ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ
2025-11-27 09:18:37
ᠵᠣᠬᠢᠶᠠᠭ᠍ᠴᠢ᠄
ᠯᠢ ᠶᠦᠩ ᠲᠤᠤ ᠭᠤᠤ ᠬᠤᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 24 ᠎ᠤ᠋ ᠡᠳᠦᠷ᠂ 25 ᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠳᠠᠷᠤᠭ᠎ᠠ ᠯᠦᠸᠧ ᠴᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠣᠯᠤᠨ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠵᠢ ᠬᠦᠨᠵᠡᠭᠡᠢ ᠡᠵᠡᠮᠰᠢᠬᠦ ᠵᠢᠴᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠡᠷ ᠭᠤᠤᠯᠳᠠᠯᠭ᠎ᠠ ᠪᠤᠯᠭᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠠ᠎ᠪᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ ᠲᠠᠢᠯᠤᠮᠵᠢ ᠬᠢᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠰᠡᠳᠦᠪ ᠨᠢ ᠢᠯᠡ ᠲᠣᠳᠣ᠂ ᠲᠣᠭ᠎ᠠ ᠪᠠᠷᠢᠮᠲᠠ ᠨᠢ ᠨᠠᠷᠢᠨ ᠪᠣᠳᠠᠲᠠᠶ᠂ ᠢᠯᠠᠩᠭᠤᠶ᠎ᠠ ᠪᠥᠬᠥ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠢ ᠥᠷᠨᠢᠭᠦᠯᠬᠦ᠌᠎ᠳᠦ ᠮᠠᠰᠢ ᠴᠢᠩᠭ᠎ᠠ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷ᠎ᠲᠠᠶ ᠶᠤᠮ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠴᠢᠯᠥᠭᠡᠲᠦ ᠠᠷᠠᠯᠵᠢᠶᠠᠨ᠎ᠤ ᠭᠠᠵᠠᠷ᠎ᠤᠨ ᠳᠠᠷᠤᠭ᠎ᠠ ᠳ᠋ᠦ᠋ ᠸᠧᠢ ᠸᠧᠢ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠬᠣᠢᠱᠢᠳᠠ᠂ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠬᠦᠴᠦ᠍᠎ᠪᠡᠨ ᠲᠥᠪᠯᠡᠷᠡᠭᠦᠯᠦᠨ ᠥᠷᠭᠡᠳᠭᠡᠵᠦ᠍᠂ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠠᠵᠢᠯ᠎ᠢᠶᠠᠷ ᠵᠢᠯᠣᠭᠣᠳᠤᠮᠵᠢ ᠪᠣᠯᠭᠠᠵᠤ᠂ ᠲᠦᠷᠢᠮ᠂ ᠲᠣᠭ᠍ᠲᠠᠭᠠᠯ᠂ ᠪᠠᠷᠢᠮᠵᠢᠶ᠎ᠠ ᠵᠡᠷᠭᠡ ᠲᠦᠷᠢᠮ᠎ᠦᠨ ᠴᠢᠨᠠᠷᠲᠠᠶ ᠨᠡᠭᠡᠭᠡᠯᠲᠡ᠎ᠶ᠋ᠢ ᠲᠣᠭ᠍ᠲᠠᠭᠤᠨ᠎ᠢᠶᠠᠷ ᠥᠷᠭᠡᠳᠭᠡᠵᠦ᠍᠂ ᠠᠷᠠᠯᠵᠢᠶᠠᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠵᠤ᠂ ᠬᠤᠤᠰ ᠴᠢᠭ᠌ᠯᠡᠯ᠎ᠢᠶᠡᠷ ᠪᠠᠯᠠ ᠣᠷᠣᠭᠤᠯᠬᠤ ᠣᠷᠣᠨ ᠵᠠᠶ᠎ᠶ᠋ᠢ ᠥᠷᠭᠡᠳᠭᠡᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠲᠦᠷᠭᠡᠳᠭᠡᠨ ᠪᠠᠢᠭᠤᠯᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠪᠡᠷ ᠪᠥᠬᠥ᠌ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳ᠋ᠤ ᠬᠦᠴᠦᠨ ᠨᠡᠮᠡᠷᠢᠯᠡᠨ᠎ᠡ》 ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠵᠢᠨ ᠳᠡᠳ᠋ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠴᠧᠨ ᠵᠶ᠋ᠢ ᠴᠢᠩ ᠲᠤᠰᠭᠠᠢ ᠰᠡᠳᠦᠪ᠎ᠢᠶᠡᠷ ᠤᠬᠠᠭᠤᠯᠤᠨ ᠲᠠᠢᠯᠪᠤᠷᠢᠯᠠᠪᠠ᠃ ᠴᠧᠨ ᠵᠶ᠋ᠢ ᠴᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠲᠡᠶ ᠨᠢᠭ᠍ᠲᠠ ᠤᠶᠠᠯᠳᠤᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠭᠣᠣᠯ ᠱᠠᠭᠠᠷᠳᠠᠯᠭ᠎ᠠ᠎ᠶ᠋ᠢ ᠭᠦᠨᠵᠡᠭᠡᠢ ᠲᠠᠢᠯᠪᠤᠷᠢᠯᠠᠵᠤ᠂ ᠥᠪᠥᠷ ᠮᠣᠩᠭᠣᠯ᠎ᠤᠨ 《ᠬᠣᠶᠠᠷ ᠬᠠᠯᠬᠠᠪᠴᠢ᠂ ᠬᠣᠶᠠᠷ ᠰᠠᠭᠤᠷᠢᠨ᠂ ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠲᠤᠱᠢᠶᠠᠯ ᠬᠠᠷᠢᠭᠤᠴᠠᠯᠭ᠎ᠠ᠎ᠲᠠᠢ ᠤᠶᠠᠯᠳᠤᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠯᠤᠰ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠵᠡᠷᠭᠡ ᠴᠢᠬᠤᠯᠠ ᠶᠡᠬᠡ ᠪᠠᠢᠷᠢᠯᠠᠭᠤᠯᠤᠯᠲᠠ ᠵᠢᠨ ᠲᠤᠭᠤᠷᠢᠨ ᠳ᠋ᠦ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠡᠢ᠃

