ᠳᠡᠮᠡᠬᠡᠨ ᠎ᠤ ᠠᠵᠦ ᠦᠢᠯᠡᠰ ᠎ᠤᠨ ᠡᠷᠢᠯᠬᠢᠯᠡᠯ ᠰᠢᠨᠡᠴᠢᠯᠡᠯ᠎ᠪᠡ ᠠᠮᠢ ᠠᠬᠤᠢ ᠵᠢᠨ ᠵᠠᠰᠠᠯᠳᠠ ᠵᠢᠨ 《ᠨᠤᠭᠤᠭᠠᠨ ᠳᠤᠤᠯᠢ》
2025-11-28 10:50:26
ᠵᠣᠬᠢᠶᠠᠭ᠍ᠴᠢ᠄
ᠲᠠᠪᠰᠢᠯᠳᠤ ᠪᠠᠢ ᠰᠡᠷᠬᠦᠯᠡᠡᠭ ᠨᠠᠷᠠᠨ᠎ᠠ
ᠣᠩᠱᠢᠭ᠍ᠰᠠᠨ ᠣᠳᠠᠭ᠎ᠠ᠄
★★★☆☆

ᠲᠡᠮᠡᠬᠡᠨ᠎ᠤ ᠠᠰᠢᠭ ᠰᠢᠮ᠎ᠠ ᠵᠢᠨ ᠭᠠᠷᠤᠯᠳᠠ ᠵᠢᠨ ᠠᠵᠦ᠍ ᠦᠢᠯᠡᠰᠵᠢᠯᠳᠠ

ᠠᠯᠠᠱᠠ ᠠᠶ᠋ᠢᠮᠠᠭ ᠪᠣᠯ ᠮᠠᠨ ᠎ᠤ ᠣᠯᠣᠰ ᠎ᠤᠨ ᠬᠤᠤᠰ ᠪᠥᠭᠥᠳᠤ ᠳᠡᠮᠡᠬᠡ ᠬᠠᠮᠣᠭ ᠡᠴᠡ ᠳᠦᠪᠯᠡᠷᠡᠭᠰᠡᠨ《ᠳᠤᠮᠳᠠᠳᠤ ᠤᠯᠤᠰ ᠎ᠦᠨ ᠳᠡᠮᠡᠭᠡᠳᠤ ᠨᠤᠳᠤᠭ》 ᠮᠦᠨ᠂ ᠠᠯᠠᠱᠠ ᠵᠢᠨ ᠬᠣᠣᠰ ᠪᠦᠬᠦᠳᠦ ᠳᠡᠮᠡᠭᠡ ᠨᠢ ᠳᠡᠯᠡᠬᠡᠢ ᠵᠢᠨ ᠬᠣᠣᠰ ᠪᠦᠬᠦᠳᠦ ᠳᠡᠮᠡᠬᠡᠨ ᠎ᠤ ᠳᠣᠳᠣᠷᠠᠬᠢ ᠰᠢᠯᠢᠳᠡᠭ ᠡᠭᠦᠯᠳᠡᠷ᠎ᠤᠨ ᠳᠦᠷᠦᠯ ᠪᠠᠶ᠋ᠢᠵᠦ᠍᠂ ᠳᠡᠮᠡᠬᠡ ᠮᠠᠯᠵᠢᠭᠰᠠᠨ ᠦᠨᠢ ᠣᠳᠠᠭᠠᠨ ᠲᠡᠤᠬᠡ ᠣᠯᠠᠮᠵᠢᠯᠠᠯ ᠲᠠᠢ᠃ ᠳᠡᠭᠡᠷ᠎ᠡ ᠵᠠᠭᠣᠨ᠎ᠤ ᠨᠠᠶᠠᠭᠠᠳ ᠣᠨ᠎ᠳ᠋ᠣ᠌ ᠠᠯᠠᠱᠠ ᠵᠢᠨ ᠬᠣᠣᠰ ᠪᠦᠬᠦᠲᠦ᠍ ᠲᠡᠮᠡᠬᠡᠨ᠎ᠤ ᠶᠡᠷᠦᠩᠬᠡᠢ ᠲᠣᠭ᠎ᠠ ᠲᠤᠯᠤᠭᠠᠢ 25 ᠲᠦᠮᠡ᠎ᠳᠤ ᠬᠦᠷᠴᠦ᠍᠂ ᠦᠡᠭ ᠦᠷᠬᠡᠨ ᠠᠯᠠᠱᠠ ᠵᠢᠨ ᠥᠪᠡᠷᠮᠢᠴᠡ ᠰᠤᠳᠤᠨ᠎ᠤᠨᠴᠠᠯᠢᠭ ᠲᠠᠢ ᠲᠡᠮᠡᠬᠡ ᠮᠠᠯᠵᠢᠬᠤ ᠰᠤᠶᠤᠯ᠎ᠢ ᠡᠭᠥᠳᠤᠨ ᠪᠥᠳᠤᠬᠡᠭᠰᠡᠨ ᠶᠤᠮ᠃

ᠲᠥᠷᠥᠭᠥᠬᠡᠨ᠂ ᠬᠥᠳᠡᠬᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠡᠴᠡ 《2025 ᠣᠨ᠎ᠤ ᠬᠥᠳᠡᠬᠡ ᠠᠵᠤ ᠠᠬᠤᠢ ᠵᠢᠨ ᠨᠠᠷᠠᠲᠤ᠌ ᠲᠡᠮᠳᠡᠭᠳᠤ ᠰᠢᠯᠢᠳᠡᠭ ᠪᠦᠲᠦᠭᠡᠭᠳᠡᠬᠦᠨ᠎ᠢ ᠲᠡᠯᠬᠡᠷᠡᠭᠥᠯᠤᠨ ᠬᠥᠭᠵᠢᠭᠥᠯᠭᠥ᠌ ᠲᠥᠯᠥᠪᠯᠡᠭᠡ᠎ᠵᠢᠨ ᠵᠠᠷᠯᠠᠯ》 ᠢ᠋ ᠨᠡᠶ᠋ᠢᠲᠡᠯᠡᠬᠦ᠎ᠳᠤ᠂ ᠠᠯᠠᠱᠠ᠎ᠵᠢᠨ ᠬᠣᠤᠰ ᠪᠥᠬᠥᠲᠦ᠍ ᠲᠡᠮᠡᠭᠡ ᠨᠢ ᠮᠠᠯ ᠵᠢᠭᠦᠷᠲᠡᠨ᠎ᠤ ᠲᠥᠷᠥᠯ ᠵᠥᠢᠯ ᠳ᠋ᠥ᠍ ᠰᠣᠩᠭᠣᠭᠳᠠᠨ᠎ᠤᠷᠤᠵᠤ᠂ ᠠᠯᠠᠱᠠ ᠵᠢᠨ ᠲᠡᠮᠡᠭᠡᠨ ᠎ᠤ ᠠᠵᠦ᠍ ᠦᠢᠯᠡᠰ ᠬᠦᠭᠵᠢᠯ ᠪᠠᠳᠠᠷᠠᠯ ᠰᠢᠨ᠎ᠠ ᠢᠷᠡᠬᠡᠳᠦᠢ ᠰᠢᠨ᠎ᠡ ᠡᠷᠡᠮᠡᠯᠵᠡᠯ ᠲᠡᠢ ᠪᠤᠯᠤᠬᠰᠠᠨ ᠎ᠢ᠎ᠬᠠᠷᠠᠭᠤᠯᠤᠬᠰᠠᠨ ᠪᠠᠶ᠋ᠢᠨ᠎ᠠ᠃


