ᠥᠪᠥᠷ ᠮᠣᠩᠭᠣᠯ ᠤ᠋ᠨ ᠮᠦᠽᠧᠶ ᠲᠦᠷᠦᠬᠦᠬᠡᠨ 2025 ᠣᠨ ᠤ᠋ 6 ᠳ᠋ᠤᠭᠠᠷ ᠤᠳᠠᠭ᠎ᠠ ᠵᠢᠨ《ᠤᠮᠠᠷᠠᠲᠤ ᠬᠢᠯᠢ ᠶ᠋ᠢᠨ ᠡᠷᠳᠡᠨᠢᠰ ᠤ᠋ᠨ ᠬᠢᠨᠠᠨ ᠲᠤᠭᠳᠠᠭᠠᠯᠳᠠ》 ᠠᠷᠠᠳ ᠤ᠋ᠨ ᠬᠤᠷᠢᠶᠠᠨ ᠬᠠᠳᠠᠭᠠᠯᠠᠵᠦ ᠪᠠᠢᠭ᠎ᠠ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠬᠢᠨᠠᠨ ᠲᠤᠭᠳᠠᠭᠠᠵᠦ ᠵᠦᠪᠯᠡᠯᠭᠡ ᠦᠭᠬᠦ ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠦᠷᠨᠢᠬᠦᠯᠪᠡ᠃
ᠱᠢᠯᠭᠠᠨ ᠲᠣᠭ᠍ᠲᠠᠭᠠᠬᠤ ᠲᠤᠬᠠᠶ ᠶ᠋ᠢᠨ ᠲᠠᠯᠠᠪᠠᠶ ᠳ᠋ᠦ᠂ ᠲᠤᠰᠭᠠᠶ ᠮᠡᠷᠭᠡᠵᠢᠯᠲᠡᠨ ᠡᠯᠪᠡᠭ ᠪᠠᠶᠠᠯᠢᠭ ᠲᠤᠷᠱᠢᠯᠭ᠎ᠠ ᠪᠠ ᠲᠤᠰᠭᠠᠶ ᠮᠡᠷᠭᠡᠵᠢᠯ ᠤ᠋ᠨ ᠮᠡᠳᠡᠯᠭᠡ ᠪᠡᠷ ᠢ᠋ᠶ᠋ᠡᠨ ᠬᠠᠳᠠᠭᠠᠯᠠᠮᠵᠢ ᠶ᠋ᠢᠨ ᠡᠳ᠋ ᠤ᠋ᠨ ᠬᠡᠯᠪᠡᠷᠢ ᠲᠦᠷᠰᠦ᠂ ᠲᠠᠭᠤ ᠵᠢ ᠴᠢᠩᠨᠠᠬᠤ᠂ ᠲᠡᠮᠲᠡᠷᠢᠭᠦ᠂ ᠨᠠᠷᠢᠨ ᠵᠦᠶ᠋ᠯᠡᠰ ᠢ᠋ ᠦᠵᠡᠬᠦ᠌ ᠵᠢᠴᠢ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠱᠢᠯᠭᠠᠨ ᠪᠠᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠡᠷ ᠳᠠᠮᠵᠢᠨ ᠬᠡ ᠤᠭᠠᠯᠵᠠ᠂ ᠳᠦᠷᠰᠦ ᠪᠦᠲᠦᠭᠡᠯᠲᠡ᠂ ᠦᠶ᠋ᠯᠡᠳᠬᠦ᠌ ᠤᠷᠠᠯᠠᠯ ᠵᠡᠷᠭᠡ ᠣᠯᠠᠨ ᠲᠠᠯ᠎ᠠ ᠡᠴᠡ ᠨᠠᠷᠢᠨ ᠨᠢᠮᠪᠠᠶ ᠢᠯᠭᠠᠨ ᠳᠣᠲᠣᠯᠠᠵᠦ᠂ ᠬᠠᠳᠠᠭᠠᠯᠠᠮᠵᠢ ᠶ᠋ᠢᠨ ᠡᠳ᠋ ᠤ᠋ᠨ ᠵᠢᠩᠬᠢᠨᠢ ᠬᠠᠭᠤᠷᠮᠠᠭ᠂ ᠪᠦᠳᠦᠭᠡᠭᠳᠡᠭᠰᠡᠨ ᠣᠨ ᠴᠠᠭ᠂ ᠦᠨ᠎ᠡ ᠥᠷᠲᠡᠭ ᠲᠦ᠍ ᠬᠢᠨᠠᠨ ᠲᠤᠭᠳᠠᠭᠠᠯᠳᠠ ᠬᠢᠵᠦ ᠦᠭᠴᠡᠢ᠃ ᠲᠤᠰᠭᠠᠶ ᠮᠡᠷᠭᠡᠵᠢᠯᠲᠡᠳ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠬᠢᠨᠠᠨ ᠲᠣᠭ᠍ᠲᠠᠭᠠᠬᠤ ᠤᠷ᠎ᠠ ᠮᠡᠷᠭᠡᠵᠢᠯ ᠪᠠ ᠬᠣᠷᠢᠶᠠᠨ ᠬᠠᠳᠠᠭᠠᠯᠠᠬᠤ ᠲᠤᠷᠱᠢᠯᠭ᠎ᠠ ᠪᠠᠨ ᠬᠤᠪᠢᠶᠠᠯᠴᠠᠬᠤ ᠡᠴᠡ ᠭᠠᠳᠠᠨ᠎ᠠ ᠪᠠᠰᠠ ᠲᠤᠬᠠᠶ ᠶ᠋ᠢᠨ ᠲᠠᠯᠠᠪᠠᠶ ᠳ᠋ᠦ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠬᠠᠮᠠᠭᠠᠯᠠᠬᠤ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠱᠢᠯᠭᠠᠨ ᠦᠵᠡᠬᠦ᠌ ᠮᠡᠳᠡᠯᠭᠡ ᠵᠢ ᠲᠦᠭᠡᠮᠡᠯᠵᠢᠭᠦᠯᠵᠦ᠍᠂ ᠬᠤᠷᠢᠶᠠᠨ ᠬᠠᠳᠠᠭᠠᠯᠠᠭᠴᠢᠳ ᠤ᠋ᠨ ᠦᠨᠡᠳᠦ ᠡᠷᠳᠡᠨᠢᠰ ᠤ᠋ᠨ ᠲᠡᠦᠬᠡ ᠪᠠ ᠰᠣᠶᠣᠯ ᠤ᠋ᠨ ᠦᠨ᠎ᠡ ᠥᠷᠲᠡᠭ ᠢ᠋ ᠳᠠᠬᠢᠨ ᠲᠠᠨᠢᠭᠤᠯᠪᠠ᠃ ᠲᠣᠰ ᠤᠳᠠᠭ᠎ᠠ ᠵᠢᠨ ᠠᠵᠢᠯᠯᠠᠭ᠎ᠠ ᠳ᠋ᠦ ᠨᠡᠢᠲᠡ 53 ᠢᠵᠢ ᠡᠳ᠋ ᠪᠣᠳᠠᠰ ᠲᠦ᠍ ᠬᠢᠨᠠᠨ ᠲᠣᠭ᠍ᠲᠠᠭᠠᠯᠳᠠ ᠬᠢᠵᠦ᠂ ᠵᠣᠭᠣᠰ᠂ ᠱᠠᠭᠠᠵᠠᠩ ᠡᠳ᠋ᠯᠡᠯ᠂ ᠴᠢᠯᠠᠭᠤᠨ ᠵᠡᠪᠰᠡᠭ᠂ ᠮᠠᠨᠤ ᠬᠠᠰ ᠡᠳ᠋ᠯᠡᠯ᠂ ᠵᠡᠰ᠂ ᠴᠠᠭᠠᠰᠤᠨ ᠨᠣᠮ ᠪᠢᠴᠢᠭ ᠵᠢᠷᠤᠭ᠂ ᠬᠤᠪᠢᠰᠭᠠᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯ ᠵᠡᠷᠭᠡ ᠵᠢ ᠪᠠᠭ᠍ᠲᠠᠭᠠᠵᠠᠢ᠃
