24 ᠤ᠋ ᠡᠳᠦᠷ᠎ᠡᠴᠡ 25 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠳᠤ ᠲᠦᠪ ᠤ᠋ᠨ ᠱᠢᠶᠠᠩᠭᠠᠩ᠎ᠳᠤ ᠰᠠᠭᠤᠭ᠎ᠠ ᠪᠠᠢᠭᠤᠯᠤᠮᠵᠢ ᠪᠣᠯᠤᠨ ᠳᠤᠮᠳᠠᠳᠤ᠎ᠶ᠋ᠢᠨ ᠪᠡᠯᠡᠳᠤ ᠠᠵᠤ ᠠᠬᠤᠢᠯᠠᠯ᠎ᠤᠨ ᠲᠥᠯᠥᠭᠡᠯᠡᠭ᠌ᠴᠢ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠠᠮᠢᠶᠠᠷᠤᠨ ᠵᠠᠰᠠᠬᠤ ᠪᠦᠯᠬᠦᠮ᠂ ᠨᠡᠢᠭᠡᠮ᠎ᠦᠨ ᠡᠯ᠎ᠡ ᠡᠲᠡᠭᠡᠳ᠎ᠦᠨ ᠬᠥᠮᠦᠰ᠎ᠲᠦ ᠭᠤᠷᠪᠠᠨ ᠲᠠᠯᠠᠪᠤᠷ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠤᠮᠠᠷᠠᠲᠤ ᠬᠡᠰᠡᠭ᠎ᠦᠨ ᠬᠤᠳᠠ ᠵᠢᠨ ᠲᠣᠭᠣᠷᠢᠭ᠎ᠲᠤ ᠬᠦᠷᠴᠦ᠍ ᠪᠠᠢᠴᠠᠭᠠᠨ ᠰᠤᠳᠤᠯᠵᠤ ᠶᠠᠷᠢᠯᠴᠠᠨ ᠰᠣᠯᠢᠯᠴᠠᠪᠠ᠃
ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠾᠧᠦ ᠵᠢᠶᠠᠨ ᠭᠦᠸᠧ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠶᠡᠬᠡ ᠬᠦᠳᠦᠯᠥᠨ ᠳᠠᠭᠠᠭᠤᠯᠬᠤ᠂ ᠬᠥᠳᠡᠯᠭᠡᠬᠦ᠌᠂ ᠲᠤᠯᠭᠠᠭᠤᠷᠢᠯᠠᠬᠤ ᠦᠢᠯᠡᠳᠦᠯ᠎ᠲᠡᠶ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠠ᠎ᠶ᠋ᠢ ᠬᠦᠷᠢᠶ᠎ᠠ ᠴᠠᠷᠠᠭ᠎ᠠ ᠬᠤᠪᠢᠶᠠᠨ ᠲᠠᠨᠢᠯᠴᠠᠭᠤᠯᠪᠠ᠃ ᠲᠡᠷᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠠᠬᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠲᠠᠶ ᠤᠶᠠᠯᠳᠤᠭᠤᠯᠵᠤ᠂ ᠱᠢᠶᠠᠩᠭᠠᠩ᠎ᠤᠨ ᠬᠢᠨ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠪᠠᠷᠠᠯᠠᠯᠳᠤ ᠴᠢᠨᠠᠷᠲᠠᠢ ᠬᠦᠳᠦᠯᠥᠨ ᠳᠠᠭᠠᠭᠤᠯᠬᠤ ᠴᠢᠨᠠᠷᠲᠠᠢ ᠰᠠᠭᠤᠷᠢ ᠰᠤᠳᠤᠯᠭᠠᠨ᠎ᠢ ᠴᠢᠩᠭᠠᠳᠭᠠᠵᠤ᠂ ᠬᠡᠷᠡᠭ᠌ᠯᠡᠭᠡᠨ᠎ᠦ ᠦᠵᠡᠭᠳᠡᠯ ᠪᠠᠢᠳᠠᠯ ᠤ᠋ᠨ ᠪᠦᠳᠦᠭᠡᠨ ᠪᠠᠢᠭᠤᠯᠤᠯᠲᠠ ᠪᠣᠯᠤᠨ ᠨᠡᠬᠡᠬᠡᠯᠳᠡ ᠬᠢᠬᠦ᠌ ᠡᠷᠴᠢᠮ᠎ᠢᠶᠡᠨ ᠴᠢᠩᠭᠠᠷᠠᠭᠤᠯᠬᠤ᠎ᠶ᠋ᠢᠨ ᠬᠠᠮᠲᠤ ᠤᠯᠠᠨ ᠤᠯᠤᠰ᠎ᠤᠨ ᠳᠡᠭᠡᠳᠦ ᠲᠡᠰ᠎ᠤᠨ ᠴᠢᠳᠠᠪᠤᠷᠢᠲᠠᠨ ᠴᠤᠭ᠍ᠯᠠᠷᠠᠭ᠍ᠰᠠᠨ ᠥᠨᠳᠥᠷᠯᠢᠭ ᠪᠣᠯᠤᠨ ᠪᠦᠬᠦ᠌ ᠪᠥᠮᠪᠥᠷᠴᠡᠭ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠭᠡᠭᠡᠯᠲᠡᠲᠦ ᠬᠠᠮᠲᠤᠷᠠᠯᠴᠠᠭᠠᠨ᠎ᠤ ᠲᠠᠪᠴᠠᠩ᠎ᠤᠨ ᠬᠦᠢᠰᠦ᠎ᠶ᠋ᠢ ᠴᠣᠭ᠍ᠴᠠᠯᠠᠬᠤ᠎ᠶ᠋ᠢ ᠰᠠᠨᠠᠭᠤᠯᠪᠠ᠃
ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠠᠯᠪᠠᠨ ᠭᠡᠷ᠎ᠦᠨ ᠳᠡᠳ᠋ ᠡᠷᠬᠢᠯᠡᠭ᠌ᠴᠢ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠦᠨ ᠳᠡᠳ᠋ ᠡᠷᠬᠢᠯᠡᠭ᠌ᠴᠢ ᠵᠦ᠍ ᠸᠧᠢ ᠳ᠋ᠦᠩ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ ᠪᠠ ᠡᠭᠦᠷᠭᠡ᠂ ᠵᠢᠯᠣᠭᠣᠳᠭᠤ ᠴᠢᠭ᠌ᠯᠡᠯᠲᠡ ᠪᠣᠯᠤᠨ ᠭᠣᠣᠯ ᠬᠠᠷᠠᠯᠲᠠ᠎ᠶ᠋ᠢᠨ ᠲᠣᠭᠣᠷᠢᠨ᠎ᠳᠤ ᠲᠠᠢᠯᠤᠮᠵᠢ ᠬᠢᠵᠡᠢ᠃ ᠲᠡᠷᠡ᠂ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠪᠠ ᠬᠡᠷᠡᠭ᠌ᠵᠢᠭᠦᠯᠬᠦ᠌ ᠨᠢ ᠱᠢᠶᠠᠩᠭᠠᠩ᠎ᠳᠤ ᠬᠦᠴᠦᠷᠬᠡᠭ ᠶᠡᠬᠡ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠱᠢᠶᠠᠩᠭᠠᠩ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠰᠠᠢ᠌ᠳᠤᠷ ᠠᠭᠤᠰᠤᠯᠴᠠᠬᠤ ᠪᠠ ᠦᠢᠯᠡᠴᠢᠯᠡᠵᠦ᠍᠂ ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ ᠵᠡᠷᠭᠡ ᠤᠯᠤᠰ᠎ᠤᠨ ᠪᠠᠢᠯᠳᠤᠬᠤ ᠪᠤᠳᠤᠯᠭ᠎ᠠ᠎ᠳᠤ ᠣᠷᠣᠯᠴᠠᠪᠠᠯ ᠵᠣᠬᠢᠨ᠎ᠠ ᠭᠡᠵᠦ᠍ ᠢᠯᠡᠳᠭᠡᠪᠡ᠃
ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ ᠡᠷᠬᠡᠪᠰᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ ᠪᠣᠯᠤᠨ ᠬᠠᠷᠠᠯᠲᠠ ᠡᠭᠦᠷᠭᠡ᠎ᠶ᠋ᠢ ᠭᠦᠨᠵᠡᠭᠡᠢ ᠡᠵᠡᠮᠳᠡᠵᠦ᠍᠂ ᠱᠢᠶᠠᠩᠭᠠᠩ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠲᠡᠶ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠮᠥᠩᠭᠥᠨ ᠭᠦᠢᠯᠭᠡᠭᠡᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠬᠣᠣᠰ ᠬᠥᠳᠡᠯᠭᠡᠭᠦᠷ᠎ᠦᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠳᠡᠯᠡᠬᠡᠢ᠎ᠶ᠋ᠢᠨ ᠡᠯ᠎ᠡ ᠭᠠᠵᠠᠷ᠎ᠲᠠᠶ ᠨᠡᠩ ᠥᠷᠭᠡᠨ ᠳᠡᠯᠭᠡᠷ᠂ ᠨᠡᠩ ᠨᠢᠭ᠍ᠲᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠦᠨ᠎ᠠ ᠭᠡᠵᠦ᠍ ᠢᠯᠡᠳᠭᠡᠪᠡ᠃
ᠲᠥᠪ᠎ᠦᠨ ᠱᠢᠶᠠᠩᠭᠠᠩ ᠣᠣᠮᠧᠨ᠎ᠦ ᠠᠵᠢᠯ᠎ᠤᠨ ᠠᠯᠪᠠᠨ ᠬᠡᠷ᠎ᠦᠨ ᠳᠡᠳ᠋ ᠡᠷᠬᠢᠯᠡᠭ᠌ᠴᠢ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠱᠢᠶᠠᠩᠭᠠᠩ ᠣᠣᠮᠧᠨ᠎ᠦ ᠬᠡᠷᠡᠭ ᠶᠠᠪᠤᠳᠠᠯ᠎ᠤᠨ ᠠᠯᠪᠠᠨ ᠬᠡᠷ᠎ᠦᠨ ᠳᠡᠳ᠋ ᠡᠷᠬᠢᠯᠡᠭ᠌ᠴᠢ᠂ ᠲᠥᠪ᠎ᠦᠨ ᠵᠠᠰᠠᠭ᠎ᠤᠨ ᠣᠷᠳᠣᠨ᠎ᠤ ᠱᠢᠶᠠᠩᠭᠠᠩ᠎ᠳᠤ ᠰᠠᠭᠤᠭ᠎ᠠ ᠬᠣᠯᠪᠣᠭ᠎ᠠ ᠠᠪᠬᠤ ᠠᠯᠪᠠᠨ ᠬᠡᠷ᠎ᠦᠨ ᠡᠷᠬᠢᠯᠡᠭ᠌ᠴᠢ ᠵᠧᠸ᠋ ᠵᠢᠶ᠂ ᠱᠢᠶᠠᠩᠭᠠᠩ ᠯᠠᠪᠲᠠᠶ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠳᠤᠮᠳᠠ᠎ᠡᠴᠡ ᠵᠠᠪᠠᠯ ᠢᠯᠠᠯᠲᠠ ᠤᠯᠬᠤ ᠢᠲᠡᠭᠡᠯ ᠵᠣᠷᠢᠭ᠎ᠢᠶᠠᠨ ᠨᠠᠩ ᠪᠠᠲᠤᠳᠭᠠᠵᠤ᠂ ᠪᠠᠢᠳᠠᠯ ᠡᠭᠦᠷᠭᠡ᠎ᠶ᠋ᠢᠨ ᠳᠤᠮᠳᠠ᠎ᠡᠴᠡ ᠠᠵᠠ ᠲᠣᠬᠢᠶᠠᠯ᠎ᠤᠨ ᠠᠯᠤᠰ ᠢᠷᠡᠭᠡᠳᠦᠢ᠎ᠵᠢ ᠨᠠᠩ ᠰᠠᠢᠲᠤᠷ ᠲᠣᠳᠣᠷᠬᠠᠶ ᠲᠠᠨᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠡᠴᠡ ᠬᠥᠭ᠌ᠵᠢᠯᠲᠡ᠎ᠶ᠋ᠢᠨ ᠴᠢᠭ᠌ᠯᠡᠯ᠎ᠢ ᠨᠠᠩ ᠣᠨᠣᠪᠴᠢᠲᠠᠶ ᠡᠵᠡᠮᠳᠡᠵᠦ᠍᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠪᠠᠢᠭᠤᠯᠤᠯ᠎ᠦᠨ ᠳᠠᠪᠠᠭᠤᠯᠢᠭ ᠪᠠ ᠳᠣᠲᠣᠭᠠᠳᠤ᠎ᠳᠠᠭᠠᠨ ᠬᠣᠯᠪᠣᠭᠠᠯᠠᠨ ᠭᠠᠳᠠᠭ᠍ᠰᠢ ᠨᠡᠪᠲᠡᠷᠡᠯᠴᠡᠬᠦ᠌ ᠥᠪᠡᠷᠮᠢᠴᠡ ᠳᠠᠪᠠᠭᠤᠯᠢᠭ᠎ᠢᠶᠠᠨ ᠰᠠᠢᠲᠤᠷ ᠪᠠᠳᠠᠷᠠᠭᠤᠯᠵᠤ ᠴᠢᠳᠠᠨ᠎ᠠ ᠭᠡᠵᠤ ᠢᠯᠡᠳᠭᠡᠪᠡ᠃
ᠲᠤᠬᠠᠶ᠎ᠶ᠋ᠢᠨ ᠡᠳᠦᠷ᠎ᠦᠨ ᠪᠠᠢᠴᠠᠭᠠᠨ ᠰᠤᠳᠤᠯᠵᠤ ᠶᠠᠷᠢᠯᠴᠠᠨ ᠰᠤᠯᠢᠯᠴᠠᠬᠤ ᠳᠤᠮᠳᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠡᠴᠡ ᠱᠢᠶᠠᠩᠭᠠᠩ᠎ᠤᠨ ᠣᠷᠳᠣ ᠬᠤᠭᠤᠴᠠᠭᠠᠨ᠎ᠤ ᠬᠥᠭ᠌ᠵᠢᠯ ᠴᠡᠴᠡᠭ᠌ᠯᠡᠯ ᠪᠠ ᠲᠣᠭ᠍ᠲᠠᠭᠤᠨ᠎ᠢ ᠠᠬᠢᠭᠤᠯᠬᠤ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠂ ᠣᠯᠠᠨ᠎ᠢᠶᠠᠷ᠎ᠢᠶᠠᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠦᠭ᠌ᠰᠡᠨ᠎ᠡᠴᠡ ᠪᠣᠯᠤᠭ᠍ᠰᠠᠨ ᠴᠢᠬᠤᠯᠠ ᠶᠡᠬᠡ ᠠᠵᠠ ᠲᠣᠬᠢᠶᠠᠯ᠎ᠢ ᠡᠵᠡᠮᠳᠡᠵᠦ᠍᠂ ᠱᠢᠶᠠᠩᠭᠠᠩ᠎ᠤᠨ ᠡᠬᠡ ᠤᠯᠤᠰ᠎ᠲᠠᠭᠠᠨ ᠲᠦᠱᠢᠭ᠌ᠯᠡᠵᠦ᠍᠂ ᠳᠡᠯᠡᠬᠡᠶ ᠳ᠋ᠠᠬᠢᠨ᠎ᠢ ᠬᠣᠯᠪᠣᠭ᠍ᠰᠠᠨ ᠥᠪᠡᠷᠮᠢᠴᠡ ᠳᠠᠪᠠᠭᠤᠯᠢᠭ ᠪᠠ ᠴᠢᠬᠤᠯᠠ ᠦᠶ᠋ᠯᠡᠳᠦᠯ᠎ᠢ ᠪᠠᠳᠠᠷᠠᠭᠤᠯᠵᠤ᠂ ᠤᠮᠠᠷᠠᠲᠤ ᠬᠡᠰᠡᠭ᠎ᠦᠨ ᠬᠤᠳᠠ ᠵᠢᠨ ᠲᠤᠭᠤᠷᠢᠭ᠎ᠤᠨ ᠨᠡᠭᠡᠭᠡᠨ ᠬᠥᠭ᠌ᠵᠢᠭᠦᠯᠦᠯᠲᠡ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠱᠢᠶᠠᠩᠭᠠᠩ᠎ᠤᠨ ᠣᠯᠠᠨ ᠤᠯᠤᠰ᠎ᠤᠨ ᠱᠢᠨ᠎ᠡ᠎ᠶ᠋ᠢ ᠡᠭᠦᠳᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠪ᠎ᠢ ᠴᠣᠭ᠍ᠴᠠᠯᠠᠨ ᠪᠠᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠠᠭᠤᠰᠤᠯᠴᠠᠨ ᠦᠶ᠋ᠯᠡᠴᠢᠯᠡᠬᠦ᠌᠎ᠶ᠋ᠢ ᠬᠦᠰᠡᠵᠦ᠍ ᠪᠠᠢᠨ᠎ᠠ ᠭᠡᠵᠤ ᠢᠯᠡᠳᠭᠡᠪᠡ᠃
(ᠱᠢᠨᠬᠤᠸᠠ ᠬᠣᠷᠢᠶ᠎ᠠ ᠵᠢᠨ ᠱᠢᠶᠠᠩᠭᠠᠩ᠎ᠤᠨ 11 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)