72.9 ᠳ᠋ᠦᠩᠰᠢᠭᠤᠷ ᠲᠥᠭᠥᠷᠢᠭ᠎ᠦᠨ ᠲᠤᠰᠬᠠᠶ ᠲᠦᠷᠦᠯ ᠤ᠋ᠨ ᠪᠠᠯᠠ ᠮᠥᠩᠭᠥ᠌ ᠤᠷᠤᠭᠤᠯᠪᠠ
2025-11-27 16:10:29
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠶ᠋ᠢᠯᠠᠭᠠᠭᠰᠠᠨ᠎ᠢᠶᠠᠷ᠄ 2018 ᠣᠨ᠎ᠳᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠬᠥᠭᠵᠢᠯᠲᠡ᠎ᠶᠢᠨ ᠲᠤᠰᠬᠠᠶ ᠳᠦᠷᠦᠯ ᠤ᠋ᠨ ᠪᠠᠯᠠ ᠮᠥᠩᠭᠥ᠎ᠶᠢ ᠪᠠᠶ᠋ᠢᠭᠤᠯᠤᠭᠰᠠᠨ᠎ᠠᠴᠠ ᠨᠠᠭᠠᠰᠢ᠂ ᠥᠪᠥᠷ ᠮᠣᠩᠭᠣᠯ ᠨᠢᠭᠡᠨᠲᠡ 72.9 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠵᠤ᠂ ᠪᠥᠬᠥ᠌ ᠣᠷᠣᠨ ᠎ᠤ 84 ᠠᠵᠤ ᠦᠢᠯᠡᠳᠪᠦᠷᠢ ᠎ᠶᠢᠨ ᠬᠦᠷᠢᠶᠡᠯᠡᠩ ᠲᠣᠭᠣᠷᠢᠭ (ᠰᠢᠯᠢᠳᠡᠭᠵᠢᠭᠦᠯᠦᠨ ᠳᠣᠭᠢᠷᠠᠭᠤᠯᠬᠤ ᠡᠴᠠ ᠡᠮᠦᠨᠡᠬᠢ ᠬᠦᠷᠢᠶᠡᠯᠡᠩ ᠲᠣᠭᠣᠷᠢᠭ ᠪᠠᠭᠲᠠᠨ᠎ᠠ)᠎ᠤᠨ 508 ᠰᠠᠭᠤᠷᠢ ᠲᠦᠭᠦᠭᠡᠷᠦᠮᠵᠢ᠎ᠶᠢᠨ ᠲᠥᠷᠥᠯ ᠵᠦᠢᠯ᠎ᠳᠦ ᠬᠦᠴᠦᠲᠡᠶ ᠳᠡᠮᠵᠢᠯᠭᠡ ᠬᠠᠩᠭᠠᠪᠠ᠃ ᠡᠨᠡᠬᠦ᠌ ᠪᠡᠯᠡ ᠮᠥᠩᠭᠥ᠌ ᠨᠢ 《ᠴᠠᠭ᠎ᠤᠨ ᠬᠤᠷ᠎ᠠ》 ᠰᠢᠭ᠋᠎ᠢᠶᠡᠷ ᠪᠦᠬᠦ᠌ ᠣᠷᠣᠨ᠎ᠤ 12 ᠠᠶ᠋ᠢᠮᠠᠭ ᠬᠤᠳᠠ ᠪᠣᠯᠤᠨ 2 ᠲᠤᠰᠠᠭᠠᠷ ᠲᠥᠯᠥᠪᠯᠡᠭᠡᠲᠦ᠍ ᠬᠤᠳᠠ᠎ᠳᠤ ᠲᠠᠷᠬᠠᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠳᠠᠪᠠᠯᠳᠠᠳᠤ ᠮᠠᠶᠢᠭ᠎ᠤᠨ ᠬᠥᠭᠵᠢᠯᠲᠡ᠎ᠶᠢ ᠪᠡᠶᠡᠯᠡᠭᠦᠯᠬᠦ᠌᠎ᠳᠦ ᠪᠦᠲᠦᠮᠵᠢᠲᠡᠢ ᠬᠦᠴᠦᠨ ᠨᠡᠮᠡᠷᠢᠯᠡᠪᠡ᠃

ᠣᠶ᠋ᠢᠯᠠᠭᠠᠭᠰᠠᠨ᠎ᠢᠶᠠᠷ᠂ ᠲᠤᠰᠬᠠᠶ ᠳᠦᠷᠦᠯ ᠤ᠋ᠨ ᠪᠠᠯᠠ ᠮᠥᠩᠭᠥ᠎ᠶᠢ ᠪᠣᠬᠢᠷ ᠤᠰᠤ ᠰᠢᠢᠳᠪᠦᠷᠢᠯᠡᠬᠦ᠌ ᠦᠢᠯᠡᠳᠪᠦᠷᠢ᠂ ᠬᠠᠲᠠᠭᠤ ᠪᠡᠶᠡᠲᠦ᠍ ᠬᠠᠶᠠᠭᠳᠠᠮᠠᠯ ᠪᠣᠳᠠᠰ᠎ᠤᠨ ᠰᠢᠭᠠᠷᠤ᠎ᠶᠢᠨ ᠲᠠᠯᠠᠪᠠᠶ᠂ ᠲᠥᠪᠯᠡᠷᠡᠭᠦᠯᠦᠨ ᠢᠯᠴᠢ ᠬᠠᠩᠭᠠᠬᠤ᠂ ᠵᠠᠮ ᠵᠢᠴᠢ ᠬᠣᠭᠣᠯᠠᠶ ᠲᠤᠤᠷ᠂ ᠪᠠᠷᠢᠮᠵᠢᠶᠠᠲᠤ᠌ ᠦᠢᠯᠡᠳᠪᠦᠷᠢ᠎ᠶᠢᠨ ᠬᠡᠷ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠵᠡᠷᠭᠡ ᠰᠠᠭᠤᠷᠢ ᠲᠥᠬᠥᠭᠡᠷᠦᠮᠵᠢ᠎ᠶᠢ ᠥᠭᠡᠷᠡᠴᠢᠯᠡᠨ ᠲᠠᠰ ᠳᠡᠪᠰᠢᠭᠦᠯᠬᠦ᠌᠎ᠳᠦ ᠭᠤᠤᠯᠳᠠᠯᠭ᠎ᠠ᠎ᠲᠠᠶ ᠬᠡᠷᠡᠭᠯᠡᠵᠦ᠍᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠤ ᠰᠠᠭᠤᠷᠢ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ ᠤᠳᠠᠭᠠᠨ ᠪᠠᠶ᠋ᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ᠍᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠌ ᠠᠵᠢᠯ ᠯᠠᠪᠳᠠᠭᠤᠨ ᠪᠠᠲᠤᠲᠠᠶ ᠠᠯᠬᠤᠮ᠎ᠢ ᠠᠯᠬᠤᠭᠰᠠᠨ ᠪᠠᠶ᠋ᠢᠨ᠎ᠠ᠃ ᠣᠳᠣᠬᠠᠨ᠎ᠳᠤ᠂ ᠪᠦᠬᠦ᠌ ᠣᠷᠣᠨ᠎ᠤ ᠨᠢᠭᠡᠳᠦᠭᠡᠷ᠂ ᠬᠣᠶᠠᠳᠤᠭᠠᠷ ᠲᠥᠷᠥᠯ᠎ᠦᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠲᠤ᠌ 《ᠶᠢᠰᠦ᠎ᠶᠢ ᠨᠡᠪᠲᠡᠷᠡᠭᠦᠯᠵᠦ᠍ ᠨᠢᠭᠡ᠎ᠶᠢ ᠲᠡᠭᠰᠢᠯᠡᠬᠦ᠌》 ᠵᠢ ᠦᠨᠳᠦᠰᠦᠨ᠎ᠳᠡᠭᠡᠨ ᠪᠡᠶᠡᠯᠡᠭᠦᠯᠵᠦ᠍᠂ ᠳᠠᠭᠠᠭᠠᠴᠠ ᠬᠦᠴᠦᠨ ᠢᠯᠡᠳᠲᠡ ᠨᠡᠮᠡᠭᠳᠡᠨ᠂ ᠶᠡᠷᠦᠩᠬᠡᠶ᠋ᠢᠯᠡᠭᠰᠡᠨ ᠪᠣᠳᠠᠲᠤ᠌ ᠬᠦᠴᠦᠨ ᠢᠯᠡᠳᠲᠡ ᠳᠡᠭᠡᠭᠰᠢᠯᠡᠪᠠ᠃ ᠪᠥᠬᠥ᠌ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠦᠢᠯᠡᠳᠬᠦᠨ᠎ᠦ ᠶᠡᠷᠦᠩᠬᠡᠶ ᠥᠷᠲᠡᠭ ᠪᠠ ᠭᠠᠶ᠋ᠢᠯᠢ ᠲᠠᠲᠠᠪᠤᠷᠢ ᠴᠥᠮ ᠳᠠᠬᠢᠨ᠎ᠢᠶᠠᠷ ᠨᠡᠮᠡᠭᠳᠡᠵᠦ᠍᠂ 2018 ᠣᠨ᠎ᠳᠤ ᠲᠣᠰ ᠲᠣᠰ 1.06 ᠲᠦᠮᠡᠨ ᠳ᠋ᠦᠩᠰᠢᠭᠤᠷ ᠲᠥᠭᠥᠷᠢᠭ ᠪᠠ 716 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ᠎ᠪᠠᠨ 2.2 ᠲᠦᠮᠡᠨ ᠳ᠋ᠦᠩᠰᠢᠭᠤᠷ ᠲᠥᠭᠥᠷᠢᠭ ᠪᠠ 1500 ᠭᠠᠷᠤᠶ ᠳ᠋ᠦᠩᠰᠢᠭᠤᠷ ᠲᠥᠭᠥᠷᠢᠭ ᠪᠣᠯᠲᠠᠯ᠎ᠠ ᠨᠡᠮᠡᠭᠳᠡᠪᠡ᠃

ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ ᠪᠣᠯ ᠭᠠᠵᠠᠷ ᠣᠷᠣᠨ᠎ᠤ ᠠᠵᠤ ᠠᠬᠤᠶ᠎ᠶᠢᠨ ᠬᠥᠭᠵᠢᠯᠲᠡ᠎ᠶᠢᠨ ᠭᠤᠤᠯ ᠲᠡᠶ᠋ᠢᠨ᠎ᠦ ᠲᠠᠯᠠᠪᠤᠷ᠂ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠭᠤᠤᠯ ᠬᠦᠴᠦᠨ᠂ ᠠᠵᠤ ᠦᠢᠯᠡᠰ᠎ᠤᠨ ᠲᠦᠪᠯᠡᠷᠡᠯ᠎ᠤᠨ ᠭᠤᠤᠯ ᠠᠴᠢᠶᠠᠯᠠᠪᠤᠷᠢ᠂ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠭᠤᠤᠯ ᠵᠢᠭᠰᠠᠭᠠᠯ᠎ᠤᠨ ᠭᠠᠵᠠᠷ ᠪᠣᠯᠤᠨ᠎ᠠ᠃ ᠲᠤᠰᠬᠠᠶ ᠳᠦᠷᠦᠯ ᠤ᠋ᠨ ᠪᠠᠯᠠ ᠮᠥᠩᠭᠥ᠎ᠶᠢᠨ ᠳᠡᠮᠵᠢᠯᠭᠡ ᠨᠢ ᠪᠠᠰᠠ ᠠᠵᠥ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠷᠠᠯᠵᠢᠶᠠᠴᠢᠨ ᠤᠷᠢᠬᠤ ᠬᠦᠴᠦᠨ ᠪᠠ ᠠᠵᠤ ᠦᠢᠯᠡᠰ᠎ᠦᠨ ᠲᠦᠪᠯᠡᠷᠡᠯ ᠤ᠋ᠨ ᠬᠦᠴᠦᠨ᠎ᠢ ᠨᠡᠮᠡᠭᠳᠡᠭᠦᠯᠪᠡ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠲᠤᠰᠬᠠᠶ ᠳᠦᠷᠦᠯ ᠤ᠋ᠨ ᠪᠠᠯᠠ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠪᠠᠯᠠ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠎ᠢ ᠨᠡᠮᠡᠭᠳᠡᠬᠦᠯᠬᠦ᠎ᠶᠢᠨ ᠬᠠᠮᠲᠤ᠌᠂ ᠡᠯ᠎ᠡ ᠬᠦᠷᠢᠶᠡᠯᠡᠩ ᠲᠣᠭᠣᠷᠢᠭ᠎ᠢ ᠱᠠᠯᠠᠪᠳᠠᠭᠤᠯᠵᠥ ᠪᠠᠶ᠋ᠢᠭᠠᠳ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠡᠷᠴᠢᠮ᠎ᠢ ᠴᠢᠩᠭᠠᠷᠠᠭᠤᠯᠵᠤ᠂ ᠲᠥᠷᠥᠯ ᠵᠦᠢᠯ᠎ᠢ ᠡᠷᠲᠡ ᠡᠬᠢᠯᠡᠭᠦᠯᠵᠦ᠍᠂ ᠡᠷᠲᠡ ᠪᠥᠲᠥᠭᠡᠨ ᠪᠠᠶ᠋ᠢᠭᠤᠯᠵᠤ᠂ ᠡᠷᠲᠡ ᠦᠷ᠎ᠡ ᠪᠦᠲᠦᠮᠵᠢ ᠤᠯᠬᠤ᠎ᠶᠢ ᠦᠨᠡᠨ ᠬᠦ᠌ ᠪᠠᠲᠤᠯᠠᠵᠤ᠂ ᠪᠥᠬᠥ᠌ ᠣᠷᠣᠨ᠎ᠤ ᠠᠵᠤ ᠦᠢᠯᠡᠳᠪᠦᠷᠢ᠎ᠶᠢᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠨᠠᠩ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号