ᠣᠢᠯᠠᠭᠠᠭ᠍ᠰᠠᠨ ᠢ᠋ᠶ᠋ᠠᠷ᠂《ᠤᠮᠠᠷᠠᠲᠤ ᠬᠢᠯᠢ ᠶ᠋ᠢᠨ ᠡᠷᠳᠡᠨᠢᠰ ᠤ᠋ᠨ ᠬᠢᠨᠠᠨ ᠲᠤᠭᠳᠠᠭᠠᠯᠳᠠ》 ᠪᠣᠯ ᠥᠪᠥᠷ ᠮᠣᠩᠭᠣᠯ ᠤ᠋ᠨ ᠮᠦᠽᠧᠶ ᠶ᠋ᠢᠨ ᠪᠠᠢᠩᠭᠤ ᠶ᠋ᠢᠨ ᠴᠢᠨᠠᠷᠲᠠᠶ ᠥᠷᠨᠢᠭᠦᠯᠵᠤ ᠪᠠᠢᠭ᠎ᠠ ᠨᠡᠢᠲᠡ ᠶ᠋ᠢᠨ ᠠᠰᠠᠷᠠᠮᠵᠢ ᠶ᠋ᠢᠨ ᠬᠢᠨᠠᠨ ᠲᠣᠭ᠍ᠲᠠᠭᠠᠬᠤ ᠠᠵᠢᠯᠯᠠᠭ᠎ᠠ ᠪᠠᠢᠵᠤ᠂ ᠡᠨᠡ ᠵᠢᠯ ᠲᠦᠩᠯᠢᠶᠣᠤ᠂ ᠠᠯᠠᠱᠠ᠂ ᠣᠷᠳᠣᠰ᠂ ᠬᠥᠬᠡᠬᠣᠲᠠ ᠵᠡᠷᠭᠡ ᠠᠢᠮᠠᠭ ᠬᠣᠲᠠᠶᠢᠨ ᠬᠤᠷᠢᠶᠠᠨ ᠬᠠᠳᠠᠭᠠᠯᠠᠭᠴᠢᠳ ᠲᠦ᠍ 430 ᠭᠠᠷᠤᠶ ᠬᠤᠪᠢ ᠢᠵᠢ ᠡᠳ᠋ ᠪᠣᠳᠠᠰ ᠢ᠋ ᠬᠢᠨᠠᠨ ᠲᠣᠭ᠍ᠲᠠᠭᠠᠵᠤ ᠥᠭ᠌ᠴᠡᠶ᠃ ᠠᠵᠢᠯᠯᠠᠭ᠎ᠠ ᠳ᠋ᠤ ᠥᠪᠥᠷ ᠮᠣᠩᠭᠣᠯ ᠤ᠋ᠨ ᠮᠦᠽᠧᠶ ᠶ᠋ᠢᠨ ᠲᠤᠰᠭᠠᠶ ᠮᠡᠷᠭᠡᠵᠢᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠢ᠋ᠶ᠋ᠡᠨ ᠭᠦᠶ᠋ᠴᠡᠳ ᠪᠠᠳᠠᠷᠠᠭᠤᠯᠵᠤ᠂ ᠠᠷᠠᠳ ᠤ᠋ᠨ ᠳᠤᠮᠳᠠᠬᠢ ᠬᠣᠷᠢᠶᠠᠨ ᠬᠠᠳᠠᠭᠠᠯᠠᠭ᠍ᠴᠢᠳ ᠤ᠋ᠨ ᠬᠡᠷᠡᠭ᠌ᠴᠡᠭᠡ ᠵᠢ ᠬᠠᠩᠭᠠᠭᠰᠠᠨ ᠢ᠋ᠶ᠋ᠡᠷ ᠪᠠᠷᠠᠬᠤ ᠥᠬᠡᠶ᠂ ᠵᠥᠪ ᠵᠢᠡᠷ ᠬᠣᠷᠢᠶᠠᠨ ᠬᠠᠳᠠᠭᠠᠯᠠᠬᠤ ᠣᠢᠯᠠᠭᠠᠭ᠍ᠳᠠᠬᠤᠨ ᠢ᠋ ᠪᠣᠶ ᠪᠣᠯᠭᠠᠨ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠬᠠᠤᠯᠢ ᠶᠣᠰᠣᠭᠠᠷ ᠬᠣᠷᠢᠶᠠᠨ ᠬᠠᠳᠠᠭᠠᠯᠠᠬᠤ ᠪᠠ ᠱᠢᠨᠵᠢᠯᠡᠬᠦ᠌ ᠤᠬᠠᠭᠠᠨᠴᠢ ᠪᠠᠷ ᠬᠠᠮᠠᠭᠠᠯᠠᠬᠤ ᠤᠬᠠᠮᠰᠠᠷ ᠢ᠋ ᠴᠢᠩᠭᠠᠳᠭᠠᠵᠤ᠂ ᠨᠠᠩ ᠣᠯᠠᠨ ᠣᠯᠠᠨ ᠬᠦᠮᠦᠨ ᠳ᠋ᠦ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠷᠢᠳᠢ ᠱᠢᠳᠢ ᠵᠢ ᠮᠡᠳᠡᠷᠡᠭᠦᠯᠵᠠᠢ᠃