ᠶᠡᠷᠤᠩᠭᠡᠢᠯᠡᠨ ᠵᠠᠰᠠᠬᠤ ᠲᠦᠪ ᠲᠦ᠍ ᠲᠦᠰᠢᠭᠯᠡᠨ ᠵᠦᠷᠢᠴᠡᠯ ᠵᠠᠭᠤᠷᠠᠯᠳᠤᠭᠠᠨ ᠢ᠋ ᠱᠢᠶ᠋ᠳᠪᠦᠷᠢᠯᠡᠭᠰᠡᠨ ᠡᠴᠡ ᠠᠮᠤᠷ ᠠᠮᠤᠭᠤᠯᠠᠩ ᠤ᠋ᠨ ᠪᠠᠢᠭᠤᠯᠤᠯᠲᠠ ᠤᠯᠠᠮ ᠰᠠᠢᠵᠢᠷᠠᠪᠠ
2025-11-03 09:44:00
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠬᠥᠯᠥᠨ ᠪᠣᠢᠷ ᠬᠣᠲᠠ ᠶ᠋ᠢᠨ ᠭᠡᠭᠡᠨ ᠭᠤᠤᠯ ᠬᠣᠲᠠ ᠶ᠋ᠢᠨ ᠵᠢᠨ ᠾᠧ ᠪᠠᠯᠭᠠᠰᠤᠨ ᠤ᠋ ᠶᠡᠷᠦᠩᠬᠡᠢᠯᠡᠨ ᠵᠠᠰᠠᠬᠤ ᠲᠥᠪ᠎ᠤᠨ ᠬᠢᠨ ᠲᠣᠰ ᠪᠠᠯᠭᠠᠰᠤᠨ ᠤ᠋ ᠱᠧᠩ ᠯᠢ ᠨᠡᠢᠭᠡᠮ ᠲᠣᠭᠣᠷᠢᠭ ᠤ᠋ᠨ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠬᠦ᠌ ᠭᠠᠵᠠᠷ ᠤ᠋ᠨ ᠮᠡᠳᠡᠭᠦᠯᠦᠭ᠌ᠰᠡᠨ ᠨᠢᠭᠡᠨ ᠵᠠᠭᠤᠷᠠᠯᠳᠤᠭᠠᠨ ᠤ᠋ ᠮᠡᠳᠡᠬᠦᠯᠦᠯᠳᠡ ᠵᠢ ᠲᠤᠰᠴᠠᠢ᠄ ᠰᠠᠭᠤᠭᠠᠯᠢ ᠠᠷᠠᠳ ᠶᠠᠩ ᠣᠪᠣᠭ᠍ᠲᠤ᠎ᠶᠢᠨ ᠠᠷᠤ᠎ᠶᠢᠨ ᠬᠦᠷᠢᠶᠡᠨ ᠳ᠋ᠦ ᠵᠡᠷᠭᠡᠯᠡᠳᠡᠭᠡ ᠠᠢᠯ ᠤ᠋ᠨ ᠬᠢᠨ ᠬᠣᠢᠲᠤ ᠡᠭᠦᠳᠡ ᠭᠠᠷᠭᠠᠵᠦ᠂ ᠶᠡᠬᠡ ᠬᠡᠮᠵᠢᠶᠡᠨ ᠤ᠋ ᠲᠦᠯᠡᠰᠢ ᠣᠪᠣᠭᠠᠯᠠᠵᠤ᠂ ᠰᠠᠭᠤᠭᠠᠯᠢ ᠲᠣᠭᠣᠷᠢᠭ ᠤ᠋ᠨ ᠭᠠᠯ ᠤᠨᠲᠠᠷᠠᠭᠠᠬᠤ ᠵᠠᠮ ᠢ᠋  ᠪᠥᠭ᠌ᠯᠡᠪᠡ᠃ ᠬᠣᠶᠠᠷ ᠲᠠᠯ᠎ᠠ᠎ᠪᠠᠷ ᠢ᠋ᠶ᠋ᠠᠨ ᠤᠯᠠᠨ ᠤᠳᠠᠭ᠎ᠠ ᠶᠠᠷᠢᠯᠴᠠᠭᠠᠳ ᠰᠢᠢᠳᠪᠦᠷᠢᠯᠡᠵᠦ ᠲᠡᠢᠯᠦᠭᠰᠡᠨ ᠦᠭᠡᠢ ᠪᠣᠯᠬᠣᠷ ᠬᠥᠷᠰᠢ ᠵᠡᠷᠭᠡᠯᠡᠳᠡᠭᠡ ᠶ᠋ᠢᠨ ᠡᠶ᠎ᠡ ᠨᠠᠢᠷ ᠮᠠᠭᠤᠳᠠᠵᠠᠢ᠃

