11 ᠰᠠᠷ᠎ᠠ ᠵᠢᠨ 26 ᠤ᠋ ᠡᠳᠦᠷ᠂ ᠰᠤᠷᠪᠤᠯᠵᠢᠯᠠᠭᠴᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠬᠡᠨ ᠤ ᠠᠯᠪᠠᠨ ᠬᠡᠷ᠎ᠡᠴᠡ ᠬᠤᠷᠠᠯᠳᠤᠭᠤᠯᠤᠭᠰᠠᠨ《ᠠᠷᠪᠠᠨ ᠲᠦᠷᠪᠡᠳᠦᠬᠡᠷ ᠳᠠᠪᠤᠨ ᠵᠢᠯ》᠎ᠤ᠋ᠨ ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠦᠢᠯᠡᠰ᠎ᠤᠨ ᠬᠦᠭᠵᠢᠯᠳᠡ ᠵᠢᠨ ᠠᠮᠵᠢᠯᠳᠠ ᠪᠦᠳᠦᠮᠵᠢ ᠵᠢᠨ ᠰᠤᠨᠢᠨ ᠮᠡᠳᠡᠬᠡ ᠨᠡᠢᠳᠡᠯᠡᠬᠦ ᠬᠤᠷᠠᠯ ᠡᠴᠡ ᠤᠢᠯᠠᠭᠠᠭᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ ᠳ᠋ᠤ ᠦᠪᠦᠷ ᠮᠤᠩᠭᠤᠯ᠎ᠤᠨ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ ᠯᠠᠪᠳᠠᠭᠤᠨ ᠪᠠᠲᠤᠲᠠᠢ ᠠᠬᠢᠵᠤ᠂ ᠶᠤᠰᠤ ᠰᠤᠷᠳᠠᠬᠤᠨ ᠵᠢᠡᠷ ᠬᠦᠮᠦᠨ ᠢ᠋ ᠬᠦᠮᠦᠵᠢᠬᠦᠯᠬᠦ᠂ ᠲᠦᠬᠡᠮᠡᠯ ᠬᠠᠷᠠᠭᠠᠯᠵᠠᠯ ᠦᠵᠡᠬᠦᠯᠬᠦ ᠴᠢᠨᠠᠷᠳᠠᠢ ᠤᠯᠠᠨ ᠨᠡᠶ᠋ᠢᠲᠡ᠎ᠶᠢᠨ ᠦᠢᠯᠡᠴᠢᠯᠡᠭᠡ᠂ ᠤᠯᠤᠰ᠎ᠤᠨ ᠴᠢᠬᠤᠯᠠ ᠪᠠᠢᠯᠳᠤᠬᠤ ᠪᠤᠳᠤᠯᠭ᠎ᠠ ᠪᠠ ᠤᠷᠤᠨ ᠪᠦᠰᠡ ᠵᠢᠨ ᠬᠦᠭᠵᠢᠯᠳᠡ ᠳ᠋ᠤ ᠦᠢᠯᠡᠴᠢᠯᠡᠬᠦ᠂ ᠰᠤᠷᠭᠠᠨ ᠬᠦᠮᠦᠵᠢᠯ᠎ᠤᠨ ᠦᠢᠯᠡᠰ᠎ᠤᠨ ᠶᠡᠷᠦᠩᠬᠡᠢᠯᠡᠭᠰᠡᠨ ᠦᠬᠡᠷᠡᠴᠢᠯᠡᠯᠳᠡ᠂ ᠰᠤᠷᠭᠠᠨ ᠬᠦᠮᠦᠵᠢᠯ᠎ᠤᠨ ᠬᠠᠮᠵᠢᠯᠴᠠᠭ᠎ᠠ ᠵᠡᠷᠬᠡ ᠳᠠᠯ᠎ᠠ ᠪᠡᠷ ᠳᠤᠪᠤᠢᠮ᠎ᠠ ᠦᠷ᠎ᠠ ᠪᠦᠳᠦᠮᠵᠢ ᠤᠯᠤᠭᠰᠠᠨ ᠪᠠᠢᠨ᠎ᠠ᠃
ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠡᠩ ᠡᠷᠴᠢᠮᠲᠡᠢ ᠨᠠᠢᠳᠠᠪᠤᠷᠢᠵᠢᠭᠤᠯᠵᠤ᠂ 《 ᠦᠵᠡᠯ ᠰᠠᠨᠠᠭ᠎ᠠ ᠤᠯᠤᠰ ᠲᠦᠷᠦ ᠵᠢᠨ ᠬᠠᠮ ᠬᠢᠴᠢᠶᠡᠯ》 ᠵᠢᠡᠷ ᠬᠥᠮᠥᠨ᠎ᠢ ᠬᠥᠮᠥᠵᠢᠭᠦᠯᠬᠦ ᠰᠢᠨ᠎ᠡ ᠪᠠᠢᠷᠢᠰᠢᠯ᠎ᠢ ᠪᠠᠢᠭᠤᠯᠵᠤ᠂ ᠪᠦᠬᠦ ᠤᠯᠤᠰ᠎ᠲᠤ ᠶᠡᠬᠡ ᠳᠡᠭᠡᠳᠦ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠵᠠᠪᠠᠯ ᠰᠤᠷᠬᠤ ᠬᠢᠴᠢᠶᠡᠯ᠎ᠢ ᠤᠷᠢᠳ ᠵᠢᠡᠷ ᠨᠡᠭᠡᠭᠡᠵᠦ᠂ ᠪᠦᠬᠦ ᠠᠵᠢᠯᠲᠠᠨ᠂ ᠪᠦᠬᠦ ᠶᠠᠪᠤᠴᠠ᠂ ᠪᠦᠬᠦ ᠲᠠᠯ᠎ᠠ᠎ᠪᠠᠷ ᠬᠥᠮᠥᠨ ᠢ᠋ ᠬᠥᠮᠥᠵᠢᠭᠦᠯᠬᠦ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠪᠡ᠃ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠯᠳᠡ ᠵᠢ ᠵᠢᠷᠤᠮᠵᠢᠭᠤᠯᠤᠭᠰᠠᠨ ᠰᠤᠷᠭᠠᠭᠤᠯᠢ᠎ᠶᠢ ᠡᠭᠦᠳᠦᠨ ᠪᠠᠢᠭᠤᠯᠤᠭᠰᠠᠨ ᠨᠣᠷᠮ᠎ᠠ 100%᠎ᠳᠤ ᠬᠦᠷᠪᠡ᠃
ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷᠳᠠᠢ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠨᠡᠩ ᠲᠡᠭᠦᠯᠳᠡᠷᠵᠢᠬᠦᠯᠵᠦ᠂ ᠪᠥᠬᠥ ᠣᠷᠣᠨ᠎ᠤ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠬᠡᠦᠬᠡᠳ᠎ᠦᠨ ᠴᠡᠴᠡᠷᠯᠢᠭ᠎ᠲᠦ ᠣᠷᠣᠭᠰᠠᠨ ᠨᠣᠷᠮ᠎ᠠ 95.7% ᠳ᠋ᠤ ᠬᠦᠷᠴᠦ᠂ ᠶᠢᠰᠦᠨ ᠵᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭᠰᠡᠨ ᠨᠣᠷᠮ᠎ᠠ 99.55% ᠳ᠋ᠤ ᠬᠦᠷᠴᠦ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠤᠷᠭᠠᠭᠤᠯᠢ᠎ᠳᠤ ᠣᠷᠣᠭᠰᠠᠨ ᠨᠣᠷᠮ᠎ᠠ 94.29%᠎ᠳᠤ ᠬᠦᠷᠴᠦ᠂ ᠴᠥᠮ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠥᠨᠳᠥᠷ ᠪᠣᠯᠪᠠ᠃ 8 ᠬᠣᠰᠢᠭᠤ ᠰᠢᠶᠠᠨ ᠲᠣᠭᠣᠷᠢᠭ᠋ ᠤᠯᠤᠰ᠎ᠤᠨ ᠰᠢᠶᠠᠨ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠰᠢᠶᠠᠨ᠎ᠤ ᠬᠢᠨᠠᠨ ᠲᠣᠭᠲᠠᠭᠠᠯᠲᠠ᠎ᠶᠢ ᠥᠩᠭᠡᠷᠡᠭᠡᠵᠦ᠂ 16 ᠬᠣᠰᠢᠭᠤ ᠰᠢᠶᠠᠨ ᠲᠣᠭᠣᠷᠢᠭ᠋ ᠤᠯᠤᠰ᠎ᠤᠨ ᠰᠢᠶᠠᠨ᠎ᠤ ᠬᠡᠪᠴᠢᠶᠡᠨ᠎ᠦ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠬᠦᠯᠬᠦ ᠰᠢᠶᠠᠨ᠎ᠤ ᠬᠢᠨᠠᠨ ᠲᠣᠭᠲᠠᠭᠠᠯᠲᠠ᠎ᠵᠢ ᠦᠩᠬᠡᠷᠡᠭᠡᠪᠡ᠃ ᠡᠨᠡ ᠵᠢᠯ ᠴᠡᠴᠡᠷᠯᠢᠭ᠎ᠤᠨ ᠶᠡᠬᠡ ᠠᠩᠬᠢ ᠵᠢᠨ ᠬᠡᠦᠬᠡᠳ ᠡᠴᠡ ᠰᠦᠢᠳᠬᠡᠯ ᠦᠯᠦ ᠬᠤᠷᠢᠶᠠᠬᠤ ᠲᠦᠷᠦ᠎ᠶᠢᠨ ᠪᠣᠳᠣᠯᠭ᠎ᠠ᠎ᠪᠠᠷ 20.9 ᠲᠦᠮᠡᠨ ᠬᠡᠦᠬᠡᠳ᠎ᠲᠦ ᠠᠰᠢᠭ᠋ ᠬᠦᠷᠲᠡᠭᠡᠪᠡ᠃
ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ ᠪᠠ ᠣᠷᠣᠨ ᠪᠦᠰᠡ᠎ᠶᠢᠨ ᠬᠥᠭᠵᠢᠯᠲᠡ᠎ᠳᠦ ᠦᠢᠯᠡᠴᠢᠯᠡᠬᠦ᠎ᠶᠢ ᠨᠡᠩ ᠨᠠᠷᠢᠯᠢᠭ᠋ ᠣᠨᠣᠴᠠᠲᠠᠢ ᠪᠤᠯᠭᠠᠵᠤ᠂ 42 ᠲᠦᠮᠡ ᠭᠠᠷᠤᠢ ᠣᠶᠤᠲᠠᠨ ᠦᠪᠦᠷ ᠮᠣᠩᠭᠣᠯ᠎ᠳᠤ ᠦᠯᠡᠳᠡᠵᠦ ᠠᠵᠢᠯ ᠣᠯᠵᠤ ᠦᠢᠯᠡᠰ ᠪᠤᠰᠬᠠᠪᠠ᠃ 《ᠬᠣᠣᠰ ᠲᠡᠷᠢᠭᠦᠨ ᠵᠡᠷᠬᠡ》 ᠵᠢᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢᠳᠤ ᠪᠣᠳᠠᠰ᠎ᠤᠨ ᠤᠬᠠᠭᠠᠨ ᠵᠠᠯᠭᠠᠭ᠎ᠠ᠎ᠪᠠᠷ ᠬᠣᠶᠠᠷ ᠡᠭᠡᠯᠵᠢ ᠵᠢᠨ ᠤᠯᠤᠰ᠎ᠤᠨ ᠲᠡᠷᠢᠭᠦᠨ ᠵᠡᠷᠬᠡ ᠵᠢᠨ ᠰᠢᠨᠵᠢᠯᠡᠭᠡᠨ᠎ᠦ ᠰᠠᠯᠠᠭ᠎ᠠ᠎ᠳᠤ ᠡᠯᠰᠡᠭᠳᠡᠵᠦ᠂ ᠪᠥᠬᠥ ᠤᠯᠤᠰ᠎ᠤᠨ ᠠᠳᠠᠯᠢ ᠲᠥᠷᠥᠯ᠎ᠦᠨ ᠰᠢᠨᠵᠢᠯᠡᠭᠡᠨ᠎ᠦ ᠰᠠᠯᠠᠭ᠎ᠠ᠎ᠶᠢᠨ ᠡᠮᠦᠨ᠎ᠡ 20%᠎ᠳᠤ ᠤᠷᠤᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠪᠡᠰᠦᠨ᠎ᠦ ᠰᠤᠳᠤᠯᠤᠯ ᠪᠥᠬᠥ ᠤᠯᠤᠰ᠎ᠤᠨ ᠡᠮᠦᠨ᠎ᠡ 10%᠎ᠳᠤ ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠲᠤ ᠦᠢᠯᠡᠴᠢᠯᠡᠬᠦ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠤᠨ ᠬᠠᠷᠢᠴᠠᠯ 63.5%᠎ᠳᠤ ᠬᠦᠷᠴᠡᠢ᠃
ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠨᠡᠩ ᠬᠦᠨᠵᠡᠬᠡᠢᠷᠡᠬᠦᠯᠵᠦ᠂ 2025 ᠤᠨ ᠳ᠋ᠤ ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠵᠢᠨ ᠪᠥᠬᠥ ᠣᠷᠣᠨ᠎ᠳ᠋ᠤ ᠨᠢᠭᠡᠳᠦᠯᠲᠡᠢ ᠰᠡᠳᠦᠪ ᠭᠠᠷᠭᠠᠬᠤ᠂ ᠨᠢᠭᠡᠳᠦᠯᠲᠡᠢ ᠰᠢᠯᠭᠠᠬᠤ᠂ ᠨᠢᠭᠡᠳᠦᠯᠲᠡᠢ ᠪᠠᠷᠢᠮᠵᠢᠶ᠎ᠠ᠎ᠪᠠᠷ ᠰᠢᠯᠭᠠᠯᠲᠠ ᠬᠢᠨᠠᠬᠤ᠎ᠶᠢ ᠪᠡᠶᠡᠯᠡᠭᠦᠯᠪᠡ᠃ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠲᠣᠭᠲᠠᠭᠤᠨ᠎ᠢᠶᠠᠷ ᠨᠠᠢᠳᠠᠪᠤᠷᠢᠵᠢᠭᠤᠯᠵᠤ᠂ 《3+1+2》 ᠰᠢᠨ᠎ᠡ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠪᠡ᠃ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠪᠠᠢᠷᠢᠰᠢᠯ᠎ᠢ ᠰᠢᠯᠢᠳᠡᠭᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠴᠦ᠂ ᠡᠩ᠎ᠦᠨ ᠵᠢᠩᠬᠢᠨᠢ ᠠᠩᠭᠢ᠎ᠶᠢᠨ 1 ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠵᠢᠩᠬᠢᠨᠢ ᠠᠩᠭᠢ᠎ᠶᠢᠨ 3 ᠶᠡᠬᠡ ᠰᠤᠷᠭᠠᠭᠤᠯᠢ᠎ᠶᠢ ᠨᠡᠮᠡᠨ ᠪᠠᠢᠭᠤᠯᠪᠠ᠃ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠫᠷᠤᠹᠸᠰᠰᠤᠷ ᠵᠠᠩ ᠫᠧᠩ ᠵᠢᠦᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠯᠦ᠍ ᠵᠠᠨ ᠶᠤᠸᠠᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭᠳᠠᠪᠠ᠃
ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠰᠣᠯᠢᠯᠴᠠᠭᠠᠤᠯᠠᠨ ᠡᠰᠢᠵᠢᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ 《ᠰᠤᠷᠭᠠᠨ ᠬᠥᠮᠦᠵᠢᠯ᠎ᠢ ᠳᠠᠬᠢᠨ᠎ᠢᠶᠠᠷ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠵᠦ᠂ 568 ᠰᠤᠷᠭᠠᠭᠤᠯᠢ ᠪᠡᠭᠡᠵᠢᠩ ᠬᠣᠲᠠ᠎ᠶᠢᠨ ᠰᠢᠯᠢᠳᠡᠭ ᠰᠤᠷᠭᠠᠭᠤᠯᠢ᠎ᠲᠠᠢ ᠬᠠᠪᠰᠤᠷᠤᠯᠴᠠᠭ᠎ᠠ ᠪᠠᠢᠭᠤᠯᠪᠠ᠃ ᠪᠡᠭᠡᠵᠢᠩ ᠲᠢᠶᠠᠨᠵᠢᠨ ᠡᡁᠧᠪᠸᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ᠎ᠶᠢ ᠪᠠᠢᠭᠤᠯᠤᠭᠰᠠᠨ ᠨᠢᠭᠡ ᠵᠢᠯ᠎ᠦᠨ ᠲᠤᠷᠰᠢ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ ᠪᠡᠭᠡᠵᠢᠩ ᠲᠢᠶᠠᠨᠵᠢᠨ ᠡᡁᠧᠪᠸᠢ᠎ᠶᠢᠨ ᠶᠡᠬᠡ ᠳᠡᠭᠡᠳᠦ ᠰᠤᠷᠭᠠᠭᠤᠯᠢ᠎ᠲᠠᠢ 18 ᠬᠤᠪᠢ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ 50 ᠰᠢᠯᠢᠳᠡᠭ ᠠᠬᠠᠮᠠᠳ ᠪᠠᠭ᠍ᠰᠢ ᠪᠠ 374 ᠳ᠋ᠣᠺᠲ᠋ᠣᠷᠠᠨᠲᠢ ᠣᠷᠣᠭᠤᠯᠤᠨ ᠠᠪᠴᠢᠷᠠᠵᠤ᠂ ᠤᠯᠤᠰ᠎ᠤᠨ ᠳᠣᠲᠣᠭᠠᠳᠤ᠎ᠶᠢᠨ ᠨᠢᠭᠡ ᠪᠦᠯᠦᠭ ᠨᠡᠷᠡᠳᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠥᠪᠥᠷ ᠮᠣᠩᠭᠣᠯ᠎ᠳᠤ ᠨᠤᠲᠤᠭᠰᠢᠭᠤᠯᠵᠠᠢ᠃