ᠱᠢᠯᠢ ᠶ᠋ᠢᠨ ᠭᠤᠤᠯ ᠠᠢᠮᠠᠭ 《ᠬᠣᠲᠠ ᠶ᠋ᠢᠨ ᠲᠦᠷᠦᠯ ᠲᠡᠮᠳᠡᠭ ᠤ᠋ᠨ ᠱᠢᠨ᠎ᠡ ᠵᠢ ᠡᠬᠦᠳᠴᠦ ᠡᠵᠡᠩᠨᠡᠨ ᠪᠣᠷᠣᠯᠠᠭᠤᠯᠤᠭᠰᠠᠨ ᠱᠠᠩᠨᠠᠯ》 ᠭᠥᠷᠳᠡᠪᠡ
2025-11-26 11:36:39
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ 2025 ᠣᠨ ᠤ᠋ ᠰᠢᠶᠧ ᠴᠧᠩ ᠪᠥᠬᠥ᠌ ᠪᠥᠮᠪᠥᠷᠴᠡᠭ ᠤ᠋ᠨ ᠬᠠᠮᠲᠤᠷᠠᠯᠴᠠᠭᠠᠨ ᠤ᠋ ᠬᠠᠨᠢᠲᠠᠨ ᠤ᠋ ᠲᠦᠷᠦᠭᠦᠴᠦᠳ ᠤ᠋ᠨ ᠬᠤᠷᠠᠯ ᠳ᠋ᠦ᠂ ᠱᠢᠯᠢ ᠶ᠋ᠢᠨ ᠭᠤᠤᠯ ᠠᠢᠮᠠᠭ ᠤ᠋ᠨ ᠰᠣᠶᠣᠯ ᠪᠡᠶ᠎ᠡ ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶ᠎ᠠ ᠬᠣᠲᠠ ᠶ᠋ᠢᠨ ᠲᠥᠷᠥᠯ ᠲᠡᠮᠳᠡᠭ᠌ ᠤ᠋ᠨ ᠱᠢᠨ᠎ᠡ ᠵᠢ ᠡᠭᠦᠳᠴᠦ᠍ ᠡᠵᠡᠩᠨᠡᠨ ᠪᠣᠷᠣᠯᠠᠭᠤᠯᠤᠭ᠍ᠰᠠᠨ ᠲᠠᠯ᠎ᠠ ᠪᠠᠷ ᠬᠢ ᠰᠢᠯᠢᠳᠡᠭ ᠠᠮᠵᠢᠯᠳᠠ ᠪᠡᠷ ᠢ᠋ᠶ᠋ᠡᠨ《ᠬᠣᠲᠠ ᠶ᠋ᠢᠨ ᠲᠥᠷᠥᠯ ᠲᠡᠮᠳᠡᠭ᠌ ᠤ᠋ᠨ ᠱᠢᠨ᠎ᠡ ᠵᠢ ᠡᠭᠦᠳᠴᠦ᠍ ᠡᠵᠡᠩᠨᠡᠨ ᠪᠣᠷᠣᠯᠠᠭᠤᠯᠤᠭ᠍ᠰᠠᠨ ᠱᠠᠩᠨᠠᠯ》 ᠢ᠋ ᠲᠤᠰᠴᠠᠢ᠃ 