QQ20251128-105103.png


         ᠪᠠᠶᠠᠨᠬᠤᠳᠡ ᠵᠢᠨ ᠦᠵᠡᠮᠵᠢ 

          ᠲᠠᠪᠰᠢᠯᠳᠤ ᠰᠡᠭᠦᠳᠡᠯᠷᠪᠡ 


ᠲᠡᠮᠡᠬᠡᠨ᠎ᠤ ᠠᠵᠦ᠍ ᠦᠢᠯᠡᠰ ᠨᠢ ᠠᠯᠠᠱᠠ ᠵᠢᠨ ᠪᠤᠬᠢᠷᠳᠤᠯ ᠦᠬᠡᠢ ᠬᠦᠭᠵᠢᠯᠳᠡ ᠵᠢᠨ ᠦᠵᠡᠯᠳᠡ ᠵᠢ ᠦᠢᠯᠡᠳᠦᠯᠬᠡᠵᠢᠭᠦᠯᠬᠦ᠌ ᠤᠷᠤᠨ ᠨᠤᠳᠤᠭ᠎ᠦᠨ ᠤᠨᠴᠠᠯᠢᠬᠳᠤ ᠠᠵᠦ᠍ ᠦᠢᠯᠡᠰ᠎ᠤᠨ ᠨᠢᠬᠡ ᠪᠤᠯᠤᠬᠰᠠᠨ ᠬᠤᠪᠢ ᠎ᠳᠤ᠂ ᠤᠯᠠᠨ ᠵᠢᠯ᠎ᠦᠨ ᠳᠤᠷᠰᠢᠳᠠ ᠠᠯᠠᠱᠠ ᠠᠶ᠋ᠢᠮᠠᠭ᠎ᠤᠨ ᠨᠠᠮ᠎ᠤᠨ ᠬᠤᠷᠢᠶ᠎ᠠ᠂ ᠠᠢᠮᠠᠭ ᠎ᠤᠨ ᠵᠡᠬᠢᠷᠭ᠎ᠠ ᠡᠴᠠ ᠲᠡᠮᠡᠬᠡ ᠵᠢ ᠬᠠᠮᠠᠭᠠᠯᠠᠵᠦ᠍ ᠦᠰᠬᠡᠬᠦ᠂ ᠲᠡᠮᠡᠬᠡᠨ ᠰᠤᠶᠤᠯ ᠵᠢᠡᠨ᠎ᠤᠯᠠᠮᠵᠢᠯᠠᠨ ᠪᠠᠳᠠᠷᠠᠭᠤᠯᠵᠦ᠍᠂ ᠲᠡᠮᠡᠬᠡᠨ᠎ᠤ ᠠᠰᠢᠭ ᠰᠢᠮ᠎ᠠ ᠵᠢᠨ ᠭᠠᠷᠤᠯᠳᠠ ᠵᠢ ᠠᠵᠦ᠍ ᠦᠢᠯᠡᠰᠵᠢᠭᠦᠯᠤᠨ᠂᠎ᠦᠪᠡᠷᠮᠢᠴᠡ ᠨᠡᠷ᠎ᠡ ᠳᠡᠮᠳᠡᠭᠳᠤ ᠠᠵᠦ᠍ ᠦᠢᠯᠡᠰ ᠪᠤᠯᠭᠠᠨ ᠬᠦᠭᠵᠢᠭᠦᠯᠬᠦ᠌ ᠠᠯᠢ᠎ᠤᠯᠠᠨ ᠲᠦᠷᠦ᠍ ᠵᠢᠨ ᠪᠤᠳᠤᠯᠭ᠎ᠠ᠂ ᠠᠷᠭ᠎ᠠ ᠠᠪᠴᠠᠯ ᠲᠤᠬᠳᠠᠭᠠᠨ ᠬᠡᠷᠡᠭᠵᠢᠭᠦᠯᠦᠭᠰᠡᠨ ᠡᠴᠠ ᠲᠡᠮᠡᠬᠡᠨ᠎ᠤ ᠰᠦ ᠰᠠᠭᠠᠯᠢ᠂ ᠨᠤᠤᠰᠤ ᠨᠤᠤᠯᠤᠭᠤᠷ᠂ ᠠᠷᠠᠰᠤ ᠶᠠᠰᠤ᠂ ᠮᠢᠬ᠎ᠠ ᠦᠬᠡᠬᠦ ᠵᠡᠷᠬᠡ ᠵᠢ ᠡᠳ᠋ᠰᠢᠬᠦᠯᠦᠨ ᠪᠤᠯᠪᠠᠰᠤᠷᠠᠭᠤᠯᠬᠤ ᠠᠵᠦ᠍ ᠦᠢᠯᠡᠰ᠎ᠦᠨ ᠲᠤᠬᠳᠠᠴᠠ ᠵᠢ ᠪᠦᠷᠢᠯᠳᠦᠬᠦᠯᠵᠤ᠂ ᠲᠡᠮᠡᠬᠡᠨ᠎ᠦ ᠠᠰᠢᠭ ᠰᠢᠮ᠎ᠡ ᠵᠢ ᠢᠳᠡᠬᠡᠨ ᠤᠮᠳᠠᠭᠠᠨ᠂ ᠡᠳ᠋ᠯᠡᠯ ᠭᠡᠷᠡᠭᠯᠡᠯ᠂ ᠭᠠᠷ ᠤᠷᠠᠯᠠᠯ᠂ ᠡᠮ ᠡᠮᠨᠡᠯᠬᠡ ᠡᠷᠡᠬᠦᠯᠵᠢᠯ᠎ᠳᠤ ᠠᠰᠢᠬᠯᠠᠬᠤ ᠬᠡᠯᠬᠢᠶᠠᠵᠢᠯ᠎ᠢ ᠤᠷᠳᠤᠳᠬᠠᠨ᠂ ᠲᠡᠮᠡᠬᠡᠨ ᠰᠤᠶᠤᠯ᠎ᠤᠨ ᠨᠠᠶ᠋ᠢᠷ ᠨᠠᠭᠠᠳᠤᠮ᠂ ᠵᠢᠭᠤᠯᠴᠢᠯᠡᠯ᠎ᠤᠨ ᠦᠢᠯᠡᠰ ᠎ᠢ ᠬᠦᠭᠵᠢᠬᠦᠯᠬᠦ ᠵᠢᠴᠢ ᠲᠡᠮᠡᠬᠡᠨ᠎ᠤ ᠡᠬᠦᠯᠳᠡᠷ᠎ᠤᠬᠰᠠᠭ᠎ᠠ᠂ ᠠᠰᠢᠭ ᠰᠢᠮ᠎ᠠ ᠵᠢ ᠰᠠᠶ᠋ᠢᠵᠢᠷᠠᠭᠤᠯᠬᠤ᠂ ᠪᠦᠳᠦᠭᠡᠭᠳᠡᠬᠦᠨ᠎ᠦ ᠳᠡᠰ ᠬᠡᠮ᠎ᠢ ᠳᠡᠭᠡᠭᠰᠢᠯᠡᠬᠦᠯᠬᠦ᠂ ᠦᠨ᠎ᠡ ᠦᠷᠳᠡᠭ᠎ᠢ ᠨᠡᠮᠡᠭᠳᠡᠬᠦᠯᠬᠦ ᠰᠢᠨᠵᠢᠯᠡᠬᠡ ᠮᠡᠷᠬᠡᠵᠢᠯ᠎ᠤᠨ ᠰᠤᠳᠤᠯᠭᠠᠨ ᠵᠡᠷᠬᠡ ᠲᠡᠯ᠎ᠡ᠎ᠳᠤ ᠪᠦᠷ ᠲᠤᠪᠤᠢᠮ᠎ᠠ ᠠᠮᠵᠢᠯᠳᠠ ᠪᠦᠳᠦᠮᠵᠢ ᠤᠯᠤᠬᠰᠠᠨ ᠶᠤᠮ᠃

