ᠤᠷᠤᠭᠯᠠᠬᠤ᠎ᠡᠴᠡ ᠡᠮᠦᠨ᠎ᠡ ᠬᠠᠨᠢᠯᠠᠨ ᠰᠠᠭᠤᠭᠰᠠᠳ᠎ᠢ ᠭᠡᠷ ᠪᠦᠯᠢ᠎ᠶᠢᠨ ᠪᠦᠷᠢᠯᠳᠦᠭᠦᠨ ᠵᠢᠡᠷ ᠮᠠᠭᠠᠳᠯᠠᠨ ᠲᠣᠭᠲᠠᠭᠠᠨ᠎ᠠ
2025-11-27 16:22:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 25᠎ᠤ ᠡᠳᠦᠷ ᠪᠣᠯ 《ᠣᠯᠠᠨ ᠤᠯᠤᠰ᠎ᠤᠨ ᠭᠡᠷ ᠪᠦᠯᠢ᠎ᠶᠢᠨ ᠬᠦᠴᠦᠷᠬᠡᠭᠯᠡᠯ᠎ᠢ ᠠᠷᠢᠯᠭᠠᠬᠤ ᠡᠳᠦᠷ》ᠮᠥᠨ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ 《ᠭᠡᠷ ᠪᠦᠯᠢ᠎ᠶᠢᠨ ᠬᠦᠴᠦᠷᠬᠡᠭᠯᠡᠯ᠎ᠦᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ ᠭᠡᠷ ᠪᠦᠯᠢ᠎ᠶᠢᠨ ᠡᠶ᠎ᠡ ᠵᠣᠬᠢᠴᠠᠯ ᠪᠠ ᠨᠡᠢᠬᠡᠮ ᠤ᠋ᠨ ᠲᠣᠭᠲᠠᠭᠤᠨ ᠪᠠᠢᠳᠠᠯ᠎ᠢ ᠠᠬᠢᠭᠤᠯᠬᠤ》 ᠬᠡᠬᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠡᠢ᠃

ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠪᠠᠢᠴᠠᠭᠠᠬᠤ ᠳᠠᠷᠤᠭ᠎ᠠ᠂ ᠪᠥᠬᠥ ᠤᠯᠤᠰ ᠤ᠋ᠨ ᠡᠮᠡᠭᠲᠡᠢᠴᠦᠳ᠎ᠦᠨ ᠬᠣᠯᠪᠣᠭ᠎ᠠ ᠵᠢᠨ ᠳᠡᠳ᠋ ᠲᠡᠷᠢᠭᠦᠯᠡᠭᠴᠢ ᠭᠧ ᠰᠢᠶᠣᠣ ᠶᠠᠨ ᠲᠠᠨᠢᠯᠴᠠᠭᠤᠯᠬᠤ᠎ᠳᠠᠭᠠᠨ᠂ ᠨᠡᠢᠭᠡᠮ᠎ᠦᠨ ᠬᠠᠷᠢᠯᠴᠠᠭᠠᠨ᠎ᠤ ᠠᠷᠭ᠎ᠠ ᠮᠠᠶᠢᠭ᠋ ᠤᠯᠠᠨ ᠶᠠᠩᠵᠤᠴᠢᠯᠠᠬᠤ᠎ᠶᠢ ᠳᠠᠭᠠᠯᠳᠤᠨ᠂ ᠪᠠᠢᠴᠠᠭᠠᠬᠤ ᠪᠠᠢᠭᠤᠯᠭ᠎ᠠ᠎ᠠᠴᠠ ᠡᠷᠡᠭᠦᠦ᠎ᠶᠢᠨ ᠬᠠᠤᠯᠢ᠂ ᠭᠡᠷ ᠪᠦᠯᠢ᠎ᠶᠢᠨ ᠬᠦᠴᠦᠷᠬᠡᠭᠯᠡᠯ᠎ᠢ ᠡᠰᠡᠷᠭᠦᠴᠡᠬᠦ ᠬᠠᠤᠯᠢ ᠵᠡᠷᠭᠡ ᠬᠠᠤᠯᠢ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠯᠡᠨ᠂ ᠬᠠᠮᠲᠤ ᠠᠮᠢᠳᠤᠷᠠᠵᠦ ᠪᠠᠢᠭ᠎ᠠ ᠪᠣᠳᠠᠲᠤ ᠬᠡᠷᠡᠭ ᠪᠦᠬᠦᠢ ᠤᠷᠤᠭᠯᠠᠬᠤ᠎ᠠᠴᠠ ᠡᠮᠦᠨ᠎ᠡ ᠬᠠᠨᠢᠯᠠᠨ ᠰᠠᠭᠤᠭᠰᠠᠨ ᠬᠠᠷᠢᠴᠠᠭ᠎ᠠ᠎ᠶᠢ ᠭᠡᠷ ᠪᠦᠯᠢ᠎ᠶᠢᠨ ᠪᠦᠷᠢᠯᠳᠦᠭᠦᠨ᠎ᠦ ᠬᠠᠷᠢᠴᠠᠭ᠎ᠠ᠎ᠳᠤ ᠬᠠᠷᠢᠶᠠᠯᠠᠭᠳᠠᠬᠤ ᠪᠡᠷ ᠮᠠᠭᠠᠳᠯᠠᠨ ᠲᠣᠭᠲᠠᠭᠠᠬᠤ᠎ᠶᠢᠨ ᠬᠠᠮᠲᠤ᠂ ᠭᠡᠷ ᠪᠦᠯᠢ᠎ᠶᠢᠨ ᠪᠦᠷᠢᠯᠳᠦᠭᠦᠨ᠎ᠦ ᠪᠡᠶ᠎ᠡ ᠮᠠᠬᠠᠪᠤᠳ᠎ᠢ ᠰᠢᠷᠬᠠᠳᠤᠭᠤᠯᠬᠤ ᠡᠴᠡ ᠭᠠᠳᠠᠨ᠎ᠠ ᠣᠶᠤᠨ ᠰᠠᠨᠠᠭᠠᠨ᠎ᠤ ᠲᠠᠯ᠎ᠠ ᠪᠡᠷ ᠬᠠᠯᠠ ᠦᠵᠡᠭᠦᠯᠬᠦ ᠠᠵᠢᠯᠯᠠᠭ᠎ᠠ᠎ᠶᠢ᠎ᠴᠤ ᠭᠡᠷ ᠪᠦᠯᠢ᠎ᠶᠢᠨ ᠬᠦᠴᠦᠷᠬᠡᠭᠯᠡᠯ᠎ᠦᠨ ᠦᠶ᠋ᠯᠡ ᠠᠵᠢᠯᠯᠠᠭ᠎ᠠ᠎ᠪᠠᠷ ᠮᠠᠭᠠᠳᠯᠠᠨ ᠲᠣᠭᠲᠠᠭᠠᠵᠤ᠂ ᠬᠣᠬᠢᠷᠠᠯ ᠠᠮᠰᠠᠭ᠍ᠴᠢ᠎ᠶᠢ ᠨᠠᠩ ᠪᠥᠬᠥ ᠲᠠᠯ᠎ᠠ᠎ᠪᠠᠷ ᠬᠠᠮᠠᠭᠠᠯᠠᠬᠤ ᠪᠣᠯᠣᠨ᠎ᠠ ᠭᠡᠵᠡᠢ᠃

ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号