ᠰᠦᠪᠡᠭ᠌ᠴᠢ ᠵᠢ ᠲᠤᠰᠤᠭᠰᠠᠨ ᠤ᠋ ᠳᠠᠷᠠᠭ᠎ᠠ᠂ ᠵᠢᠨ ᠾᠧ ᠪᠠᠯᠭᠠᠰᠤᠨ ᠤ᠋ ᠶᠡᠷᠦᠩᠬᠡᠢᠯᠡᠨ ᠵᠠᠰᠠᠬᠤ ᠲᠥᠪ 《ᠶᠡᠷᠦᠩᠬᠡᠢᠯᠡᠨ ᠵᠠᠰᠠᠬᠤ ᠵᠢ ᠨᠢᠭᠡᠳᠦᠯᠲᠡᠶ ᠲᠥᠯᠥᠪᠯᠡᠬᠦ᠌ + ᠨᠡᠢᠭᠡᠮ ᠲᠣᠭᠣᠷᠢᠭ ᠬᠣᠯᠪᠣᠭᠠᠯᠠᠨ ᠬᠥᠳᠡᠯᠦᠯᠴᠡᠬᠦ᠌》ᠠᠵᠢᠯ ᠤ᠋ᠨ ᠲᠣᠭ᠍ᠲᠠᠴᠠ ᠵᠢ ᠦᠳᠲᠡᠷ ᠲᠦᠷᠭᠡᠨ ᠡᠬᠢᠯᠡᠭᠦᠯᠵᠦ᠍ ᠂ ᠲᠤᠰᠭᠠᠶ ᠡᠶᠡᠳᠡᠭᠦᠯᠬᠦ᠌ ᠳᠤᠭᠤᠢᠯᠠᠩ ᠪᠠᠢᠭᠤᠯᠵᠤ᠂ ᠠᠰᠠᠭᠤᠳᠠᠯ ᠢ᠋ ᠬᠠᠷᠭᠤᠭᠤᠯᠤᠨ ᠪᠠᠢᠴᠠᠭᠠᠬᠤ ᠪᠠ ᠵᠥᠷᠢᠴᠡᠯ ᠢ᠋ ᠱᠢᠶ᠋ᠳᠪᠦᠷᠢᠯᠡᠬᠦ᠌ ᠠᠵᠢᠯ ᠢ᠋ ᠥᠷᠨᠢᠭᠦᠯᠪᠡ᠃《ᠬᠠᠤᠯᠢ ᠲᠣᠭ᠍ᠲᠠᠭᠠᠯ ᠶᠣᠰᠣᠭᠠᠷ ᠰᠢᠢᠳᠪᠦᠷᠢᠯᠡᠬᠦ᠂ ᠶᠣᠰᠣ ᠤᠴᠢᠷ ᠢ᠋ ᠬᠠᠮᠲᠤ ᠳ᠋ᠦ ᠨᠢ ᠬᠠᠷᠠᠭᠠᠯᠵᠠᠬᠤ》ᠠᠵᠢᠯ ᠤ᠋ᠨ ᠵᠠᠷᠴᠢᠮ ᠵᠢᠡᠷ ᠤᠯᠠᠨ ᠤᠳᠠᠭ᠎ᠠ ᠬᠦᠯᠢᠴᠡᠩᠭᠦᠢ᠎ᠪᠡᠷ ᠶᠠᠷᠢᠯᠴᠠᠭᠰᠠᠨ ᠤ᠋ ᠡᠴᠦᠰ ᠲᠦ᠍ ᠬᠣᠶᠠᠷ ᠲᠠᠯ᠎ᠠ᠎ᠪᠠᠷ ᠢ᠋ᠶ᠋ᠠᠨ ᠴᠥᠮ ᠬᠦᠯᠢᠶᠡᠨ ᠵᠥᠪᠱᠢᠶᠡᠷᠡᠭ᠌ᠰᠡᠨ ᠡᠶᠡᠳᠡᠭᠦᠯᠭᠡ ᠶ᠋ᠢᠨ ᠲᠥᠰᠦᠯ ᠢ᠋ ᠲᠣᠭ᠍ᠲᠠᠭᠠᠪᠠ᠃ ᠵᠡᠷᠭᠡᠯᠡᠳᠡᠭᠡ ᠠᠢᠯ ᠤ᠋ᠨ ᠬᠢᠨ ᠲᠣᠭ᠍ᠲᠠᠭ᠍ᠰᠠᠨ ᠬᠤᠭᠤᠴᠠᠭᠠᠨ ᠳ᠋ᠦ ᠲᠦᠯᠡᠭᠡ ᠪᠠᠨ ᠴᠡᠪᠡᠷᠯᠡᠵᠦ᠂ ᠠᠷᠤ ᠡᠭᠦᠳᠡ ᠵᠢ ᠡᠮᠬᠢ ᠴᠡᠭᠴᠡᠳᠡᠢ ᠪᠤᠯᠭᠠᠨ᠂ ᠭᠠᠯ ᠤᠨᠲᠠᠷᠠᠭᠠᠬᠤ ᠵᠠᠮ ᠤ᠋ᠨ ᠰᠠᠭᠠᠳ ᠦᠭᠡᠢ ᠨᠡᠪᠲᠡᠷᠡᠬᠦ᠌ ᠵᠢ ᠰᠡᠷᠭᠦᠭᠡᠨ᠎ᠡ ᠭᠡᠵᠦ᠍ ᠠᠮᠠᠯᠳᠠᠪᠠ᠃

