ᠬᠦᠷᠢᠶ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠥᠬᠥ ᠤᠯᠤᠰ᠎ᠤᠨ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠦᠲᠦᠭᠡᠭᠰᠡᠨ》 ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠦᠨᠡᠯᠡᠭᠳᠡᠪᠡ
2025-11-25 10:51:05
ᠵᠣᠬᠢᠶᠠᠭ᠍ᠴᠢ᠄
​ ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 14᠎ᠤ᠋ ᠡᠳᠦᠷ᠂ ᠲᠠᠪᠤᠳᠤᠭᠠᠷ ᠬᠤᠭᠤᠴᠠᠭᠠᠨ᠎ᠤ ᠲᠣᠭᠠᠴᠢᠯᠠᠭᠰᠠᠨ ᠵᠠᠰᠠᠭ᠎ᠤᠨ ᠶᠠᠪᠤᠳᠠᠯ᠎ᠤᠨ ᠰᠢᠨ᠎ᠡ ᠡᠭᠦᠳᠦᠯᠲᠡ᠎ᠶᠢᠨ ᠬᠤᠷᠠᠯ ᠠᠮᠵᠢᠯᠳᠠ ᠳᠠᠢ ᠥᠨᠳᠥᠷᠯᠡᠵᠤ᠂ ᠲᠦᠩᠯᠢᠶᠣᠣ ᠬᠣᠲᠠ᠎ᠶᠢᠨ ᠬᠦᠷᠢᠶ᠎ᠡ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠲᠥᠪ 《ᠪᠦᠬᠦ ᠬᠡᠯᠬᠢᠶᠡᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠪᠡᠷ ᠰᠠᠭᠠᠭ᠎ᠤᠨ ᠠᠵᠤ ᠦᠢᠯᠡᠰ᠎ᠲᠦ〈ᠨᠢᠭᠡ ᠯᠡ ᠤᠳᠠᠭ᠎ᠠ᠎ᠳᠤ ᠰᠢᠢᠳᠪᠦᠷᠢᠯᠡᠬᠦ〉 ᠵᠢ ᠬᠥᠢᠴᠡᠳᠭᠡᠬᠥ》 ᠰᠢᠨ᠎ᠡ ᠎ᠶᠢ ᠡᠭᠦᠳᠥᠭᠰᠡᠨ ᠦᠢᠯᠡᠳᠦᠯᠭᠡ᠎ᠳᠦ ᠲᠦᠰᠢᠭᠯᠡᠨ᠂《〈ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠦᠲᠦᠭᠡᠬᠦ〉ᠦᠨᠳᠦᠰᠦᠨ ᠱᠠᠲᠤᠨ᠎ᠳᠤ ᠪᠠᠢᠩᠭᠤᠵᠢᠭᠤᠯᠤᠨ ᠠᠬᠢᠭᠤᠯᠬᠤ ᠲᠣᠭᠲᠠᠴᠠ᠎ᠶᠢᠨ ᠪᠠᠢᠭᠤᠯᠤᠯᠲᠠ᠎ᠶᠢ ᠬᠡᠷᠡᠭᠵᠢᠭᠦᠯᠦᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ》 ᠪᠡᠷ ᠦᠨᠡᠯᠡᠭᠳᠡᠨ᠂ ᠪᠥᠬᠥ ᠤᠯᠤᠰ᠎ᠤᠨ ᠬᠡᠪᠴᠢᠶᠡᠨ᠎ᠳᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠣᠨᠴᠠᠯᠢᠭ᠍ᠲᠤ ᠠᠵᠤ ᠦᠢᠯᠡᠰ᠎ᠢ ᠭᠦᠨᠵᠡᠭᠡᠢ ᠠᠭᠤᠰᠤᠯᠴᠠᠭᠤᠯᠬᠤ᠂ ᠦᠨᠳᠦᠰᠦᠨ ᠱᠠᠲᠤᠨ᠎ᠤ ᠠᠵᠢᠯ ᠶᠠᠪᠤᠳᠠᠯ ᠭᠦᠢᠴᠡᠳᠬᠡᠬᠦ ᠬᠦᠴᠢᠷ ᠠᠰᠠᠭᠤᠳᠠᠯ᠎ᠢ ᠰᠢᠢᠳᠪᠦᠷᠢᠯᠡᠬᠦ ᠬᠡᠪ ᠳᠠᠭᠤᠷᠢᠶᠠᠯ ᠪᠣᠯᠵᠤ᠂ ᠥᠪᠥᠷ ᠮᠣᠩᠭᠣᠯ᠎ᠤᠨ ᠲᠦᠩᠯᠢᠶᠣᠣ ᠬᠣᠲᠠ᠎ᠶᠢᠨ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠥᠭᠡᠷᠡᠴᠢᠯᠡᠯᠲᠡ᠎ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠢᠯᠡᠷᠡᠭᠦᠯᠵᠠᠢ᠃

ᠲᠠᠪᠴᠠᠩ ᠪᠠᠶ᠋ᠢᠭᠤᠯᠬᠤ ᠲᠠᠯ᠎ᠠ᠎ᠪᠠᠷ᠂ ᠬᠦᠷᠢᠶ᠎ᠡ ᠬᠣᠰᠢᠭᠤ 《 ᠪᠣᠬᠢᠷᠲᠤᠯ ᠦᠭᠡᠢ ᠰᠠᠭᠠᠭ᠎ᠤᠨ ᠠᠵᠤ ᠦᠢᠯᠡᠰ᠎ᠦᠨ ᠨᠢᠭᠡ ᠶᠠᠪᠤᠳᠠᠯ 》 ᠤ᠋ᠨ ᠰᠢᠰᠲᠧᠮ᠎ᠢ ᠬᠥᠴᠥᠯᠡᠨ ᠪᠠᠢᠭᠤᠯᠵᠤ᠂ ᠳᠠᠷᠢᠬᠤ᠂ ᠬᠣᠷᠢᠶᠠᠨ ᠬᠠᠳᠠᠭᠠᠯᠠᠬᠤ᠂ ᠡᠳ᠋ᠰᠢᠭᠦᠯᠬᠦ᠂ ᠪᠣᠷᠣᠯᠠᠭᠤᠯᠬᠤ ᠪᠥᠬᠥ ᠠᠵᠤ ᠦᠢᠯᠡᠰ᠎ᠦᠨ ᠬᠡᠯᠬᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ᠂ 11 ᠵᠦᠢᠯ᠎ᠦᠨ ᠭᠣᠣᠯ ᠪᠣᠯᠬᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯ᠎ᠢ ᠨᠡᠢᠳᠬᠡᠵᠦ᠂ ᠣᠯᠠᠨ ᠰᠠᠯᠠᠭ᠎ᠠ ᠮᠥᠴᠢᠷ᠎ᠦᠨ ᠲᠣᠭ᠎ᠠ ᠪᠠᠷᠢᠮᠲᠠ᠎ᠶᠢᠨ ᠬᠤᠯᠪᠤᠭᠠᠰᠥ᠎ᠶᠢ ᠨᠡᠪᠲᠡᠷᠡᠭᠦᠯᠦᠨ᠂ ᠠᠵᠤ ᠠᠬᠤᠢᠯᠠᠯ᠎ᠤᠨ 《ᠨᠢᠭᠡ ᠯᠡ ᠤᠳᠠᠭ᠎ᠠ ᠭᠠᠷᠪᠠᠯ ᠪᠥᠬᠥ ᠶᠠᠪᠤᠴᠠ ᠵᠢ ᠪᠥᠷᠢᠨ ᠭᠦᠢᠴᠡᠳᠬᠡᠬᠦ 》 ᠦᠢᠯᠡᠴᠢᠯᠡᠭᠡ ᠵᠢ ᠪᠡᠶᠡᠯᠡᠭᠦᠯᠵᠦ᠂ ᠲᠣᠭ᠎ᠠ ᠪᠠᠷᠢᠮᠲᠠ᠎ᠶᠢ ᠢᠯᠡᠭᠦᠦ ᠭᠦᠶᠦᠯᠭᠡᠵᠦ᠂ ᠭᠣᠣᠯ ᠴᠣᠭᠴᠠ᠎ᠶᠢ ᠳᠤᠲᠠᠭᠤ ᠭᠦᠶᠦᠯᠭᠡᠬᠥ ᠵᠢ ᠪᠡᠶᠡᠯᠡᠭᠥᠯᠪᠠ᠃ ᠠᠵᠤ ᠦᠢᠯᠡᠰ᠎ᠦᠨ ᠬᠥᠭᠵᠢᠯᠲᠡ᠎ᠶᠢᠨ ᠳᠤᠮᠳᠠᠬᠢ 8 ᠲᠥᠷᠥᠯ᠎ᠦᠨ ᠬᠦᠰᠦᠨᠦᠭᠲᠤ ᠵᠢᠨ ᠮᠡᠳᠡᠭᠡ ᠵᠠᠩᠭᠢ᠎ᠶᠢ ᠳᠠᠪᠬᠤᠷᠳᠠᠭᠤᠯᠤᠨ ᠴᠤᠭᠯᠠᠭᠤᠯᠬᠤ ᠠᠰᠠᠭᠤᠳᠠᠯ᠎ᠳᠤ ᠴᠢᠭᠯᠡᠭᠦᠯᠦᠨ᠂ 《ᠣᠯᠠᠨ ᠬᠦᠰᠦᠨᠦᠭᠲᠦ᠎ᠶᠢ ᠨᠡᠢᠯᠡᠭᠦᠯᠦᠨ ᠨᠢᠭᠡ ᠪᠣᠯᠭᠠᠬᠤ》 ᠥᠭᠡᠷᠡᠴᠢᠯᠡᠯᠲᠡ᠎ᠶᠢ ᠬᠡᠷᠡᠭᠵᠢᠭᠦᠯᠵᠦ᠂《ᠨᠢᠭᠡ ᠯᠡ ᠤᠳᠠᠭ᠎ᠠ ᠮᠡᠳᠡᠭᠳᠡᠬᠦ᠂ ᠨᠢᠭᠡ ᠬᠦᠰᠦᠨᠦᠭᠲᠦ᠎ᠪᠡᠷ ᠭᠤᠶᠤᠴᠢᠯᠠᠬᠤ᠂ ᠨᠢᠭᠡ ᠢᠵᠢ ᠮᠠᠲᠧᠷᠢᠶᠠᠯ᠂ ᠨᠢᠭᠡ ᠴᠣᠩᠬᠣᠪᠴᠢ (ᠦᠵᠦᠭᠦᠷᠯᠢᠭ) ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ᠎ᠪᠡᠷ ᠭᠦᠢᠴᠡᠳᠬᠡᠬᠦ》 ᠪᠠᠷᠢᠮᠵᠢᠶᠠᠵᠢᠭᠤᠯᠤᠭᠰᠠᠨ ᠦᠢᠯᠡᠴᠢᠯᠡᠭᠡᠨ᠎ᠦ ᠵᠠᠭᠪᠤᠷ᠎ᠢ ᠡᠭᠦᠳᠦᠨ᠂ ᠠᠵᠢᠯ ᠶᠠᠪᠤᠳᠠᠯ ᠭᠦᠢᠴᠡᠳᠬᠡᠬᠦ ᠭᠣᠭᠴᠣᠭ᠎ᠠ᠎ᠶᠢ ᠶᠡᠬᠡ ᠬᠡᠮᠵᠢᠶ᠎ᠡ᠎ᠪᠡᠷ ᠳᠥᠭᠥᠮᠴᠢᠯᠡᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠥᠭᠰᠡᠨ ᠪᠠᠢᠨ᠎ᠠ᠃

