ᠥᠪᠥᠷ ᠮᠣᠩᠭᠣᠯ᠎ᠤᠨ ᠬᠤᠶᠠᠷ ᠭᠠᠵᠠᠷ ᠪᠦᠬᠦ ᠤᠯᠤᠰ᠎ᠤᠨ ᠲᠦᠷᠦᠭᠦᠦ ᠪᠦᠯᠦᠭ᠎ᠤᠨ ᠨᠡᠷᠡᠰ᠎ᠲᠦ ᠰᠤᠨᠭᠭᠤᠭᠳᠠᠪᠠ
2025-11-27 15:49:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠠᠤᠯᠢ ᠴᠠᠭᠠᠵᠠ᠎ᠶᠢᠨ ᠶᠠᠮᠤᠨ 26 ᠎ᠤ ᠡᠳᠦᠷ ᠲᠦᠷᠦᠭᠦᠸ᠋ ᠪᠦᠯᠦᠭ᠎ᠦᠨ《ᠪᠥᠬᠥ ᠤᠯᠤᠰ᠎ᠤᠨ ᠬᠠᠤᠯᠢ ᠵᠢ ᠵᠢᠷᠤᠮᠯᠠᠵᠥ ᠬᠠᠤᠯᠢ ᠵᠢ ᠲᠦᠭᠡᠮᠡᠯᠵᠢᠭᠦᠯᠦᠭᠰᠡᠨ ᠵᠢᠱ᠌ᠢᠶ᠎ᠡ ᠦᠵᠡᠭᠦᠯᠬᠦ ᠬᠣᠲᠠ (ᠰᠢᠶᠠᠨ᠂ ᠲᠣᠭᠣᠷᠢᠭ᠋)》 ᠪᠡᠷ ᠨᠡᠷᠡᠢᠳᠬᠦ᠎ᠪᠡᠷ ᠪᠠᠢᠭ᠎ᠠ ᠨᠡᠷᠡᠰ᠎ᠢ ᠢᠯᠡ ᠨᠡᠢᠲᠡᠯᠡᠵᠦ᠂ ᠡᠭᠦᠨ᠎ᠳᠦ ᠦᠪᠦᠷ ᠮᠤᠨᠭᠭᠤᠯ ᠡᠴᠡ ᠤᠯᠠᠭᠠᠨᠴᠠᠪ ᠬᠤᠲᠠ ᠵᠢᠨ ᠲᠦᠷᠪᠡᠳ ᠬᠤᠰᠢᠭᠤ᠂ ᠤᠷᠳᠤᠰ ᠬᠤᠲᠠ ᠵᠢᠨ ᠲᠠᠯᠠᠳ ᠬᠤᠰᠢᠭᠤ ᠰᠤᠨᠭᠭᠤᠭᠳᠠᠪᠠ᠃


ᠲᠦᠷᠦᠭᠦᠸ᠋ ᠪᠦᠯᠦᠭ᠎ᠦᠨ《ᠪᠥᠬᠥ ᠤᠯᠤᠰ᠎ᠤᠨ ᠬᠠᠤᠯᠢ ᠵᠢ ᠵᠢᠷᠤᠮᠯᠠᠵᠥ ᠬᠠᠤᠯᠢ ᠵᠢ ᠲᠦᠭᠡᠮᠡᠯᠵᠢᠭᠦᠯᠦᠭᠰᠡᠨ ᠵᠢᠱ᠌ᠢᠶ᠎ᠡ ᠦᠵᠡᠭᠦᠯᠬᠦ ᠬᠣᠲᠠ (ᠰᠢᠶᠠᠨ᠂ ᠲᠣᠭᠣᠷᠢᠭ᠋)》 ᠪᠡᠷ ᠨᠡᠷᠡᠢᠳᠬᠦ᠎ᠪᠡᠷ ᠪᠠᠢᠭ᠎ᠠ ᠲᠤᠬᠠᠢ ᠢᠯᠡ ᠨᠡᠢᠲᠡᠯᠡᠯ


