ᠵᠣᠯ ᠵᠢᠷᠭᠠᠯᠲᠤ ᠲᠦᠩᠯᠢᠶᠣᠤ ᠵᠢᠨ ᠳᠡᠪᠢᠰᠭᠡᠷ ᠥᠩᠭᠡ
2025-11-27 09:24:35
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠡᠨᠡ ᠡᠪᠦᠯ᠂ ᠲᠦᠩᠯᠢᠶᠣᠤ ᠬᠤᠳᠠ ᠵᠢᠨ ᠨᠠᠢ᠍ᠮᠠᠨ ᠬᠣᠱᠢᠭᠤᠨ ᠤ᠋ ᠰᠠᠭᠤᠭᠠᠯᠢ ᠠᠷᠠᠳ ᠸᠠᠩ ᠷᠦᠩ ᠴᠢᠶᠠᠩ ᠲᠤᠭᠲᠠᠪᠤᠷᠢᠳᠠᠢ ᠣᠷᠣᠯᠭ᠎ᠠ᠎ᠲᠠᠶ ᠪᠣᠯᠪᠠ᠃ 2 ᠰᠠᠷ᠎ᠠ ᠵᠢᠨ ᠡᠮᠦᠨ᠎ᠡ᠂ ᠲᠡᠷᠡ ᠨᠡᠢᠭᠡᠮ ᠲᠣᠭᠣᠷᠢᠭ ᠤ᠋ᠨ 《ᠬᠡᠷ ᠤ᠋ᠨ ᠡᠭᠦᠳᠡᠨ ᠳ᠋ᠤ》 ᠠᠵᠢᠯ ᠣᠯᠭᠣᠯᠲᠠ ᠵᠢᠨ ᠦᠶ᠋ᠯᠡᠴᠢᠯᠡᠭᠡᠨ ᠤ᠋ ᠥᠷᠲᠡᠭᠡ ᠪᠡᠷ ᠳᠡᠮᠵᠢᠨ ᠬᠡᠷ ᠡᠴᠡ ᠪᠠᠨ ᠣᠢᠷᠠᠬᠠᠨ᠂ ᠠᠵᠢᠯ ᠤ᠋ᠨ ᠣᠷᠴᠢᠨ ᠲᠣᠭᠣᠷᠢᠨ ᠨᠢ ᠰᠠᠢᠨ᠂ ᠰᠠᠨᠠᠭᠠᠨ᠎ᠳᠠᠭᠠᠨ ᠲᠤᠬᠢᠷᠠᠭᠰᠠᠨ ᠠᠵᠢᠯ ᠤᠯᠵᠠᠢ᠃

ᠡᠨᠡ ᠡᠪᠦᠯ᠂ ᠲᠦᠩᠯᠢᠶᠣᠤ ᠬᠤᠳᠠ ᠵᠢᠨ ᠬᠣᠷᠴᠢᠨ ᠲᠣᠭᠣᠷᠢᠭ ᠤ᠋ᠨ ᠱᠢᠨ ᠶᠤᠸᠠᠨ ᠰᠠᠭᠤᠭᠠᠯᠢ ᠠᠷᠠᠳ ᠤ᠋ᠨ ᠲᠣᠭᠣᠷᠢᠭ ᠤ᠋ᠨ C ᠲᠣᠭᠣᠷᠢᠭ ᠤ᠋ᠨ ᠰᠠᠭᠤᠭᠠᠯᠢ ᠠᠷᠠᠳ ᠲᠤᠯᠠᠭᠠᠬᠠᠨ ᠡᠪᠦᠯᠵᠢᠬᠦ ᠪᠤᠯᠤᠨ᠎ᠠ᠃ 2004 ᠣᠨ ᠳ᠋ᠤ ᠪᠠᠢᠭᠤᠯᠤᠭ᠍ᠳᠠᠭ᠍ᠰᠠᠨ ᠡᠨᠡ ᠬᠦ᠌ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠲᠤ᠌᠂  《ᠬᠠᠢᠷ᠎ᠠ ᠬᠠᠯᠠᠮᠵᠢ ᠵᠢᠨ ᠢᠨᠵᠧᠨᠧᠷᠢᠩ》 ᠤ᠋ᠨ ᠲᠦᠷᠦᠯ ᠵᠦᠢᠯ ᠤ᠋ᠨ ᠱᠢᠰᠲ᠋ᠧᠮᠲᠦ ᠴᠢᠨᠠᠷᠲᠠᠢ ᠥᠭᠡᠷᠡᠴᠢᠯᠡᠯᠲᠡ ᠪᠡᠷ ᠳᠠᠮᠵᠢᠨ᠂ ᠣᠷᠣᠨ ᠰᠠᠭᠤᠴᠠ ᠵᠢᠨ ᠣᠷᠴᠢᠨ ᠲᠣᠭᠣᠷᠢᠨ ᠪᠣᠯᠤᠨ ᠢᠯᠴᠢ ᠬᠠᠩᠭᠠᠬᠤ ᠶᠠᠰᠤ ᠴᠢᠨᠠᠷ ᠶᠡᠬᠡ ᠪᠡᠷ ᠳᠡᠭᠡᠭ᠌ᠰᠢᠯᠡᠪᠡ᠃