ᠬᠦᠷᠢᠶ᠎ᠡ ᠬᠣᠰᠢᠭᠤ ᠦᠢᠯᠡᠴᠢᠯᠡᠭᠡ᠎ᠶᠢ ᠨᠠᠷᠢᠯᠢᠭ᠋ ᠣᠨᠣᠴᠠᠲᠠᠢ᠎ᠪᠦᠷᠬᠦᠭᠦᠯᠬᠦ᠎ᠶᠢ ᠪᠠᠲᠤᠯᠠᠬᠤ᠎ᠶᠢᠨ ᠲᠥᠯᠥᠭᠡ᠂ 《 ᠰᠦᠯᠵᠢᠶᠡᠨ ᠳᠡᠭᠡᠷ᠎ᠡ + ᠪᠤᠳᠠᠳᠤ ᠴᠤᠬᠴᠠ》 ᠵᠢᠨ ᠪᠣᠰᠣᠭ᠎ᠠ ᠴᠣᠭᠴᠠᠲᠤ ᠤᠬᠠᠭᠤᠯᠭ᠎ᠠ᠎ᠶᠢᠨ ᠦᠢᠯᠡᠴᠢᠯᠡᠭᠡᠨ᠎ᠦ ᠲᠣᠣᠷ᠎ᠢ ᠪᠠᠢᠭᠤᠯᠪᠠ᠃ ᠰᠦᠯᠵᠢᠶᠡᠨ ᠳᠡᠭᠡᠷ᠎ᠡ ᠵᠠᠰᠠᠭ᠎ᠤᠨ ᠶᠠᠪᠤᠳᠠᠯ᠎ᠤᠨ ᠵᠢᠷᠬᠢᠶ᠎ᠡ ᠵᠢᠨ ᠨᠡᠶ᠋ᠢᠲᠡ᠎ᠶᠢᠨ ᠳ᠋ᠤᠭᠠᠷ᠂ ᠵᠠᠰᠠᠭ᠎ᠤᠨ ᠶᠠᠪᠤᠳᠠᠯ᠎ᠤᠨ ᠰᠢᠭᠤᠳ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ᠎ᠤᠨ ᠠᠷᠭ᠎ᠠ ᠵᠠᠮ᠎ᠢᠶᠠᠷ ᠳᠠᠮᠵᠢᠭᠤᠯᠤᠨ᠂ ᠠᠵᠢᠯᠯᠠᠭᠠᠨ᠎ᠤ ᠵᠦᠭᠯᠡᠭᠦᠷ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠶᠢᠨ ᠸᠢᠳᠢᠤ᠋᠎ᠶᠢ ᠤᠨᠤᠴᠠᠳᠠᠢ ᠬᠦᠷᠭᠡᠵᠠᠢ᠃ ᠪᠤᠳᠠᠳᠤ ᠴᠤᠬᠴᠠ ᠵᠢᠨ ᠳᠠᠯ᠎ᠠ ᠪᠡᠷ  ᠰᠠᠭᠠᠭ᠎ᠤᠨ ᠠᠵᠤ ᠦᠢᠯᠡᠰ᠎ᠦᠨ ᠬᠠᠮᠢᠶ᠎ᠠ ᠪᠦᠬᠦᠢ ᠦᠢᠯᠡᠴᠢᠯᠡᠭᠡᠨ᠎ᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠶᠡᠷᠦᠩᠬᠡᠢᠯᠡᠭᠰᠡᠨ ᠴᠣᠩᠬᠣᠪᠴᠢ᠎ᠳᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠲᠤᠰᠬᠠᠢ ᠲᠤᠰᠢᠶᠠᠯᠲᠠᠨ ᠲᠣᠬᠢᠷᠠᠭᠤᠯᠵᠤ᠂《ᠨᠢᠭᠡ᠎ᠳᠦ ᠨᠢᠭᠡ》ᠵᠢᠨ ᠣᠨᠣᠪᠴᠢᠲᠠᠶ ᠵᠢᠯᠣᠭᠣᠳᠤᠯᠭ᠎ᠠ ᠬᠠᠩᠭᠠᠨ᠂ ᠦᠢᠯᠡᠴᠢᠯᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢᠨ 《ᠡᠴᠦᠰ᠎ᠦᠨ ᠨᠢᠭᠡ ᠺᠢᠯᠣᠮᠧᠲᠷ 》 ᠢ᠋ ᠨᠡᠪᠲᠡᠷᠡᠭᠦᠯᠪᠠ᠃