ᠡᠳᠦᠬᠡ ᠪᠦᠬᠦ ᠠᠶ᠋ᠢᠮᠠᠭ᠎ᠤᠨ ᠬᠡᠪᠴᠢᠶᠠᠨ᠎ᠳᠤ ᠬᠤᠤᠰ ᠪᠦᠬᠦᠳᠦ ᠲᠡᠮᠡᠬᠡ ᠵᠢ ᠬᠠᠮᠠᠭᠠᠯᠠᠵᠦ᠍ ᠦᠰᠬᠡᠭᠦ᠌ 5 ᠬᠠᠮᠠᠭᠠᠯᠠᠯᠳᠠ ᠵᠢᠨ᠎ᠤᠷᠤᠨ᠎ᠢ ᠪᠠᠶ᠋ᠢᠭᠤᠯᠵᠦ᠍᠂ 《ᠲᠦᠷᠦ᠍ ᠵᠢᠨ ᠪᠤᠳᠤᠯᠭ᠎ᠠ + ᠬᠦᠳᠦᠴᠢ ᠠᠵᠦ᠍ ᠠᠬᠤᠶ᠋ᠢᠯᠠᠯ + ᠰᠠᠭᠤᠷᠢᠨ ᠭᠠᠵᠠᠷ + ᠰᠤᠳᠤᠯᠭᠠᠨ ᠰᠢᠨᠵᠢᠯᠡᠬᠡᠨ + ᠬᠤᠷᠰᠢᠶᠠᠵᠢᠯ + ᠮᠡᠯᠴᠢᠨ ᠲᠠᠷᠢᠶᠠᠴᠢᠨ》ᠢ᠋ ᠨᠢᠬᠡ ᠴᠤᠬᠴᠠᠵᠢᠭᠤᠯᠤᠬᠰᠠᠨ ᠲᠡᠮᠡᠬᠡᠨ᠎ᠤ ᠠᠵᠦ᠍ ᠦᠢᠯᠡᠰ᠎ᠤᠨ ᠬᠡᠪ ᠵᠠᠬᠪᠤᠷ᠎ᠢ ᠪᠦᠷᠢᠯᠳᠦᠬᠦᠯᠵᠡᠢ᠃ ᠵᠦᠪᠬᠡᠨ ᠠᠯᠠᠱᠠ ᠪᠠᠷᠠᠭᠤᠨ ᠬᠤᠰᠢᠭᠤ ᠪᠡᠷ ᠵᠢᠱᠶ᠋ᠶᠡᠯᠡᠬᠦ᠎ᠳᠤ᠂ ᠨᠢᠬᠡᠨᠳᠡ ᠬᠤᠣᠰ ᠪᠥᠬᠦᠲᠦ᠍ ᠲᠡᠮᠡᠭᠡ᠎ᠪᠠᠷ ᠭᠤᠤᠯᠯᠠᠬᠤ ᠠᠵᠤ ᠦᠢᠯᠡᠰ ᠪᠣᠯᠭᠠᠭᠰᠠᠨ ᠤᠳᠤ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰ᠎ᠤᠨ ᠲᠤᠭᠤᠷᠢᠭ᠎ᠢ ᠪᠠᠶ᠋ᠢᠭᠤᠯᠵᠤ᠂ ᠲᠡᠮᠡᠭᠡᠨ᠎ᠤ ᠰᠢᠨᠵᠢᠯᠡᠬᠡ ᠰᠤᠳᠤᠯᠭᠠᠨ᠎ᠤ ᠬᠦᠷᠢᠶᠡᠯᠡᠩ 1᠂ ᠲᠡᠮᠡᠭᠡᠨ᠎ᠤ ᠰᠠᠶ᠋ᠢᠨ ᠡᠭᠦᠯᠳᠡᠷ᠎ᠢ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ 2᠂ ᠢᠩᠭᠡᠨ ᠰᠦᠨ᠎ᠦ ᠰᠤᠪᠢᠯᠠᠯᠲᠠ᠎ᠶᠢᠨ ᠲᠥᠪ 5᠂ ᠲᠡᠮᠡᠭᠡ  ᠵᠢ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ᠌ ᠰᠠᠭᠤᠷᠢᠨ ᠭᠠᠵᠠᠷ 60᠂ ᠪᠠᠷᠢᠮᠵᠢᠶᠠᠵᠢᠭᠰᠠᠨ ᠲᠡᠮᠡᠭᠡᠨ᠎ᠬᠠᠰᠢᠶ᠎ᠡ ᠵᠢ 203 ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠮᠡᠭᠡᠨ᠎ᠤ ᠠᠵᠤ ᠦᠢᠯᠡᠰ᠎ᠤᠨ ᠠᠰᠢᠭ ᠲᠤᠰᠠ᠎ᠶᠢᠨ ᠬᠤᠯᠪᠣᠭᠠᠲᠤ᠌ ᠴᠣᠭᠴᠠ 2᠂ ᠤᠯᠤᠰ᠎ᠤᠨ ᠲᠠᠰ᠎ᠤᠨ ᠬᠥᠲᠥᠴᠢ ᠠᠵᠤ ᠠᠬᠤᠶ᠋ᠢᠯᠠᠯ 1᠂ ᠠᠶ᠋ᠢᠮᠠᠭ᠎ᠤᠨ ᠲᠠᠰ᠎ᠤᠨ ᠬᠥᠲᠥᠴᠢ ᠠᠵᠤ ᠠᠬᠤᠶ᠋ᠢᠯᠠᠯ 3᠂ ᠲᠡᠮᠡᠭᠡ ᠲᠡᠵᠢᠭᠡᠨ ᠦᠷᠡᠵᠢᠭᠦᠯᠬᠦ᠌ ᠲᠤᠰᠬᠠᠶ ᠬᠤᠷᠰᠢᠶᠠᠵᠢᠯ 95 ᠪᠣᠯᠵᠣ᠂ ᠲᠡᠮᠡᠭᠡᠨ᠎ᠤ ᠠᠵᠤ ᠦᠢᠯᠡᠰ ᠡᠷᠬᠢᠯᠡᠭᠰᠡᠳ 930 ᠭᠠᠷᠤᠶ ᠡᠷᠦᠬᠡ ᠵᠢᠨ 3100 ᠭᠠᠷᠤᠶ ᠬᠦᠮᠤᠨ᠎ᠳᠤ ᠬᠦᠷᠴᠤ᠂ 2023 ᠤᠨ᠎ᠳᠤ《ᠳᠤᠮᠳᠠᠳᠤ ᠤᠯᠤᠰ᠎ᠦᠨ ᠢᠨᠭᠬᠡᠨ ᠰᠦ ᠵᠢᠨ ᠨᠤᠳᠤᠭ》 ᠵᠢᠡᠷ ᠨᠡᠷᠡᠢᠳᠦᠭᠳᠡᠭᠰᠡᠨ ᠪᠢᠯᠡ᠃

ᠴᠠᠭ ᠦᠶ᠎ᠡ ᠵᠢᠨ ᠬᠦᠭᠵᠢᠯᠳᠡ ᠬᠤᠪᠢᠰᠦᠯᠳᠡ ᠵᠢᠨ ᠰᠢᠷᠦᠬᠦᠨ ᠤᠷᠤᠰᠬᠠᠯ᠎ᠳᠤ᠂ ᠠᠯᠠᠱᠠ ᠠᠢᠮᠠᠭ ᠨᠢ ᠦᠪᠡᠷᠮᠢᠴᠠ ᠲᠡᠮᠡᠬᠡ ᠮᠠᠯᠵᠢᠯ᠎ᠳᠠᠭᠠᠨ ᠰᠢᠨᠡᠴᠢᠯᠡᠯ ᠡᠷᠢᠯᠬᠢᠯᠡᠯ᠎ᠦᠨ ᠬᠦᠴᠦᠨ ᠰᠤᠷᠪᠤᠯᠵᠢ ᠵᠢ ᠰᠡᠯᠪᠢᠭᠰᠡᠨ ᠡᠴᠡ ᠲᠡᠮᠡᠬᠡᠳᠤ ᠨᠤᠳᠤᠭ᠎ᠦᠨ ᠤᠨᠴᠠᠯᠢᠬᠳᠤ ᠠᠵᠤ ᠦᠢᠯᠡᠰ᠎ᠦᠨ ᠰᠢᠨ᠎ᠡ ᠬᠠᠷᠭᠤᠢ ᠵᠢ ᠨᠡᠬᠡᠬᠡᠵᠤ᠂ ᠠᠮᠢ ᠠᠬᠤᠢ ᠵᠢ ᠳᠡᠷᠢᠬᠦᠨ᠎ᠳᠤ ᠳᠠᠯᠪᠢᠬᠰᠠᠨ ᠪᠤᠬᠢᠷᠳᠦᠯ ᠦᠬᠡᠢ ᠬᠦᠭᠵᠢᠯᠳᠡ ᠵᠢᠨ ᠦᠵᠡᠯᠳᠡ ᠵᠢ ᠦᠢᠯᠡᠳᠦᠯᠬᠡᠵᠢᠬᠦᠯᠦᠨ᠂ ᠠᠵᠤ ᠠᠬᠤᠢ ᠪᠠ ᠨᠡᠢᠬᠡᠮ᠎ᠦᠨ ᠦᠷ᠎ᠡ ᠠᠰᠢᠭ᠎ᠢ ᠵᠡᠷᠬᠡ ᠪᠡᠷ ᠬᠦᠷᠳᠡᠵᠤ᠂ ᠤᠯᠠᠮᠵᠢᠯᠠᠯᠳᠤ ᠰᠤᠶᠤᠯ ᠵᠢᠡᠨ ᠬᠠᠮᠠᠭᠠᠯᠠᠨ ᠪᠠᠳᠠᠷᠠᠭᠤᠯᠵᠤ᠂ ᠮᠠᠯᠴᠢᠨ ᠲᠦᠮᠡᠨ᠎ᠦ ᠪᠡᠨ ᠠᠰᠢᠭ ᠤᠷᠤᠯᠭ᠎ᠠ ᠵᠢ ᠨᠡᠮᠡᠭᠳᠡᠭᠦᠯᠦᠭᠰᠡᠨ ᠳᠡᠮᠡᠬᠡᠨ᠎ᠦ ᠠᠵᠤ ᠦᠢᠯᠡᠰ ᠵᠢᠡᠨ ᠤᠯᠠᠮ ᠦᠷᠨᠢᠬᠦᠨ ᠬᠦᠭᠵᠢᠯᠳᠡ ᠲᠡᠢ ᠪᠤᠵᠠᠭᠠᠢᠷᠠᠭᠤᠯᠤᠨ ᠬᠦᠴᠦᠷᠭᠡᠭᠵᠢᠬᠦᠯᠬᠦ ᠪᠡᠷ ᠮᠠᠷᠠᠢᠨ ᠴᠢᠷᠮᠡᠢᠵᠤ ᠪᠤᠢ᠃

ᠢᠰᠲ᠋ᠧᠮᠵᠢᠭᠰᠡᠨ ᠬᠡᠪᠴᠢᠶᠡᠵᠢᠭᠰᠡᠨ ᠠᠮᠢ ᠠᠬᠤᠢ ᠵᠢᠨ ᠵᠠᠰᠠᠯᠳᠠ

ᠳᠤᠮᠳᠠᠳᠤ ᠤᠯᠤᠰ᠎ᠤᠨ ᠤᠮᠠᠷᠠᠲᠤ᠌ ᠬᠢᠯᠢ᠎ᠵᠢᠨ ᠠᠮᠢ ᠠᠬᠤᠢ᠎ᠵᠢᠨ ᠠᠮᠤᠷ ᠲᠦᠪᠰᠢᠨ᠎ᠤ《ᠵᠢᠷᠤᠭ》 ᠳᠡᠭᠡᠷ᠎ᠡ ᠠᠯᠠᠱᠠ ᠭᠡᠬᠦ᠌ ᠨᠡᠷ᠎ᠡ ᠠᠯᠢ ᠡᠷᠳᠡ ᠡᠴᠠ ᠳᠡᠦᠬᠡᠳᠦ ᠬᠠᠷᠢᠭᠤᠴᠠᠯᠭ᠎ᠠ ᠵᠢ ᠠᠴᠢᠶᠠᠯᠠᠭᠰᠠᠭᠠᠷ ᠢᠷᠡᠵᠠᠢ᠃ ᠡᠨᠳᠡ ᠪᠠᠳᠠᠢ᠎ᠵᠢᠨ ᠵᠢᠷᠠᠨ᠂ ᠲᠡᠭᠷᠢ ᠡᠯᠡᠰᠤ᠂ ᠤᠯᠠᠭᠠᠨᠪᠤᠬ᠎ᠠ ᠭᠤᠷᠪᠠᠨ ᠶᠡᠬᠡ ᠡᠯᠡᠰᠦᠨ ᠴᠦᠯ ᠪᠦᠭᠦ᠌ ᠨᠤᠲᠤᠭ ᠳᠡᠪᠢᠰᠬᠡᠷ ᠵᠢᠠᠷ ᠬᠥᠨᠳᠡᠯᠢᠳᠴᠦ᠍᠂ ᠡᠯᠡᠰᠦᠷᠬᠡᠭᠵᠢᠭᠰᠡᠨ ᠭᠠᠵᠠᠷ ᠰᠢᠷᠣᠢ ᠨᠢᠭᠡ ᠦᠶ᠎ᠡ ᠪᠦᠭᠦ᠌ ᠠᠶ᠋ᠢᠮᠠᠭ᠎ᠤᠨ ᠤᠯᠤᠰ᠎ᠤᠨ ᠨᠤᠲᠤᠭ ᠳᠡᠪᠢᠰᠬᠡᠷ᠎ᠤᠨ 73% ᠡᠴᠠ ᠳᠡᠭᠡᠭᠰᠢ᠎ᠳᠤ ᠬᠦᠷᠴᠤ᠂ ᠮᠠᠨ ᠎ᠤ ᠤᠯᠤᠰ᠎ᠤᠨ ᠡᠯᠡᠰᠦᠨ ᠰᠢᠭᠤᠷᠭ᠎ᠠ᠎ᠵᠢᠨ ᠡᠭᠦᠰᠦᠯᠲᠡ ᠵᠢᠠ ᠭᠠᠵᠠᠷ᠎ᠤᠨ ᠨᠢᠭᠡ ᠪᠣᠯᠤᠭᠰᠠᠨ ᠪᠠᠶ᠋ᠢᠨ᠎ᠠ᠃ ᠡᠳᠦᠬᠡ᠂ ᠡᠨᠡ ᠬᠦ᠌ ᠡᠯᠡᠰᠦ ᠰᠢᠭᠤᠷᠭᠠᠨ ᠤ᠋ ᠬᠦᠨᠦᠬᠡᠯ᠎ᠢ ᠬᠠᠨᠲᠠᠯ᠎ᠠ ᠠᠮᠰᠠᠭᠰᠠᠨ ᠭᠠᠵᠠᠷ ᠨᠤᠲᠤᠭ ᠨᠢ 45 ᠵᠢᠯ᠎ᠦᠨ ᠪᠡᠷᠬᠡ ᠬᠠᠲᠠᠭᠤᠵᠢᠯᠲᠠᠢ ᠲᠡᠮᠡᠴᠡᠯ ᠵᠢᠠᠷ ᠲᠠᠮᠵᠢᠨ ᠪᠦᠭᠦ᠌ ᠠᠶ᠋ᠢᠮᠠᠭ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠲᠠᠯᠠᠪᠠᠢ ᠵᠢ ᠨᠢᠭᠡ ᠳ᠋ᠦᠩᠰᠢᠭᠤᠷ ᠮᠸ᠋᠎ᠡᠴᠡ ᠳᠠᠪᠠᠭᠤᠯᠤᠭᠰᠠᠨ ᠪᠠᠶ᠋ᠢᠨ᠎ᠠ᠃ ᠨᠢᠭᠡ ᠳ᠋ᠦᠩᠰᠢᠭᠤᠷ ᠮᠦ᠍ ᠪᠣᠯ ᠨᠢᠭᠡᠨ ᠭᠡᠷᠠᠯ ᠰᠠᠴᠣᠷᠠᠩᠭᠣᠢ ᠬᠥᠰᠢᠶ᠎ᠡ ᠲᠡᠮᠳᠡᠭ ᠮᠥᠨ᠃ 45 ᠵᠢᠯ ᠎ᠤᠨ  ᠲᠤᠷᠰᠢ᠂ ᠠᠯᠠᠱᠠ ᠠᠶ᠋ᠢᠮᠠᠭ ᠭᠤᠷᠪᠠᠨ ᠶᠡᠬᠡ ᠡᠯᠡᠰᠦᠨ᠎ᠤ ᠬᠦᠪᠡᠬᠡ ᠵᠠᠬ᠎ᠠ ᠨᠡᠢᠯᠡᠬᠦ᠎ᠵᠢ ᠠᠮᠵᠢᠯᠲᠠ᠎ᠲᠠᠢ ᠬᠣᠷᠢᠭᠯᠠᠪᠠ᠃ 2025 ᠣᠨ᠎ᠤ 7 ᠰᠠᠷ᠎ᠠ᠎ᠵᠢᠨ 6 ᠎ᠤ᠋ ᠡᠳᠦᠷ᠂ ᠠᠯᠠᠱᠠ ᠠᠶ᠋ᠢᠮᠠᠭ᠎ᠤᠨ ᠠᠮᠢ ᠠᠬᠤᠢ᠎ᠵᠢᠨ ᠵᠠᠰᠠᠯᠲᠠ᠎ᠳᠤ ᠪᠠᠰᠠ ᠨᠢᠭᠡᠨ ᠪᠡᠯᠭᠡ ᠲᠡᠮᠳᠡᠭ᠎ᠤᠨ ᠴᠢᠨᠠᠷᠲᠠᠢ ᠶᠠᠪᠤᠳᠠᠯ᠎ᠢ ᠤᠭᠲᠤᠨ ᠠᠪᠴᠢᠷᠠᠪᠠ᠄ ᠪᠦᠭᠦ᠌ ᠣᠷᠳᠣ ᠨᠢ 1856 ᠺᠢᠯᠣᠮᠧᠲᠷ ᠬᠦᠷᠬᠦ ᠡᠯᠡᠰᠦᠨ᠎ᠤ ᠭᠦᠪᠡᠭᠡ ᠵᠢ ᠨᠣᠭᠲᠣᠯᠠᠬᠤ ᠡᠪᠡᠰᠦ ᠤᠢ ᠵᠢᠨ ᠪᠦᠰᠡ᠎ᠵᠢ ᠪᠦᠳᠦᠮᠵᠢᠳᠡᠢ ᠬᠤᠯᠪᠤᠵᠤ᠂ ᠭᠤᠷᠪᠠᠨ ᠶᠡᠬᠡ ᠡᠯᠡᠰᠦᠨ ᠴᠦᠯ᠎ᠦᠨ ᠭᠦᠪᠡᠭᠡ ᠪᠠᠷ ᠮᠤᠷᠤᠯᠵᠠᠭᠰᠠᠨ ᠬᠠᠯᠬᠠᠪᠴᠢ ᠪᠦᠰᠡ ᠨᠢ ᠬᠠᠳᠤᠨ ᠭᠣᠣᠯ᠎ᠤᠨ ᠬᠠᠯᠬᠠᠪᠴᠢ ᠤᠢ᠂ ᠠᠯᠠᠱᠠ ᠠᠭᠤᠯᠠ᠎ᠵᠢᠨ ᠬᠠᠯᠬᠠᠪᠴᠢ᠎ᠲᠠᠢ ᠬᠠᠮᠲᠤ᠎ᠪᠠᠷ ᠪᠠᠲᠤ᠌ ᠪᠡᠬᠢ ᠠᠮᠢ ᠠᠬᠤᠢ᠎ᠵᠢᠨ ᠠᠮᠤᠷ ᠲᠦᠪᠰᠢᠨ ᠎ᠤ ᠰᠢᠰᠲ᠋ᠧᠮ᠎ᠢ ᠪᠦᠷᠢᠯᠳᠦᠬᠦᠯᠦᠭᠰᠡᠨ ᠪᠠᠶ᠋ᠢᠨ᠎ᠠ᠃

ᠮᠠᠨ᠎ᠤ ᠤᠯᠤᠰ᠎ᠤᠨ《ᠤᠮᠠᠷᠠᠲᠤ᠌ ᠵᠢᠠ ᠭᠤᠷᠪᠠᠨ ᠣᠷᠣᠨ》 ᠤ᠋ ᠬᠠᠯᠬᠠᠪᠴᠢ ᠣᠢ᠎ᠵᠢᠨ ᠰᠢᠰᠲ᠋ᠧᠮ᠎ᠤᠨ ᠪᠠᠶ᠋ᠢᠭᠤᠯᠤᠯᠲᠠ ᠪᠠ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠭᠣᠣᠯ ᠲᠡᠶ᠋ᠢᠨ᠎ᠤ ᠲᠠᠯᠠᠪᠤᠷ ᠪᠣᠯᠤᠭᠰᠠᠨ᠎ᠤ ᠬᠤᠪᠢ᠎ᠳᠤ᠂ ᠠᠯᠠᠱᠠ ᠠᠶ᠋ᠢᠮᠠᠭ᠎ᠤᠨ ᠪᠠᠶ᠋ᠢᠯᠳᠤᠬᠤ ᠪᠣᠳᠣᠯᠭ᠎ᠠ᠎ᠵᠢᠨ ᠪᠠᠶ᠋ᠢᠷᠢ ᠰᠠᠭᠤᠷᠢ ᠨᠢ ᠤᠯᠤᠰ᠎ᠤᠨ ᠠᠵᠢᠯᠯᠠᠭ᠎ᠠ᠎ᠵᠢᠨ ᠲᠠᠰ ᠳᠡᠪᠰᠢᠬᠦ᠌᠎ᠵᠢ ᠳᠠᠭᠠᠯᠳᠤᠨ ᠤᠯᠠᠮ ᠲᠤᠳᠤ ᠢᠯᠡᠷᠬᠡᠢ ᠪᠣᠯᠪᠠ᠃《ᠤᠮᠠᠷᠠᠲᠤ᠌ ᠵᠢᠠ ᠭᠤᠷᠪᠠᠨ ᠣᠷᠣᠨ》 ᠤ᠋ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠎ᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭᠠᠨ᠎ᠳᠤ᠂ ᠬᠠᠲᠤᠨ ᠭᠣᠣᠯ ᠎ᠤᠨ《ᠶᠡᠬᠡ ᠲᠤᠬᠤᠢ ᠵᠢᠠ ᠬᠡᠰᠡᠭ》ᠤ᠋ᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠪᠣᠯᠣᠨ ᠾᠧᠰᠢ᠎ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠭᠦᠪᠡᠭᠡ ᠳᠠᠭᠠᠤ ᠵᠢᠠ ᠬᠣᠷᠢᠭᠯᠠᠯᠲᠠ ᠵᠢᠠ ᠳᠠᠶ᠋ᠢᠯᠠᠯᠳᠤᠭᠠᠨ ᠤ᠋ ᠡᠭᠦᠷᠭᠡ᠎ᠵᠢ ᠡᠭᠦᠷᠭᠡᠯᠡᠵᠦ᠍᠂ ᠡᠭᠦᠨ᠎ᠤ ᠦᠷ᠎ᠡ ᠪᠦᠲᠦᠮᠵᠢ ᠨᠢ ᠾᠧᠰᠢ ᠎ᠵᠢᠨ ᠬᠣᠩᠭᠢᠯ᠎ᠤᠨ ᠠᠮᠢ ᠠᠬᠤᠢ᠂ ᠠᠯᠠᠱᠠ ᠠᠭᠤᠯᠠ᠎ᠵᠢᠨ ᠬᠠᠯᠬᠠᠪᠴᠢ ᠵᠢᠴᠢ ᠳ᠋ᠦᠩᠹᠧᠩ ᠰᠠᠨᠰᠠᠷ᠎ᠤᠨ ᠬᠤᠲᠠ᠎ᠵᠢᠨ ᠠᠮᠤᠷ ᠲᠦᠪᠰᠢᠨ᠎ᠲᠠᠢ ᠰᠢᠭᠤᠳ ᠬᠣᠯᠪᠣᠭᠳᠠᠵᠤ᠂ ᠤᠮᠠᠷᠠᠲᠤ᠎ᠵᠢᠨ ᠠᠮᠢ ᠠᠬᠤᠢ᠎ᠵᠢᠨ ᠠᠮᠤᠷ ᠲᠦᠪᠰᠢᠨ᠎ᠤ ᠬᠠᠯᠬᠠᠪᠴᠢ᠎ᠵᠢ ᠪᠦᠲᠦᠭᠡᠨ ᠪᠠᠶ᠋ᠢᠭᠤᠯᠬᠤ᠎ᠳᠤ ᠰᠢ᠌ᠳᠪᠦᠷᠢᠯᠡᠬᠦ᠌ ᠴᠢᠨᠠᠷᠲᠠᠢ ᠦᠢᠯᠡᠳᠦᠯ ᠦᠵᠡᠭᠦᠯᠬᠦ ᠪᠤᠯᠤᠨ᠎ᠠ᠃ 1978 ᠣᠨ᠎ᠳᠤ 《ᠤᠮᠠᠷᠠᠲᠤ᠌ ᠵᠢᠨ ᠭᠤᠷᠪᠠᠨ ᠣᠷᠣᠨ》 ᠤ᠋ ᠢᠨᠵᠧᠨᠧᠷᠢᠩ ᠡᠬᠢᠯᠡᠭᠰᠡᠨ ᠡᠴᠠ ᠰᠢᠨ᠎ᠡ ᠨᠢᠭᠡ ᠡᠭᠡᠯᠵᠢ᠎ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠥᠷᠨᠢᠭᠦ ᠪᠤᠯᠳᠠᠯᠠᠬᠢ 45 ᠵᠢᠯ᠎ᠤᠨ ᠲᠤᠷᠰᠢᠳᠠ ᠠᠯᠠᠱᠠ ᠠᠶ᠋ᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ᠎ᠠᠴᠠ《ᠨᠠᠮ᠎ᠤᠨ ᠬᠣᠷᠢᠶ᠎ᠠ ᠤᠳᠤᠷᠢᠳᠤᠨ᠂ ᠵᠠᠰᠠᠭ᠎ᠤᠨ ᠣᠷᠳᠣᠨ ᠭᠣᠣᠯᠯᠠᠨ ᠬᠠᠷᠢᠭᠤᠴᠠᠵᠤ᠂ ᠨᠡᠶ᠋ᠢᠭᠡᠮ ᠨᠡᠶ᠋ᠢᠲᠡ᠎ᠪᠠᠷ᠎ᠢᠶᠠᠨ ᠣᠷᠣᠯᠴᠠᠨ᠂ ᠰᠢᠨᠵᠢᠯᠡᠬᠦ᠌ ᠤᠬᠠᠭᠠᠨ ᠮᠡᠷᠭᠡᠵᠢᠯ᠎ᠢᠶᠠᠷ ᠲᠤᠯᠭᠠᠭᠤᠷᠢᠯᠠᠬᠤ》 ᠠᠵᠢᠯ᠎ᠤ᠋ᠠ ᠲᠣᠭᠲᠠᠴᠠ ᠵᠢ ᠪᠤᠶ ᠪᠣᠯᠭᠠᠨ᠂ ᠡᠯᠡᠰᠦ ᠮᠠᠩᠬ᠎ᠠ ᠵᠢᠨ ᠵᠡᠭᠦᠨᠰᠢ ᠲᠦᠷᠢᠵᠦ᠍ ᠡᠮᠦᠨᠡᠰᠢ ᠨᠡᠭᠦᠳᠡᠯᠯᠡᠬᠦ᠌ ᠵᠢ ᠬᠣᠷᠢᠭᠯᠠᠬᠤ ᠵᠢ ᠭᠣᠣᠯ ᠰᠢᠪᠲᠤᠯᠤᠯᠲᠠ ᠵᠢᠨ ᠬᠠᠨᠳᠤᠰᠢ ᠪᠤᠯᠭᠠᠬᠰᠠᠠ ᠪᠠᠶ᠋ᠢᠨ᠎ᠠ᠃

