11 ᠰᠠᠷ᠎ᠠ᠎ᠶᠢᠨ 26᠎ᠤ ᠡᠳᠦᠷ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ ᠰᠣᠨᠢᠨ ᠮᠡᠳᠡᠭᠡ
ᠨᠡᠶ᠋ᠢᠲᠡᠯᠡᠬᠦ᠌ ᠬᠤᠷᠠᠯ ᠬᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠠᠬᠢ
ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠦᠢᠯᠠᠰ᠎ᠦᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠪᠥᠬᠥ᠌
ᠲᠠᠯ᠎ᠠ᠎ᠪᠠᠷ ᠡᠷᠭᠢᠴᠡᠭᠦᠯᠦᠨ ᠳ᠋ᠦᠩᠨᠡᠪᠡ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠰᠢᠰᠲ᠋ᠧᠮ᠎ᠦᠨ ᠶᠣᠰᠣ
ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶᠢ ᠨᠠᠶ᠋ᠢᠳᠠᠪᠤᠷᠢᠵᠢᠭᠤᠯᠬᠤ ᠠᠵᠢᠯ ᠨᠠᠩ
ᠬᠦᠴᠦᠲᠡᠶ ᠪᠣᠯᠪᠠ᠃ ᠰᠢᠨ᠎ᠡ ᠴᠠᠭ ᠦᠶ᠎ᠡ᠎ᠶᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠎ᠢ
ᠭᠦᠨᠵᠡᠭᠡᠢ ᠬᠡᠷᠡᠭᠵᠢᠭᠦᠯᠵᠦ᠍᠂ 《ᠬᠠᠮ ᠦᠵᠡᠯ ᠰᠠᠨᠠᠭ᠎ᠠ ᠤᠯᠤᠰ ᠲᠥᠷᠥ᠍》 ᠪᠡᠷ ᠬᠥᠮᠦᠨ ᠬᠥᠮᠦᠵᠢᠭᠦᠯᠬᠦ᠌ ᠰᠢᠨ᠎ᠡ ᠪᠠᠶ᠋ᠢᠷᠢᠰᠢᠯ᠎ᠢ ᠪᠠᠶ᠋ᠢᠭᠤᠯᠪᠠ; ᠤᠯᠤᠰ᠎ᠤᠨ ᠨᠢᠭᠡᠳᠦᠯᠲᠡᠶ
ᠨᠠᠶ᠋ᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠍᠂ ᠤᠯᠤᠰ᠎ᠤᠨ
ᠨᠡᠶ᠋ᠢᠳᠡᠮ ᠬᠡᠷᠡᠭᠯᠡᠬᠦ᠌ ᠦᠭᠡ ᠬᠡᠯᠡ ᠥᠰᠥᠭ ᠪᠢᠴᠢᠭ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂
ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠥᠰᠥᠭ ᠪᠢᠴᠢᠭ᠎ᠦᠨ ᠳᠦᠷᠢᠮᠵᠢᠭᠰᠡᠨ ᠰᠤᠷᠭᠠᠭᠤᠯᠢ᠎ᠶᠢ ᠡᠭᠦᠳᠦᠨ
ᠪᠠᠶ᠋ᠢᠭᠤᠯᠤᠭᠰᠠᠨ ᠨᠣᠷᠮ᠎ᠠ 100%᠎ᠳ᠋ᠤ ᠬᠦᠷᠴᠦ᠍᠂ ᠥᠪᠥᠷ ᠮᠣᠩᠭᠣᠯ᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ
ᠬᠡᠦᠬᠡᠳ᠎ᠦᠨ ᠨᠡᠶ᠋ᠢᠲᠡᠯᠢᠭ ᠬᠡᠯᠡᠨ᠎ᠦ ᠬᠢᠷᠢ ᠲᠡᠩᠴᠡᠭᠰᠡᠨ ᠨᠣᠷᠮ᠎ᠠ 99.33%᠎ᠳ᠋ᠤ ᠬᠦᠷᠴᠦ᠍᠂ ᠰᠢᠯᠢᠳᠡᠭ ᠨᠣᠷᠮ᠎ᠠ
78.69% ᠳ᠋ᠤ ᠬᠦᠷᠴᠦ᠍᠂ 2023 ᠣᠨ᠎ᠤ᠎ᠬᠢ᠎ᠡᠴᠡ ᠲᠣᠰ ᠲᠣᠰ ᠵᠠᠭᠤᠨ᠎ᠤ ᠬᠠᠷᠢᠴᠠᠯ ᠵᠢᠠᠷ 5.9 ᠪᠠ 47.3 ᠬᠤᠪᠢ
ᠳᠡᠭᠡᠭᠰᠢᠯᠡᠪᠡ; ᠲᠠᠪᠤᠨ ᠬᠥᠮᠦᠵᠢᠯ᠎ᠢ ᠵᠡᠷᠭᠡ᠎ᠳᠦᠨᠢ ᠡᠷᠬᠢᠮᠯᠡᠬᠦ᠌᠎ᠶᠢ ᠪᠠᠷᠢᠮᠲᠠᠯᠠᠨ᠂ ᠰᠤᠷᠤᠭᠴᠢᠳ᠎ᠤᠨ ᠪᠡᠶ᠎ᠡ
ᠮᠠᠬᠠᠪᠣᠳ᠎ᠢ ᠴᠢᠭᠢᠷᠠᠭᠵᠢᠭᠤᠯᠬᠤ ᠲᠥᠯᠥᠪᠯᠡᠭᠡ᠂ ᠭᠤᠤ᠎ᠠ ᠰᠠᠶ᠋ᠢᠬᠠᠨ᠎ᠤ ᠬᠥᠮᠦᠵᠢᠯ᠎ᠦᠨ ᠨᠡᠪᠴᠢᠭᠦᠯᠬᠦ᠌ ᠠᠵᠢᠯᠯᠠᠭ᠎ᠠ᠂
ᠬᠥᠳᠡᠯᠮᠦᠷᠢ ᠦᠢᠯᠡᠳᠦᠯᠭᠡ᠎ᠪᠡᠷ ᠪᠣᠶ᠋ᠢᠵᠢᠭᠤᠯᠬᠤ ᠲᠥᠯᠥᠪᠯᠡᠭᠡ᠎ᠶᠢ ᠪᠦᠬᠦ᠌ ᠲᠠᠯ᠎ᠠ᠎ᠪᠠᠷ ᠬᠡᠷᠡᠭᠵᠢᠭᠦᠯᠵᠦ᠍᠂
ᠰᠢᠨᠵᠢᠯᠡᠬᠦ᠌ ᠤᠬᠠᠭᠠᠨᠴᠢ ᠰᠤᠷᠭᠠᠨ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃
ᠲᠦᠭᠡᠮᠡᠯ ᠬᠠᠷᠠᠭᠠᠯᠵᠠᠯᠳᠤ ᠴᠢᠨᠠᠷ ᠰᠠᠶ᠋ᠢᠲᠠᠢ ᠤᠯᠠᠨ
ᠨᠡᠶ᠋ᠢᠲᠡ᠎ᠶᠢᠨ ᠦᠢᠯᠡᠴᠢᠯᠡᠭᠡ ᠨᠡᠩ ᠲᠡᠭᠦᠯᠳᠡᠷᠵᠢᠪᠠ᠃ ᠥᠪᠥᠷ ᠮᠣᠩᠭᠣᠯ᠎ᠤᠨ ᠰᠤᠷᠭᠠᠭᠤᠯᠢ ᠵᠢᠨ ᠨᠠᠰᠤᠨ᠎ᠠᠴᠠ
ᠡᠮᠦᠨᠡᠬᠢ ᠰᠤᠷᠭᠠᠨ ᠬᠥᠮᠦᠵᠢᠯ᠎ᠦᠨ ᠴᠡᠴᠡᠷᠯᠢᠭ᠎ᠲᠦ᠍ ᠤᠷᠤᠭᠰᠠᠨ ᠪᠥᠬᠥ᠌ ᠨᠣᠷᠮ᠎ᠠ 95.7%᠂ ᠶᠢᠰᠦᠨ ᠵᠢᠯ᠎ᠦᠨ
ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭᠰᠡᠨ ᠨᠣᠷᠮ᠎ᠠ 99.55%᠂ ᠥᠨᠳᠥᠷ ᠵᠡᠷᠭᠡ᠎ᠶᠢᠨ ᠳᠤᠮᠳᠠᠳᠤ
ᠰᠤᠷᠭᠠᠭᠤᠯᠢ᠎ᠶᠢᠨ ᠱᠠᠲᠤᠨ᠎ᠤ ᠰᠤᠷᠭᠠᠭᠤᠯᠢ᠎ᠳᠤ ᠤᠷᠤᠭᠰᠠᠨ ᠪᠥᠬᠥ᠌ ᠨᠣᠷᠮ᠎ᠠ 94.29% ᠪᠠᠶ᠋ᠢᠵᠤ᠂ ᠴᠥᠮ ᠪᠥᠬᠥ᠌
ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠥᠨᠳᠥᠷ ᠪᠤᠯᠪᠠ; ᠬᠤᠰᠢᠭᠤ ᠰᠢᠶᠠᠨ ᠤ᠋ ᠡᠩ ᠤ᠋ᠨ ᠦᠨᠳᠤᠷ ᠵᠡᠷᠬᠡ
ᠵᠢᠨ ᠳᠤᠮᠳᠠᠳᠤ ᠰᠤᠷᠭᠠᠭᠤᠯᠢ ᠵᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ᠎ᠶᠢ ᠶᠡᠬᠡᠪᠡᠷ ᠬᠡᠷᠡᠭᠵᠢᠭᠦᠯᠵᠦ᠍᠂
ᠬᠥᠳᠡᠭᠡ ᠲᠣᠰᠬᠣᠨ᠎ᠤ ᠪᠠᠭ᠎ᠠ ᠬᠡᠪᠴᠢᠶᠡᠨ᠎ᠦ ᠰᠤᠷᠭᠠᠭᠤᠯᠢ᠎ᠶᠢ ᠪᠦᠬᠦᠨ᠎ᠢ ᠪᠦᠷᠬᠦᠭᠦᠯᠬᠦ᠌᠎ᠶᠢ ᠪᠡᠶᠡᠯᠡᠭᠦᠯᠵᠦ᠍᠂
ᠬᠣᠲᠠ ᠬᠥᠳᠡᠭᠡ᠂ ᠣᠷᠣᠨ ᠪᠦᠰᠡ ᠪᠠ ᠰᠤᠷᠭᠠᠭᠤᠯᠢ᠎ᠶᠢᠨ ᠬᠣᠭᠣᠷᠣᠨᠳᠣᠬᠢ ᠵᠥᠷᠢᠶ᠎ᠡ᠎ᠶᠢ ᠠᠯᠭᠤᠷ ᠵᠢᠡᠷ ᠪᠠᠭᠠᠰᠬᠠᠪᠠ;
ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶᠢᠨ ᠰᠢᠯᠭᠠᠬᠤ ᠥᠬᠡᠶ᠎ᠪᠡᠷ ᠬᠡᠷ ᠣᠶ᠋ᠢᠷᠠᠯᠴᠠᠭ᠎ᠠ
ᠰᠤᠷᠭᠠᠭᠤᠯᠢ᠎ᠳᠤ ᠣᠷᠣᠭᠤᠯᠬᠤ ᠪᠠ ᠢᠯᠡ᠎ᠪᠡᠷ ᠰᠣᠷᠣᠭᠴᠢ ᠡᠯᠰᠡᠬᠦ᠌᠂ ᠢᠯᠡ ᠪᠡᠷ ᠠᠩᠭᠢ ᠬᠤᠪᠢᠶᠠᠬᠤ ᠲᠥᠷᠥ᠎ᠶᠢᠨ
ᠪᠣᠳᠣᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠳᠠᠭᠠᠵᠤ ᠨᠡᠭᠦᠭᠰᠡᠨ ᠦᠷ᠎ᠡ ᠬᠡᠦᠬᠡᠳ᠎ᠦᠨ ᠰᠤᠷᠭᠠᠭᠤᠯᠢ᠎ᠳᠤ
ᠣᠷᠣᠬᠤ᠎ᠶᠢ ᠪᠥᠬᠥ᠌ ᠲᠠᠯ᠎ᠠ᠎ᠪᠠᠷ ᠪᠠᠲᠤᠯᠠᠪᠠ; ᠰᠦᠢᠳᠬᠡᠯ ᠬᠤᠷᠢᠶᠠᠬᠤ ᠥᠬᠡᠶ ᠰᠤᠷᠭᠠᠭᠤᠯᠢ ᠵᠢᠨ ᠨᠠᠰᠤᠨ᠎ᠠᠴᠠ
ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠵᠦ᠍᠂ 2025 ᠣᠨ᠎ᠳᠤ ᠲᠣᠰ ᠲᠥᠷᠥ᠎ᠶᠢᠨ
ᠪᠣᠳᠣᠯᠭ᠎ᠠ᠎ᠪᠠᠷ 20.9 ᠲᠦᠮᠡᠨ ᠬᠡᠦᠬᠡᠳ᠎ᠲᠦ᠍ ᠠᠰᠢᠭ ᠬᠦᠷᠲᠡᠭᠡᠪᠡ; ᠰᠤᠷᠤᠭᠴᠢᠳ᠎ᠢ ᠲᠡᠳᠬᠦᠨ ᠲᠤᠰᠠᠯᠠᠬᠤ ᠳᠠᠯ᠎ᠠ
ᠪᠡᠷ ᠡᠯ᠎ᠡ ᠰᠤᠷᠤᠯᠭ᠎ᠠ᠎ᠶᠢᠨ ᠱᠠᠲᠤ᠌᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠂ ᠬᠡᠷ᠎ᠦᠨ ᠠᠮᠢᠳᠤᠷᠠᠯ
ᠨᠢ ᠬᠦᠴᠢᠷᠳᠡᠯᠲᠡᠶ ᠰᠣᠷᠣᠭᠴᠢ ᠪᠦᠬᠦᠨ᠎ᠢ ᠬᠠᠮᠤᠷᠤᠭᠤᠯᠬᠤ᠎ᠶᠢ ᠪᠡᠶᠡᠯᠡᠭᠦᠯᠪᠡ᠃
ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ
ᠪᠠ ᠣᠷᠣᠨ ᠪᠦᠰᠡ᠎ᠶᠢᠨ ᠬᠥᠭᠵᠢᠯᠲᠡ᠎ᠳᠦ ᠦᠢᠯᠡᠴᠢᠯᠡᠬᠦ᠌᠎ᠨᠢ ᠨᠡᠩ ᠣᠨᠣᠴᠠᠲᠠᠢ ᠪᠣᠯᠪᠠ᠃ ᠥᠪᠥᠷ ᠮᠣᠩᠭᠣᠯ᠎ᠤᠨ ᠳᠡᠭᠡᠳᠦ
ᠵᠡᠷᠭᠡ᠎ᠶᠢᠨ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠤᠷᠤᠭᠰᠠᠨ ᠪᠥᠬᠥ᠌ ᠨᠣᠷᠮ᠎ᠠ 60.41% ᠬᠦᠷᠴᠦ᠍᠂ 《ᠠᠷᠪᠠᠨ
ᠭᠤᠷᠪᠠᠳᠤᠭᠠᠷ ᠳᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ
ᠡᠴᠦᠰᠦᠨᠬᠢᠡᠴᠡ ᠵᠠᠭᠤᠨ ᠤ᠋ ᠬᠠᠷᠢᠴᠠᠯ ᠵᠢᠡᠷ 15.24 ᠬᠤᠪᠢ ᠳᠡᠭᠡᠭᠰᠢᠯᠡᠪᠡ; 《ᠬᠤᠤᠰ ᠲᠡᠷᠢᠭᠦᠨ ᠵᠡᠷᠬᠡ》 ᠵᠢᠨ ᠪᠠᠶ᠋ᠢᠭᠤᠯᠤᠯᠲᠠ᠎ᠶᠢ
ᠭᠦᠨᠵᠡᠭᠡᠶ ᠠᠬᠢᠭᠤᠯᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢᠳᠤ ᠪᠣᠳᠠᠰ᠎ᠤᠨ ᠤᠬᠠᠭᠠᠨ ᠤᠯᠤᠰ᠎ᠤᠨ
ᠲᠡᠷᠢᠭᠦᠨ ᠲᠠᠰ᠎ᠤᠨ ᠰᠢᠨᠵᠢᠯᠡᠭᠡᠨ᠎ᠦ ᠰᠠᠯᠠᠭ᠎ᠠ᠎ᠳᠤ ᠵᠠᠯᠭᠠᠭᠠᠳ ᠬᠤᠶᠠᠷ ᠡᠬᠡᠯᠵᠢ ᠰᠣᠩᠭᠣᠭᠳᠠᠨ᠂ ᠪᠥᠬᠥ᠌ ᠤᠯᠤᠰ᠎ᠤᠨ