ᠠᠵᠢᠯ᠎ᠤᠨ ᠶᠠᠪᠤᠴᠠ ᠵᠢ ᠰᠢᠯᠢᠳᠡᠭᠵᠢᠭᠦᠯᠬᠦ ᠪᠠ ᠲᠣᠭ᠎ᠠ ᠪᠠᠷᠢᠮᠲᠠ᠎ᠶᠢ ᠬᠠᠮᠲᠤ ᠪᠠᠷ ᠡᠳ᠋ᠯᠡᠬᠦ᠎ᠪᠡᠷ ᠳᠡᠮᠵᠢᠨ᠂ ᠬᠦᠷᠢᠶ᠎ᠡ ᠬᠣᠰᠢᠭᠤᠨ᠎ᠤ ᠰᠠᠭᠠᠭ᠎ᠤᠨ ᠠᠵᠤ ᠦᠢᠯᠡᠰ᠎ᠦᠨ ᠪᠥᠬᠥ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯ᠎ᠢ ᠭᠦᠢᠴᠡᠳᠬᠡᠬᠦ ᠴᠠᠭ᠎ᠤᠨ ᠬᠢᠵᠠᠭᠠᠷ᠎ᠢ ᠤᠤᠯ᠎ᠤᠨ 23 ᠠᠵᠢᠯ᠎ᠤᠨ ᠡᠳᠦᠷ᠎ᠡᠴᠡ 9 ᠠᠵᠢᠯ᠎ᠤᠨ ᠡᠳᠦᠷ ᠪᠣᠯᠭᠠᠨ ᠪᠠᠭᠠᠰᠬᠠᠵᠤ᠂ ᠭᠤᠶᠤᠴᠢᠯᠠᠬᠤ ᠮᠠᠲᠧᠷᠢᠶᠠᠯ᠎ᠢ 38 ᠬᠤᠪᠢ ᠪᠠᠢᠭᠰᠠᠨ᠎ᠠᠴᠠ 14 ᠬᠤᠪᠢ ᠪᠣᠯᠭᠠᠨ ᠴᠣᠮᠬᠠᠳᠬᠠᠨ᠂ ᠬᠢᠨᠠᠨ ᠵᠥᠪᠰᠢᠶᠡᠷᠡᠬᠦ ᠭᠣᠭᠴᠣᠭ᠎ᠠ᠎ᠶᠢ 14 ᠡᠳᠦᠷ ᠪᠠᠢᠭᠰᠠᠨ᠎ᠠᠴᠠ 3 ᠪᠣᠯᠭᠠᠨ ᠰᠢᠯᠢᠳᠡᠭᠵᠢᠭᠦᠯᠵᠦ᠂ ᠠᠵᠤ ᠠᠬᠤᠢᠯᠠᠯ ᠪᠠ ᠣᠯᠠᠨ ᠲᠦᠮᠡᠨ᠎ᠦ ᠠᠵᠢᠯ ᠶᠠᠪᠤᠳᠠᠯ ᠭᠦᠢᠴᠡᠳᠬᠡᠬᠦ ᠳᠠᠷᠤᠭᠠᠰᠤ᠎ᠶᠢ ᠦᠨᠡᠨ᠎ᠬᠦ  ᠬᠥᠩᠭᠡᠷᠡᠭᠦᠯᠵᠠᠢ᠃

ᠣᠲᠣ᠌ ᠪᠣᠯᠲᠠᠯ᠎ᠠ᠂ ᠲᠣᠰ ᠦᠢᠯᠡᠴᠢᠯᠡᠭᠡᠨ᠎ᠦ ᠵᠠᠭᠪᠤᠷ ᠨᠢᠭᠡᠨᠲᠡ 202 ᠰᠠᠭᠠᠭ᠎ᠤᠨ ᠬᠣᠯᠪᠣᠭᠳᠠᠯ ᠪᠦᠬᠦᠢ ᠠᠵᠤ ᠠᠬᠤᠢᠯᠠᠯ᠎ᠳᠤ ᠨᠠᠷᠢᠯᠢᠭ᠋ ᠣᠨᠣᠴᠠᠲᠠᠢ ᠦᠢᠯᠡᠴᠢᠯᠡᠭᠡ ᠬᠠᠩᠭᠠᠵᠤ᠂ ᠠᠵᠤ ᠠᠬᠤᠢᠯᠠᠯ᠎ᠢ ᠬᠠᠪᠰᠤᠷᠤᠨ᠂ ᠴᠠᠭ ᠪᠠ ᠬᠦᠮᠦᠨ᠎ᠤ ᠬᠦᠴᠦᠨ᠎ᠤ ᠥᠪᠡᠷ᠎ᠦᠨ ᠥᠷᠲᠡᠭ᠎ᠢ ᠠᠷᠪᠢᠯᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号