10 ᠰᠠᠷ᠎ᠠ ᠵᠢᠨ 24 ᠤ᠋ ᠡᠳᠦᠷ᠂ ᠤᠯᠠᠭᠠᠨᠬᠠᠳᠠ ᠬᠣᠲᠠ ᠵᠢᠨ ᠠᠷᠤ ᠬᠣᠷᠴᠢᠨ ᠬᠣᠱᠢᠭᠤᠨ ᠤ᠋ ᠱᠢᠨ ᠮᠢᠨ ᠱᠢᠶᠠᠩ ᠤ᠋ᠨ ᠠᠤᠬᠠᠨ ᠶᠢᠩᠽᠢ ᠲᠣᠰᠭᠣᠨ ᠤ᠋ 《ᠠᠨᠠᠷ ᠤ᠋ᠨ ᠵᠢᠵᠢᠭ ᠬᠦᠷᠢᠶ᠎ᠡ》 ᠳ᠋ᠤ᠂ ᠲᠣᠰᠭᠣᠨ ᠤ᠋ ᠠᠷᠠᠳ ᠤ᠋ᠳ ᠬᠦᠷᠢᠶᠡᠯᠡᠨ ᠰᠠᠭᠤᠵᠤ᠂ ᠠᠬᠠᠮᠠᠳ ᠨᠠᠮ ᠤ᠋ᠨ ᠭᠡᠱᠢᠭᠦᠨ ᠯᠢ ᠰᠢ ᠸᠸᠨ ᠤ᠋ ᠵᠠᠯᠠᠭᠤᠳᠠᠭᠠᠨ ᠦᠶ᠋ᠯᠡᠳᠪᠦᠷᠢᠯᠡᠯ ᠤ᠋ᠨ ᠪᠠᠷᠢᠭᠠᠳᠠ ᠵᠢᠨ ᠳᠠᠷᠤᠭ᠎ᠠ ᠵᠢᠨ ᠬᠤᠪᠢ ᠪᠡᠷ ᠪᠥᠬᠥ᠌ ᠲᠣᠰᠭᠣᠨ ᠤ᠋ ᠦᠨᠳᠦᠰᠦᠲᠡᠨᠨᠦᠭᠦᠳ ᠤ᠋ᠨ ᠣᠯᠠᠨ ᠲᠦᠮᠡᠨ ᠢ᠋ ᠳᠠᠭᠠᠭᠤᠯᠤᠨ ᠰᠡᠳᠭᠢᠯ ᠨᠢᠭᠡᠳᠦᠨ ᠬᠦᠴᠦ ᠪᠡᠨ ᠬᠠᠮᠲᠤᠳᠭᠠᠵᠤ ᠦᠶ᠋ᠯᠡᠳᠪᠦᠷᠢᠯᠡᠯ ᠢ᠋ ᠠᠳᠭᠤᠭ᠍ᠰᠠᠨ ᠥᠯᠢᠭᠡᠷ ᠢ᠋ ᠴᠢᠬᠢ ᠲᠠᠯᠪᠢᠨ ᠰᠤᠨᠤᠰᠴᠠᠭᠠᠨᠠ᠃
《ᠪᠦᠯᠬᠦᠮᠳᠡᠯ ᠪᠣᠯ ᠬᠦᠴᠦᠨ ᠮᠥᠨ᠂ ᠮᠠᠨ ᠤ᠋ ᠲᠣᠰᠭᠣᠨ ᠤ᠋ ᠬᠥᠮᠦᠰ ᠴᠥᠮ ᠬᠠᠷᠢᠯᠴᠠᠨ ᠬᠠᠪᠰᠤᠷᠤᠯᠴᠠᠵᠤ᠂ ᠪᠠᠰᠠ ᠦᠷᠭᠦᠯᠵᠢ ᠵᠢᠵᠢᠭ ᠬᠦᠷᠢᠶ᠎ᠡ ᠳ᠋ᠤ ᠨᠠᠮ ᠤ᠋ᠨ ᠲᠥᠷᠥ ᠵᠢᠨ ᠪᠣᠳᠣᠯᠭ᠎ᠠ ᠶ᠋ᠢ ᠰᠤᠷᠤᠯᠴᠠᠳᠠᠭ᠂ ᠬᠤᠪᠢᠰᠬᠠᠯ ᠤ᠋ᠨ ᠥᠩᠭᠡ ᠪᠣᠯ ᠮᠠᠨ ᠤ᠋ ᠪᠥᠬᠥ᠌ ᠲᠣᠰᠭᠣᠨ ᠤ᠋ ᠥᠩᠭᠡ ᠪᠣᠯᠤᠨ᠎ᠠ》 ᠭᠡᠵᠦ᠍ ᠲᠣᠰᠭᠣᠨ ᠤ᠋ ᠠᠷᠠᠳ ᠫᠠᠨ ᠢᠦᠢ ᠱᠢᠨ ᠬᠡᠯᠡᠪᠡ᠃
ᠡᠨᠡ ᠬᠦ᠌ ᠦᠵᠡᠭ᠌ᠳᠡᠯ ᠪᠣᠯ ᠤᠯᠠᠭᠠᠨᠬᠠᠳᠠ ᠬᠤᠳᠠ ᠵᠢᠨ ᠬᠠᠷᠢᠯᠴᠠᠨ ᠨᠢᠭᠡᠳᠴᠤ ᠬᠠᠮᠲᠤ ᠪᠡᠷ ᠠᠭᠤᠰᠤᠯᠴᠠᠬᠤ ᠶ᠋ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠤ᠋ᠨ ᠨᠢᠭ᠍ᠲᠠᠷᠠᠯ ᠤ᠋ᠨ ᠬᠦᠴᠦᠨ ᠢ᠋ ᠪᠠᠲᠤ ᠴᠤᠭᠴᠠᠯᠠᠵᠦ ᠪᠠᠢᠭ᠎ᠠ ᠬᠤᠷᠢᠶᠠᠩᠭᠤᠢ ᠳᠦᠷᠰᠦ ᠪᠣᠯᠤᠨ᠎ᠠ᠃ 2023 ᠣᠨᠳᠤ᠂ ᠠᠷᠤ ᠬᠣᠷᠴᠢᠨ ᠬᠣᠱᠢᠭᠤ 《ᠠᠷᠤ ᠬᠣᠷᠴᠢᠨ ᠬᠣᠱᠢᠭᠤᠨ ᠤ᠋ ᠵᠢᠵᠢᠭ ᠬᠦᠷᠢᠶ᠎ᠡ》 ᠶ᠋ᠢᠨ ᠪᠥᠲᠥᠭᠡᠨ ᠪᠠᠢᠭᠤᠯᠤᠯᠲᠠ ᠵᠢᠨ ᠠᠵᠢᠯᠯᠠᠭ᠎ᠠ ᠶ᠋ᠢ ᠱᠢᠨ᠎ᠡ ᠶ᠋ᠢ ᠡᠭᠦᠳᠦᠨ ᠥᠷᠨᠢᠭᠦᠯᠵᠦ᠍᠂ ᠬᠡᠷ ᠪᠦᠯᠢ ᠵᠢᠨ ᠵᠢᠵᠢᠭ ᠬᠦᠷᠢᠶ᠎ᠡ᠂ ᠨᠡᠢᠭᠡᠮ ᠲᠣᠭᠣᠷᠢᠭ ᠤ᠋ᠨ ᠵᠢᠵᠢᠭ ᠲᠣᠭᠣᠷᠢᠭ ᠵᠢᠡᠷ ᠦᠨᠳᠦᠰᠦᠨ ᠨᠢᠭᠡᠴᠢ ᠪᠣᠯᠭᠠᠨ᠂ ᠭᠠᠵᠠᠷ ᠣᠷᠣᠨ ᠤ᠋ ᠪᠠᠢᠳᠠᠯᠳᠠᠭᠠᠨ ᠳᠣᠭᠢᠷᠠᠭᠤᠯᠤᠨ 《ᠬᠤᠪᠢᠰᠭᠠᠯᠲᠤ᠂ ᠡᠶ᠎ᠡ ᠵᠣᠬᠢᠴᠠᠩᠭᠤᠶ᠂ ᠬᠥᠭ᠌ᠵᠢᠨ ᠮᠠᠨᠳᠤᠬᠤ᠂ ᠠᠨᠠᠷ》 ᠳᠥᠷᠪᠡᠨ ᠲᠥᠷᠥᠯ ᠤ᠋ᠨ ᠤᠨᠴᠠᠯᠢᠭ᠍ᠳᠤ 《ᠠᠷᠤ ᠬᠣᠷᠴᠢᠨ ᠬᠣᠱᠢᠭᠤᠨ ᠤ᠋ ᠵᠢᠵᠢᠭ ᠬᠦᠷᠢᠶ᠎ᠡ》 ᠶ᠋ᠢ ᠪᠠᠢᠭᠤᠯᠤᠬᠰᠠᠨᠢᠶᠡᠷ᠂ ᠨᠠᠮ ᠤ᠋ᠨ ᠲᠥᠷᠥ ᠵᠢᠨ ᠪᠣᠳᠣᠯᠭ᠎ᠠ ᠶ᠋ᠢ ᠤᠬᠠᠭᠤᠯᠬᠤ᠂ ᠠᠵᠤ ᠦᠶ᠋ᠯᠡᠰ ᠢ᠋ ᠬᠥᠭ᠌ᠵᠢᠭᠦᠯᠬᠦ᠌᠂ ᠵᠥᠷᠢᠴᠡᠯ ᠢ᠋ ᠡᠶᠡᠳᠡᠭᠦᠯᠬᠦ᠌᠂ ᠪᠦᠯᠬᠦᠮᠳᠡᠯ ᠳᠠᠪᠱᠢᠯᠲᠠ ᠶ᠋ᠢ ᠠᠬᠢᠭᠤᠯᠬᠤ 《ᠪᠢᠴᠢᠯ ᠪᠡᠬᠢᠯᠡᠯᠲᠡ》 ᠪᠣᠯᠪᠠ᠃
ᠣᠢᠷ᠎ᠠ ᠵᠢᠨ ᠵᠢᠯ ᠡᠴᠡ ᠨᠠᠭᠠᠰᠢ᠂ ᠤᠯᠠᠭᠠᠨᠬᠠᠳᠠ ᠬᠣᠲᠠ ᠶᠡᠷᠦᠩᠬᠡᠶ ᠱᠦᠵᠢ ᠰᠢ ᠵᠢᠨ ᠫᠢᠩ ᠤ᠋ᠨ ᠦᠨᠳᠦᠰᠦᠲᠡᠨ ᠤ᠋ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ ᠤ᠋ ᠠᠵᠢᠯ ᠤ᠋ᠨ ᠲᠤᠬᠠᠶ ᠨᠠᠮ ᠤ᠋ᠨ ᠲᠥᠪ ᠬᠤᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠠᠵᠢᠯ ᠤ᠋ᠨ ᠱᠠᠭᠠᠷᠳᠠᠯᠭ᠎ᠠ ᠶ᠋ᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠤᠨ᠂ 《ᠤᠯᠤᠰ ᠲᠥᠷᠥᠪᠡᠷ ᠬᠥᠲᠥᠯᠥᠨ ᠳᠠᠭᠠᠭᠤᠯᠬᠤ᠂ ᠦᠵᠡᠯ ᠰᠠᠨᠠᠭ᠎ᠠ ᠶ᠋ᠢ ᠨᠢᠭ᠍ᠲᠠᠷᠠᠭᠤᠯᠬᠤ᠂ ᠬᠥᠭ᠌ᠵᠢᠯᠲᠡ ᠳ᠋ᠤ ᠬᠦᠴᠦᠨ ᠣᠯᠭᠣᠬᠤ᠂ ᠬᠠᠷᠢᠯᠴᠠᠨ ᠨᠢᠭᠡᠳᠴᠤ ᠬᠠᠮᠲᠤ ᠪᠡᠷ ᠠᠭᠤᠰᠤᠯᠴᠠᠬᠤ》 ᠳᠥᠷᠪᠡᠨ ᠲᠠᠯ᠎ᠠ ᠪᠡᠷ ᠬᠦᠴᠦᠯᠡᠬᠦ᠌ ᠴᠡᠭ ᠪᠣᠯᠭᠠᠵᠤ᠂ ᠲᠥᠪ ᠶᠣᠰᠣ ᠶ᠋ᠢ ᠪᠠᠷᠢᠮᠲᠠᠯᠠᠨ ᠱᠢᠨ᠎ᠡ ᠶ᠋ᠢ ᠡᠭᠦᠳᠴᠦ᠍᠂ ᠳᠠᠪᠠᠭᠤᠯᠢᠭ ᠵᠢᠡᠨ ᠪᠠᠳᠠᠷᠠᠭᠤᠯᠤᠨ ᠬᠦᠴᠦᠨ ᠵᠢᠡᠨ ᠨᠢᠭ᠍ᠲᠠᠷᠠᠭᠤᠯᠵᠤ᠂ ᠤᠯᠠᠭᠠᠨᠬᠠᠳᠠ ᠵᠢᠨ ᠣᠨᠴᠠᠯᠢᠭ ᠪᠥᠬᠥᠶ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠦᠶ᠋ᠯᠡᠳᠦᠯᠭᠡ ᠵᠢᠨ ᠠᠷᠭ᠎ᠠ ᠵᠠᠮ ᠢ᠋ ᠰᠦᠪᠡᠭ᠌ᠴᠢᠯᠡᠨ ᠪᠦᠷᠢᠯᠳᠦᠭᠦᠯᠪᠡ᠃
ᠤᠯᠠᠭᠠᠨᠬᠠᠳᠠ ᠬᠣᠲᠠ ᠬᠠᠷᠢᠯᠴᠠᠨ ᠨᠢᠭᠡᠳᠴᠤ ᠬᠠᠮᠲᠤ ᠪᠡᠷ ᠠᠭᠤᠰᠤᠯᠴᠠᠬᠤ ᠶ᠋ᠢ ᠪᠠᠷᠢᠮᠲᠠᠯᠠᠵᠤ᠂ 《ᠬᠠᠤᠯᠢᠵᠢᠯ ᠤ᠋ᠨ ᠤᠯᠠᠭᠠᠨᠮᠥ᠋ᠴᠢᠷ》᠂ 《ᠬᠠᠤᠯᠢ ᠵᠢᠨ ᠠᠢᠵᠠᠮ ᠮᠤᠷᠠᠯ ᠤ᠋ᠨ ᠠᠶᠠᠰ ᠤ᠋ᠨ ᠬᠣᠯᠪᠣᠭ᠎ᠠ》 ᠬᠠᠤᠯᠢ ᠲᠦᠭᠡᠮᠡᠯᠵᠢᠭᠦᠯᠬᠦ᠌ ᠲᠦᠷᠦᠯ ᠲᠡᠮᠳᠡᠭ᠌ᠲᠦ᠍ ᠶ᠋ᠢ ᠪᠣᠶ ᠪᠣᠯᠭᠠᠵᠤ᠂ 《ᠠᠷᠤ ᠬᠣᠷᠴᠢᠨ ᠬᠣᠱᠢᠭᠤᠨ ᠤ᠋ ᠵᠢᠵᠢᠭ ᠬᠦᠷᠢᠶ᠎ᠡ》᠂ 《ᠰᠦ ᠲᠠᠢ ᠴᠠᠶ ᠬᠡᠷᠡᠭ ᠵᠥᠪᠯᠡᠬᠦ᠌ ᠬᠤᠷᠠᠯ》 