ᠬᠡᠦᠬᠡᠳ ᠪᠤᠢᠵᠢᠭᠤᠯᠬᠤ ᠨᠥᠬᠥᠪᠦᠷᠢ ᠵᠢ ᠴᠠᠭ᠎ᠢ ᠠᠮᠵᠢᠨ ᠭᠤᠶᠤᠴᠢᠯᠠᠭᠠᠷᠠᠢ
2025-11-28 15:45:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 26 ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠳᠠᠳ ᠡᠮ ᠡᠮᠨᠡᠯᠭᠡ ᠵᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠰᠦᠯᠵᠢᠶ᠎ᠡ 《ᠬᠡᠦᠬᠡᠳ ᠪᠣᠢᠵᠢᠭᠤᠯᠬᠤ ᠨᠥᠬᠥᠪᠦᠷᠢ᠎ᠶᠢ ᠭᠤᠶᠤᠴᠢᠯᠠᠬᠤ ᠠᠵᠢᠯ ᠤᠳᠠᠯ ᠦᠭᠡᠢ ᠲᠠᠭᠤᠰᠤᠨ᠎ᠠ᠄ 2022 — 2024 ᠣᠨ᠎ᠤ ᠬᠤᠭᠤᠷᠤᠨᠲᠦ ᠲᠥᠷᠥᠭᠰᠡᠨ ᠬᠡᠦᠬᠡᠳ᠎ᠲᠠᠢ ᠭᠡᠷ ᠪᠦᠯᠢ ᠠᠨᠭᠬᠠᠷᠤᠯ᠎ᠳᠠᠭᠠᠨ ᠠᠪᠤᠭᠠᠷᠠᠢ》 ᠭᠡᠰᠡᠨ ᠮᠡᠳᠡᠭᠳᠡᠯ ᠨᠡᠢᠲᠡᠯᠡᠪᠡ᠂ ᠪᠤᠳᠠᠳᠠᠢ ᠠᠭᠤᠯᠭ᠎ᠠ᠎ᠨᠢ ᠳᠣᠣᠷᠠᠬᠢ ᠮᠡᠲᠦ᠄

2025 ᠣᠨ᠎ᠤ ᠬᠡᠦᠬᠡᠳ ᠪᠣᠢᠵᠢᠭᠤᠯᠬᠤ ᠨᠥᠬᠥᠪᠦᠷᠢ᠎ᠶᠢ ᠭᠤᠶᠤᠴᠢᠯᠠᠬᠤ ᠠᠵᠢᠯ ᠤᠳᠠᠯ ᠦᠭᠡᠢ ᠲᠠᠭᠤᠰᠤᠨ᠎ᠠ

2022 — 2024 ᠣᠨ᠎ᠤ ᠬᠤᠭᠤᠷᠤᠨᠲᠦ ᠲᠥᠷᠥᠭᠰᠡᠨ ᠬᠡᠦᠬᠡᠳ᠎ᠲᠠᠢ ᠬᠦᠮᠦᠰ 2025 ᠣᠨ᠎ᠤ 12 ᠰᠠᠷ᠎ᠠ᠎ᠶᠢᠨ 31 ᠎ᠦ ᠡᠳᠦᠷ᠎ᠡᠴᠡ ᠡᠮᠦᠨ᠎ᠡ ᠭᠤᠶᠤᠴᠢᠯᠠᠨ ᠮᠡᠳᠡᠭᠦᠯᠬᠦ ᠴᠢᠬᠤᠯᠠᠲᠠᠢ

ᠴᠠᠭ ᠡᠴᠡ ᠬᠤᠴᠤᠷᠪᠠᠯ ᠨᠥᠬᠥᠪᠦᠷᠢ ᠠᠪᠬᠤ ᠡᠷᠭᠡ᠎ᠪᠡᠨ ᠠᠶᠠᠨᠳᠠᠭᠠᠨ ᠲᠠᠶᠠᠭᠳᠠᠭᠰᠠᠨ᠎ᠢᠶᠠᠷ ᠦᠵᠡᠨ᠎ᠡ

ᠨᠢᠭᠡ᠂ ᠭᠤᠶᠤᠴᠢᠯᠠᠬᠤ ᠴᠠᠭ᠎ᠤᠨ ᠬᠢᠵᠠᠭᠠᠷ

(ᠨᠢᠭᠡ) 2025 ᠣᠨ᠎ᠤ 1 ᠰᠠᠷ᠎ᠠ᠎ᠶᠢᠨ 1 ᠎ᠦ ᠡᠳᠦᠷ ᠵᠢᠴᠢ ᠲᠡᠭᠦᠨ᠎ᠡᠴᠡ ᠰᠡᠭᠦᠯᠡᠷ ᠲᠥᠷᠥᠭᠰᠡᠨ ᠬᠡᠦᠬᠡᠳ

ᠠᠩᠬ᠎ᠠ ᠤᠳᠠᠭ᠎ᠠ ᠭᠤᠶᠤᠴᠢᠯᠠᠨ ᠮᠡᠳᠡᠭᠦᠯᠵᠦ ᠪᠠᠢᠭ᠎ᠠ ᠪᠤᠯ ᠨᠢᠯᠬ᠎ᠠ ᠬᠡᠦᠬᠡᠳ᠎ᠦᠨ ᠲᠥᠷᠥᠭᠰᠡᠨ ᠵᠢᠯ ᠪᠤᠶᠤ ᠳᠠᠷᠠᠭ᠎ᠠ ᠵᠢᠯ ᠳ᠋ᠦ᠍ᠨᠢ ᠭᠤᠶᠤᠴᠢᠯᠠᠵᠥ᠂ ᠳᠠᠷᠠᠭᠠᠴᠢ ᠵᠢᠨ ᠬᠣᠶᠠᠷ ᠵᠢᠯ ᠳ᠋ᠤᠨᠢ ᠲᠣᠰ ᠲᠤᠰ ᠦᠷᠭᠦᠯᠵᠢᠯᠡᠨ ᠭᠤᠶᠤᠴᠢᠯᠠᠬᠤ ᠬᠡᠷᠡᠭᠲᠡᠢ᠃ ᠵᠢᠱ᠌ᠢᠶᠡᠯᠡᠪᠡᠯ᠂ 2025 ᠣᠨ᠎ᠳᠤ ᠳᠦᠷᠦᠭᠰᠡᠨ ᠬᠡᠤᠬᠡᠳ᠂ 2025 ᠣᠨ᠎ᠳᠦ ᠪᠤᠶᠤ 2026 ᠣᠨ᠎ᠳᠤ ᠠᠩᠬ᠎ᠠ ᠤᠳᠠᠭ᠎ᠠ ᠭᠤᠶᠤᠴᠢᠯᠠᠵᠤ ᠪᠣᠯᠣᠨ᠎ᠠ᠂ ᠳᠠᠷᠠᠭᠠᠴᠢ ᠵᠢᠨ ᠬᠣᠶᠠᠷ ᠵᠢᠯ ᠳ᠋ᠤᠨᠢ ᠵᠠᠯᠭᠠᠭᠠᠳ ᠨᠦᠬᠦᠪᠦᠷᠢ ᠠᠪᠬᠤ᠎ᠪᠠᠷ ᠭᠤᠶᠤᠴᠢᠯᠠᠵᠤ ᠪᠣᠯᠣᠨ᠎ᠠ᠃

(ᠬᠣᠶᠠᠷ) 2025 ᠣᠨ᠎ᠤ 1 ᠰᠠᠷ᠎ᠠ᠎ᠶᠢᠨ 1 ᠎ᠦ ᠡᠳᠦᠷ᠎ᠡᠴᠡ ᠡᠮᠦᠨ᠎ᠡ ᠲᠥᠷᠥᠭᠰᠡᠨ ᠬᠡᠦᠬᠡᠳ

2022 ᠣᠨ᠎ᠳᠤ ᠲᠥᠷᠥᠭᠰᠡᠨ ᠬᠡᠦᠬᠡᠳ᠄ ᠨᠢᠭᠡ ᠤᠳᠠᠭᠠᠨ᠎ᠤ ᠨᠥᠬᠥᠪᠦᠷᠢ ᠭᠤᠶᠤᠴᠢᠯᠠᠨ ᠠᠪᠴᠤ ᠪᠣᠯᠣᠨ᠎ᠠ᠂ ᠡᠷᠬᠡᠪᠰᠢ 2025 ᠣᠨ᠎ᠳᠤ ᠭᠤᠶᠤᠴᠢᠯᠠᠵᠤ᠂ 2025 ᠣᠨ᠎ᠤ 12 ᠰᠠᠷ᠎ᠠ᠎ᠶᠢᠨ 31᠎ᠦ ᠡᠳᠦᠷ ᠳᠠᠭᠤᠰᠤᠨ᠎ᠠ᠃