ᠰᠢ᠎ᠶᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠠᠤᠯᠢ᠎ᠶᠢ ᠬᠦᠨᠳᠦᠳᠬᠡᠬᠦ ᠬᠠᠤᠯᠢ᠎ᠶᠢ ᠰᠤᠷᠬᠤ ᠬᠠᠤᠯᠢ᠎ᠶᠢ ᠵᠢᠷᠤᠮᠯᠠᠬᠤ ᠬᠠᠤᠯᠢ᠎ᠶᠢ ᠬᠡᠷᠡᠭᠯᠡᠬᠦ᠎ᠶᠢ ᠪᠥᠬᠥ ᠨᠡᠢᠭᠡᠮ᠎ᠳᠦ ᠳᠡᠯᠭᠡᠷᠡᠭᠦᠯᠬᠦ᠎ᠶᠢ ᠠᠬᠢᠭᠤᠯᠬᠤ᠎ᠶᠢᠨ ᠲᠤᠰᠠᠳᠠ᠂ ᠬᠠᠤᠯᠢ ᠴᠠᠭᠠᠵᠠ᠎ᠶᠢᠨ ᠶᠠᠮᠤᠨ 2022 ᠣᠨ᠎ᠤ 11 ᠰᠠᠷ᠎ᠠ᠎ᠳᠤ 《ᠪᠥᠬᠥ ᠤᠯᠤᠰ᠎ᠤᠨ ᠬᠠᠤᠯᠢ ᠵᠢ ᠵᠢᠷᠤᠮᠯᠠᠵᠦ ᠬᠠᠤᠯᠢ ᠵᠢ ᠲᠦᠭᠡᠮᠡᠯᠵᠢᠭᠦᠯᠦᠭᠰᠡᠨ ᠵᠢᠱ᠌ᠢᠶ᠎ᠡ ᠦᠵᠡᠭᠦᠯᠬᠦ ᠬᠣᠲᠠ (ᠰᠢᠶᠠᠨ᠂ ᠲᠣᠭᠣᠷᠢᠭ᠋)》 ᠪᠠᠶ᠋ᠢᠭᠤᠯᠬᠤ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠪᠡ᠃ 2023 ᠣᠨ᠎ᠤ 10 ᠰᠠᠷ᠎ᠠ᠎ᠳᠤ᠂ ᠲᠦᠷᠦᠭᠦᠦ ᠪᠦᠯᠦᠭ᠎ᠤᠨ 《ᠪᠥᠬᠥ ᠤᠯᠤᠰ᠎ᠤᠨ ᠬᠠᠤᠯᠢ ᠵᠢ ᠵᠢᠷᠤᠮᠯᠠᠵᠥ ᠬᠠᠤᠯᠢ ᠵᠢ ᠲᠦᠭᠡᠮᠡᠯᠵᠢᠭᠦᠯᠦᠭᠰᠡᠨ ᠵᠢᠱ᠌ᠢᠶ᠎ᠡ ᠦᠵᠡᠭᠦᠯᠬᠦ ᠬᠣᠲᠠ (ᠰᠢᠶᠠᠨ᠂ ᠲᠣᠭᠣᠷᠢᠭ᠋)》᠎ᠶᠢᠨ ᠲᠠᠨᠢᠯᠴᠠᠭᠤᠯᠬᠤ ᠠᠵᠢᠯ᠎ᠢ ᠡᠬᠢᠯᠡᠭᠦᠯᠵᠡᠢ᠃ ᠡᠯ᠎ᠡ ᠭᠠᠵᠠᠷ ᠣᠷᠣᠨ ᠢᠳᠡᠪᠬᠢᠲᠡᠢ ᠣᠷᠣᠯᠴᠠᠵᠤ᠂ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠵᠦ᠂ ᠮᠤᠵᠢ᠎ᠶᠢᠨ ᠱᠠᠲᠤᠨ᠎ᠤ ᠠᠩᠬᠠᠨ᠎ᠤ ᠬᠢᠨᠠᠯᠲᠠ᠎ᠪᠠᠷ ᠳᠡᠮᠵᠢᠨ᠂ ᠨᠡᠶ᠋ᠢᠲᠡ 104 ᠵᠢᠱ᠌ᠢᠭᠳᠡᠭᠴᠢ ᠭᠠᠵᠠᠷ ᠣᠷᠣᠨ᠎ᠢ ᠲᠠᠨᠢᠯᠴᠠᠭᠤᠯᠪᠠ᠃ ᠬᠠᠤᠯᠢ ᠴᠠᠭᠠᠵᠠ ᠵᠢᠨ ᠶᠠᠮᠤᠨ ᠪᠤᠰᠤᠳᠴᠢ ᠪᠥᠭᠡᠳ ᠲᠥᠪ ᠭᠣᠥᠯᠴᠢ᠂ ᠢᠯᠡ ᠲᠣᠳᠣ᠌᠂ ᠪᠣᠳᠠᠲᠤ ᠦᠷ᠎ᠡ ᠪᠦᠲᠦᠮᠵᠢ ᠣᠯᠬᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠵᠠᠷᠴᠢᠮ ᠶᠣᠰᠣᠭᠠᠷ᠂ ᠵᠢᠱ᠌ᠢᠭᠳᠡᠭᠰᠡᠨ ᠭᠠᠵᠠᠷ ᠣᠷᠣᠨ᠎ᠳᠤ ᠲᠤᠰᠬᠠᠢ ᠮᠡᠷᠭᠡᠵᠢᠯᠲᠡᠨ ᠲᠤᠮᠢᠯᠠᠨ ᠬᠢᠨᠠᠨ ᠲᠣᠭᠲᠠᠭᠠᠬᠤ᠂ ᠨᠡᠢᠭᠡᠮ᠎ᠦᠨ ᠪᠠᠢᠴᠠᠭᠠᠯᠲᠠ ᠬᠢᠬᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠬᠤ ᠵᠡᠷᠭᠡ ᠠᠵᠢᠯ᠎ᠢ ᠥᠷᠨᠢᠭᠦᠯᠵᠦ᠂ ᠲᠦᠷᠦᠭᠦᠸ᠋ ᠪᠦᠯᠦᠭ᠎ᠤᠨ 《ᠪᠥᠬᠥ ᠤᠯᠤᠰ᠎ᠤᠨ ᠬᠠᠤᠯᠢ ᠵᠢ ᠵᠢᠷᠤᠮᠯᠠᠵᠥ ᠬᠠᠤᠯᠢ ᠵᠢ ᠲᠦᠭᠡᠮᠡᠯᠵᠢᠭᠦᠯᠦᠭᠰᠡᠨ ᠵᠢᠱ᠌ᠢᠶ᠎ᠡ ᠦᠵᠡᠭᠦᠯᠬᠦ ᠬᠣᠲᠠ (ᠰᠢᠶᠠᠨ᠂ ᠲᠣᠭᠣᠷᠢᠭ᠋)》 ᠪᠡᠷ ᠨᠡᠷᠡᠢᠳᠬᠦ ᠨᠡᠷᠡᠰ᠎ᠢ ᠲᠣᠭᠲᠠᠭᠠᠪᠠ᠃

