ᠪᠦᠬᠦ ᠤᠷᠤᠨ ᠤ᠋ ᠤᠷᠭᠤᠮᠠᠯ ᠤ᠋ᠨ ᠬᠢᠵᠢᠭ ᠪᠠᠢᠴᠠᠭᠠᠭᠴᠢ ᠶ᠋ᠢᠨ ᠪᠤᠯᠪᠠᠰᠤᠷᠠᠯ ᠶᠠᠪᠤᠭᠳᠠᠪᠠ
2025-11-25 16:39:24
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠦᠪᠦᠷ ᠮᠤᠡᠭᠭᠤᠯ ᠤ᠋ᠨ ᠤᠷᠭᠤᠮᠠᠯ ᠤ᠋ᠨ ᠬᠢᠵᠢᠭ ᠪᠠᠢᠴᠠᠭᠠᠬᠤ ᠡᠩᠨᠡᠭᠡᠨ ᠤ᠋ ᠪᠠᠢᠭᠤᠯᠤᠯᠲᠠ᠎ᠶ᠋ᠢ ᠴᠢᠩᠭᠠᠳᠭᠠᠨ᠂ ᠤᠷᠭᠤᠮᠠᠯ ᠤ᠋ᠨ ᠬᠢᠵᠢᠭ ᠪᠠᠢᠴᠠᠭᠠᠭ᠍ᠴᠢ ᠶ᠋ᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠶ᠋ᠢᠨ ᠲᠤᠰᠠᠳᠠ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ᠋ ᠤᠷᠭᠤᠮᠠᠯ ᠤ᠋ᠨ ᠬᠠᠮᠠᠭᠠᠯᠠᠯᠲᠠ ᠶ᠋ᠢᠨ ᠬᠢᠵᠢᠭ ᠪᠠᠢᠴᠠᠭᠠᠬᠤ ᠲᠥᠪ ᠪᠠᠶᠠᠨᠨᠠᠭᠤᠷ ᠬᠣᠲᠠ ᠳ᠋ᠦ ᠪᠥᠬᠥ᠌ ᠣᠷᠣᠨ ᠤ᠋ ᠲᠠᠷᠢᠮᠠᠯ ᠤ᠋ᠨ ᠬᠢᠵᠢᠭ ᠪᠠᠢᠴᠠᠭᠠᠭ᠍ᠴᠢ ᠶ᠋ᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ ᠢ᠋ ᠦᠷᠨᠢᠬᠦᠯᠪᠡ᠃ ᠪᠥᠬᠥ᠌ ᠣᠷᠣᠨ ᠤ᠋ 12 ᠠᠢᠮᠠᠭ ᠬᠣᠲᠠ ᠶ᠋ᠢᠨ 37 ᠬᠣᠱᠢᠭᠤ (ᠱᠢᠶᠠᠨ᠂ ᠲᠣᠭᠣᠷᠢᠭ) ᠶ᠋ᠢᠨ 80 ᠭᠠᠷᠤᠶ ᠤᠷᠭᠤᠮᠠᠯ ᠤ᠋ᠨ ᠬᠢᠵᠢᠭ ᠪᠠᠢᠴᠠᠭᠠᠭ᠍ᠴᠢ ᠪᠣᠯᠪᠠᠰᠤᠷᠠᠯ ᠳ᠋ᠦ ᠣᠷᠣᠯᠴᠠᠭᠰᠠᠨ ᠪᠠᠢᠨ᠎ᠠ᠃

