠨᠡᠭᠡᠭᠡᠬᠦ᠌ ᠵᠠᠩᠭᠢᠯᠠᠭ᠎ᠠ ᠵᠢᠨ ᠬᠤᠭᠤᠴᠠᠭ᠎ᠠ ᠪᠣᠯᠤᠨ᠎ᠠ ᠬᠡᠵᠤ ᠲᠤᠬᠳᠠᠭᠠᠪᠠ᠃
ᠡᠨᠡ ᠬᠦ᠌ ᠮᠠᠭᠠᠳᠯᠠᠯᠲᠠ ᠶ᠋ᠢ ᠮᠦᠨ ᠴᠤ᠌ ᠮᠠᠨ ᠤ᠋ ᠣᠷᠣᠨ ᠤ᠋ ᠬᠥᠭ᠌ᠵᠢᠯᠲᠡ ᠵᠢᠨ ᠱᠠᠳᠤᠴᠢ ᠴᠢᠨᠠᠷᠲᠠᠢ ᠣᠨᠴᠠᠯᠢᠭ ᠢ᠋ ᠭᠦᠢᠴᠡᠳ ᠪᠣᠳᠣᠯᠬᠢᠯᠠᠭ᠍ᠰᠠᠨ ᠰᠠᠭᠤᠷᠢᠨ ᠳᠡᠭᠡᠷ᠎ᠡ ᠭᠠᠷᠭᠠᠭ᠍ᠰᠠᠨ ᠶᠤᠮ᠃ ᠡᠳᠡᠭᠡᠷ ᠵᠢᠯ ᠤ᠋ᠳ ᠲᠤ᠌ ᠮᠠᠨ ᠤ᠋ ᠣᠷᠣᠨ ᠤ᠋ ᠡᠯ᠎ᠡ ᠵᠦᠢᠯ ᠤ᠋ᠨ ᠠᠵᠢᠯ ᠦᠢᠯᠡᠰ ᠤ᠋ᠨ ᠬᠥᠭ᠌ᠵᠢᠯᠲᠡ ᠱᠢᠨ᠎ᠡ ᠳᠠᠪᠱᠢᠯᠲᠠ ᠲᠠᠢ ᠪᠣᠯᠤᠭ᠍ᠰᠠᠨ ᠪᠣᠯᠪᠠᠴᠤ᠌ ᠬᠥᠭ᠌ᠵᠢᠯᠲᠡ ᠲᠡᠩᠴᠡᠭᠦᠷᠢ ᠦᠭᠡᠶ ᠭᠦᠢᠴᠡᠳ ᠦᠭᠡᠶ ᠪᠠᠢᠬᠤ ᠠᠰᠠᠭᠤᠳᠠᠯ ᠮᠥᠨ ᠬᠦ᠌ ᠲᠣᠪᠣᠢᠮ᠎ᠠ ᠪᠠᠢᠵᠤ᠂ ᠠᠵᠤ ᠠᠬᠤᠶ ᠵᠢᠨ ᠬᠥᠭ᠌ᠵᠢᠯᠲᠡ ᠵᠢᠨ ᠬᠢᠷᠢ ᠬᠡᠮᠵᠢᠶ᠎ᠡ ᠡᠬᠢ ᠪᠠᠶᠠᠯᠢᠭ ᠤ᠋ᠨ ᠳᠠᠪᠠᠭᠤᠯᠢᠭᠯᠤᠭᠠ ᠲᠣᠬᠢᠷᠠᠯᠴᠠᠬᠤ ᠦᠭᠡᠶ ᠪᠠᠢᠭ᠍ᠰᠠᠭᠠᠷ᠃ ᠡᠷᠬᠡᠪᠰᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠡᠨᠡ ᠬᠦ᠌ ᠤᠷᠢᠳᠤᠬᠢ ᠶ᠋ᠢ ᠵᠠᠯᠭᠠᠮᠵᠢᠯᠠᠨ ᠬᠣᠢᠱᠢᠬᠢ ᠳ᠋ᠤ ᠵᠠᠮ ᠨᠡᠭᠡᠭᠡᠬᠦ᠌ ᠴᠢᠬᠤᠯᠠ ᠴᠠᠭ ᠬᠤᠭᠤᠴᠠᠭᠠᠨ ᠤ᠋ ᠴᠤᠩᠬᠤᠪᠴᠢ ᠵᠢ ᠠᠳᠭᠤᠵᠤ᠂ ᠥᠷᠯᠥᠭᠡ ᠦᠳᠡᠰᠢ ᠶ᠋ᠢ ᠲᠡᠮᠡᠴᠡᠬᠦ᠌᠂ ᠵᠣᠷᠢᠭ᠍ᠲᠠᠢ ᠬᠢᠵᠦ᠍ ᠵᠣᠷᠢᠭ᠍ᠲᠠᠢ ᠲᠤᠷᠱᠢᠬᠤ᠂ ᠴᠢᠳᠠᠮᠠᠭᠠᠢ ᠬᠢᠵᠦ᠍ ᠰᠠᠢᠲᠤᠷ ᠪᠦᠲᠦᠭᠡᠬᠦ᠌ ᠡᠷᠴᠢ ᠵᠣᠷᠢᠭ ᠵᠢᠡᠷ ᠳᠠᠪᠠᠭᠤᠯᠢᠭ ᠵᠢᠡᠨ ᠪᠡᠬᠢᠵᠢᠭᠦᠯᠦᠨ ᠥᠷᠭᠡᠳᠭᠡᠵᠦ᠍᠂ ᠪᠣᠭᠣᠮᠢ ᠵᠢᠨ ᠬᠢᠵᠠᠭᠠᠷᠯᠠᠯ ᠢ᠋ ᠰᠢᠪᠲᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠥᠪᠥᠷᠢᠯᠡᠨ ᠬᠦᠴᠦᠷᠬᠡᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠪᠦᠳᠦᠭᠡᠨ ᠪᠠᠢᠭᠤᠯᠤᠯᠲᠠ ᠳᠤᠮᠳᠠ ᠱᠢᠨ᠎ᠡ ᠵᠠᠮ ᠨᠡᠭᠡᠭᠡᠬᠦ᠌ ᠶ᠋ᠢ ᠲᠦᠷᠭᠡᠳᠭᠡᠨ᠂ ᠪᠦᠬᠦ᠌ ᠤᠯᠤᠰ ᠲᠠᠢ ᠬᠠᠮᠲᠤ ᠪᠡᠷ ᠨᠡᠢᠭᠡᠮ ᠵᠢᠷᠤᠮᠳᠤ ᠣᠳᠣᠬᠢᠴᠢᠯᠠᠯᠲᠠ ᠶ᠋ᠢ ᠦᠨᠳᠦᠰᠦᠨᠳᠡᠭᠡᠨ ᠪᠡᠶᠡᠯᠡᠭᠦᠯᠬᠦ᠌ ᠲᠠᠯ᠎ᠠ ᠪᠡᠷ ᠱᠢᠢᠳᠪᠦᠷᠢᠲᠦ ᠴᠢᠨᠠᠷᠲᠠᠢ ᠠᠬᠢᠴᠠ ᠲᠠᠢ ᠪᠣᠯᠬᠤ ᠶ᠋ᠢ ᠪᠠᠲᠤᠯᠠᠬᠤ ᠬᠡᠷᠡᠭ᠌ᠲᠡᠢ᠃
ᠬᠣᠶᠠᠳᠤᠭᠠᠷ ᠲᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ ᠬᠤᠭᠤᠴᠠᠭᠠᠨ ᠤ᠋ ᠠᠵᠤ ᠠᠬᠤᠢ ᠨᠡᠢᠭᠡᠮ ᠤ᠋ᠨ ᠬᠥᠭ᠌ᠵᠢᠯᠲᠡ ᠶ᠋ᠢᠨ ᠬᠠᠷᠠᠯᠲᠠ ᠶ᠋ᠢᠨ ᠲᠤᠬᠠᠢ᠃《ᠰᠠᠨᠠᠭᠤᠯᠭ᠎ᠠ》 ᠵᠢᠨ ᠨᠤᠤᠷᠠᠭ ᠲᠸ᠋ ᠱᠢᠰᠲᠧᠮ ᠲᠡᠶ ᠪᠦᠬᠦ᠌ ᠲᠠᠯ᠎ᠠ ᠶ᠋ᠢᠨ ᠪᠠ ᠭᠣᠣᠯᠳᠠᠯᠭ᠎ᠠ ᠵᠢ ᠲᠣᠪᠣᠢᠯᠭᠠᠬᠤ ᠵᠢ ᠬᠠᠮᠲᠤ ᠳ᠋ᠤᠨᠢ ᠬᠠᠷᠠᠭᠠᠯᠵᠠᠵᠤ᠂ ᠢᠳᠡᠪᠬᠢᠲᠡᠶ ᠤᠷᠤᠭ᠍ᠰᠢᠯᠠᠨ ᠳᠠᠪᠱᠢᠭ᠍ᠤ ᠪᠠ ᠦᠨᠡᠨ ᠬᠦ᠌ ᠬᠡᠷᠡᠭᠵᠢᠬᠦᠯᠦᠰᠢᠳᠠᠢ ᠪᠠᠢᠬᠤ ᠵᠢ ᠲᠡᠡᠭᠴᠡᠬᠦᠯᠵᠤ᠂ ᠬᠣᠢᠱᠢᠳᠠ ᠶ᠋ᠢᠨ 5 ᠵᠢᠯ ᠤ᠋ᠨ ᠪᠦᠬᠦ᠌ ᠣᠷᠣᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢᠨ ᠭᠣᠣᠯ ᠬᠠᠷᠠᠯᠲᠠ ᠵᠢ ᠲᠣᠳᠣᠷᠬᠠᠢᠯᠠᠪᠠ᠃ ᠨᠢᠭᠡ ᠳ᠋ᠦ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠲᠤᠪᠤᠢ᠌ᠯᠭᠠᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ ᠵᠢ ᠠᠬᠢᠭᠤᠯᠤᠨ᠎ᠠ᠃ ᠭᠣᠣᠯ ᠬᠠᠷᠠᠯᠲᠠᠳᠠᠭᠠᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ ᠶ᠋ᠢᠨ ᠱᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠵᠢ ᠲᠡᠷᠢᠭᠦᠨ ᠪᠠᠢᠷᠢᠨ ᠳ᠋ᠦ ᠲᠠᠯᠪᠢᠵᠤ᠂ ᠭᠣᠣᠯᠳᠠᠯᠭ᠎ᠠ ᠲᠠᠢ ᠡᠭᠦᠷᠭᠡ ᠵᠢ ᠲᠤᠬᠢᠷᠠᠭᠤᠯᠬᠤ ᠳ᠋ᠠᠭᠠᠨ ᠡᠩ ᠲᠡᠷᠢᠭᠦᠨ ᠳ᠋ᠦ ᠡᠨᠡ ᠬᠦ᠌ ᠠᠵᠢᠯ ᠢ᠋ ᠪᠠᠢᠷᠢᠯᠠᠭᠤᠯᠤᠬᠰᠠᠨᠤ ᠵᠤᠷᠢᠯᠭ᠎ᠠ ᠨᠢ ᠪᠦᠬᠦ᠌ ᠣᠷᠣᠨ ᠤ᠋ ᠠᠵᠤ ᠠᠬᠤᠢ ᠶ᠋ᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠍ ᠶ᠋ᠢᠨ ᠪᠠᠢᠭᠤᠯᠤᠯᠲᠠ᠂ ᠰᠣᠶᠣᠯ ᠤ᠋ᠨ ᠪᠠᠢᠭᠤᠯᠤᠯᠲᠠ᠂ ᠨᠡᠢᠭᠡᠮ ᠤ᠋ᠨ ᠪᠠᠢᠭᠤᠯᠤᠯᠲᠠ᠂ ᠠᠮᠢ ᠠᠬᠤᠢ ᠶ᠋ᠢᠨ ᠪᠣᠯᠪᠠᠰᠤᠨ ᠤ᠋ ᠪᠠᠢᠭᠤᠯᠤᠯᠲᠠ ᠪᠣᠯᠤᠨ ᠨᠠᠮ ᠤ᠋ᠨ ᠪᠠᠢᠭᠤᠯᠤᠯᠲᠠ ᠵᠡᠷᠭᠡ ᠡᠯ᠎ᠡ ᠵᠦᠢᠯ ᠤ᠋ᠨ ᠠᠵᠢᠯ ᠢ᠋ ᠨᠢᠭ᠍ᠲᠠ ᠤᠶᠠᠯᠳᠤᠭᠤᠯᠬᠤ ᠵᠢ ᠠᠬᠢᠭᠤᠯᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠱᠤᠭᠤᠮ ᠡᠴᠡ ᠥᠴᠦᠬᠡᠨ ᠴᠦ᠍ ᠬᠡᠯᠪᠡᠢᠬᠦ ᠦᠭᠡᠢ ᠪᠠᠢᠯᠭᠠᠬᠤᠳᠤ ᠤᠷᠤᠰᠢᠨ᠎ᠠ᠃ ᠬᠣᠶᠠᠷ ᠲᠦ᠍ ᠨᠠᠮ ᠤ᠋ᠨ ᠲᠥᠪ ᠬᠣᠷᠢᠶᠠᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ 《ᠰᠠᠨᠠᠭᠤᠯᠭ᠎ᠠ》 ᠳ᠋ᠦ ᠳᠤᠷᠠᠳᠤᠭ᠍ᠰᠠᠨ ᠭᠤᠤᠯ ᠬᠠᠷᠠᠯᠲᠠᠵᠢ ᠥᠪᠥᠷ ᠮᠣᠩᠭᠣᠯ ᠤ᠋ᠨ ᠣᠨᠴᠠᠯᠢᠭ ᠢ᠋ ᠬᠠᠷᠠᠭᠤᠯᠤᠭ᠍ᠰᠠᠨ ᠬᠥᠲᠥᠯᠥᠨ ᠳᠠᠭᠠᠭᠤᠯᠬᠤ ᠴᠢᠨᠠᠷᠲᠠᠶ ᠬᠠᠷᠠᠯᠲᠠ ᠪᠡᠷ ᠲᠤᠭᠳᠠᠭᠠᠵᠠᠢ᠃ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠲᠠᠯ᠎ᠠ ᠪᠡᠷ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌ ᠂ ᠥᠪᠥᠷ ᠮᠣᠩᠭᠣᠯ ᠤ᠋ᠨ ᠣᠨᠴᠠᠯᠢᠭ ᠲᠠᠢ ᠳᠠᠪᠠᠭᠤᠯᠢᠭ ᠢ᠋ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠢ᠋ ᠪᠠᠢᠭᠤᠯᠬᠤ ᠲᠠᠯ᠎ᠠ ᠪᠡᠷ ᠴᠢᠬᠤᠯᠠ ᠶᠡᠬᠡ ᠱᠢᠪᠲᠤᠯᠤᠯᠲᠠ ᠲᠠᠢ ᠪᠣᠯᠬᠤᠵᠢ ᠳᠤᠷᠠᠳᠴᠠᠢ; ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠠᠯ᠎ᠠ ᠪᠡᠷ᠂ ᠪᠦᠬᠦ᠌ ᠶᠠᠪᠤᠴᠠ ᠳ᠋ᠦ ᠱᠢᠨ᠎ᠡ ᠵᠢ ᠡᠭᠦᠳᠬᠦ᠌ ᠬᠡᠯᠬᠢᠶ᠎ᠡ ᠵᠢ ᠲᠦᠷᠭᠡᠨ ᠪᠦᠷᠢᠯᠳᠦᠭᠦᠯᠵᠦ᠍᠂ ᠳᠠᠪᠠᠭᠤᠯᠢᠭ ᠬᠦᠷᠢᠶᠡᠨ ᠳ᠋ᠦ ᠨᠢᠭᠡ ᠪᠦᠯᠦᠭ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠲᠡᠷᠢᠭᠦᠨ ᠤ᠋ ᠴᠢᠬᠤᠯᠠ ᠶᠡᠬᠡ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠦᠷ᠎ᠡ ᠪᠦᠲᠦᠭᠡᠯ ᠤᠯᠬᠤ ᠵᠢ ᠳᠤᠷᠠᠳᠴᠠᠢ; ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢᠷᠡᠭᠦᠯᠬᠦ᠌ ᠲᠠᠯ᠎ᠠ ᠪᠡᠷ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤ᠋ᠨ ᠱᠢᠰᠲ᠋ᠧᠮ ᠢ᠋ ᠦᠨᠳᠦᠰᠦᠨᠳᠡᠭᠡᠨ ᠪᠦᠷᠢᠯᠳᠦᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢᠨ ᠪᠥᠲᠥᠭᠡᠨ ᠪᠠᠢᠭᠤᠯᠤᠯᠲᠠᠵᠢ ᠱᠢᠪᠲᠤᠯᠤᠯᠲᠠ ᠶ᠋ᠢᠨ ᠴᠢᠨᠠᠷᠲᠠᠶ ᠠᠬᠢᠴᠠ ᠲᠠᠢ ᠪᠣᠯᠭᠠᠬᠤ ᠵᠢ ᠳᠤᠷᠠᠳᠴᠠᠢ; ᠰᠣᠶᠣᠯ ᠤ᠋ᠨ ᠪᠠᠢᠭᠤᠯᠤᠯᠲᠠ ᠶ᠋ᠢᠨ ᠲᠠᠯ᠎ᠠ ᠪᠡᠷ᠂ ᠨᠡᠢᠭᠡᠮ ᠵᠢᠷᠤᠮ ᠤ᠋ᠨ ᠭᠣᠣᠯᠯᠠᠬᠴᠢ ᠦᠷᠲᠡᠭ ᠤ᠋ᠨ ᠦᠵᠡᠯᠲᠡ ᠵᠢ ᠥᠷᠭᠡᠨ ᠢ᠋ᠶ᠋ᠡᠷ ᠦᠢᠯᠡᠳᠦᠯᠭᠡᠵᠢᠭᠦᠯᠵᠦ᠍᠂ ᠤᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠤ᠋ ᠱᠢᠰᠲ᠋ᠧᠮ᠂ ᠤᠳᠤ ᠦᠶ᠎ᠡ ᠶ᠋ᠢᠨ ᠰᠣᠶᠣᠯ ᠤ᠋ᠨ ᠠᠵᠤ ᠦᠢᠯᠡᠰ ᠤ᠋ᠨ ᠱᠢᠰᠲ᠋ᠧᠮ ᠪᠠ ᠵᠠᠬ᠎ᠠ ᠳᠡᠯᠭᠡᠭᠦᠷ ᠤ᠋ᠨ ᠱᠢᠰᠲ᠋ᠧᠮ ᠢ᠋ ᠨᠠᠡᠭ ᠪᠦᠷᠢᠨᠰᠢᠬᠦᠯᠬᠦ ᠵᠢ ᠳᠤᠷᠠᠳᠴᠠᠢ;ᠠᠷᠠᠳ ᠤ᠋ᠨ ᠠᠮᠢᠳᠤᠷᠠᠯ ᠤ᠋ᠨ ᠴᠢᠨᠠᠷ ᠴᠢᠨᠰᠠᠭ᠎ᠠ ᠵᠢ ᠳᠡᠭᠡᠭ᠌ᠰᠢᠯᠡᠭᠦᠯᠬᠦ᠌ ᠲᠠᠯ᠎ᠠ ᠪᠡᠷ᠂ ᠣᠯᠠᠨ ᠨᠡᠢᠲᠡ ᠶ᠋ᠢᠨ ᠦᠨᠳᠦᠰᠦᠨ ᠦᠶ᠋ᠯᠡᠴᠢᠯᠡᠭᠡ ᠵᠢ ᠠᠳᠠᠯᠢ ᠲᠡᠭ᠌ᠰᠢ ᠪᠣᠯᠭᠠᠬᠤ ᠲᠦᠪᠱᠢᠨ ᠢ᠋ ᠢᠯᠡᠳᠲᠡ ᠳᠡᠭᠡᠭ᠌ᠰᠢᠯᠡᠭᠦᠯᠬᠦ ᠵᠢ ᠳᠤᠷᠠᠳᠴᠠᠢ;ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠲᠠᠯ᠎ᠠ ᠪᠡᠷ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤ ᠪᠠᠬᠢ ᠤᠮᠠᠷᠠᠲᠤ ᠬᠢᠯᠢ ᠶ᠋ᠢᠨ ᠨᠣᠭᠣᠭᠠᠨ ᠣᠷᠳᠣ ᠴᠠᠭᠠᠨ ᠬᠡᠷᠡᠮ᠂ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠴᠤᠭᠴᠠᠯᠠᠬᠤ ᠵᠢ ᠳᠤᠷᠠᠳᠴᠠᠢ; ᠠᠮᠤᠭᠤᠯᠠᠩᠳᠤ ᠥᠪᠥᠷ ᠮᠣᠩᠭᠣᠯ ᠤ᠋ᠨ ᠪᠥᠲᠥᠭᠡᠨ ᠪᠠᠢᠭᠤᠯᠤᠯᠲᠠ ᠶ᠋ᠢᠨ ᠲᠠᠯ᠎ᠠ ᠪᠡᠷ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠨᠠᠩ ᠪᠠᠲᠤ ᠪᠠᠬᠢ ᠪᠣᠯᠭᠠᠨ᠎ᠠ ᠭᠡᠵᠦ᠍ ᠳᠤᠷᠠᠳᠪᠠ᠃
