ᠲᠦᠩᠯᠢᠶᠣᠣ ᠬᠣᠲᠠ᠎ᠶᠢᠨ ᠨᠡᠢᠭᠡᠮ᠎ᠦᠨ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠰᠤᠷᠤᠯᠴᠠᠯᠭ᠎ᠠ ᠤᠬᠠᠭᠤᠯᠭ᠎ᠠ ᠪᠠ ᠰᠣᠯᠢᠯᠴᠠᠭ᠎ᠠ ᠦᠵᠡᠭᠦᠯᠭᠡ᠎ᠶᠢᠨ ᠠᠵᠢᠯᠯᠠᠭ᠎ᠠ 11 ᠰᠠᠷ᠎ᠠ᠎ᠶᠢᠨ 17᠎ᠤ ᠡᠳᠦᠷ ᠲᠦᠩᠯᠢᠶᠣᠣ ᠬᠣᠲᠠ᠎ᠶᠢᠨ ᠨᠣᠮ᠎ᠤᠨ ᠰᠠᠩ᠎ᠳᠤ ᠶᠠᠪᠤᠭᠳᠠᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ ᠳ᠋ᠤ᠂ ᠥᠪᠥᠷ ᠮᠣᠩᠭᠣᠯ᠎ᠤᠨ ᠪᠠᠶᠠᠨ ᠬᠠᠩᠭᠠᠢ ᠢᠳᠡᠭᠡᠨ᠎ᠦ ᠬᠢᠵᠠᠭᠠᠷᠲᠤ ᠺᠣᠮᠫᠠᠨᠢ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠺᠠᠩ ᠳᠠ ᠡᠮ᠎ᠦᠨ ᠳᠡᠯᠭᠡᠭᠦᠷ᠎ᠦᠨ ᠬᠡᠯᠬᠢᠶ᠎ᠡ᠎ᠳᠦ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠣᠩᠭᠣᠯ ᠸᠠᠩ ᠠᠵᠤ ᠦᠢᠯᠡᠰ᠎ᠦᠨ ᠬᠢᠵᠠᠭᠠᠷᠲᠤ ᠺᠣᠮᠫᠠᠨᠢ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠯᠢᠦ ᠳᠡ ᠫᠧᠩ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ᠎ᠦᠨ ᠬᠤᠷᠰᠢᠶ᠎ᠡ᠂ ᠲᠦᠩᠯᠢᠶᠣᠣ᠎ᠶᠢᠨ ᠰᠢᠶᠠᠨ ᠴᠦᠨ ᠢᠳᠡᠭᠡᠨ᠎ᠦ ᠬᠢᠵᠠᠭᠠᠷᠲᠤ ᠺᠣᠮᠫᠠᠨᠢ ᠵᠡᠷᠭᠡ ᠠᠳᠠᠯᠢ ᠪᠤᠰᠤ ᠠᠵᠢᠯ ᠲᠦᠷᠦᠯ᠎ᠡᠴᠡ ᠢᠷᠡᠭᠰᠡᠨ ᠲᠠᠪᠤᠨ ᠦᠨᠡᠨᠴᠢ ᠢᠲᠡᠭᠡᠮᠵᠢ᠎ᠶᠢᠨ ᠨᠡᠢᠲᠡᠯᠢᠭ ᠵᠢᠱ᠌ᠢᠶ᠎ᠡ ᠨᠢ ᠥᠪᠡᠷ ᠥᠪᠡᠷ᠎ᠦᠨ ᠬᠦᠷᠢᠶᠡᠨ᠎ᠳᠡᠭᠡᠨ ᠦᠨᠡᠨᠴᠢ ᠢᠲᠡᠭᠡᠮᠵᠢ᠎ᠲᠠᠢ ᠪᠠᠢᠬᠤ᠎ᠶᠢ ᠪᠠᠷᠢᠮᠲᠠᠯᠠᠭᠰᠠᠨ ᠰᠡᠳᠬᠢᠯ ᠬᠥᠳᠡᠯᠭᠡᠮ᠎ᠡ ᠦᠯᠢᠭᠡᠷ᠎ᠢ ᠪᠣᠷᠣᠭᠵᠢᠭᠤᠨ ᠦᠭᠡ ᠬᠡᠯᠡ᠂ ᠦᠨᠡᠨᠴᠢ ᠰᠡᠳᠬᠢᠯᠭᠡ᠎ᠪᠡᠷ ᠶᠠᠷᠢᠵᠠᠢ᠃ ᠲᠠᠳᠠ ᠪᠣᠳᠠᠲᠤ ᠠᠵᠢᠯᠯᠠᠭ᠎ᠠ᠎ᠪᠠᠷ᠎ᠢᠶᠠᠨ ᠦᠨᠡᠨᠴᠢ ᠢᠲᠡᠭᠡᠮᠵᠢᠲᠡᠢ ᠪᠠᠢᠬᠤ ᠪᠣᠯ ᠠᠵᠤ ᠠᠬᠤᠢᠯᠠᠯ᠎ᠤᠨ ᠬᠥᠭᠵᠢᠯᠲᠡ᠎ᠶᠢᠨ ᠰᠠᠭᠤᠷᠢ᠂ ᠨᠡᠢᠭᠡᠮ᠎ᠦᠨ ᠡᠶ᠎ᠡ ᠵᠣᠬᠢᠴᠠᠯ᠎ᠤᠨ ᠬᠣᠯᠪᠣᠭᠠᠰᠤ ᠪᠠᠢᠵᠤ᠂ ᠨᠠᠩ ᠴᠤ᠌ ᠲᠦᠩᠯᠢᠶᠣᠣ ᠬᠣᠲᠠ᠎ᠶᠢᠨ ᠬᠠᠮᠤᠭ᠎ᠤᠨ ᠰᠡᠳᠬᠢᠯ ᠬᠥᠳᠡᠯᠭᠡᠮ᠎ᠡ ᠰᠠᠭᠤᠷᠢ ᠥᠩᠭᠡ ᠮᠥᠨ ᠭᠡᠳᠡᠭ᠎ᠢ ᠭᠡᠷᠡᠴᠢᠯᠡᠭᠰᠡᠨ ᠪᠠᠢᠨ᠎ᠠ᠃
ᠲᠦᠩᠯᠢᠶᠣᠣ ᠬᠤᠳᠠ᠎ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ᠎ᠪᠡᠷ ᠬᠠᠷᠠᠯᠲᠠ ᠪᠣᠯᠭᠠᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢᠭᠡᠮ᠎ᠦᠨ ᠦᠨᠡᠨᠴᠢ ᠢᠲᠡᠭᠡᠮᠵᠢ᠂ ᠬᠠᠤᠯᠢ ᠴᠠᠭᠠᠵᠠ᠎ᠶᠢᠨ ᠤᠯᠠᠨ ᠨᠡᠶ᠋ᠢᠲᠡ᠎ᠶᠢᠨ ᠢᠲᠡᠭᠡᠮᠵᠢ᠎ᠶᠢᠨ ᠬᠦᠷᠢᠶᠡᠨ᠎ᠦ ᠦᠷ᠎ᠡ ᠪᠦᠲᠦᠭᠡᠯ᠎ᠢ ᠪᠡᠬᠢᠵᠢᠭᠦᠯᠵᠤ ᠳᠡᠭᠡᠭᠰᠢᠯᠡᠭᠦᠯᠥᠨ᠂ 《ᠦᠨᠡᠨᠴᠢ ᠢᠳᠡᠭᠡᠮᠵᠢ ᠪᠡᠷ ᠬᠤᠳᠠ ᠪᠠᠨ ᠪᠠᠶ᠋ᠢᠭᠤᠯᠬᠤ》 ᠶ᠋ᠢ ᠣᠳᠣᠬᠢᠴᠢᠯᠠᠭᠰᠠᠨ ᠲᠦᠩᠯᠢᠶᠣᠣ᠎ᠶᠢ ᠪᠦᠲᠦᠭᠡᠨ ᠪᠠᠶ᠋ᠢᠭᠤᠯᠬᠤ ᠬᠠᠮᠤᠭ᠎ᠤᠨ ᠦᠵᠡᠰᠬᠦᠯᠡᠩᠲᠦ ᠰᠠᠢᠬᠠᠨ ᠰᠠᠭᠤᠷᠢ ᠥᠩᠭᠡ ᠪᠣᠯᠭᠠᠵᠤ᠂ ᠪᠦᠬᠦ ᠲᠠᠯ᠎ᠠ᠎ᠪᠠᠷ ᠬᠦᠴᠢᠷ ᠪᠠᠢᠳᠠᠯ᠎ᠢ ᠰᠢᠪᠲᠤᠯᠬᠤ᠂ ᠴᠢᠨᠠᠷ ᠰᠠᠢᠲᠠᠢ ᠳᠠᠪᠠᠯᠲᠠᠲᠠᠢᠤᠷᠤᠬᠰᠢᠯᠠᠬᠤᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠥ ᠪᠡᠷ ᠪᠤᠢ᠃