ᠲᠤᠰ ᠤᠳᠠᠭ᠎ᠠ ᠵᠢᠨ ᠪᠤᠯᠪᠠᠰᠤᠷᠠᠯ ᠤ᠋ᠨ ᠠᠭᠤᠯᠭ᠎ᠠ ᠪᠠᠶᠠᠯᠢᠭ᠂ ᠭᠣᠣᠯᠳᠠᠯᠭ᠎ᠠ ᠲᠣᠪᠣᠢᠮ᠎ᠠ ᠪᠠᠢᠵᠤ᠂ ᠤᠨᠤᠯ ᠤ᠋ᠨ ᠰᠤᠷᠤᠯᠴᠠᠯᠭ᠎ᠠ ᠮᠡᠷᠭᠡᠵᠢᠯ ᠤ᠋ᠨ ᠪᠤᠯᠪᠠᠰᠤᠷᠠᠯ ᠢ᠋ ᠬᠠᠮᠤᠷᠴᠠᠢ᠃ ᠪᠦᠬᠦ᠌ ᠤᠯᠤᠰ ᠤ᠋ᠨ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ ᠲᠥᠪ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠨᠠᠨᠵᠢᠩ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠡᠷᠭᠡ ᠰᠤᠳᠤᠯᠭᠠᠨ ᠤ᠋ ᠬᠦᠷᠢᠶᠡᠯᠡᠡᠭ᠂ ᠶᠡᠬᠡ ᠳᠡᠭᠡᠳᠦ ᠰᠤᠷᠭᠠᠭᠤᠯᠢ ᠶ᠋ᠢᠨ 6 ᠲᠤᠰᠬᠠᠢ ᠮᠡᠷᠭᠡᠵᠢᠯᠲᠡᠨ ᠡᠴᠡ ᠤᠷᠭᠤᠮᠠᠯ ᠤ᠋ᠨ ᠠᠮᠢᠳᠤ ᠪᠣᠳᠠᠰ ᠤ᠋ᠨ ᠠᠮᠤᠷ ᠲᠦᠪᠱᠢᠨ ᠪᠣᠯᠤᠨ ᠬᠤᠤᠷᠲᠤ ᠠᠮᠢᠳᠤ ᠪᠣᠳᠠᠰ ᠤ᠋ᠨ ᠠᠶᠤᠯ ᠲᠦᠭ᠌ᠰᠢᠭᠦᠷᠢ ᠢ᠋ ᠵᠠᠳᠠᠯᠬᠤ᠂ ᠤᠷᠭᠤᠮᠠᠯ ᠤ᠋ᠨ ᠬᠢᠵᠢᠭ ᠪᠠᠢᠴᠠᠭᠠᠯᠲᠠ ᠶ᠋ᠢᠨ ᠬᠠᠤᠯᠢ ᠳᠦᠷᠢᠮ᠂ ᠲᠠᠷᠢᠮᠠᠯ ᠤ᠋ᠨ ᠭᠤᠤᠯ ᠪᠣᠯᠬᠤ ᠬᠢᠵᠢᠭ ᠤ᠋ᠨ ᠴᠢᠨᠠᠷᠲᠠᠶ ᠡᠪᠡᠳᠴᠢᠨ ᠤ᠋ ᠬᠤᠤᠷ ᠬᠥᠨᠥᠭᠡᠯ ᠢ᠋ ᠢᠯᠭᠠᠨ ᠲᠠᠨᠢᠬᠤ ᠪᠠ ᠰᠡᠷᠭᠡᠢᠯᠡᠨ ᠵᠠᠰᠠᠬᠤ ᠠᠷᠭ᠎ᠠ᠂ ᠱᠢᠷ᠎ᠠ ᠪᠤᠷᠴᠠᠭ ᠤ᠋ᠨ ᠦᠨᠳᠦᠰᠦ ᠢᠯᠵᠠᠷᠠᠬᠤ ᠡᠪᠡᠳᠴᠢᠨ ᠢ᠋ ᠢᠯᠭᠠᠨ ᠲᠠᠨᠢᠬᠤ ᠪᠠ ᠰᠡᠷᠭᠡᠢᠯᠡᠨ ᠡᠵᠡᠮᠳᠡᠬᠦ᠌ ᠠᠷᠭ᠎ᠠ᠂ ᠴᠢᠬᠤᠯᠠ ᠲᠠᠷᠢᠮᠠᠯ ᠪᠤᠯᠤᠨ ᠲᠡᠵᠢᠭᠡᠯ ᠡᠪᠡᠰᠦ ᠵᠢᠨ ᠡᠪᠡᠳᠴᠢᠨ ᠤ᠋ ᠬᠥᠨᠥᠭᠡᠯ ᠢ᠋ ᠢᠯᠭᠠᠨ ᠲᠠᠨᠢᠬᠤ ᠪᠠ ᠣᠨᠣᠱᠢᠯᠠᠬᠤ ᠠᠷᠭ᠎ᠠ ᠵᠡᠷᠭᠡ ᠠᠭᠤᠯᠭ᠎ᠠ ᠶ᠋ᠢᠨ ᠲᠤᠭᠤᠷᠢᠨ ᠳ᠋ᠦ ᠪᠤᠯᠪᠠᠰᠤᠷᠠᠯ ᠦᠨᠢᠷᠭᠦᠯᠪᠡ᠃

