ᠥᠪᠥᠷ ᠮᠣᠩᠭᠣᠯ᠎ᠤᠨ ᠵᠡᠮᠳᠡᠭ᠌ᠴᠦᠳ᠎ᠢ ᠲᠤᠰᠠᠯᠠᠬᠤ ᠰᠠᠢᠨ ᠳᠤᠷᠠᠴᠤᠳ᠎ᠤᠨ ᠨᠡᠢᠭᠡᠮᠯᠢᠭ ᠪᠠᠢᠭᠤᠯᠤᠭ᠍ᠳᠠᠪᠠ
2025-11-27 10:54:21
ᠵᠣᠬᠢᠶᠠᠭ᠍ᠴᠢ᠄
​ ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠵᠡᠮᠳᠡᠭ᠌ᠴᠦᠳ᠎ᠢ ᠲᠤᠰᠠᠯᠠᠬᠤ ᠰᠠᠢ᠌ᠨ ᠲᠤᠷᠠᠴᠤᠳ᠎ᠤᠨ ᠨᠡᠢᠭᠡᠮᠯᠢᠭ ᠪᠠᠢᠭᠤᠯᠤᠭ᠍ᠳᠠᠬᠤ ᠬᠤᠷᠠᠯ ᠡᠮᠤᠨᠡᠭᠡᠨ ᠬᠥᠬᠡᠬᠣᠲᠠ᠎ᠳᠤ ᠬᠤᠷᠠᠯᠳᠤᠵᠤ ᠂ ᠲᠤᠬᠠᠢ᠎ᠶᠢᠨ ᠲᠠᠯᠠᠪᠠᠢ᠎ᠳᠤ ᠥᠪᠥᠷ ᠮᠣᠩᠭᠣᠯ᠎ᠤᠨ ᠵᠡᠮᠳᠡᠭ᠌ᠴᠦᠳ᠎ᠢ ᠲᠤᠰᠠᠯᠠᠬᠤ ᠰᠠᠢ᠌ᠨ ᠲᠤᠷᠠᠴᠤᠳ᠎ᠤᠨ ᠨᠡᠢᠭᠡᠮᠯᠢᠭ᠎ᠲᠤ ᠫᠠᠢᠰᠠ ᠤᠯᠭᠤᠬᠤ ᠶᠣᠰᠣᠯᠠᠯ ᠶᠠᠪᠤᠭᠤᠯᠪᠠ᠃ ᠲᠤᠰ ᠨᠡᠢᠭᠡᠮᠯᠢᠭ᠎ᠤᠨ ᠪᠠᠢᠭᠤᠯᠤᠬᠳᠠᠬᠰᠠᠨ ᠨᠢ ᠦᠪᠦᠷ ᠮᠤᠩᠭᠤᠯ᠎ᠤᠨ ᠵᠡᠮᠳᠡᠭ᠌ᠴᠦᠳ᠎ᠢ ᠲᠤᠰᠠᠯᠠᠬᠤ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠵᠢᠨ ᠵᠢᠷᠤᠮᠵᠢᠭ᠍ᠰᠠᠨ᠂ ᠲᠤᠰᠭᠠᠢᠵᠢᠭ᠍ᠰᠠᠨ᠂ ᠪᠠᠢ᠌ᠩᠭᠤᠵᠢᠭ᠍ᠰᠠᠨ ᠱᠢᠨ᠎ᠡ ᠱᠠᠲᠤᠨ᠎ᠳᠤ ᠤᠷᠤᠬ᠍ᠰᠠᠨ᠎ᠢ  ᠬᠠᠷᠠᠭᠤᠯᠵᠤ ᠪᠠᠢᠨ᠎ᠠ᠃

ᠲᠤᠰ ᠨᠡᠢᠭᠡᠮᠯᠢᠭ ᠨᠢ 《ᠬᠠᠷᠠᠮ ᠥᠬᠡᠶ ᠵᠣᠷᠢᠭᠤᠯᠬᠤ᠂ ᠨᠥᠬᠥᠷᠰᠡᠭ᠂ ᠬᠠᠷᠢᠯᠴᠠᠨ ᠬᠠᠪᠰᠤᠷᠤᠯᠴᠠᠬᠤ᠂ ᠤᠷᠤᠬᠰᠢᠯᠠᠨ ᠳᠠᠪᠱᠢᠬᠤ》 ᠰᠠᠢᠨ ᠳᠤᠷ᠎ᠠ᠎ᠶ᠋ᠢᠨ ᠵᠣᠷᠢᠭ ᠰᠠᠨᠠᠭ᠎ᠠ᠎ᠶ᠋ᠢ ᠢᠮᠠᠭ᠍ᠲᠠ ᠪᠠᠳᠠᠷᠠᠭᠤᠯᠵᠤ᠂ ᠡᠯ᠎ᠡ ᠲᠥᠷᠥᠯ᠎ᠦᠨ ᠵᠠᠭᠤᠴᠢᠯᠠᠭᠤᠷ᠎ᠤᠨ ᠲᠠᠪᠴᠠᠩ᠎ᠢ ᠭᠦᠶ᠋ᠴᠡᠳ ᠠᠱᠢᠭ᠍ᠯᠠᠨ᠂ ᠵᠡᠮᠳᠡᠭ᠌ᠴᠦᠳ᠎ᠢ ᠲᠤᠰᠠᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠡᠷᠢᠭᠦᠨ᠎ᠦ ᠦᠶ᠋ᠯᠡ ᠠᠵᠢᠯᠯᠠᠭ᠎ᠠ ᠪᠠ ᠨᠡᠢᠲᠡᠯᠢᠭ ᠲᠤᠷᠱᠢᠯᠭ᠎ᠠ᠎ᠶ᠋ᠢ ᠥᠷᠭᠡᠨ᠎ᠢᠶᠡᠷ ᠤᠬᠠᠭᠤᠯᠵᠤ᠂ ᠠᠵᠢᠯᠯᠠᠭᠠᠨ᠎ᠤ ᠤᠢᠯᠠᠭᠠᠬᠳᠠᠬᠤᠨ᠎ᠤ ᠱᠢᠨ᠎ᠡ᠎ᠶ᠋ᠢ ᠡᠭᠦᠳᠬᠦ᠌ ᠪᠠ ᠨᠡᠢᠭᠡᠮᠯᠢᠭ᠎ᠦᠨ ᠪᠥᠬᠥ᠌ ᠲᠠᠯ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠬᠠᠨ᠂ ᠤᠮᠠᠷᠠᠲᠤ ᠬᠢᠯᠢ᠎ᠶ᠋ᠢᠨ ᠵᠡᠮᠳᠡᠭ᠌ᠴᠦᠳ᠎ᠢ ᠲᠤᠰᠠᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠣᠨᠴᠠᠯᠢᠭ᠎ᠢ ᠳᠣᠪᠣᠢᠯᠭᠠᠵᠤ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号