ᠪᠥᠬᠥ᠌ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ ᠤᠨ ᠬᠤᠭᠤᠴᠠᠭᠠᠨ᠎ᠳᠤ᠂ ᠪᠥᠬᠥ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ 《ᠥᠪᠥᠷ ᠮᠣᠩᠭᠣᠯ᠎ᠤᠨ ᠵᠠᠯᠠᠭᠤᠴᠤᠳ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ》 ᠭᠤᠤᠯ ᠰᠡᠳᠦᠪᠲᠦ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠡᠯ᠎ᠡ ᠭᠠᠵᠠᠷ ᠡᠯ᠎ᠡ ᠶᠡᠬᠡ ᠳᠡᠭᠡᠳᠦ ᠰᠤᠷᠭᠠᠭᠤᠯᠢ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ ᠵᠢᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠮᠤ ᠪᠤᠳᠠᠭ᠎ᠠ ᠶ᠋ᠢ ᠠᠷᠪᠢᠯᠠᠨ ᠭᠠᠮᠨᠠᠬᠤ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠯᠲᠠ᠂ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡ᠂ 《ᠫᠢᠯᠠ ᠬᠣᠭᠣᠰᠣᠯᠠᠬᠤ ᠠᠵᠢᠯᠯᠠᠭ᠎ᠠ》 ᠵᠡᠷᠭᠡ ᠴᠠᠭ ᠦᠶ᠎ᠡ᠎ᠶ᠋ᠢᠨ ᠣᠨᠴᠠᠯᠢᠭ᠎ᠢ ᠢᠯᠡᠷᠡᠭᠦᠯᠦᠭ᠌ᠰᠡᠨ᠂ ᠵᠠᠯᠠᠭᠤᠴᠤᠳ ᠪᠠᠭᠠᠴᠤᠳ᠎ᠤᠨ ᠬᠠᠮᠲᠤ᠎ᠪᠠᠷ ᠣᠷᠣᠯᠴᠠᠭ᠍ᠰᠠᠨ ᠭᠤᠤᠯ ᠰᠡᠳᠦᠪᠲᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ 2200 ᠭᠠᠷᠤᠶ ᠲᠠᠯᠠᠪᠠᠶ ᠥᠷᠨᠢᠭᠦᠯᠵᠦ᠍᠂ 29 ᠲᠦᠮᠡ ᠭᠠᠷᠤᠢ ᠵᠠᠯᠠᠭᠤᠴᠤᠳ ᠪᠠᠭᠠᠴᠤᠳ᠎ᠢ ᠬᠠᠮᠤᠷᠪᠠ᠃
ᠬᠥᠬᠡᠬᠣᠲᠠ᠎ᠶ᠋ᠢᠨ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ 《ᠵᠢᠱ᠌ᠢᠶ᠎ᠡ ᠦᠵᠡᠭᠦᠯᠬᠦ᠌》 ᠤᠬᠠᠭᠤᠯᠭ᠎ᠠ᠂ 《ᠨᠡᠪᠴᠢᠭᠦᠯᠬᠦ᠌ ᠮᠠᠶᠢᠭ》 ᠤ᠋ᠨ ᠦᠶ᠋ᠯᠡᠳᠦᠯᠭᠡ᠎ᠶ᠋ᠢᠨ ᠠᠷᠭ᠎ᠠ ᠮᠠᠶᠢᠭ᠎ᠢᠶᠠᠷ ᠵᠠᠯᠠᠭᠤᠴᠤᠳ ᠪᠠᠭᠠᠴᠤᠳ ᠢ ᠵᠣᠬᠢᠶᠠᠨ ᠪᠠᠢᠭᠤᠯᠤᠨ ᠲᠠᠷᠢᠶᠠᠯᠠᠩ ᠤᠨ ᠶᠠᠪᠤᠳᠠᠯ᠎ᠢ ᠪᠡᠶᠡᠴᠢᠯᠡᠨ ᠣᠢᠯᠠᠭᠠᠬᠤ ᠪᠠ ᠲᠠᠷᠢᠶᠠᠯᠠᠩ᠎ᠢ ᠲᠤᠰᠠᠯᠠᠬᠤ ᠰᠢᠭᠤᠳ ᠨᠡᠪᠲᠡᠷᠡᠭᠦᠯᠭᠡ ᠪᠡᠷ ᠪᠠᠷᠠᠭ᠎ᠠ ᠬᠤᠳᠠᠯᠳᠤᠬᠤ ᠠᠵᠢᠯᠯᠠᠭ᠎ᠠ᠎ᠳᠤ ᠣᠷᠣᠯᠴᠠᠭᠤᠯᠵᠤ᠂ ᠤᠬᠠᠭᠤᠯᠭ᠎ᠠ ᠬᠥᠮᠦᠵᠢᠯ ᠬᠢᠭᠡᠳ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠵᠦ᠂ ᠠᠷᠪᠢᠯᠠᠨ ᠭᠠᠮᠨᠠᠬᠤ ᠣᠢᠯᠠᠭᠠᠭ᠍ᠳᠠᠬᠤᠨ᠎ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠵᠦ᠂ ᠰᠠᠢᠨ ᠰᠠᠢᠬᠠᠨ ᠨᠡᠢᠭᠡᠮ᠎ᠦᠨ ᠬᠡᠪ ᠰᠤᠷᠲᠠᠯ᠎ᠢ ᠪᠣᠶ ᠪᠣᠯᠭᠠᠪᠠ᠃
ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠎ᠤᠨ ᠡᠪᠯᠡᠯ᠎ᠦᠨ ᠬᠣᠷᠢᠶ᠎ᠠ 《ᠠᠮᠤ ᠪᠤᠳᠠᠭᠠᠨ ᠤ ᠠᠮᠤᠷ ᠲᠦᠪᠱᠢᠨ》 ᠢ᠋ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠲᠤᠰᠭᠠᠶ ᠮᠡᠷᠭᠡᠵᠢᠯ᠎ᠦᠨ ᠠᠵᠢᠯᠲᠠᠨ᠎ᠤ ᠵᠢᠯᠣᠭᠣᠳᠣᠯᠭ᠎ᠠ ᠳᠤᠤᠷ᠎ᠠ᠂ ᠵᠠᠯᠠᠭᠤᠴᠤᠳ ᠪᠠᠭᠠᠴᠤᠳ ᠱᠢᠨ᠎ᠡ ᠬᠡᠯᠪᠡᠷᠢ᠎ᠶ᠋ᠢᠨ ᠵᠢᠯᠣᠭᠣᠴᠢ ᠥᠬᠡᠶ ᠨᠢᠰᠭᠡᠯ ᠦᠨ ᠮᠡᠷᠭᠡᠵᠢᠯ᠎ᠦᠨ ᠠᠮᠤ ᠪᠤᠳᠠᠭ᠎ᠠ ᠳᠠᠷᠢᠬᠤ ᠬᠦᠷᠢᠶᠡᠨ᠎ᠳᠡᠬᠢ ᠬᠡᠷᠡᠭ᠌ᠯᠡᠯᠲᠡ᠎ᠶ᠋ᠢ ᠪᠡᠶᠡᠳᠡᠨ ᠣᠢᠯᠠᠭᠠᠬᠤ᠎ᠶ᠋ᠢᠨ ᠬᠠᠮᠲᠤ ᠲᠠᠷᠢᠶᠠᠨ ᠭᠠᠵᠠᠷ᠎ᠲᠤ ᠬᠦᠷᠴᠤ᠂ ᠦᠪᠡᠷ᠎ᠢᠶᠡᠨ ᠠᠮᠤ ᠪᠤᠳᠠᠭ᠎ᠠ ᠬᠠᠳᠤᠵᠤ ᠬᠤᠷᠢᠶᠠᠬᠤ᠂ ᠮᠥᠯᠢᠬᠦ᠌ ᠪᠥᠬᠥ᠌ ᠶᠠᠪᠤᠴᠠ᠎ᠳᠤ ᠣᠷᠣᠯᠴᠠᠵᠤ᠂ ᠬᠥᠳᠡᠯᠮᠦᠷᠢᠦᠶ᠋ᠯᠡᠳᠦᠯᠭᠡᠶ᠋ᠢᠨ ᠳᠤᠮᠳᠠ 《ᠮᠥᠬᠥᠯᠢᠭ ᠠᠮᠤ ᠬᠢᠯᠪᠠᠷ ᠪᠤᠰᠤ᠎ᠪᠠᠷ ᠢᠷᠡᠭ᠌ᠰᠡᠨ》 ᠢ᠋ ᠪᠠᠶᠡᠴᠢᠯᠠᠨ ᠤᠢᠯᠠᠭᠠᠪᠠ᠃
ᠠᠯᠠᠱᠠ ᠠᠢᠮᠠᠭ᠎ᠤᠨ ᠡᠪᠯᠡᠯ᠎ᠦᠨ ᠬᠣᠷᠢᠶ᠎ᠠ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠢ ᠪᠦᠷᠢᠯᠭᠡᠨ ᠰᠦᠶ᠋ᠳᠭᠡᠬᠦ᠌᠎ᠶ᠋ᠢ ᠡᠰᠡᠷᠭᠦᠴᠡᠬᠦ᠌ ᠬᠠᠤᠯᠢ》 ᠳ᠋ᠤ ᠭᠦᠨᠵᠡᠭᠡᠶ ᠲᠠᠢᠯᠤᠮᠵᠢ ᠬᠢᠵᠦ᠍᠂ ᠵᠠᠯᠠᠭᠤᠴᠤᠳ ᠪᠠᠭᠠᠴᠤᠳ᠎ᠲᠤ 《ᠮᠥᠬᠥᠯᠢᠭ ᠠᠮᠤ ᠬᠢᠯᠪᠠᠷ ᠪᠤᠰᠤ ᠪᠡᠷ ᠢᠷᠡᠭᠰᠡᠨ》 ᠢ᠋ ᠭᠦᠨᠵᠡᠭᠡᠶ ᠮᠡᠳᠡᠷᠡᠭᠦᠯᠪᠡ᠃ ᠳᠤᠮᠳᠠᠳᠤ ᠪᠠᠭ᠎ᠠ ᠰᠤᠷᠭᠠᠭᠤᠯᠢ 《ᠠᠷᠪᠢᠯᠠᠨ ᠭᠠᠮᠨᠠᠬᠤ ᠵᠢᠱ᠌ᠢᠶᠡᠴᠢ》 ᠵᠢ ᠦᠨᠡᠯᠡᠨ ᠱᠢᠯᠭᠠᠷᠠᠭᠤᠯᠬᠤ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠭᠤᠯᠤᠨ᠂ ᠠᠮᠤ ᠪᠤᠳᠠᠭ᠎ᠠ᠎ᠶ᠋ᠢ ᠬᠠᠢᠷᠠᠯᠠᠬᠤ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ᠎ᠶ᠋ᠢ ᠰᠤᠷᠭᠠᠭᠤᠯᠢ᠎ᠶ᠋ᠢᠨ ᠬᠦᠷᠢᠶᠡᠨ᠎ᠦ ᠱᠢᠨ᠎ᠡ ᠬᠡᠪ ᠰᠤᠷᠲᠠᠯ ᠪᠣᠯᠭᠠᠪᠠ᠃
ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠫᠢᠯᠠ ᠬᠣᠭᠣᠰᠣᠯᠠᠬᠤ ᠠᠵᠢᠯᠯᠠᠭ᠎ᠠ》 ᠶ᠋ᠢ ᠤᠯᠠᠮ ᠭᠦᠨᠵᠡᠭᠡᠢᠷᠡᠭᠦᠯᠵᠦ᠍᠂ ᠦᠶ᠋ᠯᠡᠳᠦᠯᠭᠡ᠎ᠪᠡᠷ ᠬᠥᠮᠦᠨ ᠬᠥᠮᠦᠵᠢᠭᠦᠯᠬᠦ᠌ ᠤᠳᠤᠷᠢᠳᠤᠮᠵᠢ᠎ᠶ᠋ᠢ ᠳᠣᠪᠣᠢᠯᠭᠠᠨ᠂ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠬᠥᠮᠦᠵᠢᠯ᠎ᠢ ᠡᠪᠯᠡᠯ ᠦᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠂ ᠭᠤᠤᠯ ᠰᠡᠳᠦᠪᠲᠦ ᠠᠩᠭᠢ ᠶ᠋ᠢᠨ ᠡᠳᠦᠷᠯᠢᠭ᠎ᠦᠨ ᠠᠵᠢᠯᠯᠠᠭ᠎ᠠ ᠳᠤ ᠭᠦᠶ᠋ᠴᠡᠳ ᠠᠭᠤᠰᠭᠠᠨ ᠣᠷᠣᠭᠤᠯᠵᠤ᠂ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠤᠬᠠᠭᠤᠯᠭ᠎ᠠ ᠲᠠᠢᠯᠪᠤᠷᠢᠯᠠᠯᠲᠠ ᠶ᠋ᠢ ᠥᠷᠭᠡᠨ᠎ᠢᠶᠡᠷ ᠥᠷᠨᠢᠭᠦᠯᠦᠨ᠂ ᠵᠠᠯᠠᠭᠤᠴᠤᠳ ᠪᠠᠭᠠᠴᠤᠳ᠎ᠤᠨ ᠠᠮᠤ ᠪᠤᠳᠠᠭ᠎ᠠ᠎ᠶ᠋ᠢ ᠬᠠᠢᠷᠠᠯᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠪᠥᠬᠥ᠌ ᠠᠷᠠᠳ ᠢᠶᠠᠷ ᠵᠢᠨᠨ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ᠎ᠳᠤ ᠣᠷᠣᠯᠴᠠᠬᠤ᠂ ᠠᠮᠤ ᠪᠤᠳᠠᠭᠠᠨ᠎ᠤ ᠠᠮᠤᠷ ᠲᠦᠪᠱᠢᠨ ᠢ ᠬᠠᠮᠲᠤ᠎ᠪᠠᠷ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠭᠤᠯ ᠢ ᠤᠯᠠᠮ ᠦᠳᠬᠡᠷᠡᠭᠦᠯᠬᠦ ᠪᠤᠯᠤᠨ᠎ᠠ᠃