ᠤᠢ᠍ᠢᠷ᠎ᠠ ᠶ᠋ᠢᠨ ᠵᠢᠯ ᠳ᠋ᠦ᠂ ᠱᠢᠯᠢ ᠶ᠋ᠢᠨ ᠭᠣᠣᠯ ᠠᠢᠮᠠᠭ ᠵᠢᠭᠤᠯᠴᠢᠯᠠᠭᠰᠠᠳ ᠤ᠋ᠨ ᠭᠦᠨᠵᠡᠭᠡᠢ ᠣᠢᠯᠠᠭᠠᠬᠤ ᠪᠠ ᠰᠣᠶᠣᠯ ᠤ᠋ᠨ ᠬᠦᠨᠵᠡᠬᠡᠢ ᠤᠢᠯᠠᠭᠠᠯᠳᠠ ᠵᠢᠨ ᠬᠡᠷᠡᠭ᠌ᠴᠡᠭᠡ ᠵᠢ ᠬᠤᠷᠴᠠ ᠰᠡᠷᠭᠡᠭ ᠢ᠋ᠶ᠋ᠡᠷ ᠡᠵᠡᠮᠳᠡᠵᠦ᠍᠂《ᠰᠣᠶᠣᠯ ᠵᠢᠭᠤᠯᠴᠢᠯᠠᠯ ᠤ᠋ᠨ ᠠᠵᠢᠯᠯᠠᠭ᠎ᠠ》 ᠪᠡᠷ ᠭᠣᠣᠯ ᠪᠣᠯᠭᠠᠭ᠍ᠰᠠᠨ ᠬᠤᠳᠠ ᠶ᠋ᠢᠨ ᠲᠦᠷᠦᠯ ᠲᠡᠮᠳᠡᠭ ᠤ᠋ᠨ ᠱᠢᠨ᠎ᠡ ᠵᠢ ᠡᠭᠦᠳᠬᠦ᠌ ᠪᠠᠢᠯᠳᠤᠬᠤ ᠪᠤᠳᠤᠯᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠦᠨ ᠵᠤᠵᠠᠭᠠᠨ ᠰᠣᠶᠣᠯ ᠤ᠋ᠨ ᠡᠬᠢ ᠪᠠᠶᠠᠯᠢᠭ ᠢ᠋ ᠤᠳᠤ ᠦᠶ᠎ᠡ ᠶ᠋ᠢᠨ ᠵᠢᠭᠤᠯᠴᠢᠯᠠᠯ ᠤ᠋ᠨ ᠦᠢᠯᠡᠳᠬᠦᠨ ᠪᠣᠯᠭᠠᠨ ᠬᠤᠪᠢᠷᠠᠭᠤᠯᠵᠤ᠂ ᠲᠦᠷᠪᠡᠨ ᠤᠯᠠᠷᠢᠯ ᠢ᠋ᠶ᠋ᠠᠷ ᠵᠠᠯᠭᠠᠯᠳᠤᠭ᠍ᠰᠠᠨ᠂ ᠢᠯᠡ ᠲᠣᠳᠣ ᠣᠨᠴᠠᠯᠢᠭ ᠲᠠᠶ ᠤᠷᠤᠯᠳᠤᠭᠠᠨ ᠤ᠋ ᠠᠵᠢᠯᠯᠠᠭ᠎ᠠ ᠶ᠋ᠢᠨ ᠱᠢᠰᠲᠸᠮ ᠢ᠋ ᠠᠯᠬᠤᠮ ᠠᠯᠬᠤᠮ ᠢ᠋ᠶ᠋ᠠᠷ ᠪᠠᠢᠭᠤᠯᠪᠠ᠃ ᠱᠢᠯᠢ ᠶ᠋ᠢᠨ ᠭᠤᠤᠯ ᠠᠢᠮᠠᠭ ᠤᠯᠠᠮᠵᠢᠯᠠᠯᠲᠤ ᠨᠠᠭᠠᠳᠤᠮ ᠤ᠋ᠨ ᠦᠪᠡᠳᠡᠭ᠌ᠰᠢ ᠴᠤᠭ᠍ᠯᠠᠭᠠᠨ ᠳ᠋ᠤ ᠰᠢᠨᠡᠴᠢᠯᠡᠯᠳᠡ ᠬᠢᠵᠦ᠍᠂ ᠵᠣᠨ ᠤ᠋ ᠤᠯᠠᠷᠢᠯ ᠤ᠋ᠨ ᠲᠠᠯ᠎ᠠ ᠨᠤᠲᠤᠭ ᠤ᠋ᠨ ᠨᠠᠭᠠᠳᠤᠮ ᠡᠴᠡ ᠡᠪᠦᠯ ᠤ᠋ᠨ ᠤᠯᠠᠷᠢᠯ ᠤ᠋ᠨ ᠮᠥᠰᠥ᠍ ᠴᠠᠰᠤᠨ ᠤ᠋ ᠲᠠᠮᠢᠷ ᠤ᠋ᠨ ᠬᠥᠳᠡᠯᠭᠡᠭᠡᠨ ᠬᠦᠷᠲᠡᠯᠡᠬᠢ ᠲᠠᠯᠬᠡᠷ ᠨᠠᠭᠠᠳᠤᠮ ᠤ᠋ᠨ ᠬᠡᠯᠪᠡᠷᠢ ᠪᠡᠷ ᠳᠠᠮᠵᠢᠨ ᠥᠩᠭᠡᠷᠡᠭ᠌ᠰᠡᠨ ᠳ᠋ᠦ ᠵᠦᠪᠬᠡᠨ ᠵᠤᠨ ᠵᠢᠡᠷ ᠬᠢᠳᠡᠭ ᠦᠪᠡᠳᠡᠭ᠌ᠰᠢ ᠴᠤᠭ᠍ᠯᠠᠭᠠᠨ ᠢ᠋ 《ᠡᠳᠦᠷ ᠪᠤᠯᠭᠠᠨ ᠠᠵᠢᠯᠯᠠᠭ᠎ᠠ ᠬᠢᠬᠦ᠌》 ᠪᠣᠯᠭᠠᠨ ᠬᠤᠪᠢᠷᠠᠭᠤᠯᠵᠤ᠂ ᠡᠪᠦᠯ ᠵᠣᠨ ᠬᠣᠶᠠᠷ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠬᠠᠯᠠᠭᠤᠨ ᠥᠷᠨᠢᠯᠲᠡ ᠵᠢ ᠬᠥᠭ᠌ᠵᠢᠭᠡᠪᠡ᠃ ᠪᠦᠬᠦ᠌ ᠵᠢᠯ ᠳ᠋ᠦ 《ᠮᠣᠩᠭᠣᠯ ᠮᠣᠷᠢᠨ ᠤ᠋ ᠬᠣᠯᠪᠣᠭᠠᠲᠤ ᠤᠷᠤᠯᠳᠤᠭᠠᠨ》᠂ ᠬᠤᠯᠠᠨ ᠱᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠢ᠋ ᠲᠤᠭᠤᠯᠬᠤ ᠠᠵᠢᠯᠯᠠᠭ᠎ᠠ ᠵᠡᠷᠭᠡ ᠵᠢ ᠡᠷᠬᠢᠯᠡᠵᠦ᠂ ᠲᠠᠯ᠎ᠠ ᠨᠤᠲᠤᠭ ᠤ᠋ᠨ ᠵᠢᠭᠤᠯᠴᠢᠯᠠᠯ ᠤ᠋ᠨ ᠴᠠᠭ ᠤᠯᠠᠷᠢᠯ ᠤ᠋ᠨ ᠬᠢᠵᠠᠭᠠᠷᠯᠠᠯ ᠢ᠋ ᠱᠢᠪᠲᠤᠯᠤᠨ᠂ 《ᠪᠦᠬᠦ᠌ ᠣᠷᠣᠨ ᠪᠦᠰᠡ ᠶ᠋ᠢᠨ ᠦᠵᠡᠮᠵᠢ·ᠳᠥᠷᠪᠡᠨ ᠤᠯᠠᠷᠢᠯ ᠤ᠋ᠨ ᠵᠢᠭᠤᠯᠴᠢᠯᠠᠯ》 ᠢ᠋ ᠪᠡᠶᠡᠯᠡᠭᠦᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号