ᠵᠡᠷᠭᠡ 16 ᠵᠦᠶ᠋ᠯ ᠤ᠋ᠨ ᠦᠨᠳᠦᠰᠦᠨ ᠱᠠᠲᠤᠨ ᠤ᠋ ᠵᠠᠰᠠᠯᠲᠠ ᠵᠢᠨ ᠵᠠᠭ᠍ᠪᠤᠷ ᠢ᠋ ᠳᠡᠯᠭᠡᠷᠡᠭᠦᠯᠤᠨ᠂ ᠦᠨᠳᠦᠰᠦᠲᠡᠨ ᠤ᠋ ᠬᠡᠷᠡᠭ ᠶᠠᠪᠤᠳᠠᠯ ᠢ᠋ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠶ᠋ᠢ ᠠᠬᠢᠭᠤᠯᠪᠠ᠃ ᠡᠭᠦᠨ ᠤ᠋ ᠬᠠᠮᠲᠤ᠂ ᠡᠯ᠎ᠡ ᠬᠣᠱᠢᠭᠤ ᠱᠢᠶᠠᠨ ᠲᠣᠭᠣᠷᠢᠭ ᠤ᠋ᠨ ᠨᠠᠷᠠᠲᠤ ᠲᠡᠮᠳᠡᠭ ᠢ᠋ 55 ᠡᠭᠦᠳᠦᠨ ᠪᠠᠢᠭᠤᠯᠬᠤ ᠶ᠋ᠢ ᠠᠬᠢᠭᠤᠯᠵᠤ᠂ 《ᠪᠠᠢᠭᠤᠯᠭᠠᠠᠴᠠ ᠭᠠᠷᠴᠤ᠌ ᠤᠯᠠᠭᠠᠨᠬᠠᠳᠠ ᠶ᠋ᠢ ᠬᠠᠷᠠᠬᠤ — ᠤᠮᠠᠷᠠᠲᠤ ᠬᠢᠯᠢ ᠵᠢᠨ ᠠᠨᠠᠷᠤᠨ ᠤᠯᠠᠭᠠᠨ》 ᠦᠵᠡᠭᠦᠯᠭᠡ ᠵᠢᠨ ᠱᠤᠭᠤᠮ 23 ᠵᠤᠷᠪᠤᠰ ᠭᠠᠷᠭᠠᠵᠤ᠂ ᠵᠢᠱ᠌ᠢᠶ᠎ᠡ ᠦᠵᠡᠭᠦᠯᠬᠦ᠌ ᠬᠡᠪ ᠳᠠᠭᠤᠷᠢᠶᠠᠯ ᠢ᠋ ᠪᠣᠶ ᠪᠣᠯᠭᠠᠪᠠ᠃ ᠣᠳᠣᠬᠠᠨᠳᠤ᠂ ᠤᠯᠠᠭᠠᠨᠬᠠᠳᠠ ᠬᠣᠲᠠ᠂ ᠠᠸ᠋ᠬᠠᠨ ᠬᠣᠱᠢᠭᠤ ᠪᠥᠬᠥ᠌ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠵᠢᠱ᠌ᠢᠶ᠎ᠡ ᠦᠵᠡᠭᠦᠯᠬᠦ᠌ ᠣᠷᠣᠨ ᠢ᠋ ᠠᠮᠵᠢᠯᠲᠠᠲᠠᠶ ᠡᠭᠦᠳᠦᠨ ᠪᠠᠢᠭᠤᠯᠪᠠ᠃
ᠤᠯᠠᠭᠠᠨᠬᠠᠳᠠ ᠬᠣᠲᠠ ᠤᠯᠤᠰ ᠲᠥᠷᠥᠪᠡᠷ ᠬᠥᠲᠥᠯᠥᠨ ᠳᠠᠭᠠᠭᠤᠯᠬᠤ ᠶ᠋ᠢ ᠪᠠᠷᠢᠮᠲᠠᠯᠠᠵᠤ᠂ 《ᠤᠯᠠᠭᠠᠨᠬᠠᠳᠠ ᠬᠣᠲᠠ ᠵᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠭᠤᠤᠯ ᠱᠢᠵᠢᠮ ᠢ᠋ ᠲᠤᠭᠤᠱᠢᠯᠠᠭᠤᠯᠬᠤ ᠠᠵᠢᠯ ᠤ᠋ᠨ ᠡᠭᠦᠷᠭᠡ ᠵᠢᠨ ᠨᠠᠷᠢᠨ ᠲᠠᠩᠰᠠ》 