《ᠰᠠᠨᠠᠭᠤᠯᠭ᠎ᠠ》 ᠵᠢᠨ ᠨᠤᠤᠷᠠᠭ ᠲᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠦ᠂ 《ᠬᠣᠶᠠᠷ ᠢ᠋ ᠲᠣᠭ᠍ᠲᠠᠭᠤᠨ ᠪᠠᠢᠯᠭᠠᠬᠤ》 ᠵᠢ ᠪᠡᠶᠡᠯᠡᠭᠦᠯᠵᠦ᠍᠂ 2035 ᠣᠨ ᠪᠣᠯᠬᠤ ᠳ᠋ᠦ 《ᠬᠣᠶᠠᠷ ᠲᠠᠯ᠎ᠠ ᠪᠡᠷ ᠬᠤᠰᠢᠭᠤᠷᠠᠬᠤ》 ᠵᠢ ᠪᠠᠲᠤᠯᠠᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ 《ᠬᠣᠶᠠᠷ ᠢ᠋ ᠲᠣᠭ᠍ᠲᠠᠭᠤᠨ ᠪᠠᠢᠯᠭᠠᠬᠤ》 ᠭᠡᠳᠡᠭ ᠨᠢ ᠳᠠᠷᠤᠶ ᠬᠥᠮᠦᠨ ᠳᠤᠮᠳᠠᠴᠢ ᠶ᠋ᠢᠨ ᠭᠠᠵᠠᠷ ᠣᠷᠣᠨ ᠤ᠋ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ᠂ ᠰᠠᠭᠤᠭᠠᠯᠢ ᠠᠷᠠᠳ ᠤ᠋ᠨ ᠣᠷᠣᠯᠭᠠᠵᠢ ᠪᠥᠬᠥ᠌ ᠤᠯᠤᠰ ᠤ᠋ᠨ ᠡᠮᠤᠨ᠎ᠠ ᠡᠡᠭᠨᠡᠭᠡ ᠳ᠋ᠤ ᠲᠣᠭ᠍ᠲᠠᠪᠤᠷᠢᠵᠢᠭᠤᠯᠤᠨᠠ᠃ ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠣᠯ ᠴᠢᠨᠠᠷ ᠰᠠᠢᠲᠠᠢ ᠬᠥᠭ᠌ᠵᠢᠯᠲᠡ ᠵᠢ ᠪᠡᠶᠡᠯᠡᠭᠦᠯᠬᠦ᠌ ᠳ᠋ᠦ᠂ 《ᠲᠦᠬᠦᠮᠬᠡᠨ ᠢ᠋ᠶ᠋ᠡᠷ ᠵᠡᠭᠦᠨ ᠭᠡᠰᠡᠭ ᠤ᠋ᠨ ᠬᠥᠭ᠌ᠵᠢᠭ᠌ᠰᠡᠨ ᠭᠠᠵᠠᠷ ᠣᠷᠣᠨ ᠲᠠᠢ ᠠᠵᠤ ᠦᠢᠯᠡᠰ᠂ ᠪᠦᠲᠦᠴᠡ᠂ ᠬᠤᠷᠳᠤᠴᠠ ᠵᠢᠨ ᠲᠠᠯ᠎ᠠ ᠪᠠᠷ ᠠᠳᠠᠯᠢᠳᠭᠠᠵᠤ ᠪᠣᠯᠬᠤ ᠦᠭᠡᠢ》 ᠭᠡᠵᠦ᠍ ᠵᠢᠭᠠᠵᠤ ᠭᠠᠷᠭᠠᠪᠠ᠃ ᠮᠠᠨ ᠤ᠋ ᠣᠷᠣᠨ ᠤ᠋ ᠭᠠᠵᠠᠷ ᠣᠷᠣᠨ ᠤ᠋ ᠦᠢᠯᠡᠳᠪᠦᠷᠢᠯᠡᠯ ᠤ᠋ᠨ ᠶᠡᠷᠦᠩᠬᠡᠢ ᠦᠷᠳᠡᠭ ᠨᠢᠭᠡᠨᠲᠡ ᠪᠦᠬᠦ᠌ ᠤᠯᠤᠰ ᠤ᠋ᠨ ᠳᠤᠮᠳᠠ ᠲᠦᠪᠰᠢᠨ ᠳ᠋ᠦ ᠵᠢᠬᠰᠠᠵᠤ᠂ ᠡᠷᠭᠡᠪᠰᠢ ᠡᠠᠵᠤ ᠠᠬᠤᠢ ᠶ᠋ᠢᠨ ᠶᠡᠷᠦᠩᠬᠡᠢ ᠬᠡᠮᠵᠢᠶ᠎ᠡ ᠪᠠᠨ ᠦᠷᠭᠦᠯᠵᠢᠯᠡᠨ ᠪᠤᠵᠠᠭᠠᠢᠷᠠᠭᠤᠯᠬᠤ ᠶ᠋ᠢᠨ ᠬᠠᠮᠲᠤ ᠬᠥᠭ᠌ᠵᠢᠯᠲᠡ ᠶ᠋ᠢᠨ ᠶᠠᠰᠤ ᠴᠢᠨᠠᠷ ᠪᠠ ᠦᠷ᠎ᠡ ᠠᠱᠢᠭ ᠢ᠋ ᠳᠡᠭᠡᠭ᠌ᠰᠢᠯᠡᠭᠦᠯᠬᠦ᠌ ᠵᠢ ᠨᠡᠩ ᠴᠢᠬᠤᠯᠠᠴᠢᠯᠠᠵᠤ᠂ ᠲᠠᠷᠠᠴᠢᠯᠠᠨ ᠬᠥᠮᠦᠨ ᠳᠤᠮᠳᠠᠴᠢ ᠶ᠋ᠢᠨ ᠬᠥᠭ᠌ᠵᠢᠯᠲᠡ ᠶ᠋ᠢᠨ ᠲᠦᠪᠱᠢᠨ ᠢ᠋ ᠳᠡᠭᠡᠭ᠌ᠰᠢᠯᠡᠭᠦᠯᠬᠦ᠌ ᠵᠢ ᠨᠡᠩ ᠴᠢᠬᠤᠯᠠᠴᠢᠯᠠᠬᠤ ᠬᠡᠷᠡᠭ᠌ᠲᠡᠢ᠃ ᠣᠳᠣᠬᠠᠨ ᠳ᠋ᠦ ᠮᠠᠨ ᠤ᠋ ᠣᠷᠣᠨ ᠤ᠋ ᠬᠥᠮᠦᠨ ᠳᠤᠮᠳᠠᠴᠢ ᠶ᠋ᠢᠨ ᠭᠠᠵᠠᠷ ᠣᠷᠣᠨ ᠤ᠋ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ ᠪᠥᠬᠥ᠌ ᠤᠯᠤᠰ ᠤ᠋ᠨ 8 ᠳ᠋ᠤᠭᠠᠷ ᠲᠦ᠍ ᠲᠤᠳᠤᠷᠠᠵᠤ᠂ ᠰᠠᠭᠤᠭᠠᠯᠢ ᠠᠷᠠᠳ ᠤ᠋ᠨ ᠣᠷᠣᠯᠭ᠎ᠠ ᠪᠥᠬᠥ᠌ ᠤᠯᠤᠰ ᠤ᠋ᠨ 9 ᠳ᠋ᠤᠭᠡᠷ ᠲᠦ᠍ ᠵᠢᠭᠰᠠᠵᠤ ᠪᠠᠢᠨ᠎ᠠ᠃ ᠣᠷᠣᠨ ᠪᠦᠰᠡ ᠶ᠋ᠢᠨ ᠬᠥᠭ᠌ᠵᠢᠯᠲᠡ ᠲᠡᠩᠴᠡᠭᠦᠷᠢ ᠦᠭᠡᠢ᠂ ᠰᠠᠭᠤᠭᠠᠯᠢ ᠠᠷᠠᠳ ᠤ᠋ᠨ ᠣᠷᠣᠯᠭ᠎ᠠ ᠬᠢᠭᠡᠳ ᠪᠦᠬᠦ᠌ ᠤᠯᠤᠰ ᠤ᠋ᠨ ᠳᠤᠮᠳᠠᠴᠢ ᠲᠦᠪᠰᠢᠨ ᠯᠤᠭᠡ ᠶ᠋ᠢᠨ ᠵᠦᠷᠢᠶ᠎ᠠ ᠶᠡᠬᠡᠰᠴᠦ᠍ ᠪᠠᠢᠭ᠎ᠠ ᠪᠠᠢᠳᠠᠯ ᠳ᠋ᠤ᠂ ᠡᠨᠡ ᠬᠣᠶᠠᠷ ᠵᠦᠢᠯ ᠤ᠋ᠨ ᠭᠦᠢᠴᠡᠳᠭᠡᠯ ᠲᠣᠭ᠎ᠠ ᠵᠢ ᠡᠷᠬᠡᠪᠰᠢ ᠪᠦᠬᠦ᠌ ᠬᠦᠴᠦᠨ ᠢ᠋ᠶ᠋ᠡᠷ ᠢ᠋ᠶ᠋ᠡᠨ ᠪᠦᠬᠦ᠌ ᠤᠯᠤᠰ ᠤ᠋ᠨ ᠳᠡᠭᠡᠳᠦ ᠲᠦᠪᠰᠢᠨ ᠳ᠋ᠦ ᠲᠣᠭ᠍ᠲᠠᠭᠤᠨ ᠪᠠᠢᠯᠭᠠᠬᠤ ᠵᠢ ᠪᠠᠲᠤᠯᠠᠬᠤ ᠬᠡᠷᠡᠭ᠌ᠲᠡᠢ᠃ 《ᠬᠣᠶᠠᠷ ᠲᠠᠯ᠎ᠠ ᠪᠡᠷ ᠬᠤᠰᠢᠭᠤᠷᠠᠬᠤ》 ᠪᠣᠯ ᠳᠠᠷᠤᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ᠂ ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠬᠠᠮᠲᠤ ᠪᠡᠷ ᠪᠠᠶᠠᠵᠢᠬᠤ ᠵᠢ ᠠᠬᠢᠭᠤᠯᠬᠤ ᠲᠠᠯ᠎ᠠ ᠪᠡᠷ ᠦᠷᠭᠦᠯᠵᠢᠯᠡᠨ ᠡᠮᠦᠨ᠎ᠡ ᠡᠩᠨᠡᠭᠡᠨ ᠳ᠋ᠦ ᠬᠤᠰᠢᠭᠤᠷᠠᠵᠤ᠂ ᠤᠯᠤᠰ ᠤ᠋ᠨ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠪᠦᠳᠦᠭᠡᠨ ᠪᠠᠢᠭᠤᠯᠬᠤ ᠲᠠᠯ᠎ᠠ ᠪᠡᠷ ᠦᠷᠭᠦᠯᠵᠢᠯᠡᠨ ᠡᠮᠦᠨ᠎ᠡ ᠡᠩᠨᠡᠭᠡᠨ ᠳ᠋ᠦ ᠬᠤᠰᠢᠭᠤᠷᠠᠬᠤ ᠶᠠᠪᠤᠳᠠᠯ ᠪᠣᠯᠤᠨ᠎ᠠ᠃ ᠥᠪᠥᠷ ᠮᠣᠩᠭᠣᠯ ᠨᠢ ᠶᠡᠷᠦᠩᠬᠡᠢ ᠱᠦᠵᠢ ᠰᠢ ᠵᠢᠨ ᠫᠢᠩ ᠤ᠋ᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ 《ᠮᠦᠨ ᠴᠤ᠌ ᠦᠨᠳᠦᠰᠦᠲᠡᠨ ᠤ᠋ ᠭᠠᠵᠠᠷ ᠣᠷᠣᠨ ᠤ᠋ ᠡᠯ᠎ᠡ ᠵᠦᠢᠯ ᠤ᠋ᠨ ᠠᠵᠢᠯ ᠤ᠋ᠨ ᠭᠣᠣᠯ ᠱᠢᠵᠢᠮ ᠮᠥᠨ》 ᠭᠡᠬᠦ᠌ ᠴᠢᠬᠤᠯᠠ ᠶᠡᠬᠡ ᠨᠤᠲᠠᠯᠠᠯᠲᠠ ᠵᠢ ᠠᠩᠬ᠎ᠠ ᠤᠳᠠᠭ᠎ᠠ ᠳᠤᠷᠠᠳᠤᠭ᠍ᠰᠠᠨ ᠭᠠᠵᠠᠷ ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠢ᠋ 《ᠦᠷᠭᠦᠯᠵᠢᠯᠡᠨ ᠦᠨᠳᠦᠰᠦᠲᠡᠨ ᠨᠤᠬᠦᠳ ᠤ᠋ᠨ ᠪᠦᠯᠬᠦᠮᠳᠡᠯ ᠲᠠᠪᠱᠢᠯᠳᠠ ᠵᠢ ᠠᠬᠢᠭᠤᠯᠬᠤ ᠲᠠᠯ᠎ᠠ ᠪᠡᠷ ᠡᠮᠦᠨ᠎ᠡ ᠡᠩᠨᠡᠭᠡᠨ ᠳ᠋ᠦ ᠬᠤᠰᠢᠭᠤᠷᠠᠵᠦ》᠂ 《ᠬᠠᠮᠲᠤ ᠪᠡᠷ ᠪᠠᠶᠠᠵᠢᠬᠤ ᠠᠶᠠᠨ ᠳ᠋ᠤ ᠡᠩᠨᠡᠭᠡ ᠡᠴᠡ ᠪᠠᠨ ᠬᠣᠴᠣᠷᠴᠤ᠌ ᠪᠣᠯᠬᠤ ᠦᠭᠡᠢ》 ᠭᠡᠵᠦ᠍ ᠱᠠᠭᠠᠷᠳᠠᠪᠠ᠃ ᠦᠪᠦᠷ ᠮᠤᠨᠭᠭᠤᠯ ᠤ᠋ᠨ ᠦᠨᠳᠦᠰᠦᠲᠡᠨ ᠨᠤᠭᠦᠳ ᠤ᠋ᠨ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠡᠶ᠎ᠡ ᠨᠠᠢᠷᠲᠠᠶ ᠪᠠᠢᠵᠤ᠂ ᠠᠷᠠᠳ ᠤ᠋ᠨ ᠠᠮᠢᠳᠤᠷᠠᠯ ᠦᠷᠭᠦᠯᠵᠢᠯᠡᠨ ᠰᠠᠢᠵᠢᠷᠠᠵᠤ᠂ ᠡᠨᠡ ᠬᠦ᠌ ᠰᠠᠢᠨ ᠪᠠᠢᠳᠠᠯ ᠢ᠋ ᠪᠡᠬᠢᠵᠢᠭᠦᠯᠦᠨ ᠬᠥᠭ᠌ᠵᠢᠭᠦᠯᠬᠦ᠌ᠨᠢ ᠮᠠᠨ ᠤ᠋ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ᠶ᠋ᠠᠨ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ ᠳ᠋ᠦ ᠠᠱᠢᠭ᠍ᠲᠠᠶ ᠶᠤᠮ》᠃ ᠦᠪᠦᠷ ᠮᠤᠨᠭᠭᠤᠯ ᠤᠯᠤᠰ ᠤ᠋ᠨ ᠠᠮᠢ ᠠᠬᠤᠶ ᠶ᠋ᠢᠨ ᠠᠮᠤᠷ ᠲᠦᠪᠱᠢᠨ᠂ ᠬᠢᠯᠢ ᠬᠢᠵᠠᠭᠠᠷ ᠤ᠋ᠨ ᠠᠮᠤᠷ ᠲᠦᠪᠱᠢᠨ ᠤ᠋ ᠶᠡᠬᠡ ᠲᠠᠯ᠎ᠠ ᠵᠢ ᠪᠠᠲᠤᠯᠠᠬᠤ ᠳᠤᠮᠳᠠ ᠴᠢᠬᠤᠯᠠ ᠪᠠᠢᠷᠢ ᠰᠠᠭᠤᠷᠢ ᠲᠠᠢ᠂ ᠬᠦᠨᠳᠦ ᠶᠡᠬᠡ ᠡᠭᠦᠷᠭᠡ ᠲᠡᠶ ᠶᠤᠮ᠂ ᠡᠲᠡᠭᠡᠷ ᠵᠢᠯ ᠳ᠋ᠤ 《ᠬᠣᠶᠠᠷ ᠬᠠᠯᠬᠠᠪᠴᠢ》 ᠶ᠋ᠢ ᠪᠥᠲᠥᠭᠡᠨ ᠪᠠᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠨᠡ ᠲᠠᠯ᠎ᠠ ᠪᠡᠷ ᠨᠠᠩ ᠰᠠᠢᠨ ᠬᠢᠬᠦ᠌ ᠬᠠᠷᠢᠭᠤᠴᠠᠯᠭ᠎ᠠ ᠲᠠᠢ ᠶᠤᠮ᠂ ᠡᠷᠬᠡᠪᠰᠢ ᠡᠭᠦᠷᠭᠡ ᠬᠠᠷᠢᠭᠤᠴᠠᠯᠭᠠᠳᠦ ᠤᠬᠠᠮᠰᠠᠷ ᠢ᠋ᠶ᠋ᠠᠨ ᠴᠢᠩᠭᠠᠳᠭᠠᠵᠤ᠂ ᠪᠠᠢᠯᠳᠤᠬᠤ ᠪᠣᠳᠣᠯᠭ᠎ᠠ ᠶ᠋ᠢᠨ ᠲᠣᠭ᠍ᠲᠠᠯ ᠬᠦᠴᠦᠨ ᠢ᠋ᠶ᠋ᠡᠨ ᠪᠠᠲᠤᠯᠠᠵᠤ᠂ ᠡᠬᠡ ᠤᠯᠤᠰ ᠤ᠋ᠨ ᠤᠮᠠᠷᠠᠲᠤ ᠬᠢᠯᠢ ᠶ᠋ᠢᠨ ᠲᠦᠮᠡᠨ ᠭᠠᠵᠠᠷ ᠤ᠋ᠨ ᠨᠣᠮᠢᠨ ᠨᠣᠭᠣᠭᠠᠨ ᠣᠷᠳᠣ ᠴᠠᠭᠠᠨ ᠬᠡᠷᠡᠮ ᠪᠠ ᠠᠮᠤᠷ ᠲᠦᠪᠱᠢᠨ ᠲᠣᠭ᠍ᠲᠠᠭᠤᠨ ᠤ᠋ ᠪᠠᠳᠤ ᠪᠡᠬᠢ ᠪᠤᠯᠤᠳ ᠬᠡᠷᠡᠮ ᠢ᠋ ᠦᠨᠡᠨ ᠬᠦ᠌ ᠪᠠᠲᠤ ᠴᠣᠭ᠍ᠴᠠᠯᠠᠬᠤ ᠬᠡᠷᠡᠭ᠌ᠲᠡᠶ᠃
ᠭᠤᠷᠪᠠᠳᠤᠭᠠᠷ ᠲᠦ᠍᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠲᠤᠬᠳᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠨᠠᠢᠳᠠᠪᠤᠷᠢᠵᠢᠭᠤᠯᠬᠤ ᠲᠤᠬᠠᠢ᠃ 《ᠬᠣᠶᠠᠷ ᠬᠠᠯᠬᠠᠪᠴᠢ》᠂《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠳ᠋ᠦ ᠡᠷᠬᠡᠪᠰᠢ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠢ ᠪᠡᠷ ᠭᠠᠪᠢᠶ᠎ᠠ ᠵᠢᠳᠬᠦᠯ ᠪᠠᠢᠭᠤᠯᠤᠨ᠎ᠠ᠃《ᠰᠠᠨᠠᠭᠤᠯᠭ᠎ᠠ》 ᠶ᠋ᠢᠨ ᠨᠤᠤᠷᠠᠭ ᠨᠢ ᠣᠲᠣ ᠶ᠋ᠢᠨ ᠠᠵᠢᠯ ᠤ᠋ᠨ ᠰᠠᠭᠤᠷᠢᠨ ᠳᠡᠭᠡᠷ᠎ᠡ ᠠᠯᠢ ᠣᠯᠠᠨ ᠱᠢᠨ᠎ᠡ ᠡᠭᠦᠷᠭᠡ ᠱᠢᠨ᠎ᠡ ᠠᠷᠭ᠎ᠠ ᠬᠡᠮᠵᠢᠶ᠎ᠡ ᠵᠢ ᠳᠤᠷᠠᠳᠴᠤ᠌ ᠂ ᠪᠥᠬᠥ᠌ ᠣᠷᠣᠨ ᠤ᠋ ᠳᠡᠭᠡᠷ᠎ᠠ ᠳᠤᠤᠷ᠎ᠠ ᠱᠠᠲᠤ ᠵᠢ ᠬᠥᠲᠥᠯᠥᠨ ᠵᠢᠯᠣᠭᠣᠳᠴᠤ᠌ ᠡᠭᠦᠷᠭᠡ ᠬᠠᠷᠢᠭᠤᠴᠠᠯᠭ᠎ᠠ ᠪᠠᠨ ᠤᠯᠠᠮ ᠪᠠᠲᠤ ᠡᠭᠦᠷᠭᠡᠯᠡᠭᠦᠯᠪᠡ᠃ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢᠨ ᠲᠠᠯ᠎ᠠ ᠪᠡᠷ᠂ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠢᠯᠠᠯᠲᠠ ᠵᠢ ᠲᠤᠭᠳᠠᠭᠰᠠᠨ ᠬᠤᠭᠤᠴᠠᠭᠠᠨ ᠳ᠋ᠦ ᠤᠯᠵᠦ᠂ ᠴᠢᠬᠤᠯᠠ ᠠᠮᠢ ᠠᠬᠤᠶ ᠶ᠋ᠢᠨ ᠱᠢᠰᠲ᠋ᠧᠮ ᠢ᠋ ᠬᠠᠮᠠᠭᠠᠯᠠᠬᠤ ᠪᠠ ᠵᠠᠰᠠᠨ ᠰᠡᠷᠭᠦᠭᠡᠬᠦ᠌ ᠵᠢ ᠴᠢᠩᠭᠠᠳᠭᠠᠬᠤ᠂ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠰᠠᠢᠲᠤᠷ ᠬᠢᠬᠦ᠌᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠤ ᠬᠥᠭ᠌ᠵᠢᠯᠲᠡ ᠵᠢ ᠠᠬᠢᠭᠤᠯᠬᠤ᠂ ᠠᠮᠢ ᠠᠬᠤᠶ ᠶ᠋ᠢᠨ ᠪᠣᠯᠪᠠᠰᠤᠨ ᠤ᠋ ᠲᠦᠷᠢᠮ ᠤ᠋ᠨ ᠱᠢᠰᠲ᠋ᠧᠮ ᠢ᠋ ᠪᠦᠷᠢᠨᠱᠢᠬᠦᠯᠬᠦ᠌ ᠵᠡᠷᠭᠡ ᠲᠠᠯ᠎ᠠ ᠪᠡᠷ ᠪᠠᠢᠷᠢᠯᠠᠭᠤᠯᠤᠯᠲᠠ ᠬᠢᠪᠠ᠃ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢᠨ ᠲᠠᠯ᠎ᠠ ᠪᠡᠷ᠂ ᠤᠯᠤᠰ ᠤ᠋ᠨ ᠤᠯᠤᠰ ᠲᠥᠷᠥ ᠶ᠋ᠢᠨ ᠠᠮᠤᠷ ᠲᠦᠪᠱᠢᠨ ᠢ᠋ ᠬᠠᠮᠠᠭᠠᠯᠠᠬᠤ᠂ ᠭᠤᠤᠯᠳᠠᠯᠭ᠎ᠠ ᠲᠠᠢ ᠬᠦᠷᠢᠶᠡᠨ ᠤ᠋ ᠠᠶᠤᠯ ᠲᠦᠭ᠌ᠰᠢᠭᠦᠷᠢ ᠵᠢ ᠰᠡᠷᠭᠡᠢᠯᠡᠨ ᠡᠵᠡᠮᠳᠡᠬᠦ᠌᠂ ᠨᠡᠢᠭᠡᠮ ᠤ᠋ᠨ ᠵᠠᠰᠠᠯᠲᠠ ᠶ᠋ᠢᠨ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌᠂ ᠬᠢᠯᠢ ᠬᠢᠵᠠᠭᠠᠷ ᠢ᠋ ᠮᠠᠨᠳᠤᠭᠤᠯᠵᠦ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠵᠤ ᠬᠢᠯᠢ ᠬᠢᠵᠠᠭᠠᠷ ᠢ᠋ ᠪᠡᠬᠢᠵᠢᠭᠦᠯᠬᠦ᠌ ᠵᠡᠷᠭᠡ ᠠᠵᠢᠯ ᠢ᠋ ᠰᠠᠢᠲᠤᠷ ᠠᠳᠭᠤᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠤ᠋ ᠲᠠᠯ᠎ᠠ ᠪᠡᠷ᠂ ᠤᠯᠠᠮᠵᠢᠯᠠᠯᠲᠤ ᠡᠨᠧᠷᠭᠢ ᠶ᠋ᠢᠨ ᠦᠨᠳᠦᠰᠦᠨ ᠵᠦᠶ᠋ᠯ ᠢ᠋ ᠪᠠᠲᠤᠯᠠᠬᠤ ᠴᠢᠳᠠᠪᠤᠷᠢ ᠵᠢ ᠴᠢᠩᠭᠠᠳᠭᠠᠬᠤ᠂ ᠱᠢᠨ᠎ᠡ ᠡᠨᠧᠷᠭᠢ ᠵᠢ ᠨᠡᠭᠡᠭᠡᠨ ᠠᠱᠢᠭ᠍ᠯᠠᠬᠤ ᠲᠦᠪᠱᠢᠨ ᠢ᠋ ᠳᠡᠭᠡᠭ᠌ᠰᠢᠯᠡᠭᠦᠯᠬᠦ᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠠᠭᠤᠷᠬᠠᠶ ᠶ᠋ᠢᠨ ᠭᠠᠷᠤᠯᠲᠠ ᠶ᠋ᠢᠨ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠵᠢ ᠴᠢᠩᠭᠠᠳᠭᠠᠬᠤ ᠵᠡᠷᠭᠡ ᠲᠠᠯ᠎ᠠ ᠪᠡᠷ ᠡᠭᠦᠷᠭᠡ ᠱᠠᠭᠠᠷᠳᠠᠯᠭ᠎ᠠ ᠵᠢ ᠲᠣᠳᠣᠷᠬᠠᠢᠯᠠᠪᠠ᠃ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠲᠠᠯ᠎ᠠ ᠪᠡᠷ᠂ ᠲᠠᠷᠢᠶᠠᠯᠠᠩ ᠮᠠᠯ ᠠᠵᠤ ᠠᠬᠤᠶ ᠵᠢᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ ᠤ᠋ᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ ᠢ᠋ ᠳᠡᠭᠡᠭ᠌ᠰᠢᠯᠡᠭᠦᠯᠬᠦ᠌᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠌ ᠢ᠋ ᠱᠢᠯᠢᠳᠡᠭ᠌ᠵᠢᠭᠦᠯᠬᠦ᠂ ᠬᠥᠳᠡᠭᠡ ᠲᠣᠰᠭᠣᠨ ᠢ᠋ ᠪᠥᠬᠥ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠵᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠬᠤ᠂ ᠲᠠᠷᠢᠶᠠᠯᠠᠩ ᠢ᠋ ᠬᠦᠴᠦᠷᠬᠡᠭ᠌ᠵᠢᠭᠦᠯᠦᠨ ᠲᠠᠷᠢᠶᠠᠴᠢᠳ ᠲᠣ᠌ ᠠᠱᠢᠭ ᠬᠦᠷᠲᠡᠭᠡᠵᠦ᠍ ᠲᠠᠷᠢᠶᠠᠴᠢᠳ ᠢ᠋ ᠪᠠᠶᠠᠵᠢᠭᠤᠯᠬᠤ ᠲᠥᠷᠥ ᠵᠢᠨ ᠪᠣᠳᠣᠯᠭ᠎ᠠ ᠵᠢᠨ ᠦᠢᠯᠡᠳᠦᠯ ᠴᠢᠳᠠᠪᠤᠷᠢ ᠵᠢ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠡᠷ ᠠᠷᠭ᠎ᠠ ᠬᠡᠮᠵᠢᠶ᠎ᠡ ᠪᠠᠢᠷᠢᠯᠠᠭᠤᠯᠪᠠ᠃ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠲᠠᠯ᠎ᠠ ᠪᠡᠷ᠂ ᠳᠣᠲᠣᠭᠠᠳᠤ ᠨᠡᠭᠡᠭᠡᠯᠲᠡᠪᠡᠨ ᠦᠷᠭᠦᠯᠵᠢᠯᠡᠨ ᠭᠦᠨᠵᠡᠭᠡᠢᠷᠡᠭᠦᠯᠬᠦ᠌ ᠂ ᠭᠠᠳᠠᠭᠠᠳᠤ ᠨᠡᠭᠡᠭᠡᠯᠲᠡ ᠬᠢᠬᠦ᠌ ᠲᠠᠪᠴᠠᠩ ᠪᠠ ᠨᠡᠪᠲᠡᠷᠡᠬᠦ᠌ ᠵᠠᠮ ᠤ᠋ᠨ ᠪᠦᠲᠦᠭᠡᠨ ᠪᠠᠢᠭᠤᠯᠤᠯᠲᠠ ᠵᠢ ᠴᠢᠩᠭᠠᠳᠭᠠᠬᠤ᠂ ᠨᠡᠭᠡᠭᠡᠯᠲᠡᠲᠦ ᠠᠵᠤ ᠠᠬᠤᠶ ᠵᠢ ᠶᠡᠬᠡ ᠪᠡᠷ ᠬᠥᠭ᠌ᠵᠢᠭᠦᠯᠬᠦ᠌ ᠵᠡᠷᠭᠡ ᠭᠣᠣᠯᠳᠠᠯᠭ᠎ᠠ ᠲᠠᠢ ᠡᠭᠦᠷᠭᠡ ᠵᠢ ᠳᠤᠷᠠᠳᠪᠠ᠃
ᠳᠥᠷᠪᠡᠳᠤᠭᠡᠷ ᠲᠦ᠍᠂ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠲᠤᠬᠠᠢ᠃ ᠴᠢᠨᠠᠷ ᠰᠠᠢᠲᠠᠶ ᠬᠥᠭ᠌ᠵᠢᠯᠲᠡ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨᠳᠠᠬᠢ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠦᠨᠳᠦᠰᠦᠨ ᠱᠠᠭᠠᠷᠳᠠᠯᠭ᠎ᠠ ᠮᠥᠨ᠃ ᠥᠪᠥᠷ ᠮᠣᠩᠭᠣᠯ ᠳ᠋ᠦ ᠠᠪᠴᠤ᠌ ᠬᠡᠯᠡᠪᠡᠯ᠂ ᠡᠨᠡ ᠬᠦ᠌ ᠦᠨᠳᠦᠰᠦᠨ ᠱᠠᠭᠠᠷᠳᠠᠯᠭ᠎ᠠ ᠵᠢ ᠰᠠᠢᠲᠤᠷ ᠨᠠᠢᠳᠠᠪᠤᠷᠢᠵᠢᠭᠤᠯᠬᠤ ᠳ᠋ᠦ᠂ ᠡᠷᠬᠡᠪᠰᠢ ᠶᠡᠷᠦᠩᠬᠡᠶ ᠱᠦᠵᠢ ᠰᠢ ᠵᠢᠨ ᠫᠢᠩ ᠤ᠋ᠨ 《ᠡᠬᠢ ᠪᠠᠶᠠᠯᠢᠭ ᠤ᠋ᠨ ᠬᠡᠯᠪᠡᠷᠢ ᠵᠢᠨ ᠭᠠᠵᠠᠷ ᠣᠷᠣᠨ ᠤ᠋ ᠬᠡᠯᠪᠡᠷᠢᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ ᠢ᠋ ᠰᠦᠪᠡᠭ᠌ᠴᠢᠯᠡᠬᠦ᠌》 ᠴᠢᠬᠤᠯᠠ ᠱᠠᠭᠠᠷᠳᠠᠯᠭ᠎ᠠ ᠶᠣᠰᠣᠭᠠᠷ᠂ ᠱᠢᠨ᠎ᠡ ᠬᠥᠭ᠌ᠵᠢᠯᠲᠡ ᠵᠢᠨ ᠤᠢᠯᠠᠭᠠᠭᠳᠠᠬᠤᠨ ᠢ᠋ ᠪᠦᠷᠢᠨ ᠪᠦᠲᠦᠨ ᠣᠨᠣᠪᠴᠢᠲᠠᠶ ᠪᠥᠬᠥ᠌ ᠲᠠᠯ᠎ᠠ ᠪᠡᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠵᠢᠨ ᠪᠠᠢᠷᠢᠱᠢᠯ ᠢ᠋ ᠪᠠᠢᠭᠤᠯᠬᠤ ᠳ᠋ᠦ ᠢᠳᠡᠪᠬᠢᠲᠡᠶ ᠠᠭᠤᠰᠤᠯᠴᠠᠬᠤ ᠪᠠ ᠦᠶ᠋ᠯᠡᠴᠢᠯᠡᠵᠦ᠍᠂ ᠭᠠᠵᠠᠷ ᠣᠷᠣᠨ ᠤ᠋ ᠪᠠᠢᠳᠠᠯ ᠳ᠋ᠤᠨᠢ ᠳᠣᠭᠢᠷᠠᠭᠤᠯᠤᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌᠂ ᠥᠪᠥᠷ ᠮᠣᠩᠭᠣᠯ ᠤ᠋ᠨ ᠣᠨᠴᠠᠯᠢᠭᠳᠤ ᠳᠠᠪᠠᠭᠤᠯᠢᠭ ᠢ᠋ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠢ᠋ ᠪᠠᠢᠭᠤᠯᠬᠤ᠂ ᠥᠨᠳᠥᠷ ᠲᠦᠪᠱᠢᠨ ᠪᠥᠬᠥᠶ ᠨᠡᠢᠭᠡᠮ ᠵᠢᠷᠤᠮ ᠤ᠋ᠨ ᠵᠠᠬ᠎ᠠ ᠳᠡᠯᠭᠡᠭᠦᠷ ᠤ᠋ᠨ ᠠᠵᠤ ᠠᠬᠤᠶ ᠵᠢᠨ ᠪᠠᠢᠭᠤᠯᠤᠯ ᠢ᠋ ᠪᠠᠢᠭᠤᠯᠬᠤ ᠵᠡᠷᠭᠡ ᠲᠠᠯ᠎ᠠ ᠪᠡᠷ ᠪᠣᠳᠠᠲᠤ ᠴᠢᠨᠠᠷᠲᠠᠶ᠂ ᠱᠢᠪᠲᠤᠯᠤᠯᠲᠠ ᠵᠢᠨ ᠴᠢᠨᠠᠷᠲᠠᠶ ᠠᠬᠢᠴᠠ ᠲᠠᠢ ᠪᠣᠯᠬᠤ ᠬᠡᠷᠡᠭ᠌ᠲᠡᠶ᠃
ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠳ᠋ᠦ ᠬᠠᠮᠤᠭ ᠤ᠋ᠨ ᠴᠢᠬᠤᠯᠠ ᠨᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ ᠪᠡᠶᠡᠪᠡᠨ ᠳᠠᠭᠠᠭᠠᠵᠤ ᠬᠦᠴᠦᠷᠬᠡᠭ᠌ᠵᠢᠬᠦᠯᠬᠦ ᠵᠢ ᠲᠦᠷᠭᠡᠳᠭᠡᠬᠦ᠌ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠂ 《ᠬᠡᠳᠤᠢ ᠬᠥᠭ᠌ᠵᠢᠭᠡᠳᠦᠢ ᠭᠠᠵᠠᠷ ᠣᠷᠣᠨ ᠳ᠋ᠦ ᠱᠢᠨ᠎ᠡ ᠵᠢ ᠡᠭᠦᠳᠬᠦ᠌ᠪᠡᠷ ᠬᠥᠭ᠌ᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ ᠬᠡᠷᠡᠭ᠌ᠵᠢᠭᠦᠯᠬᠦ᠌ ᠵᠢ ᠲᠡᠳᠤᠢ ᠱᠠᠭᠠᠷᠳᠠᠨ᠎ᠠ》 ᠭᠡᠵᠦ᠍ ᠵᠢᠭᠠᠵᠤ ᠭᠠᠷᠭᠠᠪᠠ᠃ 《ᠰᠠᠨᠠᠭᠤᠯᠭ᠎ᠠ》 ᠵᠢᠨ ᠨᠤᠤᠷᠠᠭ ᠲᠣ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢᠨ ᠬᠥᠲᠥᠯᠥᠨ ᠳᠠᠭᠠᠭᠤᠯᠬᠤ ᠦᠶ᠋ᠯᠡᠳᠦᠯ ᠢ᠋ ᠳᠣᠪᠣᠢᠯᠭᠠᠵᠤ᠂ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠬᠤ ᠵᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠠᠵᠤ ᠦᠶ᠋ᠯᠡᠰ ᠤ᠋ᠨ ᠱᠢᠨ᠎ᠡ ᠵᠢ ᠡᠭᠦᠳᠬᠦ᠌ ᠵᠢᠨ ᠭᠦᠨᠵᠡᠭᠡᠶ ᠠᠭᠤᠰᠤᠯᠴᠠᠯ ᠢ᠋ ᠠᠬᠢᠭᠤᠯᠬᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ ᠤ᠋ ᠬᠥᠭ᠌ᠵᠢᠯᠲᠡ ᠵᠢ ᠨᠢᠭᠡ ᠴᠣᠭ᠍ᠴᠠᠵᠢᠭᠤᠯᠤᠨ ᠠᠬᠢᠭᠤᠯᠬᠤ ᠵᠡᠷᠭᠡ ᠲᠠᠯ᠎ᠠ ᠪᠡᠷ ᠡᠭᠦᠷᠭᠡ ᠠᠷᠭ᠎ᠠ ᠬᠡᠮᠵᠢᠶ᠎ᠡ ᠳᠤᠷᠠᠳᠴᠤ᠌᠂ ᠬᠢᠬᠦ᠌ ᠴᠢᠬᠤᠯᠠᠲᠠᠶ ᠵᠢᠨᠢ ᠵᠠᠪᠠᠯ ᠬᠢᠵᠦ᠍ ᠬᠢᠬᠦ᠌ ᠴᠢᠬᠤᠯᠠ ᠦᠭᠡᠢ ᠵᠢᠨᠢ ᠥᠯᠥ᠍ ᠬᠢᠬᠦ᠌ ᠵᠢ ᠪᠠᠷᠢᠮᠲᠠᠯᠠᠵᠤ᠂ ᠳᠠᠪᠠᠭᠤᠯᠢᠭ ᠲᠠᠯ᠎ᠠ ᠳ᠋ᠦ ᠠᠩᠬᠠᠷᠤᠯ ᠵᠢᠡᠨ ᠲᠥᠪᠯᠡᠷᠡᠭᠦᠯᠦᠨ ᠰᠠᠭᠤᠷᠢ ᠰᠤᠳᠤᠯᠤᠨ ᠨᠡᠭᠡᠭᠡᠯᠲᠡ ᠪᠠ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠴᠢᠩᠭᠠᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠭᠦᠨ ᠤ᠋ ᠬᠠᠮᠲᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ᠪᠡᠷ ᠠᠵᠤ ᠦᠶ᠋ᠯᠡᠰ ᠤ᠋ᠨ ᠱᠢᠨ᠎ᠡ ᠵᠢ ᠡᠭᠦᠳᠬᠦ᠌ ᠵᠢ ᠬᠥᠲᠥᠯᠥᠨ ᠳᠠᠭᠠᠭᠤᠯᠬᠤ ᠳ᠋ᠦ ᠱᠢᠰᠲ᠋ᠧᠮᠲᠡᠶ ᠪᠠᠢᠷᠢᠯᠠᠭᠤᠯᠤᠯᠲᠠ ᠬᠢᠵᠦ᠍᠂ ᠤᠯᠠᠮᠵᠢᠯᠠᠯᠲᠤ ᠠᠵᠤ ᠦᠶ᠋ᠯᠡᠰ ᠤ᠋ᠨ ᠱᠢᠨ᠎ᠡ ᠬᠥᠭ᠌ᠵᠢᠯᠲᠡ ᠲᠠᠢ ᠪᠤᠯᠬᠤ ᠵᠢ ᠠᠬᠢᠭᠤᠯᠵᠦ᠂ ᠱᠢᠨᠡᠪᠡᠷ ᠮᠠᠨᠳᠤᠭ᠍ᠰᠠᠨ ᠠᠵᠤ ᠦᠶ᠋ᠯᠡᠰ ᠢ᠋ ᠪᠤᠵᠠᠭᠠᠢᠷᠠᠭᠤᠯᠬᠤ ᠪᠠ ᠢᠷᠡᠭᠡᠳᠦᠶ ᠵᠢᠨ ᠠᠵᠤ ᠦᠶ᠋ᠯᠡᠰ ᠢ᠋ ᠪᠣᠢᠵᠢᠭᠤᠯᠤᠨ᠂ ᠲᠣᠭᠠᠴᠢᠯᠠᠭ᠍ᠰᠠᠨ ᠥᠪᠥᠷ ᠮᠣᠩᠭᠣᠯ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠵᠦ᠂ ᠦᠶ᠋ᠯᠡᠴᠢᠯᠡᠭᠡᠨ ᠤ᠋ ᠦᠶ᠋ᠯᠡᠰ ᠤ᠋ᠨ ᠴᠢᠨᠠᠷ ᠰᠠᠢᠲᠠᠶ ᠥᠨᠳᠥᠷ ᠪᠦᠲᠦᠮᠵᠢᠲᠡᠶ ᠬᠥᠭ᠌ᠵᠢᠯᠲᠡ ᠵᠢ ᠠᠬᠢᠭᠤᠯᠤᠨ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ ᠵᠢᠨ ᠱᠢᠰᠲ᠋ᠧᠮ ᠤ᠋ᠨ ᠲᠤᠯᠭᠠᠭᠤᠷᠢᠯᠠᠯ ᠢ᠋ ᠴᠢᠩᠭᠠᠳᠬᠠᠨ᠎ᠠ ᠭᠡᠵᠦ ᠳᠤᠷᠠᠳᠤᠨ ᠭᠠᠷᠭᠠᠪᠠ᠃
ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ ᠵᠢ ᠲᠦᠷᠭᠡᠳᠭᠡᠬᠦ᠌ ᠢᠯᠠᠩᠭᠤᠶ᠎ᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠂ ᠵᠠᠰᠠᠭ ᠤ᠋ᠨ ᠶᠠᠪᠤᠳᠠᠯ ᠤ᠋ᠨ ᠣᠷᠴᠢᠨ ᠨᠦᠬᠦᠴᠡᠯ᠂ ᠱᠢᠨ᠎ᠡ ᠵᠢ ᠡᠭᠦᠳᠬᠦ᠌ ᠣᠷᠴᠢᠨ ᠨᠦᠬᠦᠴᠡᠯ ᠢ᠋ ᠱᠢᠯᠢᠳᠡᠭ᠌ᠵᠢᠭᠦᠯᠬᠦ ᠨᠢ ᠮᠠᠨ ᠤ᠋ ᠣᠷᠣᠨ ᠤ᠋ ᠴᠢᠨᠠᠷ ᠰᠠᠢᠲᠠᠶ ᠬᠥᠭ᠌ᠵᠢᠯᠲᠡ ᠳ᠋ᠦ ᠴᠢᠬᠤᠯᠠ ᠶᠡᠬᠡ ᠠᠴᠢ ᠬᠣᠯᠪᠣᠭ᠍ᠳᠠᠯ ᠲᠠᠢ ᠶᠤᠮ᠃ 《ᠰᠠᠨᠠᠭᠤᠯᠭ᠎ᠠ》 ᠵᠢᠨ ᠨᠤᠤᠷᠠᠭ ᠲᠣ᠌᠂ ᠬᠠᠮᠤᠭ ᠤ᠋ᠨ ᠥᠨᠳᠥᠷ ᠪᠠᠷᠢᠮᠵᠢᠶ᠎ᠠ ᠬᠠᠮᠤᠭ ᠤ᠋ᠨ ᠥᠨᠳᠥᠷ ᠲᠦᠪᠱᠢᠨ ᠳ᠋ᠦ ᠴᠢᠭ᠌ᠯᠡᠭᠦᠯᠦᠨ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭᠰᠠᠨ ᠳᠡᠯᠡᠬᠡᠢᠵᠢᠭ᠌ᠰᠡᠨ ᠲᠡᠷᠢᠭᠦᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠣᠶ ᠪᠣᠯᠭᠠᠵᠤ᠂ ᠨᠢᠭᠡ ᠪᠦᠯᠦᠭ 《ᠥᠨᠳᠥᠷ ᠪᠦᠲᠦᠮᠵᠢᠲᠡᠶ ᠪᠡᠷ ᠨᠢᠭᠡ ᠶᠠᠪᠤᠳᠠᠯ ᠢ᠋ ᠭᠦᠶ᠋ᠴᠡᠳᠭᠡᠬᠦ᠌》 ᠠᠵᠤ ᠠᠬᠤᠢᠯᠠᠯ ᠳ᠋ᠦ ᠬᠣᠯᠪᠣᠭ᠍ᠳᠠᠬᠤ ᠭᠤᠤᠯᠳᠠᠯᠭ᠎ᠠ ᠲᠠᠢ ᠵᠦᠶ᠋ᠯᠡᠰ ᠢ᠋ ᠭᠠᠷᠭᠠᠵᠤ᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠡᠳ᠋ ᠬᠥᠷᠥᠩᠭᠡ ᠵᠢᠨ ᠡᠷᠬᠡ ᠪᠠ ᠪᠤᠰᠤᠳ ᠬᠠᠤᠯᠢ ᠶᠣᠰᠣᠨ ᠤ᠋ ᠡᠷᠬᠡ ᠠᠱᠢᠭ ᠢ᠋ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠢᠯᠠᠯ ᠤ᠋ᠨ ᠡᠵᠡᠩᠨᠡᠭ᠌ᠴᠢ ᠵᠢᠨ ᠪᠡᠶ᠎ᠡ ᠮᠠᠬᠠᠪᠣᠳ ᠪᠠ ᠡᠳ᠋ ᠬᠥᠷᠥᠩᠭᠡ ᠵᠢᠨ ᠠᠮᠤᠷ ᠲᠦᠪᠱᠢᠨ ᠢ᠋ ᠬᠠᠮᠠᠭᠠᠯᠠᠨ᠎ᠠ ᠭᠡᠵᠦ ᠳᠤᠷᠠᠳᠪᠠ᠃
ᠲᠠᠪᠤᠳᠤᠭᠠᠷ ᠲᠣ᠌᠂ ᠬᠠᠮᠲᠤ ᠪᠡᠷ ᠪᠠᠶᠠᠵᠢᠬᠤ ᠵᠢ ᠯᠠᠪᠳᠠᠭᠤᠨ ᠠᠬᠢᠭᠤᠯᠬᠤ ᠲᠤᠬᠠᠢ᠃ ᠶᠡᠷᠦᠩᠬᠡᠢ ᠱᠦᠵᠢ ᠰᠢ ᠵᠢᠨ ᠫᠢᠩ ᠪᠦᠬᠦ᠌ ᠠᠷᠠᠳ ᠲᠦᠮᠡᠨ ᠤ᠋ ᠬᠠᠮᠲᠤ ᠪᠡᠷ ᠪᠠᠶᠠᠵᠢᠬᠤ ᠵᠢ ᠠᠬᠢᠭᠤᠯᠬᠤ ᠠᠯᠬᠤᠮ ᠢ᠋ ᠯᠠᠪᠳᠠᠭᠤᠨ ᠪᠠᠲᠤᠲᠠᠢ ᠠᠯᠬᠤᠬᠤ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ ᠵᠢᠨ ᠬᠤᠭᠤᠴᠠᠭᠠᠨ ᠳ᠋ᠡᠬᠢ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢ ᠵᠢᠯᠣᠭᠣᠳᠭᠤ ᠶᠡᠷᠦᠩᠬᠡᠢ ᠴᠢᠨᠠᠷᠳᠠᠢ ᠱᠠᠭᠠᠷᠳᠠᠯᠭ᠎ᠠ ᠮᠦᠨ᠃ ᠱᠢᠨ᠎ᠡ ᠠᠶᠠᠨ ᠳ᠋ᠦ ᠡᠷᠬᠡᠪᠰᠢ ᠠᠷᠠᠳ ᠲᠦᠮᠡᠨ ᠵᠢᠡᠷ ᠭᠣᠣᠯ ᠪᠣᠯᠭᠠᠬᠤ ᠬᠥᠭ᠌ᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠢ ᠦᠢᠯᠡᠳᠦᠯᠭᠡᠵᠢᠭᠦᠯᠵᠦ᠍ ᠠᠷᠠᠳ ᠤ᠋ᠨ ᠠᠮᠢᠳᠤᠷᠠᠯ ᠪᠤᠶᠠᠨ ᠵᠢᠷᠭᠠᠯ ᠢ᠋ ᠨᠡᠩ ᠥᠨᠳᠥᠷ ᠲᠦᠪᠱᠢᠨ ᠳ᠋ᠦ ᠬᠦᠷᠭᠡᠬᠦ᠌ ᠵᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃
《ᠰᠠᠨᠠᠭᠤᠯᠭ᠎ᠠ》 ᠵᠢᠨ ᠨᠤᠤᠷᠠᠭ ᠨᠢ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠵᠢᠨ ᠲᠣᠭᠣᠷᠢᠨ ᠳ᠋ᠦ᠂ ᠠᠵᠢᠯ ᠣᠯᠭᠣᠯᠲᠠ᠂ ᠣᠷᠣᠯᠭ᠎ᠠ ᠵᠢᠨ ᠨᠡᠮᠡᠭ᠌ᠳᠡᠯ᠂ ᠰᠤᠷᠭᠠᠨ ᠬᠥᠮᠦᠵᠢᠯ᠂ ᠨᠡᠢᠭᠡᠮ ᠤ᠋ᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠮᠦᠨ ᠠᠮᠠ᠂ ᠣᠷᠣᠨ ᠰᠠᠭᠤᠴᠠ ᠵᠡᠷᠭᠡ ᠲᠠᠯ᠎ᠠ ᠪᠡᠷ ᠨᠢᠭᠡ ᠪᠦᠯᠦᠭ ᠲᠡᠩᠴᠡᠭᠦᠷᠢᠲᠦ ᠴᠢᠨᠠᠷ ᠵᠢᠡᠷ ᠴᠢᠩᠭ᠎ᠠ ᠠᠷᠭ᠎ᠠ ᠬᠡᠮᠵᠢᠶ᠎ᠡ ᠵᠢ ᠪᠠᠢᠷᠢᠯᠠᠭᠤᠯᠪᠠ᠃ ᠬᠣᠲᠠ ᠬᠥᠳᠡᠭᠡ ᠵᠢᠨ ᠵᠥᠷᠢᠶ᠎ᠡ᠂ ᠣᠷᠣᠨ ᠪᠦᠰᠡ ᠵᠢᠨ ᠵᠥᠷᠢᠶ᠎ᠡ ᠵᠢ ᠪᠠᠭᠠᠰᠭᠠᠬᠤ ᠵᠢ ᠪᠤᠳᠤᠯᠬᠢᠯᠠᠵᠦ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ᠋ ᠣᠳᠣᠬᠢᠴᠢᠯᠠᠯᠲᠠ ᠵᠢ ᠲᠦᠷᠭᠡᠳᠭᠡᠬᠦ᠌᠂ ᠵᠡᠭᠦᠨ ᠳᠤᠮᠳᠠ ᠪᠠᠷᠠᠭᠤᠨ ᠬᠡᠰᠡᠭ ᠤ᠋ᠨ ᠠᠢᠮᠠᠭ ᠬᠣᠲᠠ ᠵᠢᠨ ᠵᠣᠬᠢᠴᠠᠩᠭᠤᠶ ᠬᠥᠭ᠌ᠵᠢᠯᠳᠡ ᠵᠢ ᠠᠬᠢᠭᠤᠯᠬᠤ ᠵᠡᠷᠭᠡ ᠳ᠋ᠦ ᠲᠣᠬᠢᠷᠠᠭᠤᠯᠤᠯᠲᠠ ᠬᠢᠪᠡ᠃ ᠠᠷᠠᠳ ᠲᠦᠮᠡᠨ ᠤ᠋ ᠤᠶᠤᠨ ᠤ᠋ ᠠᠮᠢᠳᠤᠷᠠᠯ ᠤ᠋ᠨ ᠬᠠᠮᠲᠤ ᠪᠡᠷ ᠪᠠᠶᠠᠵᠢᠬᠤ ᠵᠢ ᠠᠬᠢᠭᠤᠯᠬᠤ ᠲᠠᠯ᠎ᠠ ᠡᠴᠡ ᠪᠣᠳᠣᠯᠬᠢᠯᠠᠨ᠂ ᠨᠡᠢᠭᠡᠮ ᠵᠢᠷᠤᠮ ᠤ᠋ᠨ ᠭᠣᠣᠯᠯᠠᠬᠴᠢ ᠦᠷᠳᠡᠭ ᠤ᠋ᠨ ᠦᠵᠡᠯᠲᠡ ᠵᠢ ᠪᠠᠳᠠᠷᠠᠭᠤᠯᠤᠨ ᠦᠢᠯᠡᠳᠦᠯᠭᠡᠵᠢᠭᠦᠯᠬᠦ᠌᠂ ᠰᠣᠶᠣᠯ ᠤ᠋ᠨ ᠠᠵᠢᠯ ᠦᠢᠯᠡᠰ ᠰᠣᠶᠣᠯ ᠤ᠋ᠨ ᠠᠵᠤ ᠦᠢᠯᠡᠰ ᠤ᠋ᠨ ᠬᠥᠭ᠌ᠵᠢᠯᠲᠡ ᠵᠢ ᠠᠬᠢᠭᠤᠯᠬᠤ ᠵᠡᠷᠭᠡ ᠵᠢ ᠳᠤᠷᠠᠳᠤᠨ ᠭᠠᠷᠭᠠᠪᠠ᠃
ᠵᠢᠷᠭᠤᠳᠤᠭᠠᠷ ᠲᠣ᠌᠂ ᠨᠠᠮ ᠤ᠋ᠨ ᠪᠦᠬᠦ᠌ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭᠠᠳᠭᠠᠬᠤ ᠲᠤᠬᠠᠢ᠃ ᠡᠨᠡ ᠪᠣᠯ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠠᠬᠢᠭᠤᠯᠬᠤ ᠵᠢᠨ ᠦᠨᠳᠦᠰᠦᠨ ᠪᠠᠲᠤᠯᠠᠭ᠎ᠠ ᠮᠥᠨ᠃ 《ᠰᠠᠨᠠᠭᠤᠯᠭ᠎ᠠ》 ᠵᠢᠨ ᠨᠤᠤᠷᠠᠭ ᠲᠸ᠋ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ᠂ ᠰᠠᠢ᠌ᠨ ᠰᠠᠢᠬᠠᠨ ᠤᠯᠤᠰ ᠲᠦᠷᠦ᠍ ᠵᠢᠨ ᠠᠮᠢ ᠠᠬᠤᠢ ᠵᠢ ᠪᠤᠢ ᠪᠣᠯᠭᠠᠬᠤ ᠪᠡᠷ ᠭᠣᠣᠯᠳᠠᠭᠤᠯᠵᠤ᠂ ᠡᠷᠭᠡᠪᠰᠢ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠦᠷᠭᠦᠯᠵᠢᠯᠡᠨ ᠦᠵᠡᠯ ᠰᠠᠨᠠᠭ᠎ᠠ ᠪᠡᠨ ᠨᠢᠭᠡᠳᠭᠡᠵᠤ᠂ ᠵᠣᠷᠢᠭ ᠰᠠᠨᠠᠭ᠎ᠠ ᠪᠡᠨ ᠨᠢᠭᠡᠳᠭᠡᠵᠦ᠍᠂ ᠦᠢᠯᠡ ᠠᠵᠢᠯᠯᠠᠭ᠎ᠠ ᠪᠡᠨ ᠨᠢᠭᠡᠳᠭᠡᠵᠦ᠍᠂ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ ᠤ᠋ᠨ ᠲᠥᠪ ᠬᠣᠷᠢᠶᠠᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠤ᠋ᠨ ᠲᠣᠭ᠍ᠲᠠᠴᠠ ᠵᠢ ᠪᠦᠷᠢᠨᠱᠢᠬᠦᠯᠬᠦ᠌ ᠬᠡᠷᠡᠭ᠌ᠲᠡᠢ; ᠺᠠᠳ᠋ᠷ ᠢ᠋ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ ᠵᠢ ᠲᠡᠭᠦᠯᠳᠡᠷᠵᠢᠭᠦᠯᠵᠦ᠍᠂ ᠺᠠᠳ᠋ᠷ ᠤ᠋ᠨ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ ᠵᠢ ᠠᠬᠢᠭᠤᠯᠬᠤ ᠭᠡᠷᠡᠭᠳᠠᠢ; ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠴᠥᠬᠥᠷᠡᠰᠢ ᠦᠭᠡᠢ ᠲᠤᠭᠤᠱᠢᠯᠠᠭᠤᠯᠬᠤ ᠭᠡᠷᠡᠭᠳᠠᠢ;ᠡᠷᠬᠡ ᠵᠢᠨ ᠲᠤᠬᠢᠷᠠᠭᠤᠯᠤᠯᠳᠠ᠂ ᠠᠵᠢᠯᠯᠠᠭᠠᠨ ᠤ᠋ ᠵᠢᠷᠤᠮᠵᠢᠯ ᠪᠠ ᠬᠢᠨᠠᠯᠲᠠ ᠵᠢ ᠴᠢᠩᠭᠠᠳᠭᠠᠬᠤ ᠭᠡᠷᠡᠭᠳᠠᠢ; ᠰᠠᠬᠢᠯᠭ᠎ᠠ ᠪᠠᠲᠤ ᠵᠢ ᠰᠤᠷᠤᠯᠴᠠᠬᠤ ᠰᠠᠬᠢᠯᠭ᠎ᠠ ᠪᠠᠲᠤ ᠵᠢ ᠮᠡᠳᠡᠬᠦ ᠰᠠᠬᠢᠯᠭ᠎ᠠ ᠪᠠᠲᠤ ᠵᠢ ᠰᠠᠬᠢᠬᠤ ᠵᠢ ᠪᠠᠢᠩᠭᠤᠵᠢᠭᠤᠯᠤᠨ ᠠᠬᠢᠭᠤᠯᠬᠤ ᠬᠡᠷᠡᠭ᠌ᠲᠡᠶ; ᠢᠯᠵᠢᠷᠠᠯ ᠢ᠋ ᠡᠰᠡᠷᠭᠦᠴᠡᠬᠦ᠌ ᠲᠡᠮᠡᠴᠡᠯ ᠤ᠋ᠨ ᠪᠤᠭᠤᠮᠳᠠ ᠰᠢᠪᠳᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠲᠠᠢ᠌ᠯᠠᠯᠳᠤᠭᠠᠨ᠂ ᠶᠡᠷᠦᠩᠬᠡᠢ ᠲᠠᠢ᠌ᠯᠠᠯᠳᠤᠭᠠᠨ ᠤ᠋ ᠢᠯᠠᠯᠲᠠ ᠵᠢ ᠵᠠᠪᠠᠯ ᠲᠡᠮᠡᠴᠡᠨ ᠣᠯᠬᠤ ᠭᠡᠷᠡᠭᠳᠡᠢ ᠭᠡᠵᠤ ᠴᠢᠬᠤᠯᠠᠴᠢᠯᠠᠪᠠ᠃
《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ ᠵᠢᠨ 《ᠰᠠᠨᠠᠭᠤᠯᠭ᠎ᠠ》 ᠵᠢ ᠬᠢᠨᠠᠨ ᠵᠦᠪᠯᠡᠵᠦ ᠪᠠᠲᠤᠯᠠᠬᠤ ᠪᠣᠯ ᠡᠨᠡ ᠤᠳᠠᠭ᠎ᠠ ᠵᠢᠨ ᠪᠦᠭᠦᠳᠡ ᠬᠤᠷᠠᠯ ᠤ᠋ᠨ ᠭᠣᠣᠯ ᠡᠭᠦᠷᠭᠡ ᠮᠥᠨ᠃ ᠤᠯᠠᠨ ᠲᠠᠶᠠᠭᠠᠷ ᠲᠸ᠋ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠶᠠᠷᠢᠯᠴᠠᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠵᠢ ᠢᠯᠡᠭᠦᠬᠡᠨ ᠳᠤᠷᠠᠳᠴᠤ᠌᠂ ᠡᠨᠡ ᠤᠳᠠᠭ᠎ᠠ ᠵᠢᠨ ᠪᠦᠬᠦᠳᠡ ᠬᠤᠷᠠᠯ ᠢ᠋ ᠬᠠᠮᠲᠤ ᠪᠡᠷ ᠰᠠᠢᠲᠤᠷ ᠬᠤᠷᠠᠯᠳᠤᠭᠤᠯᠵᠤ᠂ 《ᠰᠠᠨᠠᠭᠤᠯᠭ᠎ᠠ》 ᠵᠢᠨ ᠨᠤᠤᠷᠠᠭ ᠢ᠋ ᠰᠠᠢᠲᠤᠷ ᠵᠠᠰᠠᠬᠤ ᠵᠢ ᠬᠦᠰᠡᠵᠦ᠍ ᠪᠠᠢᠨ᠎ᠠ᠃