ᠠᠳᠠᠯᠢ ᠲᠥᠷᠥᠯ᠎ᠦᠨ ᠰᠢᠨᠵᠢᠯᠡᠭᠡᠨ᠎ᠦ ᠰᠠᠯᠠᠭ᠎ᠠ᠎ᠶᠢᠨ ᠡᠮᠦᠨ᠎ᠡ 20%᠎ᠳ᠋ᠤ ᠣᠷᠣᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ
ᠶᠡᠬᠡ ᠰᠤᠷᠭᠠᠭᠤᠯᠢ᠎ᠶᠢᠨ ᠡᠪᠡᠰᠦᠨ᠎ᠦ ᠤᠬᠠᠭᠠᠨ ᠪᠥᠬᠥ᠌ ᠤᠯᠤᠰ᠎ᠤᠨ ᠡᠮᠦᠨ᠎ᠡ 10% ᠳ᠋ᠤ ᠣᠷᠣᠵᠤ᠂ ᠲᠡᠦᠬᠡᠲᠦ᠍
ᠴᠢᠨᠠᠷᠲᠠᠶ ᠰᠢᠪᠲᠤᠯᠤᠯᠲᠠ᠎ᠶᠢ ᠪᠡᠶᠡᠯᠡᠭᠦᠯᠪᠡ; 《ᠰᠣᠷᠣᠭᠴᠢ ᠡᠯᠰᠡᠬᠦ᠌
— ᠬᠥᠮᠦᠵᠢᠭᠦᠯᠬᠦ᠌ — ᠠᠵᠢᠯ ᠣᠯᠭᠣᠬᠤ》 ᠬᠠᠮᠵᠢᠯᠴᠠᠨ ᠬᠠᠮᠲᠤᠷᠠᠨ ᠬᠥᠳᠡᠯᠦᠯᠴᠡᠬᠦ᠌
ᠲᠣᠭᠲᠠᠴᠠ᠎ᠶᠢ ᠪᠦᠷᠢᠨᠰᠢᠭᠦᠯᠵᠦ᠍᠂ ᠰᠢᠨᠵᠢᠯᠡᠬᠡᠨ ᠤ᠋ ᠰᠠᠯᠠᠭ᠎ᠠ ᠲᠤᠰᠬᠠᠶ ᠮᠡᠷᠭᠡᠵᠢᠯ᠎ᠦᠨ ᠪᠦᠲᠦᠴᠡ᠎ᠶᠢ ᠬᠥᠳᠡᠯᠦᠩᠭᠦᠶ᠎ᠪᠡᠷ
ᠰᠢᠯᠢᠳᠡᠭᠵᠢᠭᠦᠯᠦᠨ ᠳᠣᠭᠢᠷᠠᠭᠤᠯᠵᠤ᠂ ᠣᠳᠣᠬᠠᠨ᠎ᠳᠤ᠂ ᠥᠪᠥᠷ ᠮᠣᠩᠭᠣᠯ᠎ᠳᠤ ᠦᠢᠯᠠᠴᠢᠯᠡᠬᠦ᠌ ᠭᠤᠤᠯᠳᠠᠯᠭ᠎ᠠ᠎ᠲᠠᠶ
ᠠᠵᠤ ᠦᠢᠯᠠᠰ᠎ᠦᠨ ᠵᠢᠩᠬᠢᠨᠢ ᠠᠩᠭᠢ᠎ᠶᠢᠨ ᠲᠤᠰᠬᠠᠶ ᠮᠡᠷᠭᠡᠵᠢᠯ᠎ᠦᠨ ᠡᠵᠡᠯᠡᠬᠦ᠌ ᠬᠠᠷᠢᠴᠠᠯ 63.5%᠎ᠳ᠋ᠤ ᠬᠦᠷᠴᠦ᠍᠂
ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠤᠰᠬᠠᠶ ᠮᠡᠷᠭᠡᠵᠢᠯ᠎ᠦᠨ ᠡᠵᠡᠯᠡᠬᠦ᠌ ᠬᠠᠷᠢᠴᠠᠯ 80.4%᠎ᠳ᠋ᠤ ᠬᠥᠷᠪᠡ᠃
ᠰᠤᠷᠭᠠᠨ ᠬᠥᠮᠦᠵᠢᠯ᠎ᠦᠨ ᠬᠦᠷᠢᠶᠡᠨ᠎ᠦ ᠶᠡᠷᠦᠩᠬᠡᠶ᠋ᠢᠯᠡᠭᠰᠡᠨ
ᠥᠭᠡᠷᠡᠴᠢᠯᠡᠯᠲᠡ ᠤᠯᠠᠮ ᠭᠦᠨᠵᠡᠭᠡᠶ᠋ᠢᠷᠡᠪᠡ᠃ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠰᠢᠯᠭᠠᠭᠤᠯᠬᠤ
ᠰᠢᠯᠭᠠᠯᠲᠠ ᠨᠢ ᠪᠥᠬᠥ᠌ ᠣᠷᠣᠨ᠎ᠳᠤ ᠨᠢᠭᠡᠳᠦᠯᠲᠡᠶ ᠰᠡᠳᠦᠪ ᠭᠠᠷᠭᠠᠬᠤ᠂ ᠨᠢᠭᠡᠳᠦᠯᠲᠡᠶ ᠰᠢᠯᠭᠠᠬᠤ᠂ ᠨᠢᠭᠡᠳᠦᠯᠲᠡᠶ