ᠡᠨᠡ ᠡᠪᠦᠯ᠂ ᠬᠤᠤᠯᠢᠨ ᠭᠤᠤᠯ ᠬᠣᠲᠠ ᠵᠢᠨ ᠵᠦᠰᠬᠤᠸᠠ ᠵᠡᠭᠡᠯᠢ  ᠭᠤᠳᠤᠮᠵᠢ ᠵᠢᠨ ᠨᠠᠰᠤᠲᠠᠢᠴᠤᠳ ᠤ᠋ᠨ ᠰᠡᠳᠭᠢᠯ ᠳᠤᠯᠠᠭᠠᠬᠠᠨ ᠪᠠᠢᠨ᠎ᠠ᠃ ᠵᠡᠭᠡᠯᠢ ᠭᠤᠳᠤᠮᠵᠢ ᠵᠢᠨ ᠬᠠᠷᠢᠶ᠎ᠠ ᠲᠣᠭᠣᠷᠢᠭ ᠲᠤ᠌ ᠠᠷᠠᠳ ᠲᠤ᠌ ᠠᠱᠢᠭ ᠬᠦᠷᠲᠡᠭᠡᠬᠦ᠌ 4 ᠬᠣᠭᠣᠯᠠᠨ ᠬᠡᠷ ᠡᠷᠭᠢᠯᠡᠵᠦ᠍᠂ ᠪᠦᠬᠦᠯᠢ 60 ᠨᠠᠰᠤᠨ ᠡᠴᠡ ᠳᠡᠭᠡᠭ᠌ᠰᠢᠬᠢ ᠨᠠᠰᠤᠲᠠᠢᠴᠤᠳ ᠴᠥᠮ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠭᠥᠷᠳᠡᠵᠦ᠍᠂ ᠨᠠᠰᠤᠲᠠᠢᠴᠤᠳ ᠤ᠋ᠨ 《ᠬᠣᠭᠣᠯᠠ ᠬᠢᠬᠦ᠌ ᠳ᠋ᠤ ᠬᠦᠴᠢᠷᠲᠡᠶ》 ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃

ᠣᠯᠠᠨ ᠲᠦᠮᠡᠨ ᠤ᠋ 《ᠲᠤᠯᠭᠠᠮ ᠱᠠᠭᠠᠷᠳᠠᠭᠳᠠᠵᠤ ᠪᠠᠢᠭ᠎ᠠ ᠬᠦᠴᠢᠷ ᠠᠰᠠᠭᠤᠳᠠᠯ》᠂ 《ᠠᠮᠤᠷ ᠲᠦᠪᠱᠢᠨ ᠬᠠᠯᠠᠭᠤᠨ ᠬᠦᠢᠲᠡᠨ》 ᠤ᠋ ᠠᠰᠠᠭᠤᠳᠠᠯ ᠢ᠋ ᠠᠩᠬᠠᠷᠤᠯ ᠳ᠋ᠠᠭᠠᠨ ᠠᠪᠴᠤ᠂ ᠰᠡᠳᠭᠢᠯ᠎ᠳᠡᠭᠡᠨ ᠪᠤᠳᠤᠵᠤ᠂ ᠠᠵᠢᠯᠯᠠᠭ᠎ᠠ ᠳᠤᠮᠳᠠ ᠪᠡᠨ ᠨᠠᠢᠳᠠᠪᠤᠷᠢᠵᠢᠭᠤᠯᠪᠠ᠂ ᠡᠨᠡ ᠡᠪᠦᠯ ᠲᠦᠩᠯᠢᠶᠣᠤ ᠬᠣᠲᠠ ᠵᠢᠨ᠎ᠬᠢᠨ ᠬᠤᠪᠢᠷᠠᠰᠢ ᠥᠬᠡᠶ ᠣᠭ ᠰᠠᠨᠠᠭ᠎ᠠ᠎ᠪᠠᠷ ᠡᠨᠡ ᠬᠦ᠌ ᠬᠣᠲᠠ ᠵᠢᠨ ᠵᠣᠯ ᠵᠢᠷᠭᠠᠯ ᠤ᠋ᠨ ᠰᠠᠭᠤᠷᠢ ᠶ᠋ᠢ ᠦᠷᠭᠦᠯᠵᠢᠯᠡᠨ ᠪᠡᠬᠢᠵᠢᠬᠦᠯᠪᠡ᠃

ᠡᠢᠮᠦᠷᠬᠦᠦ ᠵᠣᠯ ᠵᠢᠷᠭᠠᠯ ᠤ᠋ᠨ ᠳᠡᠪᠢᠰᠭᠡᠷ ᠦᠩᠭᠡ ᠥᠩᠭᠡᠷᠡᠭ᠌ᠰᠡᠨ ᠲᠠᠪᠤᠨ ᠵᠢᠯ ᠳ᠋ᠤ ᠬᠤᠳᠠ ᠵᠢᠨ ᠥᠨᠴᠥᠭ ᠪᠤᠯᠤᠩ ᠪᠦᠷᠢ ᠳ᠋ᠤ ᠳᠡᠯᠭᠡᠭ᠌ᠳᠡᠵᠡᠢ᠄

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ᠂ 1296 ᠲᠠᠯᠠᠪᠤᠷ ᠡᠯ᠎ᠡ ᠲᠥᠷᠥᠯ ᠤ᠋ᠨ ᠠᠵᠢᠯᠲᠠᠨ ᠡᠯᠰᠡᠬᠦ᠌ ᠴᠤᠭ᠍ᠯᠠᠭᠠᠨ᠂ 8.81 ᠳ᠋ᠦᠩᠱᠢᠭᠤᠷ ᠲᠥᠭᠥᠷᠢᠭ ᠤ᠋ᠨ ᠦᠶ᠋ᠯᠡᠰ ᠪᠤᠰᠬᠠᠬᠤ ᠪᠠᠲᠤᠯᠠᠨ ᠳᠠᠭᠠᠭᠠᠬᠤ ᠵᠢᠭᠡᠯᠡᠯᠭᠡ᠎ᠨᠢ ᠮᠠᠰᠢ ᠣᠯᠠᠨ ᠲᠦᠩᠯᠢᠶᠤᠤ ᠵᠢᠨ ᠬᠦᠮᠦᠰ ᠎ᠤᠨ ᠠᠵᠢᠯᠴᠢ ᠬᠤᠶᠠᠷ ᠭᠠᠷ ᠵᠢᠡᠷ ᠵᠢᠡᠨ ᠰᠠᠢᠨ ᠰᠠᠢᠬᠠᠨ ᠠᠮᠢᠳᠤᠷᠠᠯ ᠵᠢᠡᠨ  ᠴᠣᠭ᠍ᠴᠠᠯᠠᠵᠤ ᠬᠡᠷᠡᠯ ᠭᠢᠯᠪᠠᠭ᠎ᠠ ᠪᠠᠨ ᠰᠠᠴᠤᠷᠠᠭᠤᠯᠬᠤ᠎ᠳᠦ ᠲᠤᠰᠠᠯᠠᠪᠠ;

ᠴᠢᠰᠤᠨ ᠳᠠᠷᠤᠯᠲᠠ ᠥᠨᠳᠥᠷ ᠡᠪᠡᠳᠴᠢᠨ᠂ ᠱᠢᠬᠢᠷ ᠱᠢᠵᠢᠩ ᠡᠪᠡᠳᠴᠢᠨ ᠤ᠋ ᠡᠮ ᠬᠡᠷᠡᠭ᠌ᠯᠡᠬᠦ᠌ ᠪᠠᠲᠤᠯᠠᠭ᠎ᠠ ᠶ᠋ᠢ ᠲᠣᠰᠭᠣᠨ ᠤ᠋ ᠡᠷᠡᠭᠦᠯ ᠬᠠᠮᠠᠭᠠᠯᠠᠯ ᠤ᠋ᠨ ᠲᠠᠰᠤᠭ ᠬᠦᠷᠲᠡᠯ᠎ᠡ ᠤᠷᠲᠤᠳᠭᠠᠵᠤ ᠂ ᠦᠷᠡᠵᠢᠯ ᠤ᠋ᠨ ᠨᠡᠮᠡᠭᠦᠷᠢ ᠶ᠋ᠢ 《ᠭᠤᠶᠤᠴᠢᠯᠠᠬᠤ ᠥᠬᠡᠶ ᠪᠡᠷ ᠡᠳ᠋ᠯᠡᠬᠦ》 ᠪᠤᠯᠪᠠ᠃ 994 ᠵᠦᠶ᠋ᠯ ᠤ᠋ᠨ ᠡᠮ ᠤ᠋ᠨ ᠵᠦᠶ᠋ᠯ᠂ 43 ᠲᠥᠷᠥᠯ ᠤ᠋ᠨ ᠡᠮᠴᠢᠯᠡᠭᠡᠨ ᠤ᠋ ᠥᠨᠳᠥᠷ ᠥᠷᠲᠡᠭ᠌ᠲᠦ ᠬᠣᠷᠣᠭ᠍ᠳᠠᠯ ᠮᠠᠲ᠋ᠧᠷᠢᠶᠠᠯ ᠤ᠋ᠨ ᠦᠨ᠎ᠡ ᠶ᠋ᠢ ᠳᠤᠮᠳᠠᠴᠢ᠎ᠪᠠᠷ 60% ᠪᠡᠷ ᠪᠠᠭᠤᠷᠠᠭᠤᠯᠵᠤ᠂ ᠡᠪᠡᠳᠴᠢᠲᠡᠨ ᠳ᠋ᠤ 10 ᠳ᠋ᠦᠩᠱᠢᠭᠤᠷ ᠲᠥᠭᠥᠷᠢᠭ ᠢᠯᠡᠭᠦᠦ ᠠᠷᠪᠢᠯᠠᠵᠡᠶ;