ᠢᠯᠡ ᠲᠤᠳᠤ᠂ ᠡᠷᠬᠡ ᠲᠡᠭᠰᠢ᠂ ᠲᠥᠪ ᠭᠣᠣᠯᠴᠢ ᠪᠠᠢᠬᠤ ᠵᠠᠷᠴᠢᠮ᠎ᠢ ᠢᠯᠡᠷᠡᠭᠦᠯᠬᠦ᠎ᠶᠢᠨ ᠲᠤᠰᠠᠳᠠ᠂ ᠡᠳᠦᠭᠡ ᠡᠳᠡᠭᠡᠷ ᠨᠡᠷᠡᠰ᠎ᠢ ᠢᠯᠡ ᠨᠡᠢᠲᠡᠯᠡᠵᠦ᠂ ᠥᠷᠭᠡᠨ ᠣᠯᠠᠨ ᠲᠦᠮᠡᠨ᠎ᠦ ᠬᠢᠨᠠᠯᠲᠠ᠎ᠶᠢ ᠬᠦᠯᠢᠶᠡᠵᠦ ᠪᠠᠢᠨ᠎ᠠ᠃ ᠰᠠᠨᠠᠯ ᠰᠠᠨᠠᠭᠤᠯᠭ᠎ᠠ ᠪᠠᠢᠪᠠᠯ ᠢᠮᠧᠯ᠎ᠢᠶᠡᠷ ᠬᠠᠤᠯᠢ ᠴᠠᠭᠠᠵᠠ᠎ᠶᠢᠨ ᠶᠠᠮᠤᠨ᠎ᠳᠤ ᠲᠤᠰᠬᠠᠬᠤ᠎ᠶᠢᠨ ᠬᠠᠮᠲᠤ ᠪᠣᠳᠠᠲᠠᠢ ᠰᠢᠯᠲᠠᠭᠠᠨ᠂ ᠦᠨᠳᠦᠰᠦᠯᠡᠯ ᠵᠢᠴᠢ ᠲᠤᠰᠬᠠᠭ᠍ᠴᠢ᠎ᠶᠢᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ᠋ ᠵᠡᠷᠭᠡ ᠪᠠᠨ ᠬᠠᠩᠭᠠᠵᠤ᠂ ᠬᠢᠨᠠᠨ ᠪᠠᠢᠴᠠᠭᠠᠬᠤ᠎ᠳᠤ ᠲᠥᠬᠥᠮ ᠦᠵᠡᠭᠦᠯᠬᠦ ᠪᠤᠯᠪᠠᠦ᠃

ᠢᠯᠡ ᠨᠡᠢᠲᠡᠯᠡᠬᠦ ᠴᠠᠭ᠄

2025 ᠣᠨ᠎ᠤ 11 ᠰᠠᠷ᠎ᠠ᠎ᠶᠢᠨ 26᠎ᠤ ᠡᠳᠦᠷ — 2025 ᠣᠨ᠎ᠤ 12 ᠰᠠᠷ᠎ᠠ᠎ᠶᠢᠨ 2 ᠎ᠤᠨ ᠡᠳᠦᠷ

ᠢᠮᠸᠯ᠎ᠤᠨ ᠬᠠᠶᠢᠭ᠄ fzxcjy@moj.gov.cn

                  ᠬᠠᠤᠯᠢ ᠴᠠᠭᠠᠵᠠ᠎ᠶᠢᠨ ᠶᠠᠮᠤᠨ

                  2025 ᠣᠨ᠎ᠤ 11 ᠰᠠᠷ᠎ᠠ᠎ᠶᠢᠨ 26 ᠎ᠤ ᠡᠳᠦᠷ

 

ᠢᠷᠡᠯᠲᠡ᠄ ᠬᠠᠤᠯᠢ ᠴᠠᠭᠠᠵᠠ᠎ᠶᠢᠨ ᠶᠠᠮᠤᠨ᠎ᠤ ᠠᠯᠪᠠᠨ ᠰᠦᠯᠵᠢᠶ᠎ᠡ



ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号