ᠪᠠᠷᠢᠮᠵᠢᠶ᠎ᠠ᠎ᠪᠠᠷ ᠰᠢᠯᠭᠠᠯᠲᠠ ᠬᠢᠨᠠᠬᠤ᠎ᠶᠢ ᠪᠡᠶᠡᠯᠡᠭᠦᠯᠵᠦ᠍᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ
ᠰᠢᠯᠭᠠᠭᠤᠯᠬᠤ ᠰᠢᠯᠭᠠᠯᠲᠠ᠎ᠶᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠶᠢ ᠲᠣᠭᠲᠠᠭᠤᠨ᠎ᠢᠶᠠᠷ ᠨᠠᠶ᠋ᠢᠳᠠᠪᠤᠷᠢᠵᠢᠭᠤᠯᠪᠠ;
《ᠬᠣᠶᠠᠷ᠎ᠢ ᠭᠦᠡᠭᠭᠡᠷᠡᠭᠦᠯᠭᠦ》 ᠥᠭᠡᠷᠡᠴᠢᠯᠡᠯᠲᠡ᠎ᠪᠡᠷ
ᠪᠥᠬᠥ᠌ ᠣᠷᠣᠨ᠎ᠤ ᠰᠠᠭᠤᠷᠢ ᠰᠤᠷᠭᠠᠨ ᠬᠥᠮᠦᠵᠢᠯ᠎ᠦᠨ ᠠᠮᠢ ᠠᠬᠤᠶ᠎ᠳᠤ ᠭᠦᠨᠵᠡᠭᠡᠶ ᠬᠤᠪᠢᠰᠤᠯᠲᠠ ᠭᠠᠷᠬᠤ᠎ᠶᠢ ᠠᠬᠢᠭᠤᠯᠪᠠ;
ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠪᠠᠶ᠋ᠢᠷᠢᠰᠢᠯ᠎ᠢ ᠰᠢᠯᠢᠳᠡᠭᠵᠢᠭᠦᠯᠵᠦ᠍᠂ ᠤᠳᠤ ᠦᠶ᠎ᠡ᠎ᠶᠢᠨ ᠠᠵᠢᠯ
ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠢᠰᠲ᠋ᠧᠮ᠎ᠦᠨ ᠪᠠᠶ᠋ᠢᠭᠤᠯᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠪᠠ;
ᠪᠠᠭᠰᠢ᠎ᠶᠢᠨ ᠡᠩᠨᠡᠭᠡᠨ᠎ᠦ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠪᠦᠬᠦ᠌ ᠲᠠᠯ᠎ᠠ᠎ᠪᠠᠷ ᠭᠦᠨᠵᠡᠭᠡᠶ᠋ᠢᠷᠡᠭᠦᠯᠵᠦ᠍᠂
ᠥᠪᠥᠷ ᠮᠣᠩᠭᠣᠯ᠎ᠤᠨ 33 ᠬᠣᠰᠢᠭᠤ ᠰᠢᠶᠠᠨ (ᠬᠣᠲᠠ᠂ ᠲᠣᠭᠣᠷᠢᠭ)᠎ᠳᠤ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭᠰᠢ᠎ᠶᠢᠨ《ᠰᠢᠶᠠᠨ᠎ᠠᠴᠠ ᠬᠠᠮᠢᠶᠠᠷᠴᠤ᠌ ᠰᠤᠷᠭᠠᠭᠤᠯᠢ᠎ᠠᠴᠠ ᠤᠷᠢᠬᠤ》 ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢᠨ ᠲᠤᠷᠰᠢᠯᠲᠠ᠎ᠶᠢ ᠦᠷᠭᠦᠯᠵᠢᠯᠡᠨ ᠠᠬᠢᠭᠤᠯᠵᠤ᠂
ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠠᠵᠢᠯᠲᠠᠨ᠎ᠤ ᠶᠡᠷᠦᠩᠬᠡᠶ ᠬᠡᠮᠵᠢᠶ᠎ᠡ᠎ᠶᠢᠨ ᠬᠠᠮᠢᠶᠠᠷᠤᠯᠲᠠ᠎ᠶᠢ ᠰᠦᠪᠡᠭᠴᠢᠯᠡᠨ
ᠬᠡᠷᠡᠭᠵᠢᠭᠦᠯᠵᠦ᠍᠂ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠎ᠠ᠎ᠶᠢᠨ
ᠬᠠᠮᠢᠶᠠᠷᠤᠯᠳᠠ ᠵᠢ ᠰᠢᠯᠢᠳᠡᠭᠵᠢᠬᠦᠯᠵᠥ᠂ ᠣᠷᠣᠨ ᠲᠣᠭ᠎ᠠ᠎ᠳᠤ ᠬᠡᠷᠡᠭᠴᠡᠭᠡ ᠶᠣᠰᠣᠭᠠᠷ ᠬᠥᠳᠡᠯᠦᠩᠭᠦᠶ ᠲᠣᠬᠢᠷᠠᠭᠤᠯᠤᠯᠲᠠ
ᠬᠢᠬᠦ᠌᠎ᠶᠢ ᠪᠡᠶᠡᠯᠡᠭᠦᠯᠪᠠ᠃
ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠰᠣᠯᠢᠯᠴᠠᠭ᠎ᠠ
ᠨᠠᠩ ᠣᠯᠠᠨ ᠡᠰᠢᠵᠢᠪᠡ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ《ᠰᠤᠷᠭᠠᠨ ᠬᠥᠮᠦᠵᠢᠯ᠎ᠢ
ᠳᠠᠬᠢᠨ᠎ᠢᠶᠠᠷ ᠨᠡᠮᠡᠭᠳᠡᠭᠦᠯᠬᠦ᠌ ᠲᠥᠯᠥᠪᠯᠡᠭᠡ》 ᠵᠢ ᠬᠡᠷᠡᠭᠵᠢᠭᠦᠯᠵᠦ᠍᠂
ᠱᠠᠩᠬᠠᠶ ᠥᠪᠥᠷ ᠮᠣᠩᠭᠣᠯ᠂ ᠱᠠᠨᠰᠢ ᠥᠪᠥᠷ ᠮᠣᠩᠭᠣᠯ᠂ ᠵᠡᠭᠦᠨ ᠬᠣᠶ᠋ᠢᠲᠤ᠌ ᠵᠢᠨ ᠭᠤᠷᠪᠠᠨ ᠮᠤᠵᠢ ᠨᠢᠭᠡ ᠣᠷᠣᠨ᠂
ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠯᠤᠭ᠎ᠠ ᠵᠢᠨ ᠰᠤᠷᠭᠠᠨ ᠬᠥᠮᠦᠵᠢᠯ᠎ᠦᠨ ᠰᠣᠯᠢᠯᠴᠠᠭ᠎ᠠ
ᠬᠠᠮᠲᠤᠷᠠᠯᠴᠠᠭ᠎ᠠ᠎ᠶᠢ ᠴᠢᠩᠭᠠᠳᠬᠠᠪᠠ; ᠣᠷᠣᠰ᠂ ᠮᠣᠩᠭᠣᠯ ᠵᠡᠷᠭᠡ 40 ᠭᠠᠷᠤᠶ ᠤᠯᠤᠰ᠎ᠤᠨ 200 ᠭᠠᠷᠤᠶ ᠶᠡᠭᠡ
ᠳᠡᠭᠡᠳᠦ ᠰᠤᠷᠭᠠᠭᠤᠯᠢ᠎ᠲᠠᠶ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠍᠂ ᠰᠤᠷᠭᠠᠨ ᠬᠥᠮᠦᠵᠢᠯ᠎ᠦᠨ 《ᠨᠠᠶ᠋ᠢᠵᠠ᠎ᠶᠢᠨ ᠲᠣᠭᠣᠷᠢᠭ》᠎ᠢ ᠥᠷᠭᠡᠳᠬᠡᠪᠡ᠃