ᠮᠡᠳᠡᠭᠦᠯᠦᠯᠲᠡ᠎ᠶ᠋ᠢᠨ ᠵᠣᠭ᠍ᠰᠣᠴᠠ ᠥᠨᠳᠥᠷ᠂ ᠠᠭᠤᠯᠤᠭ᠍ᠳᠠᠬᠤᠨ ᠭᠦᠨᠵᠡᠭᠡᠢ᠂ ᠯᠣᠭᠢᠭ ᠴᠢᠩᠭ᠎ᠠ᠂ ᠭᠤᠤᠯᠳᠠᠯᠭ᠎ᠠ ᠲᠣᠪᠣᠢᠮ᠎ᠠ᠃ ᠲᠠᠢᠯᠤᠮᠵᠢ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠵᠢᠨ ᠲᠤᠰᠭᠠᠢ ᠲᠤᠱᠢᠶᠠᠯᠳᠦ ᠳᠡᠳ᠋ ᠱᠦᠵᠢ ᠼᠤᠤ ᠹᠸᠢ ᠬᠣᠩ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠵᠠᠩᠭᠢᠯᠠᠭ᠎ᠠ ᠨᠢ ᠠᠵᠢᠯᠯᠠᠭ᠎ᠠ᠎ᠳᠤ ᠪᠠᠢᠨ᠎ᠠ᠂ ᠵᠠᠩᠭᠢᠯᠠᠭ᠎ᠠ ᠨᠢ ᠬᠠᠷᠢᠭᠤᠴᠠᠯᠭ᠎ᠠ ᠡᠭᠦᠷᠭᠡᠯᠡᠬᠦ᠌᠎ᠳᠦ ᠪᠠᠢᠨ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠹᠷᠣᠨᠲ᠎ᠤᠨ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠡᠷᠬᠡᠪᠰᠢ ᠲᠦᠷᠦᠭᠦᠯᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠠᠲᠤ ᠴᠢᠨᠭᠭ᠎ᠠ ᠰᠤᠷᠲᠠᠯ᠎ᠢ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ᠃ ᠨᠢᠭᠡ᠎ᠳᠦ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ 〈ᠬᠣᠶᠠᠷ᠎ᠢ ᠬᠠᠮᠠᠭᠠᠯᠠᠬᠤ〉᠎ᠶ᠋ᠢ ᠪᠡᠶᠡᠯᠡᠭᠦᠯᠵᠦ᠍᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠨᠠᠮ᠎ᠤᠨ ᠲᠥᠪ ᠬᠤᠷᠢᠶ᠎ᠠ᠎ᠵᠢᠨ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠬᠦᠷᠢᠶᠡᠨ᠎ᠳᠦ ᠲᠡᠷᠡ ᠶᠣᠰᠣᠭᠠᠷ᠎ᠨᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃ ᠬᠣᠶᠠᠷ᠎ᠲᠤ᠂ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠬᠡᠷᠡᠭ᠌ᠲᠡᠢ᠃ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠴᠢᠳᠠᠮᠠᠭᠠᠢ᠎ᠪᠠᠷ ᠵᠢᠳᠬᠦᠯ ᠴᠢᠷᠮᠠᠢᠯᠭ᠎ᠠ ᠭᠠᠷᠭᠠᠵᠤ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠡᠭᠠᠬᠤ ᠳᠤᠮᠳᠠ ᠡᠮᠦᠨ᠎ᠡ ᠨᠢ ᠬᠣᠱᠢᠭᠤᠷᠠᠵᠤ᠂ ᠭᠠᠪᠢᠶ᠎ᠠ ᠪᠠᠢᠭᠤᠯᠵᠤ ᠦᠢᠯᠡᠰ ᠪᠤᠰᠭᠠᠬᠤ ᠬᠡᠷᠡᠭ᠌ᠲᠡᠢ᠃ ᠭᠤᠷᠪᠠ᠎ᠳᠤ᠂ ᠪᠠᠲᠤ ᠴᠢᠩᠭ᠎ᠠ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠠᠷᠢᠭᠤᠨ ᠴᠢᠬᠡᠴᠢ ᠤᠤᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠨᠠᠮ᠎ᠤᠨ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠵᠢᠷᠤᠮᠯᠠᠵᠤ᠂ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠵᠦ᠍᠂ ᠴᠡᠭᠡᠷᠯᠡᠨ ᠵᠢᠷᠦᠭᠡᠰᠢᠶᠡᠵᠦ᠂ ᠬᠣᠷᠢᠭ᠎ᠠ ᠱᠤᠭᠤᠮ᠎ᠢ ᠰᠠᠬᠢᠵᠤ᠂ ᠠᠷᠢᠭᠤᠨ ᠴᠢᠬᠡᠴᠢ ᠪᠠᠢᠵᠤ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠺᠠᠳ᠋ᠷ᠎ᠤᠨ ᠰᠠᠢ᠌ᠨ ᠰᠠᠢᠬᠠᠨ ᠲᠦᠷᠢ ᠲᠥᠷᠬᠦ᠌᠎ᠶ᠋ᠢ ᠰᠠᠢᠲᠤᠷ ᠬᠠᠮᠠᠭᠠᠯᠠᠵᠤ᠂ 2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠌ ᠭᠡᠷᠡᠭᠲᠡᠢ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号