ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠡᠳ᠋ ᠪᠤᠳᠠᠰ ᠠᠴᠢᠶᠠᠯᠠᠨ ᠳᠤᠮᠳᠠᠳᠤ ᠤᠯᠤᠰ᠎ᠤᠨ ᠰᠠᠨᠰᠠᠷ᠎ᠤᠨ ᠦᠷᠳᠡᠭᠡ ᠵᠦᠭ ᠨᠢᠰᠴᠠᠢ
ᠮᠠᠨ᠎ᠤ ᠤᠯᠤᠰ 11 ᠰᠠᠷ᠎ᠠ᠎ᠶ᠋ᠢᠨ 25 ᠤ᠋ 12 ᠴᠠᠭ 11 ᠮᠢᠨᠦ᠋ᠲ᠎ᠲᠦ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ᠎ᠶ᠋ᠢ ᠠᠮᠵᠢᠯᠲᠠ᠎ᠲᠠᠶ ᠬᠠᠷᠪᠤᠵᠤ᠂ ᠳᠤᠮᠳᠠᠳᠤ ᠤᠯᠤᠰ᠎ᠤᠨ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠩᠬᠠᠳᠠᠭ᠍ᠴᠢ ᠪᠠᠴᠢᠮ ᠪᠠᠢᠳᠠᠯ᠎ᠢ ᠠᠷᠭᠠᠴᠠᠭᠠᠬᠤ ᠬᠠᠷᠪᠤᠯᠲᠠ᠎ᠶ᠋ᠢᠨ ᠡᠭᠦᠷᠭᠡ ᠲᠡᠭᠦᠰ ᠠᠮᠵᠢᠯᠲᠠ ᠤᠯᠪᠠ᠃
ᠲᠤᠰ ᠡᠳᠦᠷ᠎ᠦᠨ ᠵᠢᠦᠴᠢᠦᠸᠠᠨᠤ ᠳᠠᠭᠠᠭᠤᠯᠢ ᠤᠳᠤ ᠬᠠᠷᠪᠤᠬᠤ ᠲᠥᠪ᠎ᠦᠨ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶ᠋ᠢᠨ ᠲᠠᠯᠠᠪᠠᠢ᠎ᠳᠤ᠂ ᠠᠭᠤᠷ ᠠᠮᠢᠰᠭᠤᠯ ᠲᠤᠩᠭᠠᠯᠠᠭ ᠪᠣᠯᠪᠠᠴᠤ᠌ ᠶᠡᠬᠡ ᠰᠠᠯᠬᠢ᠎ᠲᠠᠶ ᠪᠠᠢᠯ᠎ᠠ᠃ 《ᠬᠡᠳᠦᠨ ᠡᠳᠦᠷ᠎ᠦᠨ ᠲᠤᠷᠰᠢ ᠶᠡᠬᠡ ᠰᠠᠯᠬᠢ ᠪᠠᠢᠩᠭᠤ ᠰᠠᠯᠬᠢᠯᠠᠵᠤ᠂ ᠴᠠᠭ ᠠᠭᠤᠷ᠎ᠤᠨ ᠪᠦᠯᠬᠦᠮ ᠴᠠᠭ ᠠᠭᠤᠷ᠎ᠤᠨ ᠠᠶᠤᠯ ᠲᠦᠭ᠌ᠰᠢᠭᠦᠷᠢ᠎ᠶ᠋ᠢ ᠣᠨᠣᠪᠴᠢᠲᠠᠢ ᠤᠷᠢᠳᠴᠢᠯᠠᠨ ᠮᠠᠭᠠᠳᠯᠠᠵᠤ᠂ ᠲᠡᠢ᠌ᠷᠦᠯᠳᠦ ᠰᠤᠮᠤ ᠬᠠᠷᠪᠤᠬᠤ ᠲᠥᠰᠦᠯ᠎ᠳᠦ ᠵᠠᠩᠭᠢᠯᠠᠭ᠎ᠠ᠎ᠶ᠋ᠢᠨ ᠦᠨᠳᠦᠰᠦᠯᠡᠯ ᠬᠠᠩᠭᠠᠵᠠᠢ》 ᠭᠡᠵᠦ᠍ ᠵᠢᠦᠴᠢᠦᠸᠠᠨᠤ ᠳᠠᠭᠠᠭᠤᠯᠢ ᠤᠳᠤ ᠬᠠᠷᠪᠤᠬᠤ ᠲᠥᠪ᠎ᠦᠨ ᠵᠠᠩ ᠹᠠᠩ ᠬᠡᠯᠡᠪᠡ᠃
《 5᠂ 4᠂ 3᠂ 2᠂ 1!》᠂ ᠴᠠᠩ ᠵᠧᠩ ᠬᠣᠶᠠᠳᠤᠭᠠᠷ F ᠠᠯᠤᠰ ᠡᠵᠡᠮᠱᠢᠯᠲᠦ ᠬᠣᠷᠢᠨ ᠬᠣᠶᠠᠳᠤᠭᠠᠷ ᠬᠥᠯᠭᠡ ᠲᠡᠢ᠌ᠷᠦᠯᠲᠦ ᠰᠤᠮᠤ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ᠎ᠶ᠋ᠢ ᠠᠴᠢᠶᠠᠯᠠᠨ ᠣᠭ᠍ᠲᠠᠷᠭᠤᠢ᠎ᠳᠤ ᠨᠢᠰᠪᠡ᠃ ᠪᠠᠷᠤᠭ 10 ᠮᠢᠨᠦ᠋ᠲ᠎ᠦᠨ ᠳᠠᠷᠠᠭ᠎ᠠ᠂ ᠨᠢᠰᠬᠦ ᠣᠩᠭᠣᠴᠠ ᠪᠠ ᠲᠡᠢᠷᠦᠯᠳᠤ ᠰᠤᠮᠤ ᠠᠮᠵᠢᠯᠲᠠ᠎ᠲᠠᠶ ᠰᠠᠯᠤᠭᠰᠠᠨ ᠪᠦᠭᠡᠳ ᠵᠢᠱ᠌ᠢᠭ᠌ᠰᠡᠨ ᠲᠣᠭᠣᠷᠢᠯᠲᠠ᠎ᠶ᠋ᠢᠨ ᠵᠠᠮ᠎ᠳᠤ ᠣᠷᠣᠵᠤ᠂ ᠬᠠᠷᠪᠤᠯᠲᠠ᠎ᠶ᠋ᠢᠨ ᠡᠭᠦᠷᠭᠡ ᠲᠡᠭᠦᠰ ᠠᠮᠵᠢᠯᠲᠠ ᠣᠯᠪᠠ᠃
11 ᠰᠠᠷ᠎ᠠ᠎ᠶ᠋ᠢᠨ 5 ᠤ᠋ ᠡᠳᠦᠷ᠂ ᠬᠤᠪᠢᠯᠭᠠᠨ ᠣᠩᠭᠣᠴᠠ ᠬᠣᠷᠢᠳᠤᠭᠠᠷ ᠬᠥᠮᠦᠨ ᠰᠠᠭᠤᠯᠭᠠᠭ᠍ᠰᠠᠨ ᠨᠢᠰᠭᠦ ᠣᠩᠭᠣᠴᠠ ᠰᠠᠨᠰᠠᠷ ᠤ᠋ᠨ ᠵᠢᠵᠢᠭ ᠬᠡᠮᠬᠡᠳᠡᠭ᠎ᠲᠦ ᠮᠥᠷᠭᠥᠭ᠌ᠳᠡᠭ᠌ᠰᠡᠨ ᠰᠡᠵᠢᠭᠯᠡᠯᠳᠠᠢ ᠡᠴᠡ ᠪᠤᠯᠵᠤ ᠪᠤᠴᠠᠵᠤ ᠢᠷᠡᠬᠦ ᠴᠠᠭ᠎ᠢᠶᠡᠨ ᠬᠣᠢᠱᠢᠯᠠᠭᠤᠯᠪᠠ᠃ ᠶᠡᠷᠦᠩᠬᠡᠶ ᠵᠢᠯᠣᠭᠣᠳᠭᠤ ᠭᠠᠵᠠᠷ ᠡᠴᠡ ᠪᠠᠴᠢᠮ ᠪᠠᠢᠳᠠᠯ᠎ᠢ ᠠᠷᠭᠠᠴᠠᠭᠠᠬᠤ ᠬᠠᠷᠪᠤᠯᠲᠠ ᠬᠢᠬᠦ ᠪᠡᠷ ᠲᠤᠭᠳᠠᠭᠰᠠᠨ ᠤ᠋ ᠳᠠᠷᠠᠭ᠎ᠠ᠂ ᠬᠠᠷᠪᠤᠯᠲᠠ᠎ᠶ᠋ᠢᠨ ᠲᠠᠯᠠᠪᠠᠶ᠎ᠳᠤ ᠵᠠᠷᠯᠢᠭ ᠬᠦᠯᠢᠶᠡᠵᠦ᠍ ᠪᠠᠢᠭᠰᠠᠨ ᠴᠠᠩ ᠵᠧᠩ ᠬᠣᠶᠠᠳᠤᠭᠠᠷ F ᠠᠯᠤᠰ ᠡᠵᠡᠮᠱᠢᠯᠲᠦ ᠬᠣᠷᠢᠨ ᠬᠣᠶᠠᠳᠤᠭᠠᠷ ᠬᠥᠯᠭᠡ ᠲᠡᠢᠷᠦᠯᠲᠦ ᠰᠤᠮᠤ ᠪᠠ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠮᠠᠰᠢ ᠲᠦᠷᠭᠡᠨ᠎ᠢᠶᠡᠷ ᠬᠠᠷᠪᠤᠯᠳᠠ ᠬᠢᠬᠦᠪᠠᠢᠳᠠᠯᠳᠤ ᠣᠷᠣᠵᠤ᠂ 16 ᠡᠳᠦᠷ᠎ᠦᠨ ᠪᠠᠴᠢᠮ ᠪᠠᠢᠳᠠᠯ᠎ᠢ ᠠᠷᠭᠠᠴᠠᠭᠠᠬᠤ ᠬᠠᠷᠪᠤᠯᠲᠠ᠎ᠶ᠋ᠢᠨ ᠶᠠᠪᠤᠴᠠ᠎ᠶ᠋ᠢ ᠡᠬᠢᠯᠡᠭᠦᠯᠪᠡ᠃
《ᠡᠨᠡ ᠤᠳᠠᠭ᠎ᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠷᠪᠤᠯᠲᠠ᠎ᠳᠤ ᠲᠡᠢᠷᠦᠯᠲᠦ ᠰᠤᠮᠤ᠎ᠶ᠋ᠢᠨ ᠱᠢᠰᠲ᠋ᠧᠮ ᠤ᠋ᠨ ᠭᠤᠷᠪᠠᠨ ᠵᠦᠶ᠋ᠯ ᠬᠤᠪᠢᠷᠠᠬᠤ ᠦᠭᠡᠢ᠄ ᠠᠮᠢ ᠨᠠᠰᠤ ᠵᠢ ᠲᠡᠭᠡᠳᠦᠯᠡᠵᠤ᠂ ᠠᠮᠤᠷ ᠲᠦᠪᠱᠢᠨ ᠢ᠋ ᠲᠡᠷᠢᠬᠦᠨ ᠳ᠋ᠤ ᠲᠠᠯᠪᠢᠬᠤ ᠣᠢᠯᠠᠭᠠᠭ᠍ᠳᠠᠬᠤᠨ ᠬᠤᠪᠢᠷᠠᠬᠤ ᠥᠬᠡᠶ᠂ ᠲᠡᠢᠷᠦᠯᠲᠦ ᠰᠤᠮᠤ᠎ᠶ᠋ᠢᠨ ᠮᠡᠷᠭᠡᠵᠢᠯ᠎ᠦᠨ ᠦᠨᠳᠦᠰᠦᠨ ᠪᠠᠢᠳᠠᠯ ᠬᠤᠪᠢᠷᠠᠬᠤ ᠥᠬᠡᠶ᠂ ᠲᠡᠢᠷᠦᠯᠲᠦ ᠰᠤᠮᠤ᠎ᠶ᠋ᠢᠨ ᠨᠢᠰᠦᠯᠲᠡ᠎ᠶ᠋ᠢᠨ ᠶᠡᠷᠦᠩᠬᠡᠶ ᠲᠥᠰᠦᠯ ᠦᠨᠳᠦᠰᠦᠨ᠎ᠳᠡᠭᠡᠨ ᠬᠤᠪᠢᠷᠠᠬᠤ ᠥᠬᠡᠶ》᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ᠎ᠦᠨ ᠯᠢᠦ ᠹᠸᠩ᠂ ᠴᠠᠭ᠎ᠢ ᠠᠮᠵᠢᠬᠤ ᠵᠢᠨ ᠲᠦᠯᠦᠭᠡ᠂ ᠲᠤᠰ ᠤᠳᠠᠭ᠎ᠠ᠎ᠶ᠋ᠢᠨ ᠡᠭᠦᠷᠭᠡ ᠳ᠋ᠤ ᠬᠠᠷᠪᠤᠯᠲᠠ᠎ᠶ᠋ᠢᠨ ᠲᠠᠯᠠᠪᠠᠢ᠎ᠶ᠋ᠢᠨ ᠳᠡᠰ ᠳᠠᠷᠠᠭᠠᠯᠠᠯ᠎ᠤᠨ ᠲᠦᠷᠦᠯ ᠵᠦᠢᠯ᠎ᠳᠦ ᠲᠤᠬᠢᠷᠠᠭᠤᠯᠤᠯᠳᠠ ᠬᠢᠪᠡ ᠭᠡᠵᠠᠢ᠃
ᠬᠤᠪᠢᠯᠭᠠᠨ ᠣᠩᠭᠣᠴᠠ ᠠᠷᠪᠠᠨ ᠬᠣᠶᠠᠳᠤᠭᠠᠷ᠎ᠤᠨ ᠡᠭᠦᠷᠭᠡ᠎ᠡᠴᠡ ᠡᠬᠢᠯᠡᠨ᠂ ᠮᠠᠨ᠎ᠤ ᠤᠯᠤᠰ᠎ᠤᠨ ᠬᠥᠮᠦᠨ ᠰᠠᠭᠤᠯᠭᠠᠭ᠍ᠰᠠᠨ ᠨᠢᠰᠭᠦ ᠣᠩᠭᠣᠴᠠ᠎ᠶ᠋ᠢ ᠬᠠᠷᠪᠤᠬᠤ᠎ᠳᠤ 《ᠨᠢᠭᠡ᠎ᠶ᠋ᠢ ᠬᠠᠷᠪᠤᠪᠠᠯ ᠨᠢᠭᠡ᠎ᠶ᠋ᠢ ᠪᠡᠯᠡᠳᠭᠡᠬᠦ᠌》 ᠵᠠᠭ᠍ᠪᠤᠷ᠎ᠢ ᠬᠡᠷᠡᠭ᠌ᠯᠡᠪᠡ᠃ ᠭᠡᠨᠡᠳᠲᠡ᠎ᠶ᠋ᠢᠨ ᠪᠠᠢᠳᠠᠯ ᠭᠠᠷᠬᠤ ᠳ᠋ᠤ ᠬᠦᠷᠪᠡᠯ᠂ ᠪᠡᠯᠡᠳᠭᠡᠯ ᠬᠥᠯᠭᠡ ᠲᠡᠢ᠌ᠷᠦᠯᠳᠦ ᠰᠤᠮᠤ ᠪᠣᠯᠤᠨ ᠬᠥᠮᠦᠨ ᠰᠠᠭᠤᠯᠭᠠᠭ᠍ᠰᠠᠨ ᠨᠢᠰᠭᠦ ᠣᠩᠭᠣᠴᠠ ᠵᠠᠷᠯᠢᠭ ᠬᠦᠯᠢᠶᠡᠬᠦ᠌ ᠪᠠᠢᠳᠠᠯ ᠡᠴᠡ ᠪᠠᠨ ᠦᠳᠲᠡᠷ ᠲᠦᠷᠭᠡᠨ ᠬᠠᠷᠪᠤᠯᠲᠠ᠎ᠶ᠋ᠢᠨ ᠪᠠᠢᠳᠠᠯ᠎ᠳᠤ ᠣᠷᠣᠵᠤ᠂ ᠰᠠᠨᠰᠠᠷ ᠤ᠋ᠨ ᠦᠷᠳᠡᠭᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠡᠭᠦᠷᠭᠡ᠎ᠶ᠋ᠢ ᠭᠦᠢᠴᠡᠳᠭᠡᠵᠦ᠍ ᠪᠣᠯᠤᠨ᠎ᠠ᠃
ᠲᠠᠨᠢᠯᠴᠠᠭᠤᠯᠤᠭ᠍ᠰᠠᠨ᠎ᠢᠶᠠᠷ᠂ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ᠎ᠶ᠋ᠢ ᠬᠥᠮᠦᠨ ᠥᠬᠡᠶ ᠪᠠᠢᠳᠠᠯ᠎ᠳᠤ ᠣᠷᠣᠭᠤᠯᠵᠤ᠂ ᠰᠠᠨᠰᠠᠷ᠎ᠤᠨ ᠠᠶᠠᠯᠠᠯ᠎ᠤᠨ ᠢᠳᠡᠭᠡᠨ᠂ ᠰᠠᠨᠰᠠᠷ᠎ᠤᠨ ᠠᠶᠠᠯᠠᠯ᠎ᠤᠨ ᠡᠮ᠂ ᠱᠢᠨ᠎ᠡ ᠰᠣᠷᠭᠣᠭ ᠵᠢᠮᠢᠰ ᠢᠳᠡᠱᠢᠨ ᠨᠣᠭᠣᠭ᠎ᠠ᠂ ᠬᠤᠪᠢᠯᠭᠠᠨ ᠣᠩᠭᠣᠴᠠ ᠬᠣᠷᠢᠳᠤᠭᠠᠷ ᠨᠢᠰᠭᠦ ᠣᠩᠭᠣᠴᠠ᠎ᠶ᠋ᠢᠨ ᠴᠣᠩᠬᠣ᠎ᠶ᠋ᠢᠨ ᠴᠠᠪᠠ᠎ᠶ᠋ᠢ ᠱᠢᠶ᠋ᠳᠪᠦᠷᠢᠯᠡᠬᠦ᠌ ᠲᠥᠬᠥᠭᠡᠷᠦᠮᠵᠢ ᠵᠡᠷᠭᠡ ᠵᠢ ᠠᠴᠢᠶᠠᠯᠠᠵᠤ᠂ ᠲᠠᠷᠠᠭᠠᠴᠢ᠎ᠶ᠋ᠢᠨ ᠠᠯᠬᠤᠮ᠎ᠳᠤ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠤ᠋ᠨ ᠰᠠᠨᠰᠠᠷᠴᠢᠨ᠎ᠤ ᠳᠤᠭᠤᠢᠯᠠᠩ᠎ᠤᠨ ᠪᠤᠴᠠᠵᠤ ᠢᠷᠡᠬᠦ ᠨᠢᠰᠭᠦ ᠣᠩᠭᠣᠴᠠ ᠪᠣᠯᠭᠠᠨ᠎ᠠ᠃
ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ᠎ᠦᠨ ᠳ᠋ᠢᠶᠤᠤ ᠸᠧᠢ ᠾᠧ᠄《ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠨᠢ ᠱᠢᠨ᠎ᠡ ᠨᠢᠬᠡ ᠪᠦᠯᠦᠭ᠎ᠦᠨ ᠠᠩᠬᠠᠳᠠᠭ᠍ᠴᠢ ᠨᠢᠰᠭᠦ ᠣᠩᠭᠣᠴᠠ ᠪᠣᠯᠤᠭ᠍ᠰᠠᠨ᠎ᠤ ᠬᠤᠪᠢ᠎ᠳᠤ᠂ ᠴᠠᠭ᠍ᠯᠢᠭ ᠱᠢᠰᠲ᠋ᠧᠮ᠂ ᠰᠡᠯᠪᠢᠭ ᠲᠣᠨᠣᠭ᠍ᠯᠠᠭᠠᠰᠤ ᠵᠡᠷᠭᠡ ᠣᠯᠠᠨ ᠵᠦᠶ᠋ᠯ᠎ᠦᠨ ᠮᠡᠷᠭᠡᠵᠢᠯ᠎ᠦᠨ ᠰᠠᠢᠵᠢᠷᠠᠭᠤᠯᠤᠯᠲᠠ ᠬᠢᠪᠡ》 ᠭᠡᠵᠡᠢ᠃
ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠲᠣᠭᠣᠷᠢᠯᠲᠠ᠎ᠶ᠋ᠢᠨ ᠵᠠᠮ᠎ᠳᠤ ᠤᠷᠤᠭ᠍ᠰᠠᠨ᠎ᠤ ᠳᠠᠷᠠᠭ᠎ᠠ᠂ ᠤᠷᠢᠳᠴᠢᠯᠠᠨ ᠲᠣᠭ᠍ᠲᠠᠭᠠᠭ᠍ᠰᠠᠨ ᠳᠡᠰ ᠳᠠᠷᠠᠭᠠᠯᠠᠯ ᠶᠣᠰᠣᠭᠠᠷ ᠰᠠᠨᠰᠠᠷ᠎ᠤᠨ ᠥᠷᠲᠡᠭᠡ᠎ᠶ᠋ᠢᠨ ᠨᠡᠢᠯᠡᠮᠡᠯ ᠴᠣᠭ᠍ᠴᠠ᠎ᠲᠠᠶ ᠦᠪᠡᠰᠦᠪᠡᠨ ᠲᠦᠷᠭᠡᠨ ᠵᠠᠯᠭᠠᠨ ᠵᠤᠯᠭᠠᠯᠴᠠᠨᠠ᠃ ᠡᠨᠡ ᠤᠳᠠᠭᠠᠨ᠎ᠤ ᠡᠭᠦᠷᠭᠡ ᠪᠣᠯ ᠴᠠᠩ ᠵᠧᠩ ᠱᠢᠷᠢᠰ ᠬᠥᠯᠭᠡ ᠲᠡᠢᠷᠦᠯᠲᠦ ᠰᠤᠮᠤ᠎ᠶ᠋ᠢᠨ 610 ᠳ᠋ᠤᠭᠠᠷ ᠤᠳᠠᠭᠠᠨ᠎ᠤ ᠨᠢᠰᠦᠯᠲᠡ ᠪᠣᠯᠤᠨ᠎ᠠ᠃
(ᠱᠢᠨᠬᠤᠸᠠ ᠬᠣᠷᠢᠶ᠎ᠠ ᠵᠢᠨ ᠵᠢᠦᠴᠢᠦᠸᠠᠨᠤ 11 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)