11 ᠰᠠᠷ᠎ᠠ᠎ᠶ᠋ᠢᠨ 26 ᠡᠴᠡ 27᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶ᠋ᠢᠨ ᠲᠢᠩᠬᠢᠮ ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠰᠤᠷᠭᠠᠨ ᠬᠥᠮᠦᠵᠢᠯ ᠦᠨ ᠠᠵᠢᠯ ᠤᠨ ᠬᠤᠷᠢᠶ᠎ᠠ᠎ᠵᠢᠨ ᠱᠦᠵᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠳᠠᠷᠤᠭ᠎ᠠ ᠳ᠋ᠦ᠋ ᠬᠣᠶ ᠯᠢᠶᠠᠩ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠣᠯᠭᠣᠭ᠍ᠰᠠᠨ ᠰᠤᠷᠭᠠᠨ ᠬᠥᠮᠦᠵᠢᠯ᠎ᠦᠨ ᠡᠭᠦᠷᠭᠡ ᠬᠠᠷᠢᠭᠤᠴᠠᠯᠭ᠎ᠠ᠎ᠶ᠋ᠢ ᠪᠦᠷᠢᠨ ᠪᠦᠲᠦᠨ ᠣᠨᠣᠪᠴᠢᠲᠠᠶ ᠤᠢᠯᠠᠭᠠᠨ ᠡᠵᠡᠮᠱᠢᠬᠦ᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠡᠳᠭᠢᠴᠡ ᠠᠷᠭ᠎ᠠ ᠬᠡᠮᠵᠢᠶ᠎ᠡ ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠡᠷᠭᠡ ᠲᠠᠯ᠎ᠡ ᠪᠡᠷ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠪᠠ᠃ ᠬᠤᠷᠠᠯ᠎ᠨᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠳᠦ ᠭᠤᠤᠯ ᠬᠤᠷᠠᠯ᠎ᠤᠨ ᠲᠠᠯᠠᠪᠠᠶ ᠭᠠᠷᠭᠠᠵᠤ᠂ ᠡᠯ᠎ᠡ ᠠᠢᠮᠠᠭ ᠬᠣᠲᠠ᠂ ᠡᠯ᠎ᠡ ᠶᠡᠬᠡ ᠳᠡᠭᠡᠳᠦ ᠰᠤᠷᠭᠠᠭᠤᠯᠢ᠎ᠳᠤ ᠬᠤᠪᠢᠶᠠᠷᠢ ᠬᠤᠷᠠᠯ᠎ᠤᠨ ᠲᠠᠯᠠᠪᠠᠶ ᠭᠠᠷᠭᠠᠪᠠ᠃ ᠲᠤᠬᠠᠶ᠎ᠶ᠋ᠢᠨ ᠡᠳᠦᠷ᠂ ᠳ᠋ᠦ᠋ ᠬᠣᠶ ᠯᠢᠶᠠᠩ ᠪᠠᠰᠠ ᠥᠪᠥᠷ ᠮᠣᠩᠭᠣᠯ᠎ᠤᠨ ᠡᠳ᠋ ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠠᠭ᠍ᠰᠢ ᠰᠤᠷᠤᠭ᠍ᠴᠢᠳ᠎ᠲᠠᠶ ᠰᠠᠨᠠᠯ᠎ᠢᠶᠠᠨ ᠰᠣᠯᠢᠯᠴᠠᠪᠠ᠃