87 ᠨᠠᠰᠤᠵᠢᠯ ᠤ᠋ᠨ ᠠᠰᠠᠷᠠᠮᠵᠢ ᠵᠢᠨ ᠪᠠᠢᠭᠤᠯᠤᠮᠵᠢ᠂ 1078 ᠮᠠᠯᠵᠢᠬᠤ ᠲᠠᠷᠢᠶᠠᠯᠠᠬᠤ ᠣᠷᠣᠨ ᠤ᠋ ᠨᠠᠰᠤᠵᠢᠯ ᠤ᠋ᠨ ᠠᠰᠠᠷᠠᠮᠵᠢ ᠵᠢᠨ ᠦᠶ᠋ᠯᠡᠴᠢᠯᠡᠭᠡᠨ ᠤ᠋ ᠲᠥᠬᠥᠭᠡᠷᠦᠮᠵᠢ ᠨᠢ ᠨᠠᠰᠤᠲᠠᠢᠴᠤᠳ ᠲᠤ᠌ ᠥᠲᠡᠯᠦᠭᠡ ᠨᠠᠰᠤᠨ᠎ᠦ ᠵᠣᠯ ᠵᠢᠷᠭᠠᠯ ᠢ᠋ ᠡᠳ᠋ᠯᠡᠭᠦᠯᠵᠦ᠂ 8670 ᠭᠠᠷᠤᠶ ᠲᠦᠮᠡᠨ ᠲᠥᠭᠥᠷᠢᠭ ᠤ᠋ᠨ ᠨᠠᠰᠤᠲᠠᠢᠴᠤᠳ ᠤ᠋ᠨ ᠨᠥᠬᠥᠪᠥᠷᠢ ᠮᠥᠩᠭᠥ᠌ ᠨᠢ 5 ᠲᠦᠮᠡ ᠱᠢᠬᠠᠮ ᠨᠠᠰᠤᠲᠠᠢᠴᠤᠳ ᠲᠤ᠌ ᠠᠱᠢᠭ ᠬᠦᠷᠲᠡᠭᠡᠪᠡ;

ᠬᠣᠲᠠ ᠬᠥᠳᠡᠭᠡ ᠵᠢᠨ ᠠᠮᠢᠳᠤᠷᠠᠯ ᠤ᠋ᠨ ᠨᠠᠭᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠶ᠋ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ 1.3 ᠲᠦᠮᠡᠨ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠪᠠ ᠬᠢᠨᠠᠨ ᠪᠠᠢᠴᠠᠭᠠᠭ᠍ᠳᠠᠬᠤ ᠡᠲᠡᠭᠡᠳ᠎ᠢ ᠦᠨᠳᠦᠰᠦᠨ ᠵᠦᠶ᠋ᠯ᠎ᠤᠨ ᠪᠠᠲᠤᠯᠠᠭ᠎ᠠ ᠳ᠋ᠤ ᠣᠷᠣᠭᠤᠯᠵᠤ᠂ ᠬᠦᠴᠢᠷᠳᠡᠯ ᠳ᠋ᠤ ᠲᠤᠯᠭᠠᠷᠠᠭ᠍ᠰᠠᠨ 42 ᠬᠡᠦᠬᠡᠳ᠎ᠲᠦ ᠰᠦᠶ᠋ᠳᠭᠡᠯ ᠬᠤᠷᠢᠶᠠᠬᠤ ᠥᠬᠡᠶ ᠪᠡᠷ ᠲᠥᠷᠥᠯᠬᠢ ᠵᠢᠨ ᠵᠢᠷᠦᠬᠡᠨ ᠡᠪᠡᠳᠴᠢᠨ ᠤ᠋ ᠮᠡᠰᠡ ᠵᠠᠰᠠᠯ ᠬᠢᠵᠦ ᠦᠭᠪᠡ᠃