ᠡᠯᠡᠰᠦ᠎ᠵᠢ ᠵᠠᠰᠠᠬᠤ ᠨᠢ ᠦᠶ᠎ᠡ ᠦᠶ᠎ᠡ ᠵᠢᠨ ᠬᠥᠮᠥᠨ ᠤ᠋ ᠮᠠᠷᠠᠽᠦᠨ ᠤᠷᠤᠯᠳᠤᠭᠠᠠ ᠭᠡᠵᠦ᠍ ᠬᠡᠯᠡᠵᠦ᠍ ᠪᠣᠯᠣᠨ᠎ᠠ᠃ᠲᠡᠭᠦᠨ ᠤ᠋ ᠠᠯᠬᠤᠮ ᠪᠦᠷᠢ ᠳ᠋ᠤ ᠬᠦᠴᠦ᠍ ᠬᠥᠯᠥᠰᠦ ᠪᠠ ᠤᠶᠤᠠ ᠤᠬᠠᠭᠠᠨ ᠰᠢᠩᠭᠡᠵᠦ᠍ ᠪᠠᠶ᠋ᠢᠳᠠᠭ᠃ ᠬᠠᠮᠤᠭ ᠡᠬᠢᠯᠡᠭᠡᠳ ᠡᠯᠡᠰᠤ ᠵᠢ ᠵᠠᠰᠠᠬᠤ᠎ᠳᠤ ᠵᠠᠮ ᠬᠡᠵᠤ ᠦᠭᠡᠢ᠂ ᠮᠠᠰᠢᠨ ᠮᠧᠬᠠᠨᠢᠭ ᠴᠸ᠋ ᠦᠭᠡᠢ᠃ ᠠᠯᠠᠱᠠ ᠵᠢᠨ ᠬᠦᠮᠦᠨ ᠠᠷᠠᠳ ᠬᠣᠶᠠᠷ ᠭᠠᠷ᠂ ᠭᠠᠭᠴᠠ ᠬᠦᠷᠵᠡᠨ᠎ᠳᠤ ᠲᠦᠰᠢᠭᠯᠡᠨ ᠨᠢᠭᠡ ᠨᠢᠭᠡ ᠴᠢᠬᠢ ᠮᠣᠳᠣ᠂ ᠨᠢᠭᠡ ᠨᠢᠭᠡ ᠪᠣᠭᠣᠳᠠᠭ ᠡᠪᠡᠰᠦ ᠵᠢ ᠡᠯᠡᠰᠦᠨ ᠤ᠋ ᠭᠦᠨ ᠳ᠋ᠤ ᠵᠦᠬᠡᠬᠡᠬᠦ᠌ ᠬᠠᠮᠤᠭ᠎ᠤᠨ ᠪᠠᠯᠠᠷ ᠡᠷᠲᠡᠨ ᠤ᠋ ᠠᠷᠭ᠎ᠠ ᠪᠠᠷ ᠡᠯᠡᠰᠦᠨ᠎ᠦ ᠭᠦᠪᠡᠭᠡ ᠪᠠᠷ ᠠᠩᠬᠠᠨ ᠤ᠋ ᠪᠦᠯᠦᠭ ᠡᠪᠡᠰᠦᠨ ᠳᠥᠷᠪᠡᠯᠵᠢ ᠵᠢ ᠳᠡᠪᠢᠰᠴᠦ᠍᠂ ᠠᠩᠬᠠᠨ ᠤ᠋ ᠵᠠᠭ ᠮᠣᠳᠣ ᠵᠢ ᠳᠠᠷᠢᠠ ᠰᠠᠭᠤᠯᠭᠠᠵᠤ᠂ ᠬᠣᠶ᠋ᠢᠰᠢᠳᠠ ᠵᠢᠨ ᠨᠣᠭᠣᠭᠠᠷᠠᠭᠤᠯᠤᠯᠲᠠ ᠳ᠋ᠤ ᠰᠠᠭᠤᠷᠢ ᠲᠠᠯᠪᠢᠭᠰᠠᠨ ᠪᠠᠶ᠋ᠢᠨ᠎ᠠ᠃