2023 ᠣᠨ᠎ᠳᠤ ᠲᠥᠷᠥᠭᠰᠡᠨ ᠬᠡᠦᠬᠡᠳ᠄ 2 ᠤᠳᠠᠭ᠎ᠠ᠎ᠶᠢᠨ ᠨᠥᠬᠥᠪᠦᠷᠢ ᠭᠤᠶᠤᠴᠢᠯᠠᠨ ᠠᠪᠴᠤ ᠪᠣᠯᠣᠨ᠎ᠠ᠂ ᠲᠣᠰ ᠲᠤᠰ 2025 ᠣᠨ ᠪᠠ 2026 ᠣᠨ᠎ᠳᠤ ᠭᠤᠶᠤᠴᠢᠯᠠᠨ᠎ᠠ᠃ 2025 ᠣᠨ᠎ᠤ ᠭᠤᠶᠤᠴᠢᠯᠠᠬᠤ ᠴᠠᠭ ᠨᠢ 2025 ᠣᠨ᠎ᠤ 12 ᠰᠠᠷ᠎ᠠ᠎ᠶᠢᠨ 31 ᠎ᠦ ᠡᠳᠦᠷ ᠳᠠᠭᠤᠰᠤᠨ᠎ᠠ᠂ 2026 ᠣᠨ᠎ᠳᠤ ᠲᠣᠰ ᠵᠢᠯ᠎ᠦᠨ ᠲᠣᠭᠲᠠᠭᠰᠠᠨ ᠴᠠᠭ᠎ᠤᠨ ᠳᠣᠲᠣᠷ᠎ᠠ ᠭᠤᠶᠤᠴᠢᠯᠠᠬᠤ ᠬᠡᠷᠡᠭᠲᠡᠢ᠃

2024 ᠣᠨ᠎ᠳᠤ ᠲᠥᠷᠥᠭᠰᠡᠨ ᠬᠡᠦᠬᠡᠳ᠄ 3 ᠤᠳᠠᠭᠠᠨ᠎ᠤ ᠨᠥᠬᠥᠪᠦᠷᠢ ᠭᠤᠶᠤᠴᠢᠯᠠᠨ ᠠᠪᠴᠤ ᠪᠣᠯᠣᠨ᠎ᠠ᠂ ᠲᠣᠰ ᠲᠤᠰ 2025 ᠣᠨ᠂ 2026 ᠣᠨ ᠪᠠ 2027 ᠣᠨ᠎ᠳᠤ ᠭᠤᠶᠤᠴᠢᠯᠠᠨ᠎ᠠ᠃ 2025 ᠣᠨ᠎ᠤ ᠭᠤᠶᠤᠴᠢᠯᠠᠬᠤ ᠴᠠᠭ ᠨᠢ 2025 ᠣᠨ᠎ᠤ 12 ᠰᠠᠷ᠎ᠠ᠎ᠶᠢᠨ 31 ᠎ᠦ ᠡᠳᠦᠷ ᠳᠠᠭᠤᠰᠴᠤ᠂ 2026 ᠣᠨ ᠪᠠ 2027 ᠣᠨ᠎ᠳᠤ ᠲᠤᠬᠠᠢ᠎ᠶᠢᠨ ᠵᠢᠯ᠎ᠦᠨ ᠲᠣᠭᠲᠠᠭᠰᠠᠨ ᠴᠠᠭ᠎ᠤᠨ ᠳᠣᠲᠣᠷ᠎ᠠ ᠭᠤᠶᠤᠴᠢᠯᠠᠬᠤ ᠬᠡᠷᠡᠭᠲᠡᠢ᠃

ᠬᠣᠶᠠᠷ᠂ ᠭᠤᠶᠤᠴᠢᠯᠠᠬᠤ ᠠᠷᠭ᠎ᠠ ᠵᠠᠮ

ᡁᠢ ᠹᠦ ᠪᠦᠦ ᠪᠤᠶᠤ ᠵᠢᠷᠭᠢᠶ᠎ᠡ ᠵᠢᠨ ᠲᠠᠪᠴᠠᠩ᠎ᠢᠶᠠᠷ ᠳᠠᠮᠵᠢᠭᠤᠯᠤᠨ 《ᠬᠡᠦᠬᠡᠳ ᠪᠣᠢᠵᠢᠭᠤᠯᠬᠤ ᠨᠥᠬᠥᠪᠦᠷᠢ》 ᠵᠢᠵᠢᠭ ᠫᠷᠣᠭ᠌ᠷᠠᠮ᠎ᠢ ᠬᠠᠢᠬᠤ ᠪᠤᠶᠤ  《ᠮᠥᠩᠬᠡ ᠰᠤᠪᠠᠭ》 APP᠎ᠵᠢᠡᠷ ᠳᠠᠮᠵᠢᠭᠤᠯᠤᠨ ᠬᠡᠦᠬᠡᠳ ᠪᠣᠢᠵᠢᠭᠤᠯᠬᠤ ᠨᠥᠬᠥᠪᠦᠷᠢ ᠭᠤᠶᠤᠴᠢᠯᠠᠨ ᠠᠪᠬᠤ ᠲᠤᠰᠬᠠᠢ ᠲᠣᠭᠣᠷᠢᠭ᠋᠎ᠲᠤ ᠣᠷᠣᠵᠤ᠂ 《ᠬᠡᠦᠬᠡᠳ ᠪᠣᠢᠵᠢᠭᠤᠯᠬᠤ ᠨᠥᠬᠥᠪᠦᠷᠢ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ》 ᠳ᠋ᠤ ᠤᠷᠤᠵᠦ ᠭᠤᠶᠤᠴᠢᠯᠠᠨ᠎ᠠ᠃