ᠤᠬᠠᠭᠤᠯᠤᠨ ᠲᠠᠢᠯᠪᠤᠷᠢᠯᠠᠯᠲᠠ ᠨᠢ ᠤᠨᠤᠯ᠎ᠡᠴᠡ ᠦᠢᠯᠡᠳᠦᠯᠭᠡ ᠬᠦᠷᠲᠡᠯ᠎ᠡ᠂ ᠱᠠᠳᠤ ᠱᠠᠳᠤ᠎ᠪᠠᠷ ᠠᠬᠢᠵᠤ᠂ ᠤᠨᠤᠯ᠎ᠤᠨ ᠲᠠᠯ᠎ᠠ᠎ᠪᠠᠷ ᠬᠢ ᠭᠦᠨᠵᠡᠭᠡᠢ ᠲᠠᠢᠯᠪᠤᠷᠢᠯᠠᠯᠲᠠ ᠲᠠᠢ ᠪᠥᠭᠡᠳ ᠦᠢᠯᠡᠳᠦᠯᠭᠡ᠎ᠶ᠋ᠢᠨ ᠳᠤᠮᠳᠠᠬᠢ ᠣᠨᠣᠪᠴᠢᠲᠠᠢ ᠵᠠᠳᠠᠯᠤᠯᠲᠠ ᠪᠠᠢᠵᠤ᠂ ᠵᠢᠯᠣᠭᠣᠳᠭᠤ ᠠᠴᠢ ᠬᠣᠯᠪᠣᠭ᠍ᠳᠠᠯ᠎ᠢᠶᠠᠷ ᠴᠢᠩᠭ᠎ᠠ ᠪᠤᠯᠵᠠᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠭᠠᠵᠠᠷ ᠤᠨ ᠳᠠᠷᠤᠭ᠎ᠠ ᠯᠢᠦ ᠱᠢᠩ ᠴᠧᠩ᠄《ᠪᠦᠬᠦᠳᠡ ᠬᠤᠷᠠᠯ᠎ᠡᠴᠡ ᠢᠷᠡᠬᠥ ᠲᠠᠪᠤᠨ ᠵᠢᠯ᠎ᠦᠨ ᠰᠤᠷᠭᠠᠨ ᠬᠥᠮᠦᠵᠢᠯ᠎ᠦᠨ ᠬᠦᠴᠦᠷᠬᠡᠭ ᠤᠯᠤᠰ ᠪᠣᠯᠤᠨ ᠰᠤᠷᠭᠠᠨ ᠬᠥᠮᠦᠵᠢᠯ᠎ᠦᠨ ᠬᠦᠴᠦᠷᠬᠡᠭ ᠣᠷᠣᠨ᠎ᠤ ᠪᠦᠳᠦᠬᠡᠨ ᠪᠠᠢᠭᠤᠯᠤᠯᠲᠠ᠎ᠳᠤ ᠠᠤᠭ᠎ᠠ ᠲᠥᠰᠦᠪ᠎ᠢ ᠵᠢᠷᠤᠭ᠍ᠯᠠᠵᠤ ᠥᠭ᠌ᠴᠡᠢ᠂ ᠪᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ 〈ᠠᠷᠪᠠᠨ ᠲᠠᠪᠤᠳᠤᠭᠠᠷ ᠲᠠᠪᠤᠨ ᠵᠢᠯ 〉 ᠤ᠋ᠨ ᠰᠤᠷᠭᠠᠨ ᠬᠥᠮᠦᠵᠢᠯ᠎ᠦᠨ ᠦᠢᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠤᠭᠤᠷᠪᠢᠬᠤ ᠠᠵᠢᠯ᠎ᠢ ᠴᠢᠨᠠᠷ ᠰᠠᠢᠲᠠᠢ ᠰᠠᠢᠲᠤᠷ ᠬᠢᠨ᠎ᠠ᠃ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠂ ᠠᠷᠠᠳ ᠲᠦᠮᠡᠨ᠎ᠢ ᠳᠡᠭᠡᠳᠦᠯᠡᠬᠦ᠌᠂ ᠱᠢᠰᠲ᠋ᠧᠮ᠎ᠤᠨ ᠰᠡᠳᠭᠢᠬᠦᠶ᠎ᠲᠡᠶ ᠪᠠᠢᠬᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠂ ᠪᠣᠳᠠᠲᠠᠶ᠎ᠶ᠋ᠢ ᠡᠷᠬᠢᠮᠯᠡᠨ ᠪᠦᠳᠦᠮᠵᠢᠳᠠᠢ ᠪᠠᠢᠬᠤ᠎ᠶ᠋ᠢ ᠪᠠᠷᠢᠮᠲᠠᠯᠠᠵᠤ᠂ ᠮᠠᠨ᠎ᠤ ᠣᠷᠣᠨ᠎ᠤ ᠬᠥᠭ᠌ᠵᠢᠯᠲᠡ᠎ᠶ᠋ᠢᠨ ᠰᠠᠭᠤᠷᠢ᠂ ᠲᠤᠯᠭᠠᠷᠠᠵᠤ ᠪᠠᠢᠭ᠎ᠠ ᠪᠠᠢᠳᠠᠯ᠂ ᠬᠠᠷᠠᠯᠲᠠ᠎ᠶ᠋ᠢᠨ ᠪᠠᠢᠷᠢ ᠲᠣᠭ᠍ᠲᠠᠭᠠᠯᠲᠠ᠂ ᠡᠬᠢ ᠪᠠᠶᠠᠯᠢᠭ᠎ᠤᠨ ᠲᠠᠪᠠᠭᠤᠯᠢᠭ᠎ᠢ ᠪᠥᠬᠥ᠌ ᠲᠠᠯ᠎ᠠ᠎ᠪᠠᠷ ᠵᠠᠳᠠᠯᠤᠨ ᠰᠤᠳᠤᠯᠤᠨ ᠮᠠᠭᠠᠳᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ᠂ ᠬᠥᠭ᠌ᠵᠢᠯᠲᠡ᠎ᠶ᠋ᠢᠨ ᠬᠠᠷᠠᠯᠲᠠ᠎ᠶ᠋ᠢ ᠵᠦᠶ ᠵᠣᠬᠢᠰᠲᠠᠶ ᠲᠣᠭ᠍ᠲᠠᠭᠠᠵᠤ᠂ ᠴᠢᠬᠤᠯᠠ ᠶᠡᠬᠡ ᠲᠥᠷᠥᠯ ᠵᠦᠶ᠋ᠯ ᠪᠠ ᠡᠯ᠎ᠡ ᠵᠦᠶ᠋ᠯ᠎ᠦᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠭᠠᠨ ᠬᠥᠮᠦᠵᠢᠯ᠎ᠦᠨ ᠬᠦᠷᠢᠶᠡᠨ᠎ᠳᠦ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠲᠥᠯᠥᠪᠵᠢᠭᠦᠯᠭᠡ᠎ᠶ᠋ᠢᠨ ᠲᠤᠯᠭᠠᠭᠤᠷᠢᠯᠠᠯ ᠬᠠᠩᠭᠠᠨ᠎ᠠ》 ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠷᠠᠳᠢᠣ᠋ ᠲᠧᠯᠸᠢᠰ᠎ᠦᠨ ᠲᠣᠪᠴᠢᠶ᠎ᠠ᠎ᠶ᠋ᠢᠨ ᠳᠠᠷᠤᠭ᠎ᠠ ᠵᠠᠩ ᠢ ᠮᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠭᠤᠷᠪᠠᠨ ᠲᠠᠯ᠎ᠠ᠎ᠡᠴᠡ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃
ᠮᠡᠳᠡᠭᠦᠯᠦᠯᠲᠡ᠎ᠶ᠋ᠢᠨ ᠭᠤᠤᠯᠳᠠᠯᠭ᠎ᠠ ᠨᠢ ᠲᠣᠳᠣᠷᠬᠠᠶ᠂ ᠥᠭᠦᠯᠡᠯᠲᠡ ᠭᠦᠨ ᠭᠦᠨᠵᠡᠭᠡᠶ ᠪᠠᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠣᠳᠭᠤ ᠴᠢᠨᠠᠷ ᠲᠠᠢᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠲᠤᠰᠭᠠᠶ ᠲᠤᠱᠢᠶᠠᠯᠲᠤ ᠳᠡᠳ᠋ ᠱᠦᠵᠢ ᠱᠢᠤᠸᠠᠢ ᠵᠢᠶᠧ᠄ 《ᠪᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠨᠠᠷᠢᠨ ᠬᠢᠨᠠᠮᠠᠭᠠᠶ ᠱᠢᠩᠭᠡᠭᠡᠨ ᠠᠪᠴᠤ᠌᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠭᠦᠨᠵᠡᠭᠡᠶ ᠠᠵᠢᠯᠯᠠᠵᠤ ᠨᠠᠷᠢᠨ ᠨᠢᠮᠪᠠᠶ ᠠᠵᠢᠯᠯᠠᠵᠤ᠂ 〈ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ〉 ᠬᠠᠷᠢᠭᠤᠴᠠᠯᠭ᠎ᠠ ᠡᠭᠦᠷᠭᠡᠯᠡᠯ᠎ᠢᠶᠡᠷ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠭᠠᠷᠳᠠᠬᠤ ᠴᠡᠭ ᠪᠠ ᠱᠢᠪᠲᠤᠯᠤᠯᠲᠠ᠎ᠶ᠋ᠢᠨ ᠴᠡᠭ᠎ᠢ ᠣᠨᠣᠪᠴᠢᠲᠠᠶ ᠣᠯᠵᠤ᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠶ᠋ᠢ ᠰᠠᠢᠲᠤᠷ ᠪᠥᠲᠥᠭᠡᠨ ᠪᠠᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