ᠲᠦᠨᠭᠯᠢᠶᠤᠦ ᠬᠤᠳᠠ ᠵᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ᠎ᠦ ᠲᠤᠰᠬᠠᠶ ᠲᠤᠰᠢᠶᠠᠯᠲᠤ᠌ ᠭᠠᠯ ᠰᠡᠷᠬᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ᠎ᠶᠢᠨ ᠲᠤᠬᠠᠢᠯᠠᠬᠰᠠᠨ ᠠᠵᠢᠯ᠎ᠤᠨ ᠮᠡᠷᠭᠡᠵᠢᠯ ᠴᠢᠳᠠᠪᠦᠷᠢ ᠵᠢᠨ ᠮᠥᠷᠦ᠋ᠢᠴᠡᠭᠡᠨ ᠶᠠᠪᠤᠭᠳᠠᠪᠠ
2025-11-25 10:48:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ20251124-112406.png


ᠤᠢᠷ᠎ᠠ ᠵᠢᠨ ᠡᠳᠦᠷ᠂ ᠲᠦᠨᠭᠯᠢᠶᠤᠦ ᠬᠤᠳᠠ ᠵᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ᠎ᠦ ᠲᠤᠰᠬᠠᠶ ᠲᠤᠰᠢᠶᠠᠯᠲᠤ᠌ ᠭᠠᠯ ᠰᠡᠷᠬᠡᠢᠯᠡᠨ ᠭᠠᠯ ᠤᠨᠲᠠᠷᠠᠭᠠᠵᠤ  ᠠᠪᠤᠷᠠᠨ ᠲᠤᠰᠠᠯᠠᠬᠤ ᠠᠩᠬᠢ᠎ᠶᠢᠨ ᠲᠤᠬᠠᠢᠯᠠᠬᠰᠠᠨ ᠠᠵᠢᠯ᠎ᠤᠨ ᠮᠡᠷᠭᠡᠵᠢᠯ ᠴᠢᠳᠠᠪᠦᠷᠢ ᠵᠢᠨ ᠮᠥᠷᠦ᠋ᠢᠴᠡᠭᠡᠨ ᠲᠤᠰ ᠬᠤᠰᠢᠭᠤᠨ᠎ᠦ ᠲᠠᠮᠢᠷ᠎ᠤᠨ ᠰᠤᠷᠭᠠᠭᠤᠯᠢ᠎ᠳᠦ ᠶᠠᠪᠤᠭᠳᠠᠵᠤ᠂ ᠪᠥᠬᠦ᠌ ᠬᠤᠰᠢᠭᠤᠨ᠎ᠤ 13 ᠰᠤᠮᠤ ᠰᠢᠶᠠᠩ ᠪᠠᠯᠭᠠᠰᠤᠨ᠎ᠤ ᠲᠤᠰᠬᠠᠶ ᠲᠤᠰᠢᠶᠠᠯᠲᠤ᠌ ᠲᠦᠯᠦᠬᠡᠯᠡᠭᠴᠢ ᠵᠢᠨ ᠠᠩᠬᠢ ᠣᠷᠣᠯᠴᠠᠵᠠᠶ᠃ ᠲᠣᠰ ᠮᠥᠷᠦ᠋ᠢᠴᠡᠭᠡᠨ᠎ᠪᠣᠳᠠᠲᠤ᠌ ᠪᠠᠶ᠋ᠢᠯᠳᠤᠭᠠᠨ᠎ᠤ ᠬᠡᠷᠡᠭᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠷᠤᠯᠳᠤᠭᠠᠨ᠎ᠤ ᠲᠥᠷᠥᠯ᠎ᠢ ᠰᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠤᠨ᠂ 3000 ᠮᠧᠲᠷ᠎ᠤᠨ ᠭᠦᠶᠦᠯᠲᠡ᠂ ᠨᠢᠭᠡ ᠬᠥᠮᠦᠨ ᠬᠤᠶᠠᠷ ᠤᠷᠢᠶᠠᠯᠲᠠ ᠤᠰᠤᠨ ᠭᠤᠤᠷᠰᠦ ᠵᠢ ᠵᠠᠯᠭᠠᠵᠦ ᠤᠰᠤ ᠭᠠᠷᠭᠠᠬᠤ ᠪᠠ ᠭᠠᠯ ᠤᠨᠲᠠᠷᠠᠭᠠᠬᠤ ᠲᠡᠷᠬᠡ ᠵᠢ ᠵᠢᠯᠤᠭᠤᠳᠬᠤ ᠮᠡᠷᠬᠡᠵᠢᠯ᠎ᠤᠨ ᠦᠷᠢᠰᠦᠯᠳᠦᠬᠡᠨ ᠵᠡᠷᠭᠡ ᠲᠤᠬᠠᠢᠯᠠᠬᠰᠠᠨ ᠠᠵᠢᠯ᠎ᠤᠨ ᠮᠡᠷᠬᠡᠵᠢᠯ ᠴᠢᠳᠠᠪᠦᠷᠢ ᠵᠢ ᠬᠠᠮᠤᠷᠴᠤ᠌᠂ ᠤᠷᠤᠯᠴᠠᠭᠰᠠᠳ᠎ᠤᠨ ᠰᠠᠭᠤᠷᠢ ᠮᠡᠷᠭᠡᠵᠢᠯ᠎ᠢ ᠪᠣᠯᠪᠠᠰᠤᠷᠠᠩᠭᠤᠶ ᠡᠵᠡᠮᠰᠢᠭᠰᠡᠨ ᠪᠠᠢᠳᠠᠯ᠎ᠪᠤᠯᠤᠨ ᠪᠦᠯᠬᠦᠮ ᠨᠡᠶ᠋ᠢᠲᠡ᠎ᠶᠢᠨ ᠬᠠᠮᠵᠢᠯᠴᠠᠬᠤ ᠴᠢᠳᠠᠪᠤᠷᠢ ᠵᠢ ᠶᠡᠷᠦᠨᠭᠬᠡᠢᠯᠡᠨ ᠰᠢᠯᠭᠠᠭᠰᠠᠨ ᠪᠠᠢᠨ᠎ᠠ᠃ ᠵᠢᠷᠤᠭ ᠪᠤᠯ ᠮᠦᠷᠦᠢᠴᠡᠭᠡᠨ᠎ᠤ ᠠᠬᠤᠢ ᠳᠠᠯᠠᠪᠠᠢ ᠪᠤᠯᠤᠨ᠎ᠠ᠃ 

                               ᠪᠠᠢ ᠪᠠᠭᠠᠳᠤᠷ ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号