ᠮᠡᠷᠭᠡᠵᠢᠯ ᠤ᠋ᠨ ᠪᠤᠯᠪᠠᠰᠤᠷᠠᠯ ᠤ᠋ᠨ ᠭᠣᠭ᠍ᠴᠣᠭ᠎ᠠ ᠳ᠋ᠦ᠂ RT - PCR ᠱᠢᠯᠭᠠᠨ ᠪᠠᠢᠴᠠᠭᠠᠬᠤ ᠲᠤᠷᠰᠢᠬᠤ ᠡᠮ ᠤ᠋ᠨ ᠬᠠᠢᠷᠴᠠᠭ᠂ ᠠᠯᠠᠭᠠᠨ ᠳᠡᠭᠡᠷᠡᠬᠢ ᠴᠡᠭᠡᠨ ᠬᠡᠷᠡᠯ ᠶ᠋ᠢᠡᠷ ᠱᠢᠯᠭᠠᠨ ᠪᠠᠢᠴᠠᠭᠠᠬᠤ ᠬᠡᠮᠵᠢᠭᠦᠷᠯᠢᠭ ᠵᠡᠷᠭᠡ ᠠᠪᠴᠤ᠌ ᠶᠠᠪᠤᠬᠤ ᠳ᠋ᠦ ᠲᠥᠬᠥᠮ᠂ ᠠᠵᠢᠯᠯᠠᠭᠤᠯᠬᠤ ᠳ᠋ᠦ ᠲᠥᠬᠥᠮ ᠦᠨᠳᠦᠷ ᠪᠦᠲᠦᠮᠵᠢᠲᠡᠢ ᠰᠢᠯᠭᠠᠨ ᠪᠠᠢᠴᠠᠭᠠᠬᠤ ᠬᠡᠮᠵᠢᠭᠦᠷᠯᠢᠭ ᠤ᠋ᠨ ᠬᠡᠷᠡᠭᠯᠡᠬᠦ ᠠᠷᠭ᠎ᠠ ᠵᠢ ᠲᠤᠬᠠᠢ ᠶ᠋ᠢᠨ ᠲᠠᠯᠠᠪᠠᠢ ᠳ᠋ᠦ ᠵᠢᠭᠠᠵᠤ ᠦᠭᠭᠦᠭᠰᠡᠨ ᠪᠦᠭᠡᠳ ᠬᠡᠷᠬᠢᠨ ᠥᠯᠢᠭᠡᠷ ᠠᠪᠬᠤ᠂ ᠲᠤᠷᠱᠢᠯᠲᠠ ᠬᠢᠬᠦ᠌᠂ ᠦᠷ᠎ᠡ ᠳ᠋ᠦᠩ ᠢ᠋ ᠪᠠᠢᠴᠠᠭᠠᠨ ᠦᠵᠡᠬᠦ ᠪᠦᠬᠦᠢᠯᠡ ᠶᠠᠪᠤᠴᠠ᠎ᠳᠦ ᠪᠣᠳᠠᠲᠠᠶ ᠠᠵᠢᠯᠯᠠᠭᠠᠨ ᠤ᠋ ᠪᠤᠯᠪᠠᠰᠤᠷᠠᠯ ᠦᠷᠨᠢᠭᠦᠯᠪᠡ᠃ ᠡᠭᠦᠨ ᠶ᠋ᠢᠡᠷ ᠳᠠᠮᠵᠢᠨ ᠤᠷᠭᠤᠮᠠᠯ ᠤ᠋ᠨ ᠬᠢᠵᠢᠭ ᠢ᠋ ᠲᠦᠷᠭᠡᠨ ᠱᠢᠯᠭᠠᠨ ᠪᠠᠢᠴᠠᠭᠠᠬᠤ ᠮᠡᠷᠭᠡᠵᠢᠯ ᠢ᠋ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠨ ᠠᠬᠢᠭᠤᠯᠵᠤ᠂ ᠬᠢᠵᠢᠭ ᠪᠠᠢᠴᠠᠭᠠᠭ᠍ᠴᠢ ᠶ᠋ᠢᠨ ᠮᠡᠷᠭᠡᠵᠢᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌᠎ᠳᠦ ᠢᠳᠡᠪᠬᠢᠲᠡᠶ ᠦᠢᠯᠡᠳᠦᠯ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号