30 ᠪᠦᠯᠬᠦᠮ ᠪᠠ ᠬᠤᠪᠢ ᠬᠥᠮᠦᠨ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》 ᠭᠥᠷᠳᠡᠪᠡ
2025-11-27 09:41:44
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 24 ᠤ᠋ ᠡᠳᠦᠷ᠂ ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠤᠯᠠᠭᠠᠨᠬᠠᠳᠠ ᠬᠣᠲᠠ᠎ᠶ᠋ᠢᠨ 《9·3》 ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠥᠨᠥᠴᠢᠷᠡᠮᠡᠯ ᠬᠡᠮ᠎ᠲᠡᠶ ᠬᠡᠦᠬᠡᠳ᠎ᠢ ᠬᠠᠯᠠᠮᠵᠢᠯᠠᠨ ᠬᠠᠢᠷᠠᠯᠠᠬᠤ ᠪᠦᠯᠬᠦᠮ ᠨᠡᠢᠲᠡ ᠵᠡᠷᠭᠡ 30 ᠨᠢᠭᠦᠯᠡᠰᠦᠩᠭᠦᠶ᠎ᠶ᠋ᠢᠨ ᠦᠢᠯᠡᠰ᠎ᠤᠨ ᠵᠢᠱ᠌ᠢᠶᠡᠴᠢ᠂ ᠨᠢᠭᠦᠯᠡᠰᠦᠩᠭᠦᠶ᠎ᠶ᠋ᠢᠨ ᠲᠥᠷᠥᠯ ᠵᠦᠶ᠋ᠯ ᠪᠠ ᠨᠢᠭᠦᠯᠡᠰᠦᠩᠭᠦᠶ᠎ᠶ᠋ᠢᠨ ᠢᠲᠡᠭᠡᠮᠵᠢᠲᠦ ᠨᠠᠢᠳᠠᠯᠭ᠎ᠠ᠂ ᠬᠠᠨᠳᠢᠪ ᠨᠡᠮᠡᠷᠢᠯᠡᠭᠰᠡᠨ ᠠᠵᠤ ᠠᠬᠤᠢᠯᠠᠯ ᠪᠠ ᠬᠤᠪᠢ ᠬᠥᠮᠦᠨ᠎ᠳᠦ ᠬᠣᠶᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》 ᠣᠯᠭᠣᠬᠤ᠎ᠪᠠᠷ ᠲᠣᠭ᠍ᠲᠠᠪᠠ᠃

ᠡᠭᠦᠨ᠎ᠳᠦ᠂ ᠤᠯᠠᠭᠠᠨᠬᠠᠳᠠ ᠬᠤᠳᠠ᠎ᠶ᠋ᠢᠨ《9·3》ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠥᠨᠥᠴᠢᠷᠡᠮᠡᠯ ᠬᠡᠮ᠎ᠲᠡᠶ ᠬᠡᠦᠬᠡᠳ᠎ᠢ ᠬᠠᠯᠠᠮᠵᠢᠯᠠᠨ ᠬᠠᠢᠷᠠᠯᠠᠬᠤ ᠪᠦᠯᠬᠦᠮ ᠵᠡᠷᠭᠡ ᠨᠡᠢᠭᠡᠮ ᠨᠡᠢᠳᠡ ᠳ᠋ᠤ ᠬᠠᠢᠷ᠎ᠠ ᠬᠠᠯᠠᠮᠵᠢ ᠦᠵᠡᠬᠦᠯᠦᠭᠰᠡᠨ 10  ᠪᠦᠯᠬᠦᠮ ᠨᠡᠢᠲᠡ ᠪᠠ ᠬᠤᠪᠢ ᠬᠥᠮᠦᠨ ᠳ᠋ᠤ《ᠨᠢᠭᠦᠯᠡᠰᠦᠩᠭᠦᠶ᠎ᠶ᠋ᠢᠨ ᠦᠢᠯᠡᠰ᠎ᠤᠨ ᠵᠢᠱ᠌ᠢᠶᠡᠴᠢ ᠵᠢᠨ ᠱᠠᠩᠨᠠᠯ》 ᠤᠯᠭᠤᠵᠤ᠂ ᠥᠪᠥᠷ ᠮᠣᠩᠭᠣᠯ᠎ᠤᠨ ᠮᠤᠨᠢ ᠠᠭᠤᠯᠠ᠎ᠶ᠋ᠢᠨ ᠶᠤᠤᠮᠠᠢ ᠵᠢᠨ ᠢᠳᠡᠭᠡᠨ᠎ᠦ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠦ᠍ ᠸᠸᠨ ᠪᠢᠩ ᠵᠡᠷᠭᠡ 3 ᠬᠤᠪᠢ ᠬᠥᠮᠦᠨ ᠳ᠋ᠤ《ᠬᠠᠨᠳᠢᠪ ᠨᠡᠮᠡᠷᠢᠯᠡᠭᠰᠡᠨ ᠬᠤᠪᠢ ᠬᠥᠮᠦᠨ᠎ᠦ ᠱᠠᠩᠨᠠᠯ》ᠤᠯᠭᠤᠵᠤ᠂ 《ᠨᠢᠭᠦᠯᠡᠰᠦᠩᠭᠦᠶ᠎ᠶ᠋ᠢᠨ ᠦᠶ᠋ᠯᠡᠰ ᠵᠢᠡᠷ ᠬᠦᠰᠡᠯ ᠵᠡᠬᠦᠳᠤ ᠵᠢ ᠲᠡᠷᠭᠡᠯᠰᠢᠬᠦᠯᠬᠦ》 ᠶᠠᠳᠠᠭᠤ ᠬᠦᠴᠢᠷᠳᠡᠯᠲᠡᠶ ᠤᠶᠤᠲᠠᠳ᠎ᠢ ᠠᠪᠤᠷᠠᠨ ᠲᠤᠰᠠᠯᠠᠬᠤ ᠲᠥᠷᠥᠯ ᠵᠦᠶ᠋ᠯ ᠵᠡᠷᠭᠡ 7 ᠲᠥᠷᠥᠯ ᠵᠦᠶ᠋ᠯ ᠳ᠋ᠤ 《ᠨᠢᠭᠦᠯᠡᠰᠦᠩᠭᠦᠶ᠎ᠶ᠋ᠢᠨ ᠲᠥᠷᠥᠯ ᠵᠦᠶ᠋ᠯ ᠪᠠ ᠨᠢᠭᠦᠯᠡᠰᠦᠩᠭᠦᠶ᠎ᠶ᠋ᠢᠨ ᠢᠲᠡᠭᠡᠮᠵᠢᠲᠦ ᠨᠠᠢᠳᠠᠯᠭ᠎ᠠ᠎ᠶ᠋ᠢᠨ ᠱᠠᠩᠨᠠᠯ》 ᠤᠯᠭᠤᠵᠤ᠂ ᠪᠤᠭᠤᠲᠤ᠎ᠶ᠋ᠢᠨ ᠪᠣᠯᠣᠳ ᠲᠡᠮᠦᠷ᠎ᠦᠨ (ᠪᠦᠯᠦᠭ᠌ᠯᠡᠯ) ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 10 ᠠᠵᠤ ᠠᠬᠤᠢᠯᠠᠯ ᠳ᠋ᠤ 《ᠬᠠᠨᠳᠢᠪ ᠨᠡᠮᠡᠷᠢᠯᠡᠭᠰᠡᠨ ᠠᠵᠤ ᠠᠬᠤᠢᠯᠠᠯ᠎ᠤᠨ ᠱᠠᠩᠨᠠᠯ》 ᠤᠯᠭᠤᠨ᠎ᠠ᠃

ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ᠎ᠤ ᠨᠢᠭᠦᠯᠡᠰᠦᠩᠭᠦᠶ᠎ᠶ᠋ᠢᠨ ᠡᠳᠡᠭᠡᠳ ᠨᠠᠰᠤᠲᠠᠢᠴᠤᠳ ᠪᠠ ᠵᠡᠮᠳᠡᠭ᠌ᠴᠦᠳ᠎ᠢ ᠲᠤᠰᠠᠯᠠᠬᠤ᠂ ᠡᠮᠴᠢᠯᠡᠭᠡ ᠪᠠ ᠰᠤᠷᠤᠯᠭ᠎ᠠ᠎ᠶ᠋ᠢ ᠲᠤᠰᠠᠯᠠᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠲᠠᠯ᠎ᠠ᠎ᠳ᠋ᠤ ᠢᠳᠡᠪᠬᠢᠲᠡᠶ ᠬᠦᠴᠦᠨ ᠨᠡᠮᠡᠷᠢᠯᠡᠪᠡ᠃ ᠡᠨᠡ ᠤᠳᠠᠭ᠎ᠠ᠎ᠶ᠋ᠢᠨ ᠱᠠᠩᠨᠠᠨ ᠬᠦᠬᠢᠬᠦᠯᠬᠦ ᠶᠠᠪᠤᠳᠠᠯ ᠨᠢ ᠬᠥᠬᠢᠭᠦᠯᠦᠭ᠌ᠳᠡᠨ ᠰᠠᠢᠱᠢᠶᠠᠭ᠍ᠳᠠᠭ᠍ᠰᠠᠨ ᠨᠢᠭᠡᠴᠢ ᠪᠠ ᠬᠤᠪᠢ ᠬᠥᠮᠦᠨ ᠢᠷᠠᠭᠤ ᠠᠯᠳᠠᠷ᠎ᠢᠶᠠᠨ ᠨᠠᠨᠳᠢᠩᠨᠠᠵᠤ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠵᠢᠱ᠌ᠢᠶᠡᠴᠢ ᠳᠠᠭᠠᠭᠤᠯᠬᠤ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠮᠠᠨ᠎ᠤ ᠣᠷᠣᠨ᠎ᠤ ᠨᠢᠭᠦᠯᠡᠰᠦᠩᠭᠦᠶ᠎ᠶ᠋ᠢᠨ ᠦᠶ᠋ᠯᠡᠰ᠎ᠦᠨ ᠨᠠᠩ ᠥᠨᠳᠥᠷ ᠲᠦᠪᠱᠢᠨ᠂ ᠨᠠᠩ ᠴᠢᠨᠠᠷ ᠰᠠᠢᠲᠠᠶ ᠠᠭᠢᠬᠤ᠎ᠶ᠋ᠢ ᠲᠠᠰᠤᠷᠠᠯᠲᠠ ᠥᠬᠡᠶ ᠠᠬᠢᠭᠤᠯᠬᠤ᠎ᠶ᠋ᠢᠨ ᠲᠥᠯᠥᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号