ᠶ᠋ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠡᠭᠦᠷᠭᠡ ᠲᠣᠬᠢᠷᠠᠭᠤᠯᠬᠤ ᠲᠣᠭ᠍ᠲᠠᠴᠠ ᠶ᠋ᠢ ᠪᠠᠢᠭᠤᠯᠬᠤ ᠵᠢᠨ ᠬᠠᠮᠲᠤ ᠭᠤᠤᠯ ᠱᠢᠵᠢᠮ ᠢ᠋ ᠲᠤᠭᠤᠱᠢᠯᠠᠭᠤᠯᠬᠤ ᠶ᠋ᠢ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠢᠨᠠᠯᠲᠠ ᠲᠠᠯᠪᠢᠬᠤ᠂ ᠵᠠᠰᠠᠭ ᠤ᠋ᠨ ᠣᠷᠳᠣᠨ ᠤ᠋ ᠡᠭᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌᠂ ᠤᠯᠤᠰ ᠲᠥᠷᠥ ᠵᠢᠨ ᠵᠥᠪᠯᠡᠯᠭᠡ ᠬᠢᠬᠦ᠌ ᠡᠯ᠎ᠡ ᠭᠣᠭ᠍ᠴᠣᠭᠠᠳᠤ ᠠᠭᠤᠰᠭᠠᠨ ᠣᠷᠣᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠲᠤᠰᠭᠠᠶ ᠱᠠᠯᠠᠪᠳᠠᠭᠤᠯᠤᠨ ᠪᠠᠢᠴᠠᠭᠠᠯᠲᠠ ᠶ᠋ᠢ ᠣᠨ ᠤ᠋ ᠱᠠᠯᠠᠪᠳᠠᠭᠤᠯᠤᠨ ᠪᠠᠢᠴᠠᠭᠠᠵᠤ ᠱᠢᠯᠭᠠᠨ ᠬᠢᠨᠠᠬᠤ ᠲᠥᠯᠥᠪᠯᠡᠭᠡ ᠳ᠋ᠤ ᠤᠷᠤᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠲᠥᠪᠯᠡᠷᠡᠩᠭᠦᠢ ᠬᠦᠴᠦᠨ ᠢ᠋ ᠴᠢᠩᠭᠠᠳᠭᠠᠪᠠ᠃
ᠤᠯᠠᠭᠠᠨᠬᠠᠳᠠ ᠬᠣᠲᠠ ᠦᠵᠡᠯ ᠰᠠᠨᠠᠭ᠎ᠠ ᠪᠡᠨ ᠨᠢᠭ᠍ᠲᠠᠷᠠᠭᠤᠯᠬᠤ ᠶ᠋ᠢ ᠪᠠᠷᠢᠮᠲᠠᠯᠠᠨ᠂ ᠣᠨᠣᠯ ᠵᠢᠡᠷ ᠵᠡᠪᠰᠡᠭ᠌ᠯᠡᠬᠦ᠌ ᠶ᠋ᠢ ᠴᠢᠩᠭᠠᠳᠭᠠᠵᠤ᠂ ᠬᠣᠲᠠ᠂ ᠲᠣᠭᠣᠷᠢᠭ᠂ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠭᠣᠨ (ᠨᠡᠢᠭᠡᠮ ᠲᠣᠭᠣᠷᠢᠭ) ᠳᠥᠷᠪᠡᠨ ᠱᠠᠲᠤᠨ ᠤ᠋ ᠬᠣᠯᠪᠣᠭᠠᠯᠠᠨ ᠤᠬᠠᠭᠤᠯᠬᠤ ᠲᠣᠭ᠍ᠲᠠᠴᠠ ᠶ᠋ᠢ ᠪᠠᠢᠭᠤᠯᠵᠤ᠂ ᠠᠷᠤ ᠬᠣᠷᠴᠢᠨ ᠬᠣᠱᠢᠭᠤᠨ ᠤ᠋ 《ᠣᠲᠣᠷ ᠤᠬᠠᠭᠤᠯᠤᠨ ᠲᠠᠢᠯᠪᠤᠷᠢᠯᠠᠬᠤ ᠠᠩᠭᠢ》 ᠵᠡᠷᠭᠡ ᠨᠠᠷᠠᠲᠤ ᠲᠥᠷᠥᠯ ᠲᠡᠮᠳᠡᠭ᠌ᠲᠦ ᠠᠵᠢᠯᠯᠠᠭ᠎ᠠ ᠶ᠋ᠢ ᠡᠭᠦᠳᠦᠨ ᠡᠷᠬᠢᠯᠡᠪᠡ᠃ ᠡᠭᠦᠨ ᠤ᠋ ᠬᠠᠮᠲᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠦᠢᠯᠡᠳᠦᠯᠭᠡ ᠵᠢᠨ ᠰᠤᠳᠤᠯᠭᠠᠨ ᠤ᠋ ᠲᠥᠪ ᠢ᠋ ᠪᠠᠢᠭᠤᠯᠵᠤ᠂ ᠤᠨᠤᠯ ᠤ᠋ᠨ ᠦᠷ᠎ᠡ ᠪᠦᠲᠦᠭᠡᠯ ᠢ᠋ ᠬᠤᠪᠢᠷᠠᠭᠤᠯᠬᠤ ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠷᠢᠶᠠᠯᠠᠬᠤ ᠬᠦᠴᠦᠨ ᠢ᠋ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃
《ᠤᠯᠠᠭᠠᠨᠬᠠᠳᠠ ᠬᠤᠳᠠ ᠵᠢᠨ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠨᠡᠢ᠌ᠳᠡ 1.1 ᠲᠦᠮᠡᠨ ᠤᠳᠠᠭ᠎ᠠ ᠵᠢᠨ ᠰᠤᠷᠤᠯᠴᠠᠯᠭ᠎ᠠ ᠰᠤᠯᠢᠯᠴᠠᠭ᠎ᠠ᠂ 9767 ᠤᠳᠠᠭ᠎ᠠ ᠵᠢᠨ ᠨᠠᠮ ᠤ᠋ᠨ ᠬᠢᠴᠢᠶᠡᠯ᠂ 4179 ᠤᠳᠠᠭ᠎ᠠ ᠵᠢᠨ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠦᠷᠨᠢᠭᠦᠯᠦᠨ᠂ 1.1 ᠲᠦᠮᠡ ᠭᠠᠷᠤᠢ ᠨᠠᠮ ᠤ᠋ᠨ ᠤᠳᠤᠷᠢᠳᠬᠤ ᠲᠤᠭᠤᠢᠯᠠᠩᠤᠨ ᠱᠦᠵᠢ ᠶ᠋ᠢ ᠳᠠᠢ᠌ᠴᠢᠯᠠᠨ ᠨᠠᠮ ᠤ᠋ᠨ ᠦᠨᠳᠦᠰᠦᠲᠡᠨ ᠤ᠋ ᠤᠨᠤᠯ ᠲᠦᠷᠦ᠍ ᠵᠢᠨ ᠪᠤᠳᠤᠯᠭ᠎ᠠ ᠶ᠋ᠢ ᠤᠬᠠᠭᠤᠯᠤᠨ ᠲᠠᠢᠯᠪᠤᠷᠢᠯᠠᠵᠤ᠂ 10.1 ᠲᠦᠮᠡᠨ ᠬᠥᠮᠦᠨ ᠤᠳᠠᠭ᠎ᠠ ᠨᠠᠮ ᠤ᠋ᠨ ᠭᠡᠱᠢᠭᠦᠨ ᠺᠠᠳ᠋ᠷ ᠤᠯᠠᠨ ᠲᠦᠮᠡᠨ ᠬᠦᠯᠢᠶᠡᠨ ᠠᠪᠴᠤ ᠰᠤᠨᠤᠰᠪᠠ》 ᠭᠡᠵᠤ ᠤᠯᠠᠭᠠᠨᠬᠠᠳᠠ ᠬᠣᠲᠠ ᠵᠢᠨ ᠦᠨᠳᠦᠰᠦᠲᠡᠨ ᠤ᠋ ᠬᠡᠷᠡᠭ ᠡᠷᠭᠢᠯᠡᠬᠦ᠌ ᠵᠥᠪᠯᠡᠯ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠡᠷᠬᠢᠯᠡᠭ᠌ᠴᠢ ᠰᠶ᠋ᠸᠸ ᠶᠠᠨ ᠯᠢ ᠬᠡᠯᠡᠪᠡ᠃
ᠤᠯᠠᠭᠠᠨᠬᠠᠳᠠ ᠬᠣᠲᠠ ᠬᠥᠭ᠌ᠵᠢᠯᠲᠡᠪᠡᠷ ᠬᠦᠴᠦᠨ ᠣᠯᠭᠣᠬᠤ ᠶ᠋ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠲᠤᠯᠭᠠᠭᠤᠷᠢᠯᠠᠬᠤ ᠬᠦᠴᠦᠨ ᠢ᠋ ᠲᠠᠰᠤᠷᠠᠯᠲᠠ ᠥᠬᠡᠶ ᠪᠡᠬᠢᠵᠢᠭᠦᠯᠪᠡ᠃ ᠲᠥᠯᠥᠪᠵᠢᠭᠦᠯᠭᠡᠪᠡᠷ ᠬᠥᠲᠥᠯᠥᠨ ᠳᠠᠭᠠᠭᠤᠯᠬᠤ ᠲᠠᠯ᠎ᠠ ᠪᠡᠷ᠂ ᠴᠢᠬᠤᠯᠠ ᠶᠡᠬᠡ ᠪᠠᠯᠠ ᠮᠥᠩᠭᠥ ᠵᠢᠨ ᠲᠣᠬᠢᠷᠠᠭᠤᠯᠤᠯᠲᠠ ᠶ᠋ᠢ ᠲᠤᠭᠤᠰᠢᠯᠠᠭᠤᠯᠬᠤ ᠭᠤᠤᠯ ᠱᠢᠵᠢᠮ ᠢ᠋ ᠬᠢᠨᠠᠨ ᠬᠠᠷᠭᠤᠭᠤᠯᠬᠤ ᠲᠣᠭ᠍ᠲᠠᠴᠠ ᠶ᠋ᠢ ᠪᠠᠢᠭᠤᠯᠪᠠ; ᠲᠥᠷᠥᠯ ᠵᠦᠶ᠋ᠯ ᠵᠢᠡᠷ ᠬᠥᠳᠡᠯᠭᠡᠭᠦᠷ ᠪᠣᠯᠭᠠᠬᠤ ᠲᠠᠯ᠎ᠠ ᠪᠡᠷ᠂ ᠦᠨᠳᠦᠰᠦᠲᠡᠨ ᠤ᠋ ᠭᠠᠵᠠᠷ ᠣᠷᠣᠨ ᠤ᠋ ᠮᠠᠯ ᠠᠵᠤ ᠠᠬᠤᠶ ᠲᠠᠷᠢᠶᠠᠯᠠᠩ᠂ ᠤᠰᠤᠨ ᠠᠱᠢᠭ᠍ᠯᠠᠯᠲᠠ ᠵᠡᠷᠭᠡ ᠲᠥᠷᠥᠯ ᠵᠦᠶ᠋ᠯ ᠢ᠋ 135 ᠶ᠋ᠢ ᠴᠢᠷᠮᠠᠢᠨ ᠣᠯᠵᠤ᠂ ᠦᠨᠳᠦᠰᠦᠲᠡᠨ ᠤ᠋ ᠠᠷᠠᠯᠵᠢᠶ᠎ᠠ ᠠᠷᠠᠳ ᠤ᠋ᠨ ᠦᠶ᠋ᠯᠡᠳᠬᠦᠨ ᠤ᠋ ᠵᠢᠭᠡᠯᠡᠯᠭᠡ ᠵᠢᠨ ᠳᠠᠮ ᠬᠦᠦ᠍ ᠶ᠋ᠢ 2.48 ᠳ᠋ᠦᠩᠱᠢᠭᠤᠷ ᠲᠥᠭᠥᠷᠢᠭᠲᠦ ᠬᠦᠷᠭᠡᠪᠡ; ᠣᠷᠣᠨ ᠪᠦᠰᠡ ᠵᠢᠨ ᠬᠠᠮᠵᠢᠯᠴᠠᠭ᠎ᠠ ᠵᠢᠨ ᠲᠠᠯ᠎ᠠ ᠪᠡᠷ᠂ ᠤᠯᠠᠭᠠᠨᠬᠠᠳᠠ — ᠪᠡᠭᠡᠵᠢᠩ ᠤ᠋ᠨ ᠠᠵᠤ ᠦᠶ᠋ᠯᠡᠰ ᠤ᠋ᠨ ᠬᠠᠮᠵᠢᠯᠴᠠᠭ᠎ᠠ ᠶ᠋ᠢ ᠵᠣᠯᠭᠠᠭᠤᠯᠬᠤ ᠬᠤᠷᠠᠯ ᠵᠡᠷᠭᠡ ᠠᠵᠢᠯᠯᠠᠭ᠎ᠠ ᠡᠷᠭᠢᠯᠡᠵᠦ᠍᠂ 《ᠮᠣᠷᠢᠨ ᠨᠢᠷᠤᠭᠤᠨ ᠳᠡᠭᠡᠷᠡᠬᠢ ᠨᠡᠢᠭᠡᠮ ᠤ᠋ᠨ ᠪᠠᠲᠤᠯᠠᠭ᠎ᠠ》᠂ ᠣᠲᠣᠷ ᠶᠡᠷᠦᠩᠬᠡᠢᠯᠡᠭ᠌ᠰᠡᠨ ᠦᠶ᠋ᠯᠡᠴᠢᠯᠡᠭᠡᠨ ᠤ᠋ ᠲᠠᠪᠴᠠᠩ ᠵᠡᠷᠭᠡ ᠠᠴᠢᠶᠠᠯᠠᠪᠤᠷᠢ ᠵᠢᠨ ᠱᠢᠨ᠎ᠡ ᠶ᠋ᠢ ᠡᠭᠦᠳᠴᠦ᠍᠂ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠠᠵᠢᠯ ᠣᠯᠵᠤ ᠦᠶ᠋ᠯᠡᠰ ᠪᠤᠰᠬᠠᠬᠤ ᠶ᠋ᠢ ᠠᠬᠢᠭᠤᠯᠤᠨ᠂ ᠬᠥᠭ᠌ᠵᠢᠯᠲᠡ ᠵᠢᠨ ᠣᠷᠣᠨ ᠵᠠᠶ ᠶ᠋ᠢ ᠲᠠᠰᠤᠷᠠᠯᠲᠠ ᠥᠬᠡᠶ ᠦᠷᠭᠡᠳᠭᠡᠪᠡ᠃
ᠡᠳᠦᠭᠡ᠂ ᠤᠯᠠᠭᠠᠨᠬᠠᠳᠠ ᠬᠤᠳᠠ ᠶᠠᠭ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠠᠵᠢᠯ ᠤ᠋ᠨ ᠭᠣᠣᠯ ᠱᠢᠵᠢᠮ ᠪᠣᠯᠭᠠᠵᠤ᠂ ᠪᠦᠯᠬᠦᠮᠳᠡᠯ ᠵᠢᠡᠷ ᠬᠣᠯᠪᠣᠭᠠᠰᠤ ᠪᠤᠯᠭᠠᠨ᠂ ᠲᠡᠮᠡᠴᠡᠯ ᠵᠢᠡᠷ ᠬᠥᠳᠡᠯᠭᠡᠭᠦᠷ ᠪᠣᠯᠭᠠᠵᠤ᠂ ᠴᠠᠭ ᠦᠶ᠎ᠡ ᠵᠢᠨ ᠣᠨᠴᠠᠯᠢᠭᠲᠠᠶ᠂ ᠤᠯᠠᠭᠠᠨᠬᠠᠳᠠ ᠵᠢᠨ ᠡᠭᠦᠷᠭᠡ ᠬᠠᠷᠢᠭᠤᠴᠠᠯᠭ᠎ᠠ ᠶ᠋ᠢ ᠬᠠᠷᠠᠭᠤᠯᠤᠭᠰᠠᠨ ᠦᠨᠳᠦᠰᠦᠲᠡᠨ ᠤ᠋ ᠠᠵᠢᠯ ᠤ᠋ᠨ ᠴᠢᠨᠠᠷ ᠰᠠᠢᠲᠠᠢ ᠬᠥᠭ᠌ᠵᠢᠯᠲᠡ ᠵᠢᠨ ᠵᠠᠮ ᠵᠢᠡᠷ ᠬᠦᠴᠦᠯᠡᠨ ᠵᠠᠮᠨᠠᠵᠤ᠂ ᠪᠦᠯᠬᠦᠮᠳᠡᠨ ᠬᠠᠮᠲᠤ ᠣᠷᠣᠱᠢᠬᠤ᠂ ᠴᠡᠴᠡᠭ᠌ᠯᠡᠨ ᠬᠥᠭ᠌ᠵᠢᠵᠦ᠍ ᠬᠠᠮᠲᠤ ᠪᠡᠷ ᠤᠷᠤᠭ᠍ᠰᠢᠯᠠᠬᠤ ᠦᠵᠡᠰᠭᠦᠯᠡᠩᠲᠦ ᠰᠠᠢᠬᠠᠨ ᠬᠠᠭᠤᠳᠠᠰᠤ ᠶ᠋ᠢ ᠬᠠᠮᠲᠤ ᠪᠡᠷ ᠵᠢᠷᠤᠭ᠍ᠯᠠᠵᠤ ᠪᠠᠢᠨ᠎ᠠ᠃