ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠢᠭᠡᠳᠦᠮᠡᠯ ᠹᠷᠣᠨᠲ᠎ᠤᠨ ᠬᠡᠯᠲᠡᠰ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ
2025-11-28 09:45:16
ᠵᠣᠬᠢᠶᠠᠭ᠍ᠴᠢ᠄
ᠪᠠᠢ ᠳ᠋ᠠᠨ ᠺᠠᠩ ᠯᠢ ᠨᠠ ᠶᠠᠩ ᠸᠧᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 26᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ᠎ᠲᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ ᠸᠠᠩ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠬᠤ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠵᠢ ᠪᠦᠬᠦ ᠬᠦᠴᠦᠨ᠎ᠵᠢᠡᠷ᠎ᠵᠢᠡᠨ ᠰᠠᠢᠲᠤᠷ ᠠᠳᠬᠤᠬᠤ ᠵᠡᠷᠭᠡ ᠲᠠᠯ᠎ᠠ᠎ᠪᠠᠷ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠪᠠ᠃

ᠤᠬᠠᠭᠤᠯᠤᠨ ᠲᠠᠢᠯᠪᠤᠷᠢᠯᠠᠯᠲᠠ ᠨᠢ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ ᠪᠠᠢᠵᠤ᠂ ᠮᠠᠰᠢ ᠴᠢᠩᠭ᠎ᠠ ᠵᠢᠯᠣᠭᠣᠳᠭᠤ ᠠᠴᠢ ᠬᠣᠯᠪᠣᠭ᠍ᠳᠠᠯ᠎ᠲᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠶᠡᠷᠦᠩᠬᠡᠢᠯᠡᠨ ᠵᠣᠬᠢᠴᠠᠭᠤᠯᠬᠤ ᠭᠠᠵᠠᠷ᠎ᠤᠨ ᠳᠠᠷᠤᠭ᠎ᠠ᠎ᠲᠠᠶ ᠵᠶ᠋ᠢ ᠬᠤᠸᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠦ᠍᠂ ᠬᠠᠮᠤᠭ᠎ᠤᠨ ᠥᠷᠭᠡᠨ ᠳᠡᠯᠭᠡᠷ ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠦᠷ ᠲᠠᠯᠠᠢᠴᠠᠳᠠᠢ ᠬᠦᠴᠦᠨ ᠴᠢᠳᠠᠯ᠎ᠢ ᠬᠤᠷᠠᠮᠳᠤᠭᠤᠯᠤᠨ᠎ᠠ ᠭᠡᠵᠦ᠍ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ᠎ᠦᠨ ᠳᠠᠷᠤᠭ᠎ᠠ ᠸᠠᠩ ᠵᠢᠨ ᠪᠦᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ᠎ᠳᠠᠬᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ ᠪᠠ  《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ᠎ᠵᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠬᠦᠷᠢᠶᠡᠨ᠎ᠳᠡᠬᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠤᠨ ᠰᠡᠳᠭᠢᠴᠡ ᠬᠢᠭᠡᠳ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠯᠲᠠ ᠨᠢ ᠭᠤᠤᠯᠳᠠᠯᠭ᠎ᠠ᠎ᠵᠢ ᠠᠳᠭᠤᠵᠤ᠂ ᠠᠭᠤᠯᠤᠭ᠍ᠳᠠᠬᠤᠨ ᠨᠢ ᠪᠠᠶᠠᠯᠢᠭ᠂ ᠪᠣᠳᠠᠲᠠᠶ᠎ᠲᠠᠶ ᠤᠶᠠᠯᠳᠤᠭᠤᠯᠵᠤ᠂ ᠵᠢᠯᠣᠭᠣᠳᠭᠤ ᠴᠢᠨᠠᠷ᠎ᠢᠶᠠᠷ ᠴᠢᠩᠭ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠳᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠵᠢᠨ ᠲᠤᠰᠭᠠᠶ ᠲᠤᠱᠢᠶᠠᠯᠲᠤ ᠳᠡᠳ᠋ ᠱᠦᠵᠢ ᠵᠠᠩ ᠴᠧᠨ᠄ 《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠪᠡᠷ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠭᠤᠷᠪᠠᠨ ᠱᠠᠲᠤ ᠬᠣᠯᠪᠣᠭᠠᠯᠠᠨ ᠰᠤᠷᠤᠯᠴᠠᠬᠤ ᠱᠢᠰᠲ᠋ᠧᠮ᠎ᠢ ᠬᠦᠴᠦᠯᠡᠨ ᠪᠠᠢᠭᠤᠯᠵᠤ᠂ 〈ᠣᠨᠣᠯ + ᠦᠶ᠋ᠯᠡᠳᠦᠯᠭᠡ〉 ᠵᠢᠨ ᠰᠤᠷᠤᠯᠴᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ 〈ᠰᠦᠯᠵᠢᠶ᠎ᠠ + ᠠᠬᠤᠢ ᠲᠠᠯᠠᠪᠠᠢ〉 ᠵᠢᠨ ᠰᠤᠷᠤᠯᠴᠠᠬᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠲᠠᠰ ᠳᠠᠪᠬᠤᠷᠭ᠎ᠠ ᠬᠤᠪᠢᠶᠠᠨ ᠲᠥᠷᠥᠯ ᠬᠤᠪᠢᠶᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠪᠦᠷᠢᠨ ᠵᠠᠭᠤᠴᠢᠯᠠᠭᠤᠷ᠎ᠤᠨ ᠤᠬᠠᠭᠤᠯᠭ᠎ᠠ᠎ᠶ᠋ᠢᠨ ᠪᠠᠢᠷᠢᠱᠢᠯ᠎ᠢ ᠪᠠᠢᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠳᠠ᠎ᠶ᠋ᠢᠨ ᠱᠢᠰᠲ᠋ᠧᠮ᠎ᠤᠨ ᠠᠵᠢᠯᠲᠡᠨ᠎ᠤ ᠰᠡᠳᠭᠢᠯ ᠵᠢᠷᠦᠬᠡᠨ᠎ᠳᠤ ᠬᠠᠳᠠᠩᠱᠢᠭᠤᠯᠵᠤ᠂ ᠦᠢᠯᠡᠳᠬᠦ ᠦᠢᠯᠡᠰ᠎ᠤᠨ ᠬᠦᠴᠦᠷᠬᠡᠭ ᠣᠷᠣᠨ᠎ᠤ ᠪᠥᠲᠥᠭᠡᠨ ᠪᠠᠢᠭᠤᠯᠤᠯᠲᠠ᠎ᠵᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠤᠩᠭᠤᠯ᠎ᠤᠨ ᠰᠢᠨ᠎ᠡ ᠬᠠᠭᠤᠳᠠᠰᠤ᠎ᠵᠢ ᠪᠢᠴᠢᠭᠯᠡᠬᠦ᠎ᠳᠤ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠳᠠ᠎ᠶ᠋ᠢᠨ ᠬᠦᠴᠦᠨ ᠴᠢᠳᠠᠯ᠎ᠵᠢᠡᠨ ᠡᠷᠭᠦᠨ᠎ᠡ》 ᠬᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠳᠡᠳ᠋ ᠵᠠᠬᠢᠷᠤᠯ ᠠᠨ ᠵᠢᠩ ᠽᠸ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠲᠡᠦᠬᠡᠨ ᠣᠷᠣᠨ ᠪᠠᠢᠷᠢ᠎ᠶ᠋ᠢ ᠣᠨᠣᠪᠴᠢᠲᠠᠶ ᠡᠵᠡᠮᠱᠢᠬᠦ᠌᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ᠎ᠡᠴᠡ ᠪᠦᠬᠦ᠌ ᠲᠠᠯ᠎ᠠ᠎ᠵᠢᠨ ᠭᠦᠨᠵᠡᠭᠡᠶ ᠤᠬᠠᠭᠤᠯᠤᠨ ᠲᠠᠢᠯᠪᠤᠷᠢᠯᠠᠯᠲᠠ ᠬᠢᠪᠡ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠤᠭ᠍ᠳᠠᠬᠤᠨ ᠭᠦᠨᠵᠡᠭᠡᠢ ᠪᠠᠢᠵᠤ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠵᠢᠯᠣᠭᠣᠳᠭᠤ ᠠᠴᠢ ᠬᠣᠯᠪᠣᠭ᠍ᠳᠠᠯ᠎ᠲᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠵᠢᠨ ᠲᠤᠰᠭᠠᠶ ᠲᠤᠱᠢᠶᠠᠯᠲᠤ ᠳᠡᠳ᠋ ᠱᠦᠵᠢ ᠱᠢᠤᠸᠠᠢ ᠰᠥᠩ᠄ 《ᠪᠢᠳᠡ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠱᠢᠰᠲ᠋ᠧᠮ᠎ᠳᠦ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠵᠢᠯ᠎ᠢᠶᠠᠨ ᠠᠬᠢᠭᠤᠯᠬᠤ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠲᠠᠯ᠎ᠢᠶᠠᠨ ᠰᠠᠢᠵᠢᠷᠠᠭᠤᠯᠬᠤ᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠌᠎ᠶ᠋ᠢ ᠬᠥᠲᠥᠯᠥᠨ ᠵᠢᠯᠣᠭᠣᠳᠴᠤ᠌᠂ ᠰᠤᠷᠤᠯᠴᠠᠯᠭ᠎ᠠ᠎ᠶ᠋ᠢ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠦᠶ᠋ᠯᠡᠳᠦᠯᠭᠡ᠎ᠳᠦ ᠠᠭᠤᠰᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号