ᠤᠯᠤᠰ ᠤ᠋ᠨ ᠨᠤᠳᠤᠭ ᠳᠡᠪᠢᠰᠬᠡᠷ ᠣᠷᠣᠨ ᠵᠠᠢ ᠵᠢᠨ ᠲᠥᠯᠥᠪᠵᠢᠭᠦᠯᠭᠡ ᠵᠢ ᠬᠡᠷᠡᠭ᠌ᠵᠢᠭᠦᠯᠬᠦ᠌ ᠬᠠᠮᠢᠶᠠᠷᠤᠯᠲᠠ ᠵᠢᠨ ᠲᠦᠪᠱᠢᠨ ᠢ᠋ ᠪᠦᠬᠦ᠌ ᠲᠠᠯᠠᠪᠠᠷ ᠳᠡᠭᠡᠭ᠌ᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ ᠵᠢᠨ ᠵᠢᠷᠤᠭ ᠲᠥᠯᠥᠪᠯᠡᠭᠡ ᠵᠢ ᠱᠢᠨᠵᠢᠯᠡᠬᠦ᠌ ᠤᠬᠠᠭᠠᠨᠴᠢᠪᠠᠷ ᠲᠥᠯᠥᠪᠵᠢᠭᠦᠯᠬᠦ᠌ ᠵᠢᠨ ᠲᠥᠯᠥᠭᠡ᠂ 11 ᠰᠠᠷᠠ ᠵᠢᠨ 20 ᠤ᠋ ᠡᠳᠦᠷ᠂ ᠬᠥᠯᠥᠨ ᠪᠤᠢ᠌ᠷ ᠬᠤᠳᠠ ᠵᠢᠨ ᠪᠠᠢᠭᠠᠯᠢ ᠵᠢᠨ ᠡᠬᠢ ᠪᠠᠶᠠᠯᠢᠭ ᠤ᠋ᠨ ᠲᠣᠪᠴᠢᠢᠠ ᠵᠢᠨ ᠬᠢᠨ ᠪᠦᠬᠦ᠌ ᠬᠤᠳᠠ ᠵᠢᠨ ᠤᠯᠤᠰ ᠤ᠋ᠨ ᠨᠤᠳᠤᠭ ᠳᠡᠪᠢᠰᠬᠡᠷ ᠣᠷᠣᠨ ᠵᠠᠢ ᠵᠢᠨ ᠲᠥᠯᠥᠪᠵᠢᠭᠦᠯᠭᠡ ᠵᠢ ᠬᠡᠷᠡᠭ᠌ᠵᠢᠭᠦᠯᠬᠦ᠌ ᠬᠠᠮᠢᠶᠠᠷᠤᠯᠲᠠ ᠵᠢᠨ ᠠᠵᠢᠯ ᠤ᠋ᠨ ᠪᠣᠯᠪᠠᠰᠤᠷᠠᠯ ᠢ᠋ ᠵᠣᠬᠢᠶᠠᠨ ᠪᠠᠢᠭᠤᠯᠤᠨ ᠡᠷᠬᠢᠯᠡᠵᠦ᠍᠂ ᠤᠨᠢᠨ ᠳᠡᠭᠡᠷᠡ ᠨᠢ ᠬᠢᠴᠢᠶᠡᠯᠯᠡᠬᠦ᠂ ᠲᠤᠬᠠᠢᠯᠠᠭ᠍ᠰᠠᠨ ᠠᠵᠢᠯ ᠢ᠋ ᠰᠤᠳᠤᠯᠤᠨ ᠶᠠᠷᠢᠯᠴᠠᠬᠤ ᠵᠡᠷᠭᠡ ᠬᠡᠯᠪᠡᠷᠢᠪᠡᠷ ᠪᠦᠬᠦ᠌ ᠬᠤᠳᠠ ᠵᠢᠨ ᠲᠥᠯᠥᠪᠵᠢᠭᠦᠯᠭᠡ ᠵᠢᠨ ᠬᠠᠮᠢᠶᠠᠷᠤᠯᠲᠠ ᠵᠢᠨ ᠠᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷᠡ ᠠᠱᠢᠭ ᠢ᠋ ᠨᠡᠮᠡᠭ᠌ᠳᠡᠭᠦᠯᠬᠦ᠌ ᠵᠢ ᠬᠦᠳᠦᠯᠦᠨ ᠠᠬᠢᠭᠤᠯᠪᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡᠳᠦ ᠠᠩᠬᠠᠷᠤᠯ ᠵᠢᠡᠨ ᠲᠥᠪᠯᠡᠷᠡᠭᠦᠯᠵᠦ᠍᠂ ᠲᠥᠯᠥᠪᠵᠢᠭᠦᠯᠭᠡ ᠵᠢᠨ ᠬᠠᠮᠢᠶᠠᠷᠤᠯᠲᠠ ᠵᠢᠨ ᠠᠵᠢᠯ ᠤ᠋ᠨ ᠰᠠᠭᠤᠷᠢ ᠵᠢ ᠪᠡᠬᠢᠵᠢᠭᠦᠯᠪᠡ᠃ ᠪᠤᠯᠪᠠᠰᠤᠷᠠᠯ ᠳ᠋ᠦ ᠣᠳᠣᠬᠠᠨ ᠤ᠋ ᠠᠵᠢᠯ ᠤ᠋ᠨ ᠭᠤᠤᠯᠳᠠᠯᠭᠠ ᠪᠡᠨ ᠣᠨᠣᠪᠴᠢᠲᠠᠶ ᠲᠣᠭ᠍ᠲᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢ ᠵᠣᠯᠭᠠᠭᠤᠯᠬᠤ᠂ ᠶᠡᠷᠦᠩᠬᠡᠶ ᠲᠥᠯᠥᠪᠵᠢᠭᠦᠯᠭᠡ ᠵᠢ ᠬᠥᠳᠡᠯᠦᠩᠭᠦᠶ ᠪᠡᠷ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ ᠢ᠋ ᠥᠷᠨᠢᠭᠦᠯᠬᠦ᠌ ᠲᠤᠬᠠᠶ ᠪᠠᠢᠭᠠᠯᠢ ᠵᠢᠨ ᠡᠬᠢ ᠪᠠᠶᠠᠯᠢᠭ ᠤ᠋ᠨ ᠶᠠᠮᠤᠨ ᠤ᠋ ᠬᠠᠮᠤᠭ ᠤ᠋ᠨ ᠱᠢᠨᠡ ᠲᠥᠷᠥ ᠵᠢᠨ ᠪᠣᠳᠣᠯᠭᠠ ᠵᠢᠨ ᠵᠣᠷᠢᠭ ᠰᠠᠨᠠᠭᠠ ᠵᠢ ᠱᠢᠰᠲ᠋ᠧᠮᠲᠡᠶ ᠤᠯᠠᠮᠵᠢᠯᠠᠵᠤ᠂ ᠠᠩᠬᠠ ᠠᠯᠬᠤᠮ ᠤ᠋ᠨ ᠠᠵᠢᠯ ᠤ᠋ᠨ ᠰᠡᠳᠭᠢᠴᠡ ᠵᠢ ᠱᠢᠰᠲ᠋ᠧᠮᠲᠡᠶ ᠡᠮᠬᠢᠯᠡᠨ᠂ ᠡᠯᠡ ᠭᠠᠵᠠᠷ ᠤ᠋ᠨ ᠬᠠᠮᠢᠶᠠ ᠪᠥᠬᠥᠶ ᠠᠵᠢᠯ ᠢ᠋ ᠥᠷᠨᠢᠭᠦᠯᠬᠦ᠌ᠳᠦ ᠪᠠᠷᠠᠭᠠᠯᠬᠢᠯᠠᠯ ᠤ᠋ᠨ ᠴᠢᠨᠠᠷᠲᠠᠶ ᠵᠢᠯᠣᠭᠣᠳᠣᠯᠭᠠ ᠬᠠᠩᠭᠠᠵᠠᠢ᠃
ᠬᠣᠲᠠ ᠵᠢ ᠱᠢᠨᠡᠳᠭᠡᠬᠦ᠌ ᠠᠵᠢᠯᠯᠠᠭᠠᠲᠠᠶ ᠨᠢᠭ᠍ᠲᠠ ᠤᠶᠠᠯᠳᠤᠭᠤᠯᠤᠨ᠂ ᠲᠥᠯᠥᠪᠵᠢᠭᠦᠯᠭᠡ ᠵᠢᠨ ᠬᠠᠮᠢᠶᠠᠷᠤᠯᠲᠠ ᠵᠢᠨ ᠮᠡᠷᠭᠡᠵᠢᠯᠦᠨ ᠲᠦᠪᠱᠢᠨ ᠢ᠋ ᠳᠡᠭᠡᠭᠰᠢᠯᠡᠬᠦᠯᠪᠡ᠃ ᠲᠣᠰ ᠤᠳᠠᠭᠠᠨ ᠤ᠋ ᠪᠣᠯᠪᠠᠰᠤᠷᠠᠯ ᠤ᠋ᠨ ᠠᠭᠤᠯᠭᠠ ᠵᠢ ᠬᠣᠲᠠ ᠵᠢ ᠰᠢᠨᠡᠳᠬᠡᠬᠦ ᠠᠵᠢᠯᠯᠠᠭᠠ ᠲᠠᠢ ᠭᠦᠨᠵᠡᠭᠡᠶ ᠠᠭᠤᠰᠤᠯᠴᠠᠭᠤᠯᠵᠦ᠂ ᠪᠡᠭᠡᠵᠢᠩᠦᠨ ᠡᠦ ᠡᡁᠸ ᠣᠯᠠᠨ ᠤᠯᠤᠰ ᠤ᠋ᠨ ᠢᠨᠵᠧᠨᠧᠷᠢᠩᠦᠨ ᠵᠢᠷᠤᠭ ᠲᠥᠯᠥᠪᠯᠡᠭᠡ ᠵᠢᠨ ᠺᠣᠮᠫᠠᠨᠢ ᠵᠢᠨ ᠲᠤᠰᠭᠠᠶ ᠮᠡᠷᠭᠡᠵᠢᠯᠲᠡᠨ ᠢ᠋ ᠣᠨᠴᠠᠭᠠᠢᠯᠠᠨ ᠤᠷᠢᠵᠤ 《ᠴᠠᠭ ᠦᠶᠡ ᠵᠢᠨ ᠠᠬᠤᠶ ᠪᠠᠢᠳᠠᠯᠳᠤ ᠨᠡᠢᠴᠡᠭ᠌ᠰᠡᠨ ᠬᠥᠯᠥᠨ ᠪᠣᠢᠷ ᠬᠣᠲᠠ ᠵᠢᠨ ᠲᠥᠯᠥᠪᠵᠢᠭᠦᠯᠭᠡ ᠬᠠᠮᠢᠶᠠᠷᠤᠯᠲᠠ ᠵᠢᠨ ᠮᠡᠷᠭᠡᠵᠢᠯᠦᠨ ᠲᠣᠭ᠍ᠲᠠᠭᠠᠯ ᠤ᠋ᠨ ᠲᠠᠢᠯᠤᠮᠵᠢ》 ᠵᠢᠨ ᠲᠤᠰᠭᠠᠶ ᠰᠡᠳᠦᠪᠲᠦ ᠲᠠᠢᠯᠤᠮᠵᠢ ᠬᠢᠯᠭᠡᠪᠡ᠃
ᠣᠯᠠᠨ ᠲᠠᠯᠠ ᠵᠢᠨ ᠠᠵᠢᠯ ᠤ᠋ᠨ ᠬᠠᠮᠲᠤᠷᠠᠯ ᠬᠦᠴᠦᠨ ᠢ᠋ ᠨᠢᠭ᠍ᠲᠠᠷᠠᠭᠤᠯᠵᠤ᠂ ᠪᠣᠯᠪᠠᠰᠤᠷᠠᠯ ᠵᠢᠡᠷ ᠬᠥᠮᠦᠨ ᠬᠥᠮᠦᠵᠢᠭᠦᠯᠬᠦ᠌ ᠱᠢᠰᠲ᠋ᠧᠮᠦᠨ ᠦᠷᠡ ᠪᠦᠲᠦᠮᠵᠢ ᠵᠢ ᠳᠡᠭᠡᠭ᠌ᠰᠢᠯᠡᠭᠦᠯᠪᠡ᠃ ᠲᠣᠰ ᠤᠳᠠᠭᠠᠨ ᠤ᠋ ᠪᠣᠯᠪᠠᠰᠤᠷᠠᠯᠳᠤ ᠣᠷᠣᠯᠴᠠᠬᠤ ᠬᠡᠪᠴᠢᠶᠡ ᠨᠢ ᠬᠣᠲᠠ ᠵᠢᠨ ᠱᠠᠲᠤᠨᠠᠴᠠ ᠱᠢᠶ᠋ᠳᠪᠦᠷᠢᠲᠦ ᠪᠣᠳᠣᠯᠭᠠ ᠲᠣᠭ᠍ᠲᠠᠭᠠᠬᠤ᠂ ᠲᠤᠬᠠᠢᠯᠠᠭ᠍ᠰᠠᠨ ᠠᠵᠢᠯ ᠢ᠋ ᠵᠢᠯᠣᠭᠣᠳᠭᠤ ᠡᠴᠡ ᠬᠣᠱᠢᠭᠤ ᠬᠣᠲᠠ ᠲᠣᠭᠣᠷᠢᠭ ᠬᠡᠷᠡᠭ᠌ᠵᠢᠭᠦᠯᠦᠨ ᠨᠠᠢᠳᠠᠪᠤᠷᠢᠵᠢᠭᠤᠯᠬᠤ ᠬᠦᠷᠳᠡᠯᠡᠬᠢ ᠪᠥᠬᠥ᠌ ᠬᠡᠯᠬᠢᠶᠡ᠂ ᠣᠯᠠᠨ ᠲᠠᠰ ᠳᠠᠪᠬᠤᠷᠭᠠ ᠵᠢᠨ ᠬᠥᠮᠦᠰ ᠢ᠋ ᠬᠠᠮᠤᠷᠬᠤ ᠵᠢ ᠪᠡᠶᠡᠯᠡᠭᠦᠯᠵᠦ᠍᠂ ᠲᠥᠪᠯᠡᠷᠡᠭᠦᠯᠦᠨ ᠬᠢᠴᠢᠶᠡᠯᠯᠡᠬᠦ᠂ ᠲᠤᠬᠠᠢᠯᠠᠭ᠍ᠰᠠᠨ ᠠᠵᠢᠯ ᠤ᠋ᠨ ᠰᠣᠯᠢᠯᠴᠠᠭᠠ ᠬᠢᠬᠦ᠌ ᠬᠡᠯᠪᠡᠷᠢᠪᠡᠷ ᠳᠠᠮᠵᠢᠭᠤᠯᠤᠨ᠂ ᠬᠣᠲᠠ᠂ ᠬᠣᠱᠢᠭᠤ (ᠬᠣᠲᠠ᠂ ᠲᠣᠭᠣᠷᠢᠭ) ᠬᠣᠶᠠᠷ ᠱᠠᠲᠤᠨ ᠤ᠋ ᠲᠥᠯᠥᠪᠵᠢᠭᠦᠯᠭᠡ ᠵᠢᠨ ᠬᠠᠮᠢᠶᠠᠷᠤᠯᠲᠠ ᠵᠢᠨ ᠠᠵᠢᠯ ᠤ᠋ᠨ ᠬᠠᠮᠳᠤᠷᠠᠯ ᠬᠦᠴᠦᠨ ᠢ᠋ ᠪᠦᠲᠦᠮᠵᠢᠲᠡᠶ ᠨᠢᠭ᠍ᠲᠠᠷᠠᠭᠤᠯᠪᠠ᠃