ᠭᠤᠶᠤᠴᠢᠯᠠᠭᠴᠢ ᠨᠢ ᠬᠡᠦᠬᠡᠳ᠎ᠦᠨ ᠠᠰᠠᠷᠠᠮᠵᠢ᠎ᠶᠢᠨ ᠪᠠᠢᠭᠤᠯᠤᠮᠵᠢ ᠪᠠᠢᠪᠠᠯ᠂ ᠪᠠᠢᠭᠤᠯᠤᠮᠵᠢ ᠎ᠶᠢᠨ ᠳᠠᠩᠰᠠᠯᠠᠭᠤᠯᠤᠭᠰᠠᠨ ᠭᠠᠵᠠᠷ᠎ᠤᠨ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠲᠤᠬᠠᠢ᠎ᠶᠢᠨ ᠲᠠᠯᠠᠪᠠᠶ᠎ᠳᠤ ᠣᠴᠢᠵᠤ ᠭᠤᠶᠤᠴᠢᠯᠠᠬᠤ ᠬᠡᠷᠡᠭᠲᠡᠢ᠃

ᠭᠤᠷᠪᠠ᠂ ᠣᠨᠴᠠ ᠰᠠᠨᠠᠭᠤᠯᠤᠮᠵᠢ

2025 ᠣᠨ᠎ᠳᠤ ᠭᠤᠶᠤᠴᠢᠯᠠᠬᠤ ᠴᠠᠭ ᠰᠠᠷ᠎ᠠ ᠭᠠᠷᠤᠢ ᠯᠡ ᠬᠤᠭᠤᠴᠠᠭ᠎ᠠ ᠦᠯᠡᠳᠡᠵᠦ ᠪᠠᠢᠨ᠎ᠠ᠂ 2022 — 2024 ᠣᠨ᠎ᠳᠤ ᠲᠥᠷᠥᠭᠰᠡᠨ ᠬᠡᠦᠬᠡᠳ ᠲᠤ᠌᠎ᠴᠠᠭ ᠢ᠋ ᠠᠮᠵᠢᠨ ᠭᠤᠶᠤᠴᠢᠯᠠᠵᠤ ᠦᠭᠬᠦ ᠦᠭᠡᠢ ᠪᠣᠯ ᠨᠥᠬᠥᠪᠦᠷᠢ ᠪᠠᠨ ᠳᠤᠲᠠᠭᠤ ᠨᠢᠭᠡ ᠤᠳᠠᠭ᠎ᠠ ᠤᠯᠤᠨ᠎ᠠ; 2025 ᠣᠨ᠎ᠤ 1 ᠰᠠᠷ᠎ᠠ᠎ᠶᠢᠨ 1᠎ᠦ ᠡᠳᠦᠷ᠎ᠡᠴᠡ ᠰᠡᠭᠦᠯᠡᠷ ᠲᠥᠷᠥᠭᠰᠡᠨ ᠬᠡᠦᠬᠡᠳ᠎ᠢ ᠭᠡᠷ᠎ᠦᠨ ᠠᠬᠠᠮᠠᠳ ᠨᠢ ᠬᠡᠳᠦᠢᠪᠡᠷ 2025 — 2027 ᠣᠨ᠎ᠳᠤ ᠱᠠᠲᠤ ᠬᠤᠪᠢᠶᠠᠨ ᠭᠤᠶᠤᠴᠢᠯᠠᠵᠤ ᠪᠣᠯᠬᠤ ᠪᠤᠯᠪᠠᠴᠦ᠂ ᠬᠡᠦᠬᠡᠳ ᠲᠥᠷᠥᠭᠰᠡᠨ᠎ᠦ ᠳᠠᠷᠠᠭᠠᠬᠢ ᠭᠤᠷᠪᠠᠨ ᠰᠠᠷ᠎ᠠ᠎ᠶᠢᠨ ᠳᠣᠲᠣᠷ᠎ᠠ ᠳᠡᠩᠰᠡᠯᠡᠭᠤᠯᠵᠦ᠂ ᠲᠥᠷᠥ᠎ᠶᠢᠨ ᠪᠣᠳᠣᠯᠭ᠎ᠠ᠎ᠶᠢᠨ ᠠᠰᠢᠭ᠋᠎ᠢ ᠭᠦᠢᠴᠡᠳ ᠭᠥᠷᠳᠡᠬᠦ᠎ᠶᠢ ᠰᠠᠨᠠᠭᠤᠯᠵᠤ ᠪᠠᠢᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ

             ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠤ᠋ᠨ ᠠᠯᠪᠠᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号