ᠠᠵᠢᠯ ᠣᠯᠭᠣᠯᠲᠠ ᠳ᠋ᠤ ᠠᠵᠢᠯ ᠤ᠋ᠨ ᠪᠠᠢᠷᠢ᠎ᠲᠠᠶ᠂ ᠨᠠᠰᠤᠵᠢᠯ ᠤ᠋ᠨ ᠠᠰᠠᠷᠠᠮᠵᠢ ᠨᠢ ᠨᠡᠩ ᠰᠠᠢᠨ᠂ ᠪᠠᠲᠤᠯᠠᠭ᠎ᠠ ᠨᠢ ᠨᠡᠩ ᠭᠦᠢᠴᠡᠳ᠂ ᠬᠦᠷᠲᠡᠮᠵᠢ ᠵᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ ᠤ᠋ ᠲᠦᠷᠦᠭ᠌ᠳᠡᠯ ᠨᠢ ᠨᠡᠩ ᠴᠢᠩᠭ᠎ᠠ ᠁ ᠠᠯᠢ ᠤᠯᠠᠨ ᠲᠣᠭ᠎ᠠ ᠪᠠᠷᠢᠮᠲᠠ ᠨᠢ ᠲᠦᠩᠯᠢᠶᠣᠤ ᠵᠢᠨ ᠢᠮᠠᠭ᠍ᠲᠠ 《ᠠᠷᠠᠳ ᠲᠦᠮᠡᠨ ᠵᠢᠡᠷ ᠭᠣᠣᠯ ᠪᠣᠯᠭᠠᠬᠤ》 ᠤᠬ ᠰᠠᠨᠠᠭ᠎ᠠ ᠵᠢ ᠰᠡᠳᠭᠢᠯ᠎ᠳᠡᠭᠡᠨ ᠬᠠᠳᠠᠩᠱᠢᠭᠤᠯᠵᠤ᠂ ᠠᠷᠠᠳ ᠤ᠋ᠨ ᠠᠮᠢᠳᠤᠷᠠᠯ ᠤ᠋ᠨ ᠬᠠᠷᠢᠭᠤᠯᠲᠠ ᠵᠢᠨ ᠬᠠᠭᠤᠳᠠᠰᠤ ᠶ᠋ᠢ ᠴᠢᠷᠮᠠᠢᠨ ᠪᠢᠴᠢᠭ᠌ᠯᠡᠭᠰᠡᠨ᠎ᠢ ᠬᠠᠷᠠᠭᠤᠯᠪᠠ᠃

