— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶ᠋ᠢᠨ ᠪᠠᠢᠨᠭᠭᠤ ᠵᠢᠨ ᠭᠡᠰᠢᠬᠥᠨ᠂ ᠪᠤᠭᠤᠲᠤ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠴᠧᠨ ᡁᠢ ᠴᠠᠩᠢ ᠰᠤᠷᠪᠤᠯᠵᠢᠯᠠᠭ᠍ᠰᠠᠨ ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶ᠋ᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶᠢ ᠴᠢᠩᠭ᠎ᠠ ᠡᠵᠡᠮᠳᠡᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠪᠥᠬᠥ᠌ ᠣᠷᠣᠨ᠎ᠤ ᠬᠥᠭ᠌ᠵᠢᠯᠲᠡ᠎ᠶ᠋ᠢᠨ ᠬᠠᠷᠠᠯᠲᠠ ᠪᠣᠯᠤᠨ ᠭᠤᠤᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠵᠤ᠂ ᠣᠷᠣᠨ ᠲᠠᠶᠠᠭᠠᠷ᠎ᠤᠨ ᠦᠷᠭᠦᠯᠵᠢᠯᠡᠨ ᠲᠡᠮᠡᠴᠡᠬᠦ᠌᠎ᠳᠦ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠢᠲᠡᠭᠡᠯ ᠵᠣᠷᠢᠭ᠎ᠢ ᠪᠠᠲᠤᠳᠭᠠᠪᠠ᠃ ᠪᠤᠭᠤᠲᠤ ᠬᠣᠲᠠ ᠵᠢᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠤᠨ᠂ ᠠᠭᠤᠰᠤᠯᠴᠠᠨ ᠨᠡᠪᠲᠡᠷᠡᠯᠴᠡᠵᠦ᠂ ᠨᠢᠭᠡ ᠴᠣᠭ᠍ᠴᠠᠵᠢᠭᠤᠯᠤᠨ ᠠᠬᠢᠭᠤᠯᠵᠤ᠂ ᠬᠣᠢᠱᠢᠳᠠ᠎ᠶ᠋ᠢᠨ 5 ᠵᠢᠯ᠎ᠳᠦ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠵᠤ᠂ ᠱᠢᠨ᠎ᠡ᠎ᠶ᠋ᠢ ᠡᠭᠦᠳᠦᠨ ᠪᠦᠰᠡᠯᠡᠯᠲᠡ ᠱᠢᠪᠲᠤᠯᠵᠤ᠂ ᠠᠭᠤᠰᠤᠯᠴᠠᠨ ᠨᠡᠪᠲᠡᠷᠡᠯᠴᠡᠵᠦ᠍ ᠨᠡᠭᠡᠭᠡᠯᠲᠡ ᠬᠢᠬᠦ ᠵᠢ ᠪᠠᠷᠢᠮᠲᠠᠯᠠᠬᠤ ᠪᠡᠷ ᠲᠤᠷᠠᠳᠴᠤ᠂ ᠪᠦᠬᠦ᠌ ᠤᠯᠤᠰ᠎ᠤᠨ ᠬᠠᠮᠤᠭ᠎ᠤᠨ ᠶᠡᠬᠡ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠦᠬᠦ᠌ ᠪᠥᠮᠪᠥᠷᠴᠡᠭ᠎ᠦᠨ ᠲᠡᠷᠢᠭᠦᠨ᠎ᠦ ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠰᠠᠭᠤᠷᠢᠨ᠂ ᠪᠥᠬᠥ᠌ ᠤᠯᠤᠰ᠎ᠤᠨ ᠠᠵᠤ ᠦᠶ᠋ᠯᠡᠳᠪᠦᠷᠢ᠎ᠶ᠋ᠢᠨ ᠬᠠᠭᠤᠴᠢᠨ ᠰᠠᠭᠤᠷᠢᠨ᠎ᠤ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠵᠤ ᠱᠢᠨ᠎ᠡ᠎ᠶ᠋ᠢ ᠡᠭᠦᠳᠦᠨ ᠬᠥᠭ᠌ᠵᠢᠬᠦ ᠵᠢᠱ᠌ᠢᠶ᠎ᠡ ᠦᠵᠡᠭᠦᠯᠬᠦ᠌ ᠭᠠᠵᠠᠷ ᠣᠷᠣᠨ᠂ ᠬᠠᠲᠤᠨ ᠭᠤᠤᠯ᠎ᠤᠨ 《ᠶᠡᠬᠡ ᠲᠣᠬᠣᠶ ᠵᠢᠨ ᠤᠷᠤᠨ》 ᠤ᠋ ᠬᠣᠲᠠ᠎ᠶ᠋ᠢᠨ ᠴᠠᠭᠠᠷᠢᠭ᠎ᠤᠨ ᠣᠳᠣᠬᠢᠴᠢᠯᠠᠭ᠍ᠰᠠᠨ ᠲᠥᠪ ᠬᠣᠲᠠ ᠵᠢ ᠦᠨᠳᠦᠰᠦᠨ᠎ᠳᠡᠭᠡᠨ ᠪᠠᠢᠭᠤᠯᠵᠤ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠪᠦᠬᠦ᠌ ᠤᠯᠤᠰ᠎ᠤᠨ ᠵᠠᠭᠤᠨ ᠬᠦᠴᠦᠷᠬᠡᠭ ᠬᠣᠲᠠ᠎ᠶ᠋ᠢᠨ ᠳᠤᠮᠳᠠ ᠲᠦᠪᠰᠢᠨ᠎ᠳᠤ ᠣᠷᠣᠭᠤᠯᠬᠤ᠎ᠶ᠋ᠢ ᠠᠬᠢᠭᠤᠯᠵᠤ᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ᠂ ᠰᠠᠭᠤᠭᠠᠯᠢ ᠠᠷᠠᠳ᠎ᠤᠨ ᠣᠷᠣᠯᠭ᠎ᠠ᠎ᠶᠢ ᠪᠦᠬᠦ᠌ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ ᠵᠢᠨ ᠳᠤᠮᠳᠠ ᠭᠤᠤᠯ ᠡᠭᠦᠷᠭᠡ ᠵᠢ ᠡᠭᠦᠷᠭᠡᠯᠡᠵᠦ᠂ ᠡᠮᠦᠨ᠎ᠡ ᠨᠢ ᠬᠤᠰᠢᠭᠤᠷᠠᠬᠤ ᠪᠤᠯᠤᠨ᠎ᠠ᠃
ᠨᠢᠭᠡ᠂ ᠭᠣᠣᠯ ᠱᠤᠭᠤᠮ᠎ᠤᠨ ᠱᠠᠭᠠᠷᠳᠠᠯᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠬᠤ ᠲᠠᠯ᠎ᠠ ᠪᠡᠷ ᠪᠤᠭᠤᠲᠤ᠎ᠶ᠋ᠢᠨ ᠡᠭᠦᠷᠭᠡᠯᠡᠯ᠎ᠢ ᠢᠯᠡᠷᠡᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ ᠪᠣᠯᠤᠨ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠣᠳᠠᠲᠤ ᠪᠠᠢᠳᠠᠯ᠎ᠳᠠᠭᠠᠨ ᠰᠠᠭᠤᠷᠢᠯᠠᠨ ᠬᠣᠲᠠ᠎ᠶ᠋ᠢᠨ ᠦᠨᠳᠦᠰᠦᠲᠡᠨ᠎ᠦ ᠠᠵᠢᠯ᠎ᠢ ᠴᠢᠩᠭᠠᠳᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠲᠠᠯ᠎ᠠ ᠪᠡᠷ ᠵᠢᠱ᠌ᠢᠶ᠎ᠡ ᠦᠵᠡᠭᠦᠯᠦᠨ᠎ᠡ᠃ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠬᠠᠲᠤᠨ ᠭᠤᠤᠯ᠎ᠤᠨ 《ᠶᠡᠬᠡ ᠲᠤᠬᠤᠢ ᠤᠷᠤᠨ》 ᠤ᠋ ᠪᠤᠭᠤᠲᠤ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢᠨ ᠬᠠᠮᠠᠭᠠᠯᠠᠯᠲᠠ ᠵᠢᠨ ᠳᠠᠢᠯᠠᠯᠳᠤᠭᠠᠨ᠎ᠢ ᠰᠠᠢᠲᠤᠷ ᠬᠢᠵᠦ᠍᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠴᠢᠷᠮᠠᠢᠨ ᠡᠭᠦᠳᠦᠨ᠎ᠡ᠃ ᠠᠮᠤᠷ ᠲᠦᠪᠱᠢᠨ ᠪᠠ ᠬᠥᠭ᠌ᠵᠢᠯᠲᠡ᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠮᠤᠭᠤᠯᠠᠩᠲᠤ ᠪᠤᠭᠤᠲᠤ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠡᠯ᠎ᠡ ᠬᠦᠷᠢᠶᠡᠨ᠎ᠦ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠰᠠᠢᠨ ᠰᠠᠢᠬᠠᠨ ᠪᠠᠢᠳᠠᠯ᠎ᠢ ᠪᠡᠬᠢᠵᠢᠭᠦᠯᠦᠨ᠎ᠡ᠃ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯ ᠰᠡᠳᠦᠪ᠎ᠢ ᠪᠠᠲᠤ ᠡᠵᠡᠮᠳᠡᠵᠦ᠍᠂ 《1144》 ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ᠎ᠠ᠂ ᠲᠤᠬᠠᠢᠯᠠᠪᠠᠯ ᠬᠣᠪᠣᠷ ᠱᠢᠷᠣᠶ᠎ᠶ᠋ᠢᠨ ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠲᠣᠭ ᠲᠡᠮᠳᠡᠭ᠎ᠦᠨ ᠬᠡᠯᠪᠡᠷᠢ᠎ᠶ᠋ᠢᠨ ᠠᠵᠤ ᠦᠶ᠋ᠯᠡᠰ᠎ᠦᠨ ᠪᠦᠯᠦᠭ᠌ᠵᠢᠯ᠎ᠢ ᠪᠣᠶ ᠪᠣᠯᠭᠠᠵᠤ᠂ 《ᠬᠣᠶᠠᠷ ᠬᠣᠪᠣᠷ ᠱᠢᠷᠣᠶ᠎ᠶ᠋ᠢᠨ ᠰᠠᠭᠤᠷᠢᠨ》 ᠢ᠋ ᠪᠥᠲᠥᠭᠡᠨ ᠪᠠᠢᠭᠤᠯᠬᠤ ᠴᠢᠬᠤᠯᠠ ᠶᠡᠬᠡ ᠡᠭᠦᠷᠭᠡ᠎ᠶ᠋ᠢ ᠪᠠᠲᠤ ᠡᠭᠦᠷᠭᠡᠯᠡᠨ᠎ᠡ; ᠲᠡᠷᠢᠭᠦᠨ᠎ᠦ ᠮᠠᠲ᠋ᠧᠷᠢᠶᠠᠯ᠎ᠢᠶᠠᠷ ᠭᠤᠤᠯᠯᠠᠬᠤ ᠬᠡᠯᠪᠡᠷᠢ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠢ ᠪᠣᠶ ᠪᠣᠯᠭᠠᠵᠤ᠂ ᠴᠡᠪᠡᠷ ᠡᠨᠧᠷᠭᠢ᠂ ᠳᠡᠭᠡᠳᠦ ᠲᠠᠰ᠎ᠤᠨ ᠲᠣᠨᠣᠭᠯᠠᠯ ᠦᠶ᠋ᠯᠡᠳᠬᠦ᠌᠂ ᠣᠲᠣ ᠦᠶ᠎ᠡ᠎ᠶ᠋ᠢᠨ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠬᠦ᠌ 4 ᠲᠤᠯᠭᠠᠭᠤᠷᠢ ᠬᠡᠯᠪᠡᠷᠢ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠢ ᠪᠣᠶ ᠪᠣᠯᠭᠠᠵᠤ᠂ ᠲᠣᠭᠠᠴᠢᠯᠠᠭ᠍ᠰᠠᠨ ᠠᠵᠤ ᠠᠬᠤᠶ᠂ ᠤᠢᠷ᠎ᠠ ᠤᠭᠲᠠᠷᠭᠤᠢ᠎ᠵᠢᠨ ᠠᠵᠤ ᠠᠬᠤᠶ᠂ ᠡᠬᠢ ᠪᠠᠶᠠᠯᠢᠭ᠎ᠤᠨ ᠣᠷᠴᠢᠯ᠂ ᠰᠣᠶᠣᠯ ᠵᠢᠭᠤᠯᠴᠢᠯᠠᠯ ᠵᠡᠷᠭᠡ 4 ᠪᠣᠢᠵᠢᠯᠲᠠ᠎ᠶ᠋ᠢᠨ ᠬᠡᠯᠪᠡᠷᠢ᠎ᠶ᠋ᠢᠨ ᠠᠵᠤ ᠦᠶ᠋ᠯᠡᠰ᠎ᠢ ᠪᠣᠶ ᠪᠣᠯᠭᠠᠵᠤ᠂ ᠪᠤᠭᠤᠲᠤ᠎ᠶ᠋ᠢᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ᠎ᠠ᠃ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠤᠨ᠎ᠠ᠃
ᠬᠣᠶᠠᠷ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠪᠤᠢ ᠪᠣᠯᠭᠠᠨ᠎ᠠ᠃ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠂ ᠲᠣᠨᠣᠭᠯᠡᠯ ᠦᠢᠯᠡᠳᠬᠦ᠌ ᠵᠡᠷᠭᠡ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ᠂ ᠳᠡᠭᠡᠳᠦ ᠴᠢᠳᠠᠪᠤᠷᠢ᠎ᠵᠢᠨ ᠳᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ ᠤ᠋ᠨ ᠪᠠᠢᠭᠤᠯᠤᠯᠲᠠ᠎ᠶ᠋ᠢ ᠠᠬᠢᠭᠤᠯᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠬᠤ᠎ᠶ᠋ᠢ ᠳᠠᠮᠵᠢᠵᠤ᠂ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠠᠨᠭᠬᠠᠷᠴᠤ᠂ ᠤᠯᠤᠰ᠎ᠤᠨ ᠡᠨᠧᠷᠭᠢ᠎ᠶᠢᠨ ᠬᠦᠷᠢᠶᠡᠨ᠎ᠳᠡᠬᠢ ᠤᠰᠤᠲᠥ᠋ᠷᠥᠭᠴᠢ ᠡᠨᠧᠷᠭᠢ᠎ᠶᠢᠨ ᠣᠷᠣᠨ ᠪᠦᠰᠡ᠎ᠶᠢᠨ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢᠯᠡᠭᠰᠡᠨ ᠲᠤᠷᠰᠢᠯᠲᠠ᠎ᠶᠢᠨ ᠴᠡᠭ᠎ᠢ ᠴᠤᠭᠴᠠᠯᠠᠵᠤ᠂ ᠪᠣᠬᠢᠷᠲᠤᠯ ᠦᠭᠡᠢ ᠴᠠᠬᠢᠯᠭᠠᠨ᠎ᠤ ᠬᠡᠷᠡᠭᠯᠡᠯᠲᠡ᠎ᠶᠢ ᠪᠥᠬᠥ ᠲᠠᠯ᠎ᠠ᠎ᠪᠠᠷ ᠥᠷᠭᠡᠳᠬᠡᠵᠤ᠂ ᠪᠣᠬᠢᠷᠲᠤᠯ ᠦᠭᠡᠢ ᠤᠰᠤᠲᠥ᠋ᠷᠥᠭᠴᠢ᠎ᠶᠢᠨ ᠬᠡᠷᠡᠭᠯᠡᠯᠲᠡ᠎ᠶᠢᠨ ᠠᠬᠤᠢ ᠪᠠᠢᠳᠠᠯ᠎ᠢ ᠶᠡᠬᠡ ᠪᠡᠷ ᠥᠷᠭᠡᠳᠬᠡᠵᠦ᠂ ᠨᠡᠭᠦᠷᠡᠰᠦᠲᠥ᠋ᠷᠥᠭᠴᠢ᠎ᠶᠢᠨ ᠬᠠᠮᠢᠶᠠᠷᠤᠯᠲᠠ᠎ᠶᠢᠨ ᠰᠢᠰᠲᠧᠮ᠎ᠢ᠎ᠶᠢ ᠪᠦᠷᠢᠨᠰᠢᠭᠦᠯᠵᠤ᠂ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠋᠎ᠢ ᠴᠢᠨᠠᠷ ᠰᠠᠢᠲᠠᠢ ᠪᠦᠲᠦᠭᠡᠨ ᠪᠠᠢᠭᠤᠯᠵᠤ᠂ ᠪᠣᠬᠢᠷᠲᠤᠯ ᠦᠭᠡᠢ ᠦᠢᠯᠡᠳᠬᠡᠯᠢ ᠪᠤᠭᠤᠲᠤ᠎ᠶᠢᠨ ᠠᠯᠲᠠᠨ ᠦᠰᠦᠭᠲᠦ ᠫᠠᠢᠰᠠ ᠪᠣᠯᠭᠠᠨ᠎ᠠ᠃ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠶᠡᠬᠡ ᠪᠡᠷ ᠳᠡᠮᠵᠢᠵᠦ᠂ ᠵᠠᠰᠠᠭ ᠬᠤᠳᠠᠯᠳᠤᠭᠠᠴᠢᠨ᠎ᠤ ᠴᠢᠩ ᠰᠡᠳᠭᠢᠯ᠎ᠢᠶᠡᠷ ᠶᠠᠷᠢᠯᠴᠠᠬᠤ ᠬᠤᠷᠠᠯ ᠪᠠ ᠠᠵᠤ ᠠᠬᠤᠢᠯᠠᠯ᠎ᠢ ᠲᠤᠰᠠᠯᠠᠬᠤ ᠦᠢᠯᠡᠴᠢᠯᠡᠭᠡ᠎ᠶᠢ ᠬᠡᠪ᠎ᠦᠨ ᠪᠠᠢᠳᠠᠯ᠎ᠢᠶᠠᠷ ᠥᠷᠨᠢᠭᠦᠯᠵᠦ᠂《ᠰᠡᠳᠬᠢᠯ ᠬᠠᠨᠤᠮᠵᠢᠲᠠᠢ ᠪᠠᠢᠯᠭᠠᠬᠤ᠂ ᠰᠠᠨᠠᠭ᠎ᠠ ᠠᠮᠤᠷ ᠪᠠᠢᠯᠭᠠᠬᠤ》 ᠡᠵᠡᠩᠨᠡᠯᠲᠡ᠎ᠶᠢᠨ ᠣᠷᠴᠢᠨ ᠨᠦᠭᠦᠴᠡᠯ᠎ᠤᠨ ᠲᠦᠷᠦᠯ ᠲᠡᠮᠳᠡᠭ᠎ᠢ ᠦᠷᠭᠦᠯᠵᠢᠯᠡᠨ ᠭᠢᠯᠠᠯᠵᠠᠭᠤᠯᠤᠨ᠎ᠠ᠃ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠦᠨ ᠬᠥᠭᠵᠢᠭᠦᠯᠬᠦ᠎ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠣᠷᠢᠭ᠋᠎ᠤᠨ ᠠᠵᠤ ᠦᠢᠯᠡᠰ᠎ᠦᠨ ᠲᠥᠯᠦᠪᠵᠢᠭᠦᠯᠭᠡ᠎ᠶᠢ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠴᠢᠩᠭᠠᠳᠬᠠᠵᠤ᠂ ᠬᠦᠷᠢᠶᠡᠯᠡᠩ ᠲᠣᠭᠣᠷᠢᠭ᠋᠎ᠤᠨ ᠰᠠᠭᠤᠷᠢ ᠲᠦᠬᠦᠭᠡᠷᠦᠮᠵᠢ ᠪᠠ ᠴᠢᠳᠠᠮᠵᠢ᠎ᠶᠢᠨ ᠲᠣᠬᠢᠷᠠᠭᠤᠯᠤᠯᠲᠠ᠎ᠶᠢ ᠲᠡᠭᠦᠯᠳᠡᠷᠵᠢᠭᠦᠯᠵᠤ᠂ ᠬᠦᠷᠢᠶᠡᠯᠡᠩ ᠲᠣᠭᠣᠷᠢᠭ᠋᠎ᠤᠨ ᠬᠠᠮᠢᠶᠠᠷᠤᠯᠲᠠ᠎ᠶᠢᠨ ᠪᠠᠢᠭᠤᠯᠤᠯ ᠲᠣᠭᠲᠡᠴᠡ᠎ᠶᠢ ᠰᠢᠯᠢᠳᠡᠭᠵᠢᠭᠦᠯᠵᠦ᠂ ᠬᠦᠷᠢᠶᠡᠯᠡᠩ ᠲᠣᠭᠣᠷᠢᠭ᠋᠎ᠤᠨ ᠳᠠᠭᠠᠭᠠᠬᠤ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠭᠤᠷᠪᠠ᠂ ᠣᠳᠣᠬᠢᠴᠢᠯᠠᠭᠰᠠᠨ ᠠᠷᠠᠳ᠎ᠤᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠩ ᠢᠯᠡᠭᠦᠦ ᠨᠠᠩ ᠭᠣᠥᠯᠴᠢ ᠬᠦᠷᠲᠡᠭᠡᠨ᠎ᠡ᠃ ᠲᠥᠪ᠎ᠦᠨ ᠡᠳ᠋᠎ᠦᠨ ᠵᠠᠰᠠᠭ᠎ᠡᠴᠡ ᠬᠣᠲᠠ᠎ᠶᠢᠨ ᠰᠢᠨᠡᠴᠢᠯᠡᠯᠲᠡ᠎ᠶᠢᠨ ᠠᠵᠢᠯᠯᠠᠭ᠎ᠠ᠎ᠶᠢ ᠳᠡᠮᠵᠢᠨ ᠬᠡᠷᠡᠭᠵᠢᠭᠦᠯᠬᠦ ᠲᠤᠷᠰᠢᠯᠲᠠ᠎ᠶᠢᠨ ᠬᠣᠲᠠ᠎ᠶᠢᠨ ᠠᠵᠠ ᠲᠣᠬᠢᠶᠠᠯ᠎ᠢ ᠰᠠᠢᠲᠤᠷ ᠠᠰᠢᠭ᠍ᠯᠠᠵᠤ᠂ ᠬᠤᠳᠠ᠎ᠶᠢᠨ ᠰᠢᠨᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠦᠯᠦᠪᠯᠡᠬᠦ᠎ᠶᠢ ᠴᠢᠩᠭᠠᠳᠬᠠᠵᠤ᠂ ᠬᠤᠳᠠ᠎ᠶᠢᠨ ᠰᠢᠨᠡᠴᠢᠯᠡᠯᠲᠡ᠎ᠶᠢᠨ ᠬᠠᠤᠯᠢ ᠲᠣᠭᠲᠠᠭᠠᠯ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠬᠠᠭᠤᠴᠢᠨ ᠵᠡᠭᠡᠯᠢ ᠲᠣᠭᠣᠷᠢᠭ᠋᠂ ᠬᠠᠭᠤᠴᠢᠨ ᠦᠢᠯᠡᠳᠪᠦᠷᠢ᠎ᠶᠢᠨ ᠲᠣᠭᠣᠷᠢᠭ᠋᠂ ᠬᠤᠳᠠ᠎ᠶᠢᠨ ᠳᠣᠲᠣᠷᠠᠬᠢ ᠲᠣᠰᠬᠣᠨ ᠵᠡᠷᠭᠡ ᠭᠣᠣᠯᠳᠠᠯᠭ᠎ᠠ᠎ᠲᠠᠢ ᠬᠡᠰᠡᠭ ᠲᠣᠭᠣᠷᠢᠭ᠋ ᠪᠠ ᠬᠤᠳᠠ᠎ᠶᠢᠨ ᠬᠠᠮᠢᠶᠠᠷᠤᠯᠲᠠ᠎ᠶᠢᠨ ᠲᠣᠣᠷ᠎ᠢ ᠰᠢᠨᠡᠳᠬᠡᠨ ᠥᠭᠡᠷᠡᠴᠢᠯᠡᠬᠦ᠎ᠶᠢ ᠠᠬᠢᠭᠤᠯᠵᠤ᠂ 《ᠰᠠᠢᠨ ᠰᠠᠭᠤᠭᠠᠯᠢ ᠲᠣᠭᠣᠷᠢᠭ᠋᠂ ᠰᠠᠢᠨ ᠨᠡᠢᠭᠡᠮ ᠲᠣᠭᠣᠷᠢᠭ᠋᠂ ᠰᠠᠢᠨ ᠬᠤᠳᠠ ᠲᠣᠭᠣᠷᠢᠭ᠋》 ᠤ᠋ᠨ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠴᠢᠨᠠᠷ ᠰᠠᠢᠲᠠᠢ ᠴᠡᠴᠡᠷᠯᠢᠭᠵᠢᠭᠰᠡᠨ ᠬᠤᠳᠠ᠎ᠶᠢ ᠴᠤᠭᠴᠠᠯᠠᠵᠤ᠂ ᠬᠤᠳᠠ᠎ᠶᠢᠨ ᠵᠠᠰᠠᠯᠲᠠ᠎ᠶᠢᠨ ᠣᠶᠤᠨᠴᠢᠯᠠᠭᠰᠠᠨ ᠨᠠᠷᠢᠯᠢᠭ᠍ᠵᠢᠭᠰᠠᠨ ᠲᠦᠪᠰᠢᠨ᠎ᠢ ᠳᠡᠭᠡᠭᠰᠢᠯᠡᠭᠦᠯᠦᠨ᠎ᠡ᠃ ᠬᠣᠲᠠ᠎ᠶ᠋ᠢᠨ ᠬᠡᠪᠴᠢᠶᠡᠨ᠎ᠳᠡᠬᠢ ᠵᠣᠬᠢᠴᠠᠩᠭᠤᠶ᠂ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠨᠢᠭᠡᠳᠦᠯᠲᠡᠶ ᠲᠥᠯᠥᠪᠵᠢᠬᠦᠯᠵᠦ᠂ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠎ᠡ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 1 ᠴᠠᠭ᠎ᠤᠨ ᠲᠡᠮᠦᠷ ᠵᠠᠮ᠎ᠤᠨ ᠴᠠᠭᠠᠷᠢᠭ᠂ 2 ᠴᠠᠭ᠎ᠤᠨ ᠵᠠᠰᠠᠮᠠᠯ ᠵᠠᠮ᠎ᠤᠨ ᠴᠠᠭᠠᠷᠢᠭ᠎ᠢ ᠬᠠᠮᠵᠢᠯᠴᠠᠨ ᠪᠠᠢᠭᠤᠯᠵᠤ᠂ ᠠᠭᠠᠷ᠎ᠤᠨ ᠠᠶᠠᠯᠠᠯ᠎ᠤᠨ ᠱᠤᠭᠤᠮ᠎ᠢ ᠨᠢᠭ᠍ᠲᠠᠷᠠᠭᠤᠯᠤᠨ᠂ ᠪᠥᠬᠥ᠌ ᠤᠯᠤᠰ᠎ᠤᠨ ᠴᠢᠨᠠᠷᠲᠠᠶ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠬᠦᠶ᠋ᠰᠦ ᠬᠣᠲᠠ᠎ᠶ᠋ᠢ ᠪᠥᠲᠥᠭᠡᠨ ᠪᠠᠢᠭᠤᠯᠤᠨ᠎ᠠ᠃ ᠠᠵᠢᠯ ᠣᠯᠭᠣᠯᠲᠠ ᠣᠷᠣᠯᠭ᠎ᠠ᠎ᠶ᠋ᠢᠨ ᠨᠡᠮᠡᠭ᠌ᠳᠡᠯ᠎ᠢ ᠦᠷᠭᠦᠯᠵᠢᠯᠡᠨ ᠠᠬᠢᠭᠤᠯᠵᠤ᠂ ᠨᠡᠢᠭᠡᠮ᠎ᠦᠨ ᠪᠠᠲᠤᠯᠠᠭ᠎ᠠ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠳᠤ ᠴᠢᠨᠠᠷᠲᠠᠶ ᠠᠷᠠᠳ᠎ᠤᠨ ᠠᠮᠢᠳᠤᠷᠠᠯ᠎ᠤᠨ ᠠᠵᠢᠯ᠎ᠤᠨ ᠴᠢᠨᠠᠷ᠎ᠢ ᠳᠡᠭᠡᠭ᠌ᠰᠢᠯᠡᠭᠦᠯᠦᠨ᠎ᠡ᠃ ᠰᠤᠷᠭᠠᠨ ᠬᠥᠮᠦᠵᠢᠯ᠎ᠦᠨ ᠥᠨᠳᠥᠷᠯᠢᠭ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠪᠥᠬᠥ᠌ ᠣᠷᠣᠨ᠎ᠤ ᠲᠡᠷᠢᠭᠦᠨ᠎ᠦ 《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》 ᠤ᠋ᠨ ᠵᠢᠱ᠌ᠢᠶ᠎ᠡ ᠦᠵᠡᠭᠦᠯᠬᠦ᠌ ᠭᠠᠵᠠᠷ ᠣᠷᠣᠨ᠎ᠢ ᠪᠣᠶ ᠪᠣᠯᠭᠠᠵᠤ᠂ 《ᠪᠥᠬᠥ᠌ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠣᠷᠣᠨ》 ᠢ᠋ ᠪᠥᠲᠥᠭᠡᠨ ᠪᠠᠢᠭᠤᠯᠤᠨ᠎ᠠ᠃ ᠡᠮᠴᠢᠯᠡᠭᠡᠨ᠎ᠦ ᠥᠨᠳᠥᠷᠯᠢᠭ᠎ᠤᠨ ᠨᠥᠯᠥᠭᠡᠯᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠪᠡᠭᠡᠵᠢᠩ᠂ ᠱᠠᠩᠬᠠᠶ ᠵᠡᠷᠭᠡ ᠭᠠᠵᠠᠷ ᠯᠤᠭ᠎ᠠ᠎ᠶᠢᠨ ᠡᠮᠴᠢᠯᠡᠭᠡᠨ᠎ᠦ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ 《ᠪᠤᠭᠤᠲᠤ᠎ᠳᠤ ᠡᠮᠴᠢᠯᠡᠬᠦ》 ᠲᠥᠷᠥᠯ ᠲᠡᠮᠳᠡᠭ᠌ᠲᠦ ᠱᠢᠨᠵᠢᠯᠡᠭᠡᠨ᠎ᠦ ᠰᠠᠯᠠᠭ᠎ᠠ᠎ᠶ᠋ᠢ ᠪᠣᠶ ᠪᠣᠯᠭᠠᠨ᠎ᠠ᠃ ᠰᠣᠶᠣᠯ᠎ᠤᠨ ᠥᠨᠳᠥᠷᠯᠢᠭ᠎ᠤᠨ ᠪᠦᠲᠦᠭᠡᠨ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠂ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠤᠯᠤᠰ᠎ᠤᠨ ᠲᠡᠰ᠎ᠤᠨ ᠲᠡᠦᠬᠡ ᠰᠣᠶᠣᠯ᠎ᠤᠨ ᠨᠡᠷᠡᠲᠦ ᠬᠣᠲᠠ᠎ᠶ᠋ᠢ ᠡᠭᠦᠳᠦᠨ ᠪᠠᠢᠭᠤᠯᠬᠤ᠎ᠪᠠᠷ ᠴᠢᠷᠮᠠᠢᠨ᠎ᠠ᠃
ᠠᠯᠤᠰ᠎ᠤᠨ ᠲᠥᠰᠦᠪ᠎ᠢ ᠨᠢᠭᠡᠨᠲᠡ ᠵᠢᠷᠤᠭ᠍ᠯᠠᠵᠤ᠂ ᠵᠠᠩᠭᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠠᠢᠨ᠎ᠠ᠃ ᠪᠢᠳᠡ ᠪᠤᠭᠤᠲᠤ ᠬᠤᠳᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠥᠲᠥᠯᠪᠦᠷᠢ ᠪᠣᠯᠤᠨ ᠲᠤᠰᠭᠠᠢ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠪᠣᠳᠠᠲᠠᠢ ᠠᠵᠢᠯᠯᠠᠬᠤ ᠪᠣᠳᠠᠲᠠᠢ ᠠᠮᠵᠢᠯᠲᠠ ᠪᠤᠳᠠᠳᠠᠢ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠵᠤ᠂ ᠵᠢᠱ᠌ᠢᠯᠳᠡ᠎ᠶᠢᠨ ᠬᠠᠮᠢᠶᠠᠷᠤᠯᠲᠠ᠂ ᠪᠠᠷᠢᠮᠵᠢᠶᠠᠯᠠᠭ᠍ᠰᠠᠨ ᠬᠠᠮᠢᠶᠠᠷᠤᠯᠲᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠯᠭ᠎ᠠ ᠵᠢ ᠶᠡᠬᠡᠪᠡᠷ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠴᠢᠷᠮᠠᠢᠨ ᠰᠠᠢᠲᠤᠷ ᠪᠡᠶᠡᠯᠡᠭᠦᠯᠦᠨ᠎ᠡ᠃