ᠪᠠᠢᠭᠠᠯᠢ ᠶ᠋ᠢᠨ ᠡᠬᠢ ᠪᠠᠶᠠᠯᠢᠭ ᠤ᠋ᠨ ᠰᠢᠰᠲ᠋ᠧᠮ ᠤ᠋ᠨ ᠤᠷ᠎ᠠ ᠮᠡᠷᠭᠡᠵᠢᠯ ᠤ᠋ᠨ ᠤᠷᠤᠯᠳᠤᠭᠠᠨ ᠶᠠᠪᠤᠭᠳᠠᠪᠠ
2025-11-28 16:24:04
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠲᠤᠬᠠᠢ ᠪᠠᠢᠷᠢᠯᠠᠭᠤᠯᠤᠯᠳᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠡᠪ ᠪᠤᠯᠪᠠᠰᠤᠷᠠᠯ ᠦᠨᠳᠦᠷ ᠵᠠᠰᠠᠭ ᠵᠠᠬᠢᠷᠭᠠᠨ ᠤ᠋ ᠦᠢᠯᠡᠴᠢᠯᠡᠭᠡᠨ ᠤ᠋ ᠠᠵᠢᠯᠳᠠᠨ ᠤ᠋ ᠡᠩᠨᠡᠭᠡ ᠶ᠋ᠢ ᠪᠠᠢᠭᠤᠯᠬᠤ ᠶ᠋ᠢᠨ ᠲᠦᠯᠦᠭᠡ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠡᠴᠡ ᠤᠢᠷ᠎ᠠ ᠳ᠋ᠤ ᠭᠤᠷᠪᠠᠳᠤᠭᠠᠷ ᠬᠤᠭᠤᠴᠠᠭᠠᠨ ᠤ᠋ ᠪᠦᠬᠦ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠰᠢᠰᠲ᠋ᠧᠮ ᠤ᠋ᠨ ᠵᠠᠰᠠᠭ ᠵᠠᠬᠢᠷᠭᠠᠨ ᠤ᠋ ᠵᠦᠪᠰᠢᠶᠡᠷᠡᠯ ᠤ᠋ᠨ ᠤᠷ᠎ᠠ ᠮᠡᠷᠭᠡᠵᠢᠯ ᠤ᠋ᠨ ᠤᠷᠤᠯᠳᠤᠭᠠᠨ ᠢ᠋ ᠡᠷᠬᠢᠯᠡᠨ ᠶᠠᠪᠤᠭᠳᠠᠭᠤᠯᠵᠤ᠂ ᠪᠦᠬᠦ ᠤᠷᠤᠨ ᠤ᠋ 12 ᠠᠢᠮᠠᠭ ᠬᠤᠳᠠ ᠵᠢᠴᠢ 2 ᠲᠤᠰᠠᠭᠠᠷ ᠲᠦᠯᠦᠪᠯᠡᠭᠡᠳᠦ ᠬᠤᠳᠠ ᠶ᠋ᠢᠨ 14 ᠲᠦᠯᠦᠭᠡᠯᠡᠭᠴᠢ ᠶ᠋ᠢᠨ ᠪᠦᠯᠬᠦᠮ ᠤ᠋ᠨ 112 ᠬᠦᠮᠦᠨ ᠤᠷᠤᠯᠴᠠᠵᠠᠢ᠃ 

ᠲᠤᠰ ᠤᠳᠠᠭᠠᠨ ᠤ᠋ ᠤᠷᠤᠯᠳᠤᠭᠠᠨ ᠨᠢ ᠪᠠᠢᠭᠠᠯᠢ ᠶ᠋ᠢᠨ ᠡᠬᠢ ᠪᠠᠶᠠᠯᠢᠭ ᠤ᠋ᠨ ᠲᠤᠬᠠᠢ ᠵᠠᠰᠠᠭ ᠵᠠᠬᠢᠷᠭᠠᠨ ᠤ᠋ ᠵᠦᠪᠰᠢᠶᠡᠷᠡᠯ ᠤ᠋ᠨ ᠭᠤᠤᠯ ᠬᠠᠷᠢᠭᠤᠴᠠᠯᠭ᠎ᠠ ᠭᠤᠤᠯ ᠳᠤᠬᠠᠢᠯᠠᠭᠰᠠᠨ ᠠᠵᠢᠯ ᠳ᠋ᠤ ᠠᠩᠬᠠᠷᠤᠯ ᠶ᠋ᠢᠡᠨ ᠲᠦᠪᠯᠡᠷᠡᠭᠦᠯᠵᠦ᠂ ᠠᠭᠤᠷᠬᠠᠢ ᠬᠡᠷᠡᠭᠯᠡᠬᠦ᠂ ᠭᠠᠵᠠᠷ ᠰᠢᠷᠤᠢ ᠬᠡᠷᠡᠭᠯᠡᠬᠦ ᠭᠡᠵᠦ ᠬᠤᠶᠠᠷ ᠲᠠᠯᠠᠪᠤᠷ ᠬᠤᠪᠢᠶᠠᠨ᠂ ᠳᠦᠷᠪᠡᠨ ᠬᠡᠮᠵᠢᠯᠳᠤ ᠤᠷᠤᠯᠳᠤᠭᠠᠨ ᠤ᠋ ᠭᠤᠭᠴᠤᠭ᠎ᠠ ᠳᠤᠬᠢᠷᠠᠭᠤᠯᠵᠤ᠂ 《ᠤᠨᠤᠯ + ᠦᠢᠯᠡᠳᠦᠯᠭᠡ》 《ᠬᠤᠪᠢ ᠬᠦᠮᠦᠨ + ᠪᠦᠯᠬᠦᠮ ᠨᠡᠢᠳᠡ》 ᠶᠡᠷᠦᠩᠬᠡᠢᠯᠡᠭᠰᠡᠨ ᠦᠨᠡᠯᠡᠬᠦ ᠰᠢᠰᠲᠧᠮ ᠢ᠋ ᠪᠠᠢᠭᠤᠯᠤᠨ᠂ ᠰᠦᠯᠵᠢᠶ᠎ᠠ ᠪᠡᠷ ᠰᠢᠭᠤᠳ ᠨᠡᠪᠳᠡᠷᠡᠭᠦᠯᠭᠡ ᠬᠢᠵᠦ᠂ ᠤᠯᠠᠨ ᠲᠦᠮᠡᠨ ᠰᠦᠯᠵᠢᠶ᠎ᠠ ᠪᠡᠷ ᠪᠢᠯᠧᠲ ᠦᠭᠬᠦ ᠭᠤᠭᠴᠤᠭ᠎ᠠ ᠳᠤᠬᠢᠷᠠᠭᠤᠯᠤᠭᠰᠠᠨ ᠶ᠋ᠢᠡᠷ ᠪᠦᠬᠦ ᠶᠠᠪᠤᠴᠠ ᠳ᠋ᠤ 13.5 ᠲᠦᠮᠡᠨ ᠬᠦᠮᠦᠨ ᠠᠩᠬᠠᠷᠤᠨ ᠦᠵᠡᠵᠦ᠂ ᠤᠷᠤᠯᠳᠤᠭᠠᠨ ᠤ᠋ ᠨᠡᠢᠭᠡᠮ ᠤ᠋ᠨ ᠨᠦᠯᠦᠭᠡ ᠶ᠋ᠢ ᠶᠡᠬᠡ ᠪᠡᠷ ᠳᠡᠭᠡᠭᠰᠢᠯᠡᠭᠦᠯᠪᠡ᠃ 

ᠬᠤᠷᠴᠠ ᠰᠢᠷᠦᠭᠦᠨ ᠦᠷᠢᠰᠦᠯᠳᠦᠭᠡᠨ ᠢ᠋ ᠳᠠᠮᠵᠢᠭᠠᠳ ᠬᠦᠯᠦᠨ ᠪᠤᠢᠷ ᠬᠤᠳᠠ ᠶ᠋ᠢᠨ ᠲᠦᠯᠦᠭᠡᠯᠡᠭᠴᠢ ᠶ᠋ᠢᠨ ᠪᠦᠯᠬᠦᠮ ᠪᠠ ᠬᠢᠩᠭᠠᠨ ᠠᠢᠮᠠᠭ ᠤ᠋ᠨ ᠲᠦᠯᠦᠭᠡᠯᠡᠭᠴᠢ ᠶ᠋ᠢᠨ ᠪᠦᠯᠬᠦᠮ ᠲᠤᠰ ᠲᠤᠰ ᠠᠭᠤᠷᠬᠠᠢ ᠬᠡᠷᠡᠭᠯᠡᠬᠦ ᠡᠷᠬᠡ ᠶ᠋ᠢᠨ ᠵᠦᠪᠰᠢᠶᠡᠷᠡᠯ ᠪᠠ ᠭᠠᠵᠠᠷ ᠰᠢᠷᠤᠢ ᠬᠡᠷᠡᠭᠯᠡᠬᠦ ᠡᠷᠬᠡ ᠶ᠋ᠢᠨ ᠵᠦᠪᠰᠢᠶᠡᠷᠡᠯ ᠤ᠋ᠨ ᠨᠢᠭᠡᠳᠦᠭᠡᠷ ᠳᠡᠰ ᠤ᠋ᠨ ᠱᠠᠩᠨᠠᠯ ᠬᠦᠷᠳᠡᠪᠡ᠃ ᠡᠭᠦᠨ ᠡᠴᠡ ᠭᠠᠳᠠᠨ᠎ᠠ᠂ 4 ᠲᠦᠯᠦᠭᠡᠯᠡᠭᠴᠢ ᠶ᠋ᠢᠨ ᠪᠦᠯᠬᠦᠮ ᠬᠤᠶᠠᠳᠤᠭᠠᠷ ᠳᠡᠰ ᠤ᠋ᠨ ᠱᠠᠩᠨᠠᠯ ᠬᠦᠷᠳᠡᠵᠦ᠂ 6 ᠲᠦᠯᠦᠭᠡᠯᠡᠭᠴᠢ ᠶ᠋ᠢᠨ ᠪᠦᠯᠬᠦᠮ ᠭᠤᠷᠪᠠᠳᠤᠭᠠᠷ ᠳᠡᠰ ᠤ᠋ᠨ ᠱᠠᠩᠨᠠᠯ ᠬᠦᠷᠳᠡᠵᠦ᠂ 10 ᠬᠦᠮᠦᠨ ᠬᠤᠪᠢ ᠬᠦᠮᠦᠨ ᠤ᠋ ᠤᠷ᠎ᠠ ᠴᠢᠳᠠᠪᠤᠷᠢ ᠶ᠋ᠢᠨ ᠱᠠᠩᠨᠠᠯ ᠬᠦᠷᠳᠡᠵᠠᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号