ᠠᠷᠠᠳ ᠤ᠋ᠨ ᠠᠮᠢᠳᠤᠷᠠᠯ ᠠᠷᠠᠳ ᠤ᠋ᠨ ᠰᠡᠳᠭᠢᠯ᠎ᠢ ᠬᠣᠯᠪᠣᠵᠤ ᠪᠠᠢᠳᠠᠭ᠂ ᠲᠡᠷᠡ ᠪᠣᠯ ᠨᠠᠮ ᠤ᠋ᠨ ᠲᠦᠷᠦ᠍ ᠪᠠᠷᠢᠬᠤ ᠵᠢᠨ ᠦᠨᠳᠦᠰᠦ᠂ ᠠᠷᠠᠳ ᠲᠦᠮᠡᠨ ᠤ᠋ ᠵᠣᠯ ᠵᠢᠷᠭᠠᠯ ᠤ᠋ᠨ ᠰᠠᠭᠤᠷᠢ᠂ ᠨᠡᠢᠭᠡᠮ ᠤ᠋ᠨ ᠡᠶ᠎ᠡ ᠵᠣᠬᠢᠴᠠᠯ ᠤ᠋ᠨ ᠡᠬᠢ ᠰᠤᠷᠪᠤᠯᠵᠢ ᠮᠥᠨ᠃ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠡᠴᠡ ᠠᠷᠠᠳ ᠤ᠋ᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ ᠵᠢᠡᠨ ᠴᠢᠩᠭᠠᠷᠠᠭᠤᠯᠵᠤ᠂ ᠪᠦᠬᠦ᠌ ᠠᠷᠠᠳ ᠲᠦᠮᠡᠨ ᠤ᠋ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠤᠨ ᠭᠠᠷᠭᠠᠪᠠ᠃ ᠪᠦᠬᠦ ᠬᠦᠴᠦ ᠪᠡᠷ ᠵᠢᠡᠨ ᠴᠢᠷᠮᠠᠢᠬᠤ᠂ ᠴᠢᠳᠠᠯ ᠤ᠋ᠨ ᠵᠢᠡᠨ ᠬᠢᠷᠢ ᠪᠡᠷ ᠬᠢᠬᠦ᠌ ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ ᠤ᠋ᠨ ᠠᠮᠢᠳᠤᠷᠠᠯ ᠤ᠋ᠨ ᠪᠥᠲᠥᠭᠡᠨ ᠪᠠᠢᠭᠤᠯᠤᠯᠲᠠ ᠶ᠋ᠢ ᠴᠢᠩᠭᠠᠳᠭᠠᠵᠤ᠂ ᠠᠷᠠᠳ ᠣᠯᠠᠨ ᠤ᠋ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠂ ᠨᠡᠢᠭᠡᠮ ᠤ᠋ᠨ ᠴᠢᠨᠠᠷᠳᠠᠢ ᠰᠢᠯᠵᠢᠯᠳᠠ ᠵᠢᠨ ᠠᠷᠭ᠎ᠠ ᠵᠠᠮ᠎ᠢ ᠰᠠᠭᠠᠳ ᠦᠭᠡᠢ ᠨᠡᠪᠳᠡᠷᠡᠬᠦᠯᠵᠦ᠂ ᠠᠷᠠᠳ ᠲᠦᠮᠡᠨ᠎ᠤ ᠠᠮᠢᠳᠤᠷᠠᠯ ᠤ᠋ᠨ ᠴᠢᠨᠠᠷ ᠴᠢᠨᠰᠠᠭ᠎ᠠ ᠶ᠋ᠢ ᠳᠡᠭᠡᠭ᠌ᠰᠢᠯᠡᠭᠦᠯᠦᠨ᠎ᠡ᠃

ᠡᠨᠡ ᠪᠣᠯ ᠱᠢᠨ᠎ᠡ ᠴᠠᠭ ᠦᠶ᠎ᠡ ᠱᠢᠨ᠎ᠡ ᠠᠶᠠᠨ ᠳ᠋ᠤ ᠨᠠᠮ ᠡᠴᠡ ᠠᠷᠠᠳ ᠲᠦᠮᠡᠨ ᠳ᠋ᠤ ᠬᠢᠭ᠌ᠰᠡᠨ ᠲᠥᠪ ᠴᠢᠩᠭ᠎ᠠ ᠠᠮᠠᠯᠠᠯᠲᠠ ᠮᠥᠨ᠂ ᠢᠷᠡᠬᠦ᠌ ᠲᠠᠪᠤᠨ ᠵᠢᠯ ᠳ᠋ᠤ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠠᠵᠢᠯᠯᠠᠭᠠᠨ ᠤ᠋ ᠬᠥᠲᠥᠯᠪᠦᠷᠢ ᠮᠥᠨ᠂ ᠨᠡᠩ ᠴᠤ᠌ ᠪᠦᠬᠦ᠌ ᠠᠷᠠᠳ ᠲᠦᠮᠡᠨ ᠤ᠋ ᠪᠦᠯᠬᠦᠮᠳᠡᠨ ᠲᠡᠮᠡᠴᠡᠬᠦ᠌ ᠶ᠋ᠢ ᠵᠣᠷᠢᠭ᠍ᠵᠢᠭᠤᠯᠬᠤ ᠪᠦᠷᠢᠶ᠎ᠡ ᠮᠥᠨ᠃

《ᠠᠵᠢᠯ ᠣᠯᠭᠣᠯᠲᠠ ᠶ᠋ᠢ ᠲᠡᠷᠢᠭᠦᠨ ᠳ᠋ᠤ ᠲᠠᠯᠪᠢᠬᠤ ᠪᠠᠢᠯᠳᠤᠬᠤ ᠪᠣᠳᠣᠯᠭ᠎ᠠ ᠶ᠋ᠢ ᠦᠷᠭᠦᠯᠵᠢᠯᠡᠨ ᠬᠡᠷᠡᠭ᠌ᠵᠢᠭᠦᠯᠵᠦ᠍᠂ 〈ᠬᠠᠢᠷ᠎ᠠ ᠬᠠᠯᠠᠮᠵᠢ᠎ᠲᠡᠶ ᠪᠡᠷ ᠠᠵᠢᠯ ᠣᠯᠭᠣᠬᠤ〉 ᠣᠯᠠᠨ ᠨᠡᠢᠲᠡ ᠵᠢᠨ ᠠᠵᠢᠯ ᠣᠯᠭᠣᠯᠲᠠ ᠵᠢᠨ ᠦᠶ᠋ᠯᠡᠴᠢᠯᠡᠭᠡᠨ ᠤ᠋ ᠲᠥᠷᠥᠯ ᠲᠡᠮᠳᠡᠭ᠌᠎ᠢ ᠢᠳᠡᠪᠬᠢᠲᠡᠶ ᠪᠣᠶ ᠪᠤᠯᠭᠠᠨ᠂ ᠭᠤᠤᠯᠳᠠᠯᠭ᠎ᠠ᠎ᠲᠠᠶ ᠬᠥᠮᠦᠰ ᠤ᠋ᠨ ᠠᠵᠢᠯ ᠣᠯᠭᠣᠯᠲᠠ ᠶ᠋ᠢ ᠬᠠᠪᠰᠤᠷᠤᠨ ᠲᠡᠳᠬᠦᠬᠦ᠌ ᠶ᠋ᠢ ᠭᠦᠨᠵᠡᠭᠡᠶ ᠥᠷᠨᠢᠭᠦᠯᠬᠦ᠌᠂ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠤᠷ᠎ᠠ ᠴᠢᠳᠠᠪᠤᠷᠢ᠎ᠲᠠᠶ ᠴᠢᠳᠠᠪᠤᠷᠢᠲᠠᠨ ᠤ᠋ ᠡᠩᠨᠡᠭᠡ ᠵᠢᠨ ᠪᠠᠢᠭᠤᠯᠤᠯᠲᠠ ᠶ᠋ᠢ ᠴᠢᠩᠭᠠᠳᠭᠠᠬᠤ᠂ ᠦᠶ᠋ᠯᠡᠰ ᠪᠤᠰᠬᠠᠬᠤ ᠶ᠋ᠢ ᠳᠡᠮᠵᠢᠬᠦ᠌ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠌᠂ ᠦᠨᠳᠦᠰᠦᠨ ᠱᠠᠲᠤᠨ ᠤ᠋ ᠠᠵᠢᠯ ᠣᠯᠭᠣᠯᠲᠠ ᠵᠢᠨ ᠣᠯᠠᠨ ᠨᠡᠢᠲᠡ ᠵᠢᠨ ᠦᠶ᠋ᠯᠡᠴᠢᠯᠡᠭᠡᠨ ᠤ᠋ ᠰᠠᠭᠤᠷᠢ ᠶ᠋ᠢ ᠪᠡᠬᠢᠵᠢᠭᠦᠯᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠪᠥᠬᠥ᠌ ᠬᠣᠲᠠ ᠵᠢᠨ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ ᠶ᠋ᠢ ᠪᠡᠶᠡᠯᠡᠭᠦᠯᠬᠦ᠌ ᠶ᠋ᠢ ᠠᠬᠢᠭᠤᠯᠤᠨ᠎ᠠ》᠃

《ᠪᠦᠬᠦ᠌ ᠬᠣᠲᠠ ᠵᠢᠨ ᠰᠤᠷᠭᠠᠨ ᠬᠥᠮᠦᠵᠢᠯ ᠤ᠋ᠨ ᠱᠢᠰᠲ᠋ᠧᠮ᠎ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠶᠡᠬᠡ ᠲᠡᠭᠡᠳᠤ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠦ᠍ ᠵᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ ᠶ᠋ᠢ ᠭᠦᠨᠵᠡᠭᠡᠢᠷᠡᠭᠦᠯᠤᠨ᠂ ᠨᠠᠮ ᠤ᠋ᠨ ᠳᠤᠮᠳᠠᠳᠤ ᠪᠠᠭ᠎ᠠ ᠰᠤᠷᠭᠠᠭᠤᠯᠢ᠎ᠳᠠᠬᠢ ᠪᠦᠬᠦ᠌ ᠲᠠᠯ᠎ᠠ ᠵᠢᠨ ᠤᠳᠤᠷᠢᠳᠤᠯᠭ᠎ᠠ ᠶ᠋ᠢ ᠪᠠᠷᠢᠮᠲᠠᠯᠠᠨ ᠴᠢᠩᠭᠠᠳᠭᠠᠵᠤ᠂ ᠠᠷᠠᠳ ᠲᠦᠮᠡᠨ ᠤ᠋ ᠬᠠᠨᠤᠮᠵᠢᠲᠠᠢ ᠰᠤᠷᠭᠠᠨ ᠬᠥᠮᠦᠵᠢᠯ᠎ᠢ ᠴᠢᠷᠮᠠᠢᠨ ᠰᠠᠢᠲᠤᠷ ᠡᠷᠬᠢᠯᠡᠨ᠎ᠡ》᠃

《ᠬᠤᠳᠠ ᠵᠢᠨ ᠱᠢᠨᠡᠴᠢᠯᠡᠯᠲᠡ ᠵᠢᠨ ᠠᠵᠢᠯᠯᠠᠭ᠎ᠠ ᠶ᠋ᠢ ᠴᠢᠨᠠᠷ ᠰᠠᠢᠲᠠᠢ ᠠᠬᠢᠭᠤᠯᠵᠤ ᠂ ᠣᠷᠣᠱᠢᠨ ᠰᠠᠭᠤᠵᠤ ᠦᠢᠯᠡᠰ ᠪᠤᠰᠭᠠᠬᠤ ᠳ᠋ᠤ ᠲᠣᠬᠢᠷᠠᠮᠵᠢᠲᠠᠢ ᠱᠢᠨ᠎ᠡ ᠪᠠᠢᠳᠠᠯ᠎ᠢ ᠡᠭᠦᠳᠦᠨ᠎ᠡ; ᠤᠯᠠᠨ ᠲᠦᠮᠡᠨ ᠤ᠋ ᠣᠷᠣᠨ ᠰᠠᠭᠤᠴᠠ ᠵᠢᠨ ᠬᠡᠷᠡᠭ᠌ᠴᠡᠭᠡ ᠳ᠋ᠤ ᠠᠩᠬᠠᠷᠤᠯ ᠵᠢᠡᠨ ᠲᠥᠪᠯᠡᠷᠡᠭᠦᠯᠦᠨ᠂ ᠭᠡᠷ ᠪᠠᠢᠱᠢᠩ ᠭᠠᠵᠠᠷ ᠬᠦᠷᠦᠨᠭ᠌ᠭᠡ ᠵᠢᠨ ᠬᠥᠭ᠌ᠵᠢᠯᠲᠡ ᠵᠢᠨ ᠱᠢᠨ᠎ᠡ ᠵᠠᠭ᠍ᠪᠤᠷ᠎ᠢ ᠪᠠᠢᠭᠤᠯᠵᠤ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠦᠳᠦᠭᠡᠨ ᠪᠠᠢᠭᠤᠯᠤᠯᠲᠠ ᠬᠢᠭᠡᠳ 〈ᠰᠠᠢ᠌ᠨ ᠣᠷᠣᠨ ᠰᠠᠭᠤᠴᠠ〉 ᠶ᠋ᠢᠨ ᠬᠠᠩᠭᠠᠯᠭ᠎ᠠ ᠶ᠋ᠢ ᠠᠬᠢᠭᠤᠯᠤᠨ᠂ ᠣᠷᠣᠨ ᠰᠠᠭᠤᠴᠠ ᠵᠢᠨ ᠪᠠᠲᠤᠯᠠᠭ᠎ᠠ ᠵᠢᠨ ᠱᠢᠰᠲ᠋ᠧᠮ᠎ᠢ ᠲᠡᠭᠦᠯᠳᠡᠷᠵᠢᠭᠦᠯᠦᠨ᠎ᠡ》᠃

ᠠᠷᠠᠳ ᠤ᠋ᠨ ᠠᠮᠢᠳᠤᠷᠠᠯ ᠤ᠋ᠨ ᠳᠤᠲᠠᠭᠤᠳᠠᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠲᠦᠷᠢᠮ ᠤ᠋ᠨ ᠲᠥᠯᠥᠪᠯᠡᠭᠡ ᠶ᠋ᠢ ᠰᠢᠯᠢᠳᠡᠭᠵᠢᠭᠦᠯᠦᠨ᠂ ᠨᠡᠢᠭᠡᠮ ᠤ᠋ᠨ ᠠᠮᠢᠵᠢᠷᠠᠯ ᠤ᠋ᠨ ᠬᠦᠴᠦᠨ᠎ᠢ ᠬᠥᠭ᠌ᠵᠢᠭᠡᠵᠦ᠍᠂ ᠵᠣᠯ ᠵᠢᠷᠭᠠᠯᠲᠤ ᠲᠦᠩᠯᠢᠶᠣᠤ ᠱᠢᠨ᠎ᠡ ᠠᠶᠠᠨ᠎ᠳᠠᠭᠠᠨ ᠮᠤᠷᠳᠠᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号