ᠥᠪᠥᠷ ᠮᠣᠩᠭᠣᠯ ᠡᠯᠡᠰᠦ᠎ᠶᠢ ᠳᠤᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ᠎ᠢ 2230 ᠺᠢᠯᠣᠮᠧᠲ᠋ᠷ ᠰᠢᠨ᠎ᠡ᠎ᠪᠡᠷ ᠥᠭᠡᠷᠡᠴᠢᠯᠡᠨ ᠵᠠᠰᠠᠨ᠎ᠠ
2025-11-27 16:03:20
ᠵᠣᠬᠢᠶᠠᠭ᠍ᠴᠢ᠄
ᠭᠤᠤ ᠬᠤᠢ
ᠣᠩᠱᠢᠭ᠍ᠰᠠᠨ ᠣᠳᠠᠭ᠎ᠠ᠄
★★★☆☆

ᠦᠢᠷ᠎ᠠ ᠳ᠋ᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ 〈ᠶᠡᠬᠡ ᠳᠤᠬᠤᠢ〉 ᠵᠢᠨ ᠪᠣᠭᠣᠮᠲᠠ ᠰᠢᠪᠲᠤᠯᠬᠤ ᠣᠷᠣᠨ᠂ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ ᠎ᠳᠠᠬᠢ ᠬᠣᠷᠢᠭᠯᠠᠨ ᠴᠣᠬᠢᠬᠤ ᠣᠷᠣᠨ᠎ᠤ 〈ᠵᠠᠮ ᠵᠢᠡᠷ ᠡᠯᠡᠰᠦ ᠵᠢ ᠵᠠᠰᠠᠬᠤ〉 ᠬᠡᠷᠡᠭᠵᠢᠭᠦᠯᠬᠦ᠌ ᠲᠥᠰᠦᠯ (2025—2030 ᠣᠨ)》(ᠳᠣᠷᠣᠭᠰᠢ 《ᠬᠡᠷᠡᠭᠵᠢᠭᠦᠯᠬᠦ᠌ ᠲᠥᠰᠦᠯ》ᠭᠡᠵᠦ᠍ ᠲᠣᠪᠴᠢᠯᠠᠨ᠎ᠠ) ᠳᠠᠷᠤᠮᠠᠯᠯᠠᠨ ᠲᠠᠷᠬᠠᠭᠠᠪᠠ᠃

《ᠬᠡᠷᠡᠭᠵᠢᠭᠦᠯᠬᠦ᠌ ᠲᠥᠰᠦᠯ》 ᠳ᠋ᠤ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ ᠪᠠ ᠠᠮᠢ ᠠᠬᠤᠶ ᠣᠷᠴᠢᠨ ᠲᠣᠭᠣᠷᠢᠨ᠎ᠤ ᠥᠨᠳᠥᠷ ᠲᠦᠪᠰᠢᠨ ᠬᠠᠮᠠᠭᠠᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠨᠢᠭᠡ ᠴᠣᠭᠴᠠᠵᠢᠭᠤᠯᠤᠨ ᠵᠣᠬᠢᠴᠠᠭᠤᠯᠬᠤ᠂ ᠭᠠᠵᠠᠷ ᠣᠷᠣᠨ᠎ᠤ ᠪᠠᠶ᠋ᠢᠳᠠᠯ᠎ᠳᠦ ᠲᠣᠬᠢᠷᠠᠭᠤᠯᠬᠤ᠂ ᠱᠠᠲᠤᠯᠠᠨ ᠠᠬᠢᠭᠤᠯᠬᠤ᠂ ᠦᠢᠯᠡᠰ᠎ᠢ ᠬᠥᠭᠵᠢᠭᠦᠯᠵᠦ᠍ ᠠᠷᠠᠳ᠎ᠲᠤ᠌ ᠠᠰᠢᠭ ᠬᠦᠷᠲᠡᠭᠡᠬᠦ᠌》 ᠵᠠᠷᠴᠢᠮ ᠶᠤᠰᠤᠭᠠᠷ᠂ ᠬᠠᠲᠤᠨ ᠭᠤᠤᠯ᠎ᠤᠨ 《ᠶᠡᠬᠡ ᠳᠤᠬᠤᠢ》ᠵᠢᠨ ᠪᠣᠭᠣᠮᠲᠠ ᠰᠢᠪᠲᠤᠯᠬᠤ ᠣᠷᠣᠨ ᠪᠠ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠶᠢᠨ ᠬᠣᠷᠢᠭᠯᠠᠨ ᠴᠣᠬᠢᠬᠤ ᠣᠷᠣᠨ᠎ᠤ ᠵᠠᠰᠠᠮᠠᠯ ᠵᠠᠮ᠎ᠤᠨ ᠲᠤᠤᠷ ᠢ᠋ ᠲᠡᠭᠦᠯᠳᠡᠷᠵᠢᠭᠦᠯᠦᠨ᠂ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠠᠷᠠᠴᠢᠯᠠᠨ ᠬᠠᠮᠠᠭᠠᠯᠠᠯᠳᠠ ᠪᠠ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠢ ᠬᠠᠮᠵᠢᠯᠴᠠᠨ ᠠᠬᠢᠭᠤᠯᠵᠦ᠂ ᠳᠥᠭᠥᠮ ᠳᠥᠲᠡ ᠵᠠᠰᠠᠮᠠᠯ ᠵᠠᠮ᠂ ᠭᠠᠯ ᠰᠡᠷᠭᠡᠶ᠋ᠢᠯᠡᠬᠦ᠌ ᠵᠠᠮ᠂ ᠵᠢᠭᠤᠯᠴᠢᠯᠠᠯ᠎ᠤᠨ ᠵᠠᠮ᠎ᠤᠨ ᠬᠡᠷᠡᠭᠵᠢᠭᠦᠯᠦᠯᠲᠡ᠎ᠶᠢ ᠱᠠᠲᠤ᠌ ᠬᠤᠪᠢᠶᠠᠨ ᠠᠬᠢᠭᠤᠯᠵᠦ᠂ 《ᠤᠮᠠᠷᠠᠲᠤ᠌ ᠵᠢᠨ ᠭᠤᠷᠪᠠᠨ ᠤᠷᠤᠨ》᠎ᠤ ᠢᠨᠵᠧᠨᠧᠷᠢᠩ᠎ᠢ ᠴᠢᠳᠠᠮᠵᠢ ᠨᠢ ᠪᠦᠷᠢᠨ ᠲᠡᠭᠦᠯᠳᠡᠷ᠂ ᠡᠪᠳᠡᠭᠳᠡᠰᠢ ᠦᠬᠡᠢ ᠪᠠᠲᠤ᠌ ᠪᠡᠬᠢ ᠤᠮᠠᠷᠠᠲᠤ᠌ ᠬᠢᠯᠢ᠎ᠶᠢᠨ ᠨᠤᠮᠢᠨ ᠨᠣᠭᠣᠭᠠᠨ ᠤᠷᠲᠤ᠌ ᠴᠠᠭᠠᠨ ᠬᠡᠷᠡᠮ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠤᠯᠭᠠᠨ ᠪᠦᠳᠦᠭᠡᠨ ᠪᠠᠢᠭᠤᠯᠬᠤ ᠳ᠋ᠤ ᠳᠤᠯᠭᠠᠭᠤᠷᠢᠯᠠᠯ ᠬᠠᠩᠭᠠᠬᠤ ᠬᠡᠷᠡᠭᠳᠡᠢ ᠭᠡᠵᠦ ᠱᠠᠭᠠᠷᠳᠠᠵᠠᠢ᠃

《ᠬᠡᠷᠡᠭᠵᠢᠭᠦᠯᠬᠦ᠌ ᠲᠥᠰᠦᠯ》 ᠳ᠋ᠤ᠂ 2030 ᠣᠨ ᠪᠣᠯᠬᠤ᠎ᠳᠤ᠂ ᠡᠯᠡᠰᠦ᠎ᠶᠢ ᠳᠤᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ᠎ᠢ 2230 ᠺᠢᠯᠣᠮᠧᠲ᠋ᠷ ᠰᠢᠨ᠎ᠡ᠎ᠪᠡᠷ ᠥᠭᠡᠷᠡᠴᠢᠯᠡᠨ ᠵᠠᠰᠠᠵᠤ᠂ 153 ᠲᠦᠮᠡᠨ ᠮᠥ᠍ ᠡᠯᠡᠰᠦᠷᠬᠡᠭᠵᠢᠭᠰᠡᠨ ᠭᠠᠵᠠᠷ ᠰᠢᠷᠣᠶ᠎ᠶᠢ ᠵᠠᠰᠠᠬᠤ᠎ᠶᠢ ᠳᠠᠶ᠋ᠢᠴᠢᠯᠠᠵᠤ᠂ 1806 ᠺᠢᠯᠣᠮᠧᠲ᠋ᠷ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ ᠵᠡᠷᠭᠡ᠎ᠳᠦᠨᠢ ᠬᠡᠷᠡᠭᠵᠢᠭᠦᠯᠵᠦ᠍᠂ ᠬᠠᠲᠤᠨ ᠭᠤᠤᠯ᠎ᠤᠨ 《ᠶᠡᠬᠡ ᠳᠤᠬᠤᠢ》ᠵᠢᠨ ᠪᠣᠭᠣᠮᠲᠠ ᠰᠢᠪᠲᠤᠯᠬᠤ ᠣᠷᠣᠨ ᠪᠠ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠳᠠᠬᠢ ᠬᠣᠷᠢᠭᠯᠠᠨ ᠴᠣᠬᠢᠬᠤ ᠣᠷᠣᠨ᠎ᠤ 《ᠵᠠᠮ ᠵᠢᠠᠷ ᠡᠯᠡᠰᠦ᠎ᠶᠢ ᠬᠤᠷᠢᠬᠤ᠂ ᠵᠠᠮ᠎ᠢᠶᠠᠷ ᠡᠯᠡᠰᠦ᠎ᠶᠢ ᠰᠠᠬᠢᠬᠤ᠂ ᠵᠠᠮ᠎ᠢᠶᠠᠷ ᠲᠠᠷᠢᠶᠠᠯᠠᠩ᠎ᠢ ᠬᠠᠮᠠᠭᠠᠯᠠᠬᠤ᠂ ᠵᠠᠮ᠎ᠢᠶᠠᠷ ᠪᠤᠬᠢᠷᠳᠤᠯ ᠦᠭᠡᠢ ᠡᠨᠧᠷᠭᠢ᠎ᠶᠢ ᠬᠥᠭᠵᠢᠭᠦᠯᠬᠦ᠌》 ᠶᠡᠷᠦᠩᠬᠡᠶ ᠪᠠᠶ᠋ᠢᠷᠢᠰᠢᠯ᠎ᠢ ᠪᠣᠶ ᠪᠣᠯᠭᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠷᠬᠦᠴᠡ᠎ᠶᠢᠨ ᠬᠡᠪᠴᠢᠶ᠎ᠡ ᠬᠢᠭᠡᠳ ᠵᠣᠯᠭᠠᠯᠴᠠᠭᠤᠯᠬᠤ ᠲᠦᠪᠰᠢᠨ᠎ᠢ ᠢᠯᠡᠳᠲᠡ ᠳᠡᠭᠡᠭᠰᠢᠯᠡᠭᠦᠯᠵᠦ᠍᠂ ᠵᠠᠮ᠎ᠤᠨ ᠲᠤᠤᠷ᠎ᠤᠨ ᠦᠢᠯᠡᠴᠢᠯᠡᠭᠡᠨ᠎ᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠦᠨ᠎ᠠ ᠬᠡᠵᠥ ᠳᠤᠷᠠᠳᠴᠤ ᠭᠠᠷᠭᠠᠪᠠ᠃

ᠣᠶ᠋ᠢᠯᠠᠭᠠᠭᠰᠠᠨ᠎ᠢᠶᠠᠷ᠂ 2024 ᠣᠨ᠎ᠤ 8 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠲᠠᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠴᠢᠨ᠎ᠤ ᠡᠯᠡᠰᠦᠷᠬᠡᠭ ᠭᠠᠵᠠᠷ ᠪᠠ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠤᠨ ᠰᠥᠨᠥᠭᠡᠯᠲᠡ᠎ᠶᠢᠨ ᠣᠷᠣᠨ᠎ᠤ 〈ᠵᠠᠮ᠎ᠢᠶᠠᠷ ᠡᠯᠡᠰᠦ ᠵᠢ ᠵᠠᠰᠠᠬᠤ〉 ᠬᠥᠭᠵᠢᠯᠲᠡ᠎ᠶᠢᠨ ᠲᠥᠯᠥᠪᠵᠢᠭᠦᠯᠭᠡ (2024 — 2030 ᠣᠨ)》 ᠳᠠᠷᠤᠮᠠᠯᠯᠠᠨ ᠲᠠᠷᠬᠠᠭᠠᠪᠠ᠃ ᠲᠣᠰ ᠤᠳᠠᠭ᠎ᠠ ᠳᠠᠷᠤᠮᠠᠯᠯᠠᠨ ᠲᠠᠷᠬᠠᠭᠠᠭᠰᠠᠨ 《ᠬᠡᠷᠡᠭᠵᠢᠭᠦᠯᠬᠦ᠌ ᠲᠥᠰᠦᠯ》 ᠪᠣᠯ ᠬᠣᠷᠴᠢᠨ ᠪᠣᠯᠤᠨ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠤᠨ《ᠵᠠᠮ᠎ᠢᠶᠠᠷ ᠡᠯᠡᠰᠦ᠎ᠶᠢ ᠵᠠᠰᠠᠬᠤ》ᠠᠮᠵᠢᠯᠲᠠ᠎ᠲᠠᠶ ᠦᠢᠯᠡᠳᠦᠯᠭᠡ ᠵᠢᠨ ᠳᠡᠯᠭᠡᠷᠡᠭᠦᠯᠦᠯᠲᠡ ᠪᠣᠯᠤᠨ᠎ᠠ᠃ ᠬᠣᠷᠴᠢᠨ ᠪᠣᠯᠤᠨ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠣᠷᠣᠨ᠂ ᠬᠠᠲᠤᠨ ᠭᠤᠤᠯ᠎ᠤᠨ《ᠶᠡᠬᠡ ᠳᠤᠬᠤᠢ》 ᠵᠢᠨ ᠪᠣᠭᠣᠮᠲᠠ ᠰᠢᠪᠲᠤᠯᠬᠤ ᠣᠷᠣᠨ᠂ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠳᠠᠬᠢ ᠬᠣᠷᠢᠭᠯᠠᠨ ᠴᠣᠬᠢᠬᠤ ᠣᠷᠣᠨ᠎ᠤ ᠲᠥᠯᠥᠪᠵᠢᠭᠦᠯᠭᠡ᠎ᠶᠢᠨ ᠲᠥᠷᠥᠯ ᠵᠦᠢᠯ᠎ᠢ ᠪᠠᠶ᠋ᠢᠭᠤᠯᠤᠭᠰᠠᠨ᠎ᠤ ᠳᠠᠷᠠᠭ᠎ᠠ᠂ ᠮᠠᠨ᠎ᠤ ᠣᠷᠣᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠶ᠋ᠢᠯᠠᠯᠳᠤᠭᠠᠨ᠎ᠤ ᠵᠠᠯᠭᠠᠯᠳᠤᠭᠰᠠᠨ ᠣᠷᠣᠨ ᠎ᠳᠤ ᠨᠡᠶ᠋ᠢᠲᠡ 8593 ᠺᠢᠯᠣᠮᠧᠲ᠋ᠷ ᠤ᠋ᠨ ᠡᠯᠡᠰᠦ ᠎ᠶᠢ ᠳᠤᠭᠤᠯᠤᠭᠰᠠᠨ ᠵᠠᠰᠠᠮᠠᠯ ᠵᠠᠮ᠎ᠢ ᠪᠥᠲᠥᠭᠡᠨ ᠪᠠᠶ᠋ᠢᠭᠤᠯᠵᠤ᠂ 1354 ᠲᠦᠮᠡᠨ ᠮᠥ᠍ ᠡᠯᠡᠰᠦ᠎ᠶᠢ ᠵᠠᠰᠠᠬᠤ᠎ᠶᠢ ᠳᠠᠶ᠋ᠢᠴᠢᠯᠠᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号