ᠰᠢᠨ᠎ᠡ ᠵᠠᠭᠤᠨ᠎ᠤ ᠡᠬᠢ᠎ᠪᠡᠷ᠂ ᠡᠯᠡᠰᠦ᠎ᠵᠢ ᠵᠠᠰᠠᠬᠤ ᠦᠢᠯᠡᠰ ᠰᠢᠨᠵᠢᠯᠡᠭᠡ ᠮᠡᠷᠭᠡᠵᠢᠯ᠎ᠦᠨ ᠦᠷ᠎ᠤᠨ ᠲᠤᠶᠠᠭ᠎ᠠ᠎ᠵᠢ ᠤᠭᠲᠤᠨ ᠠᠪᠴᠢᠷᠠᠯ᠎ᠠ᠃ 《ᠵᠢᠯ᠎ᠦᠨ ᠬᠤᠷ᠎ᠠ ᠲᠤᠨᠳᠠᠰᠤᠨ᠎ᠤ ᠬᠡᠮᠵᠢᠶ᠎ᠡ 200 ᠮᠢᠯᠢᠮᠧᠲᠷ ᠡᠴᠡ ᠲᠤᠷᠤᠬᠰᠢᠬᠢ ᠭᠠᠵᠠᠷ ᠲᠸ᠋ ᠨᠢᠰᠬᠡᠯ᠎ᠦᠨ ᠣᠶ᠋ᠢᠵᠢᠭᠤᠯᠤᠯᠲᠠ ᠵᠤᠬᠢᠴᠠᠬᠤ ᠦᠬᠡᠢ》ᠬᠡᠰᠡᠨ ᠨᠤᠳᠠᠯᠠᠯᠳᠠ ᠵᠢ ᠡᠪᠳᠡᠵᠤ᠂ 《ᠭᠠᠵᠠᠷ ᠨᠢ ᠲᠣᠬᠢᠷᠠᠮᠵᠢᠲᠠᠢ᠂ ᠳᠠᠷᠢᠬᠤ ᠨᠢ ᠲᠣᠬᠢᠷᠠᠮᠵᠢᠲᠠᠢ᠂ ᠴᠠᠭ ᠨᠢ ᠲᠣᠬᠢᠷᠠᠮᠵᠢᠲᠠᠢ᠂ ᠬᠡᠮᠵᠢᠶ᠎ᠡ ᠨᠢ ᠲᠣᠬᠢᠷᠠᠮᠵᠢᠲᠠᠢ᠂ ᠪᠢᠲᠡᠭᠦᠮᠵᠢᠯᠡᠨ ᠲᠣᠣᠷᠯᠠᠬᠤ》 ᠴᠢᠭᠯᠡᠯᠲᠡ᠎ᠵᠢ ᠰᠢᠨᠡᠴᠢᠯᠡᠨ ᠰᠦᠪᠡᠭᠴᠢᠯᠡᠵᠤ ᠭᠠᠷᠭᠠᠪᠠ᠃ ᠤᠳᠤ ᠪᠤᠯᠬᠤ ᠳ᠋ᠤ ᠨᠢᠰᠬᠡᠯ᠎ᠵᠢᠠᠷ ᠲᠠᠷᠢᠵᠤ ᠣᠶ᠋ᠢᠵᠢᠭᠤᠯᠬᠤ ᠨᠣᠷᠮ᠎ᠠ ᠨᠢ ᠠᠩᠬᠠᠨ᠎ᠤ ᠬᠤᠭᠤᠴᠠᠭᠠᠨ᠎ᠤ ᠭᠢ ᠡᠴᠠ 3 ᠳᠠᠭᠢᠨ ᠳᠡᠭᠡᠭᠰᠢᠯᠡᠵᠦ᠍᠂ ᠡᠨᠡ ᠬᠦ᠌ ᠮᠡᠷᠭᠡᠵᠢᠯ ᠨᠢ ᠨᠢᠭᠡᠨᠲᠡ ᠳᠡᠯᠡᠬᠡᠢ᠎ᠵᠢᠨ ᠡᠯᠡᠰᠦ᠎ᠵᠢ ᠵᠠᠰᠠᠭᠰᠠᠨ ᠲᠡᠦᠬᠡᠨ ᠳᠡᠭᠡᠷᠡᠬᠢ ᠭᠠᠶ᠋ᠢᠬᠠᠮᠰᠢᠭ ᠪᠣᠯᠵᠠᠢ᠃ ᠰᠢᠨ᠎ᠡ ᠨᠢᠭᠡ ᠡᠭᠡᠯᠵᠢ᠎ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠠᠴᠠ ᠨᠠᠭᠠᠰᠢ᠂ ᠠᠯᠠᠱᠠ ᠠᠶ᠋ᠢᠮᠠᠭ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯᠯᠠᠭ᠎ᠠ ᠨᠢ ᠰᠢᠰᠲ᠋ᠧᠮᠵᠢᠭᠰᠡᠨ᠂ ᠬᠡᠪᠴᠢᠶᠡᠵᠢᠭᠰᠡᠨ᠂ ᠣᠨᠣᠪᠴᠢᠲᠠᠢ ᠰᠢᠨ᠎ᠡ ᠱᠠᠲᠤᠨ᠎ᠳᠤ ᠣᠷᠣᠪᠠ᠃ ᠾᠧᠰᠢ᠎ᠵᠢᠨ ᠬᠣᠩᠭᠢᠯ — ᠲᠠᠺᠯᠢᠮᠠᠺᠠᠠ ᠡᠯᠡᠰᠦᠨ ᠴᠦᠯ ᠤ᠋ᠨ ᠭᠦᠪᠡᠭᠡ ᠳᠠᠭᠠᠤ ᠵᠢᠨ ᠬᠣᠷᠢᠭᠯᠠᠯᠳᠠ ᠵᠢᠨ ᠳᠠᠶ᠋ᠢᠯᠠᠯᠳᠤᠭᠠᠨ ᠤ᠋ ᠭᠠᠵᠠᠷ ᠲᠸ᠋᠂ ᠵᠢᠯ ᠪᠦᠷᠢ 15 ᠎ᠡᠴᠠ 20 ᠮᠧᠲᠷ᠎ᠤᠨ ᠬᠤᠷᠳᠤᠴᠠ ᠪᠠᠷ ᠡᠮᠦᠨᠡᠰᠢᠯᠡᠵᠦ᠍ ᠪᠠᠶ᠋ᠢᠭᠰᠠᠨ ᠡᠯᠡᠰᠦ ᠮᠠᠩᠬ᠎ᠠ᠎ᠳᠤ ᠴᠢᠭᠯᠡᠬᠦᠯᠦᠨ ᠰᠢᠨ᠎ᠡ ᠵᠢ ᠡᠭᠦᠳᠦᠭᠰᠡᠨ《ᠭᠦᠪᠡᠭᠡ ᠪᠡᠷ ᠨᠢ ᠨᠤᠬᠳᠤᠯᠠᠠ ᠡᠯᠡᠰᠦ ᠵᠢ ᠬᠦᠷᠢᠶᠡᠯᠡᠬᠦ᠌》ᠢᠨᠵᠧᠨᠧᠷᠢᠩ᠎ᠢ ᠬᠡᠷᠡᠭᠵᠢᠭᠦᠯᠦᠨ᠂ ᠬᠡᠳᠦᠨ ᠵᠠᠭᠤᠨ ᠺᠢᠯᠣᠮᠧᠲᠷ ᠤᠷᠲᠤ᠌ ᠰᠠᠯᠬᠢ ᠵᠢ ᠬᠣᠷᠢᠭᠯᠠᠨ ᠡᠯᠡᠰᠦ᠎ᠵᠢ ᠲᠣᠭᠲᠠᠪᠤᠷᠢᠵᠢᠭᠤᠯᠬᠤ ᠣᠶ᠎ᠵᠢᠨ ᠪᠦᠰᠡ ᠨᠢ ᠶᠠᠭ ᠨᠢᠭᠡᠨ ᠨᠣᠭᠣᠭᠠᠨ ᠠᠪᠤᠷᠭᠤ ᠯᠤᠤ ᠰᠢᠭ᠋ ᠵᠢᠠᠷ ᠨᠡᠭᠦᠳᠡᠯ᠎ᠡᠯᠡᠰᠤ ᠵᠢ ᠨᠤᠬᠳᠤᠯᠤᠠ᠂ ᠪᠠᠳᠠᠢ᠎ᠵᠢᠨ ᠵᠢᠷᠠᠨ᠂ ᠲᠡᠭᠷᠢ ᠡᠯᠡᠰᠦ ᠬᠣᠶᠠᠷ ᠶᠡᠬᠡ ᠡᠯᠡᠰᠦᠨ ᠴᠦᠯ ᠤ᠋ᠨ ᠵᠠᠬ᠎ᠠ ᠨᠡᠢᠯᠡᠬᠦ ᠪᠠᠶ᠋ᠢᠳᠠᠯ᠎ᠢ ᠪᠦᠲᠦᠮᠵᠢᠲᠡᠶ ᠬᠣᠷᠢᠭᠯᠠᠵᠦ᠂ ᠠᠯᠠᠱᠠ ᠠᠶ᠋ᠢᠮᠠᠭ ᠨᠢ ᠡᠯᠡᠰᠦ ᠮᠠᠩᠬ᠎ᠠ᠎ᠵᠢ ᠦᠷᠭᠦᠯᠵᠢᠯᠠᠠ ᠵᠠᠰᠠᠶ᠎ᠠ ᠭᠡᠪᠡᠯ ᠡᠷᠬᠡᠪᠰᠢ ᠠᠮᠢ ᠠᠬᠤᠢ ᠪᠣᠯᠣᠨ ᠠᠵᠤ ᠠᠬᠤᠢ ᠬᠠᠮᠲᠤ ᠪᠠᠷ ᠠᠰᠢᠭ ᠭᠦᠷᠳᠡᠭᠦ᠌ ᠰᠢᠨ᠎ᠡ ᠵᠠᠮ᠎ᠢᠶᠠᠷ ᠵᠠᠮᠨᠠᠬᠤ ᠬᠡᠷᠡᠭᠲᠡᠢ ᠭᠡᠳᠡᠭ ᠶᠣᠰᠣ ᠵᠢ ᠬᠤᠷᠢᠶᠠᠩᠭᠤᠶ᠋ᠢᠯᠠᠨ ᠭᠠᠷᠭᠠᠪᠠ᠃

ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠣᠯ ᠪᠦᠭᠦ᠌ ᠠᠷᠠᠳ᠎ᠢᠶᠠᠷ᠎ᠢᠶᠠᠨ ᠬᠥᠳᠡᠯᠦᠯᠴᠡᠬᠦ᠌ 《ᠠᠷᠠᠳ᠎ᠲᠦᠮᠡᠨ᠎ᠦ ᠳᠠᠶ᠋ᠢᠨ》 ᠪᠣᠯᠣᠨ᠎ᠠ᠃ ᠵᠢᠯ ᠪᠦᠷᠢ᠎ᠵᠢᠨ ᠬᠠᠪᠤᠷ ᠨᠠᠮᠤᠷ᠎ᠤᠨ ᠤᠯᠠᠷᠢᠯ᠎ᠳᠤ᠂ ᠠᠯᠠᠱᠠ ᠠᠶ᠋ᠢᠮᠠᠭ᠎ᠨᠢ ᠲᠦᠭ ᠲᠦᠮᠡᠨ ᠬᠥᠮᠥᠨ᠎ᠤᠷᠤᠯᠴᠠᠬᠰᠠᠨ ᠡᠯᠡᠰᠦ᠎ᠵᠢ ᠵᠠᠰᠠᠬᠤ ᠶᠡᠬᠡ ᠳᠠᠶ᠋ᠢᠯᠠᠯᠳᠤᠭᠠᠨ᠎ᠢ ᠥᠷᠨᠢᠭᠦᠯᠵᠦ᠍᠂ ᠪᠠᠶ᠋ᠢᠭᠤᠯᠭ᠎ᠠ᠎ᠵᠢᠨ ᠺᠠᠳ᠋ᠷ ᠠᠵᠢᠯᠲᠠᠨ᠂ ᠴᠡᠷᠢᠭ ᠠᠩᠭᠢ ᠵᠢᠠ ᠳᠠᠷᠤᠭ᠎ᠠ ᠪᠠᠶ᠋ᠢᠯᠳᠤᠭᠴᠢ᠂ ᠠᠵᠤ ᠠᠬᠤᠶ᠋ᠢᠯᠠᠯ᠎ᠤᠨ ᠠᠵᠢᠯᠴᠢᠨ᠂ ᠰᠤᠷᠭᠠᠭᠤᠯᠢ᠎ᠵᠢᠨ ᠪᠠᠭᠰᠢ ᠰᠤᠷᠤᠬᠴᠢᠳ ᠡᠯᠡᠰᠦ ᠮᠠᠩᠬᠠᠨ ᠳ᠋ᠤ ᠬᠦᠷᠵᠡ ᠡᠷᠬᠢᠬᠦᠯᠦᠨ ᠤᠰᠤ ᠳᠠᠮᠨᠠᠵᠤ ᠡᠪᠡᠰᠤ ᠮᠤᠳᠤ ᠳᠠᠷᠢᠨ ᠨᠣᠭᠣᠭᠠᠷᠠᠭᠤᠯᠤᠯᠲᠠ ᠬᠢᠳᠡᠭ᠃ 45 ᠵᠢᠯ᠎ᠤᠨ ᠲᠤᠷᠰᠢ᠂ ᠪᠦᠭᠦ᠌ ᠠᠶ᠋ᠢᠮᠠᠭ᠎ᠢᠶᠠᠷ᠎ᠢᠶᠠᠨ ᠨᠠᠶ᠋ᠢᠳᠠ ᠬᠡᠳᠦᠨ ᠵᠠᠭᠤᠨ ᠲᠦᠮᠡᠨ ᠬᠥᠮᠥᠨ (ᠤᠳᠠᠭ᠎ᠠ) ᠮᠣᠳᠣ ᠳᠠᠷᠢᠬᠤ ᠳ᠋ᠤ ᠣᠷᠣᠯᠴᠠᠵᠤ᠂ ᠨᠡᠶ᠋ᠢᠭᠡᠮ᠎ᠤᠨ ᠡᠯ᠎ᠠ ᠡᠳᠡᠬᠡᠳ᠎ᠠᠴᠠ 6 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ᠌ ᠣᠷᠣᠭᠤᠯᠤᠨ᠂ 《ᠵᠠᠰᠠᠭ᠎ᠤᠨ ᠣᠷᠳᠣᠨ ᠬᠥᠲᠥᠯᠥᠨ ᠵᠢᠯᠤᠭᠣᠳᠴᠤ᠌᠂ ᠠᠵᠤ ᠠᠬᠤᠶ᠋ᠢᠯᠠᠯ ᠬᠠᠮᠵᠢᠯᠴᠠᠨ᠂ ᠮᠠᠯᠴᠢᠨ ᠲᠠᠷᠢᠶᠠᠴᠢᠨ ᠣᠷᠣᠯᠴᠠᠬᠰᠠᠨ》 ᠣᠯᠠᠨ ᠡᠰᠢᠲᠦ᠍ ᠬᠠᠮᠲᠤ᠎ᠪᠠᠷ ᠵᠠᠰᠠᠬᠤ ᠪᠠᠶ᠋ᠢᠳᠠᠯ ᠢ᠋ ᠪᠤᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号