《ᠶᠡᠷᠦᠩᠬᠡᠢᠯᠡᠨ ᠵᠠᠰᠠᠬᠤ ᠲᠥᠪ ᠨᠢ ᠦᠨᠡᠬᠡᠷ ᠪᠣᠳᠠᠲᠠᠢ ᠶᠠᠪᠤᠳᠠᠯ ᠬᠢᠵᠦ᠍᠂ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍ ᠪᠠᠢᠨ᠎ᠠ!》 ᠭᠡᠵᠦ ᠲᠤᠬᠠᠢ ᠶ᠋ᠢᠨ ᠲᠠᠯᠠᠪᠠᠢ ᠳ᠋ᠦ ᠪᠠᠢᠭ᠍ᠰᠠᠨ ᠰᠠᠭᠤᠭᠠᠯᠢ ᠠᠷᠠᠳ ᠮᠠᠭ᠍ᠲᠠᠨ ᠰᠠᠢᠱᠢᠶᠠᠵᠠᠭᠠᠪᠠ᠃

ᠶᠡᠷᠦᠩᠬᠡᠢᠯᠡᠨ ᠵᠠᠰᠠᠬᠤ ᠲᠥᠪ ᠢ᠋ ᠵᠢᠷᠤᠮᠵᠢᠭᠤᠯᠤᠨ ᠪᠠᠢᠭᠤᠯᠬᠤ ᠠᠵᠢᠯ ᠢ᠋ ᠥᠷᠨᠢᠭᠦᠯᠦᠭ᠌ᠰᠡᠨ᠎ᠡᠴᠡ ᠨᠠᠭᠠᠰᠢ᠂ ᠬᠥᠯᠥᠨ ᠪᠣᠢᠷ ᠬᠣᠲᠠ ᠯᠠᠪᠳᠠᠭᠤᠨ ᠢ᠋ᠶ᠋ᠠᠷ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ᠋ ᠬᠠᠮᠲᠤᠷᠠᠨ ᠵᠣᠬᠢᠴᠠᠭᠤᠯᠬᠤ᠂ ᠨᠡᠢᠭᠡᠮ ᠤ᠋ᠨ ᠠᠮᠤᠷ ᠲᠦᠪᠱᠢᠨ ᠢ᠋ ᠬᠠᠮᠲᠤᠷᠠᠨ ᠰᠡᠷᠭᠡᠢᠯᠡᠬᠦ᠌᠂ ᠲᠣᠪᠣᠢᠮ᠎ᠠ ᠠᠰᠠᠭᠤᠳᠠᠯ ᠢ᠋ ᠬᠠᠮᠲᠤᠷᠠᠨ ᠵᠠᠰᠠᠬᠤ᠂ ᠠᠮᠤᠷ ᠠᠮᠤᠭᠤᠯᠠᠩ ᠤ᠋ᠨ ᠪᠠᠢᠭᠤᠯᠤᠯᠲᠠ ᠵᠢ ᠬᠠᠮᠲᠤᠷᠠᠨ ᠴᠤᠭᠴᠠᠯᠠᠬᠤ ᠵᠢ ᠪᠡᠶᠡᠯᠡᠭᠦᠯᠵᠦ᠍᠂ ᠶᠡᠷᠦᠩᠬᠡᠢᠯᠡᠨ ᠵᠠᠰᠠᠬᠤ ᠲᠥᠪ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠦᠨᠳᠦᠰᠦᠨ ᠱᠠᠲᠤᠨ ᠤ᠋ ᠵᠠᠰᠠᠯᠲᠠ ᠶ᠋ᠢᠨ 《ᠭᠤᠤᠯ ᠵᠢᠭ᠍ᠰᠠᠭᠠᠯ ᠤ᠋ᠨ ᠭᠠᠵᠠᠷ᠂ ᠨᠡᠢᠭᠡᠮ ᠤ᠋ᠨ ᠪᠠᠢᠳᠠᠯ ᠠᠷᠠᠳ ᠤ᠋ᠨ ᠰᠠᠨᠠᠭ᠎ᠠ ᠵᠢ 《ᠲᠥᠪᠯᠡᠷᠡᠭᠦᠯᠦᠭ᠌ᠰᠡᠨ ᠭᠠᠵᠠᠷ》 ᠪᠠ ᠣᠯᠠᠨ ᠲᠦᠮᠡᠨ ᠤ᠋ ᠵᠣᠪᠠᠨᠢᠯ ᠢ᠋ ᠱᠢᠶ᠋ᠳᠪᠦᠷᠢᠯᠡᠬᠦ᠌ 《ᠡᠴᠦᠰ ᠤ᠋ᠨ ᠥᠷᠲᠡᠭᠡ》  ᠪᠣᠯᠭᠠᠨ ᠴᠣᠭ᠍ᠴᠠᠯᠠᠪᠠ᠃

ᠬᠥᠯᠥᠨ ᠪᠣᠢᠷ ᠬᠣᠲᠠ ᠦᠨᠳᠦᠰᠦᠨ ᠱᠠᠲᠤᠨ ᠤ᠋ ᠰᠠᠭᠤᠷᠢ ᠵᠢ ᠪᠡᠬᠢᠵᠢᠭᠦᠯᠬᠦ᠌᠎ᠪᠡᠷ ᠭᠤᠤᠯ ᠱᠢᠵᠢᠮ ᠪᠣᠯᠭᠠᠵᠤ᠂ ᠨᠠᠮ ᠵᠠᠰᠠᠭ ᠢ᠋ᠶ᠋ᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ ᠵᠢ ᠪᠠᠷᠢᠮᠲᠠᠯᠠᠨ᠂ ᠶᠡᠷᠦᠩᠬᠡᠢᠯᠡᠨ ᠵᠠᠰᠠᠬᠤ ᠲᠥᠪ ᠢ᠋ ᠵᠢᠷᠤᠮᠵᠢᠭᠤᠯᠬᠤ ᠪᠠᠢᠭᠤᠯᠤᠯᠲᠠ ᠶ᠋ᠢᠨ ᠬᠡᠷᠡᠭ᠌ᠵᠢᠭᠦᠯᠬᠦ᠌ ᠲᠥᠰᠦᠯ ᠢ᠋ ᠲᠣᠭ᠍ᠲᠠᠭᠠᠨ ᠲᠠᠷᠬᠠᠭᠠᠵᠤ᠂ ᠬᠣᠲᠠ᠂ ᠬᠣᠱᠢᠭᠤ (ᠬᠣᠲᠠ᠂ ᠲᠣᠭᠣᠷᠢᠭ)ᠬᠣᠶᠠᠷ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ《ᠣᠯᠠᠨ ᠲᠥᠪ ᠢ᠋ ᠨᠢᠭᠳᠠᠷᠠᠭᠤᠯᠬᠤ》᠂ 《ᠨᠢᠭᠡ ᠲᠥᠪ ᠢ᠋ ᠣᠯᠠᠨ ᠲᠠᠯ᠎ᠠ ᠎ᠪᠠᠷ ᠬᠡᠷᠡᠭ᠌ᠯᠡᠬᠦ᠌ ᠵᠢ ᠠᠬᠢᠭᠤᠯᠬᠤ》 ᠵᠡᠷᠭᠡ ᠬᠠᠮᠢᠶ᠎ᠠ ᠪᠥᠬᠥᠶ ᠱᠠᠭᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢᠯᠠᠵᠤ᠂ ᠪᠦᠬᠦᠯᠢ ᠴᠣᠭ᠍ᠴᠠ ᠶ᠋ᠢᠨ ᠲᠥᠯᠥᠪᠵᠢᠭᠦᠯᠭᠡ ᠪᠠ ᠪᠠᠲᠤᠯᠠᠭ᠎ᠠ ᠶ᠋ᠢᠨ ᠡᠷᠴᠢᠮ ᠢ᠋ ᠴᠢᠩᠭᠠᠳᠭᠠᠪᠠ᠃ 《ᠡᠬᠢ ᠪᠠᠶᠠᠯᠢᠭ ᠢ᠋ ᠡᠮᠬᠢᠯᠡᠨ ᠨᠡᠢᠯᠡᠭᠦᠯᠬᠦ᠌᠂ ᠲᠣᠭ᠍ᠲᠠᠴᠠ ᠵᠢ ᠪᠦᠷᠢᠨᠱᠢᠭᠦᠯᠬᠦ᠌᠂ ᠦᠢᠯᠡᠳᠦᠯ ᠢ᠋ ᠪᠠᠳᠠᠷᠠᠭᠤᠯᠬᠤ》 ᠪᠦᠲᠦᠭᠡᠨ ᠪᠠᠢᠭᠤᠯᠤᠯᠲᠠ ᠶ᠋ᠢᠨ ᠰᠡᠳᠭᠢᠴᠡ ᠶᠣᠰᠣᠭᠠᠷ᠂ ᠬᠣᠲᠠ᠂ ᠬᠣᠱᠢᠭᠤ (ᠬᠣᠲᠠ᠂ ᠲᠣᠭᠣᠷᠢᠭ) ᠬᠣᠶᠠᠷ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠲᠦ᠍ ᠠᠵᠢᠯᠲᠠᠨ ᠢ᠋ ᠵᠦᠢ ᠵᠣᠬᠢᠰᠲᠠᠶ ᠲᠣᠬᠢᠷᠠᠭᠤᠯᠵᠤ᠂ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢᠯᠠᠵᠠᠢ; ᠰᠤᠮᠤ ᠱᠢᠶᠠᠩ ᠪᠠᠯᠭᠠᠰᠤ(ᠵᠡᠭᠡᠯᠢ ᠭᠤᠳᠤᠮᠵᠢ) ᠨᠠᠮ ᠣᠯᠠᠨ ᠲᠦᠮᠡᠨ ᠤ᠋ ᠦᠶ᠋ᠯᠡᠴᠢᠯᠡᠭᠡᠨ ᠤ᠋ ᠲᠥᠪ᠂ ᠬᠠᠤᠯᠢ ᠴᠠᠭᠠᠵᠠ ᠶ᠋ᠢᠨ ᠰᠠᠯᠪᠤᠷᠢ ᠵᠡᠷᠭᠡ ᠭᠠᠵᠠᠷ ᠲᠦ᠍ ᠲᠦᠱᠢᠭ᠌ᠯᠡᠨ᠂ 《ᠬᠣᠶᠠᠷ ᠰᠠᠯᠪᠤᠷᠢ ᠨᠢᠭᠡ ᠲᠢᠩᠬᠢᠮ ᠨᠢᠭᠡ ᠲᠥᠪ》  ᠤ᠋ᠨ ᠬᠣᠯᠪᠣᠭᠠᠯᠠᠨ ᠬᠥᠳᠡᠯᠦᠯᠴᠡᠬᠦ᠌ ᠪᠠ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠬᠤ ᠵᠢ ᠬᠡᠷᠡᠭ᠌ᠵᠢᠭᠦᠯᠵᠦ᠍᠂ 《ᠨᠢᠭᠡ ᠥᠷᠲᠡᠭᠡᠴᠢᠯᠡᠭᠰᠡᠨ ᠮᠠᠶᠢᠭ》ᠤ᠋ᠨ ᠵᠥᠷᠢᠴᠡᠯ ᠵᠢᠭᠤᠷᠠᠯᠳᠤᠭᠠᠨ ᠢ᠋ ᠰᠢᠢᠳᠪᠦᠷᠢᠯᠡᠬᠦ ᠲᠥᠪ ᠢ᠋ ᠭᠤᠤᠯᠳᠠᠯᠭ᠎ᠠ᠎ᠲᠠᠶ ᠪᠠᠢᠭᠤᠯᠪᠠ; ᠭᠠᠴᠠᠭ᠎ᠠ ᠲᠣᠰᠭᠣᠨ (ᠨᠡᠢᠭᠡᠮ ᠲᠣᠭᠣᠷᠢᠭ) ᠣᠯᠠᠨ ᠢ᠋ᠶ᠋ᠠᠷ ᠢ᠋ᠶ᠋ᠠᠨ ᠰᠡᠷᠭᠡᠢᠯᠡᠵᠦ᠍ ᠣᠯᠠᠨ ᠢ᠋ᠶ᠋ᠠᠷ ᠢ᠋ᠶ᠋ᠠᠨ ᠵᠠᠰᠠᠬᠤ ᠡᠩᠨᠡᠭᠡ ᠶ᠋ᠢᠨ ᠪᠠᠢᠭᠤᠯᠤᠯᠲᠠ ᠵᠢ ᠴᠢᠩᠭᠠᠳᠭᠠᠵᠤ᠂ ᠨᠠᠮ ᠤ᠋ᠨ ᠳᠤᠭᠤᠢᠯᠠᠩ + ᠲᠤᠤᠷᠵᠢᠭᠤᠯᠤᠭ᠍ᠰᠠᠨ ᠬᠠᠮᠢᠶᠠᠷᠤᠯᠲᠠ ᠶ᠋ᠢᠨ ᠠᠵᠢᠯᠲᠠᠨ + ᠤᠷᠤᠴᠠ (ᠡᠷᠦᠬᠡ ᠬᠣᠯᠪᠣᠭᠠᠯᠠᠭ᠍ᠰᠠᠨ) ᠶ᠋ᠢᠨ ᠳᠠᠷᠤᠭ᠎ᠠ᠎ᠪᠡᠷ ᠪᠦᠷᠢᠯᠳᠦᠭᠰᠡᠨ ᠦᠨᠳᠦᠰᠦᠨ ᠱᠠᠲᠤᠨ ᠤ᠋ ᠪᠢᠴᠢᠯ ᠵᠠᠰᠠᠯᠲᠠ ᠶ᠋ᠢᠨ ᠱᠢᠰᠲ᠋ᠧᠮ ᠤ᠋ᠨ ᠪᠦᠷᠢᠯᠳᠦᠯ ᠢ᠋ ᠠᠬᠢᠭᠤᠯᠵᠠᠢ᠃ ᠶᠡᠷᠦᠩᠬᠡᠢᠯᠡᠨ ᠵᠠᠰᠠᠬᠤ ᠲᠥᠪ ᠢ᠋ᠶ᠋ᠡᠷ ᠲᠦᠱᠢᠭ ᠪᠣᠯᠭᠠᠵᠤ᠂ ᠬᠠᠤᠯᠢ ᠴᠠᠭᠠᠵᠠ ᠶ᠋ᠢᠨ ᠦᠶ᠋ᠯᠡᠴᠢᠯᠡᠭᠡᠨ ᠤ᠋ ᠲᠥᠪ ᠵᠡᠷᠭᠡ ᠲᠠᠪᠴᠠᠩ ᠤ᠋ᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠂ ᠵᠠᠭᠠᠯᠳᠤᠯᠭ᠎ᠠ᠎ᠵᠢ ᠡᠶᠡᠳᠡᠭᠦᠯᠬᠦ᠌᠂ ᠵᠠᠬᠢᠳᠠᠯ ᠰᠤᠷᠪᠤᠯᠵᠢᠯᠠᠯ᠎ᠢ ᠡᠶᠡᠳᠡᠭᠦᠯᠬᠦ᠂ ᠴᠠᠭ᠍ᠳᠠᠭᠠᠨ ᠤ᠋ ᠡᠶᠡᠳᠡᠭᠦᠯᠭᠡ ᠵᠢ ᠵᠣᠯᠭᠠᠯᠳᠤᠭᠤᠯᠵᠤ ᠬᠠᠮᠲᠤᠷᠠᠨ ᠬᠥᠳᠡᠯᠦᠯᠴᠡᠬᠦ᠌ ᠲᠣᠭ᠍ᠲᠠᠴᠠ ᠵᠢ ᠬᠡᠷᠡᠭ᠌ᠵᠢᠭᠦᠯᠪᠠ᠃ ᠣᠳᠣᠬᠠᠨ ᠳ᠋ᠦ ᠨᠢᠭᠡᠨᠲᠡ ᠬᠣᠲᠠ ᠶ᠋ᠢᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ 1᠂ ᠬᠣᠱᠢᠭᠤ(ᠬᠣᠲᠠ᠂ ᠲᠣᠭᠣᠷᠢᠭ) ᠶ᠋ᠢᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ 14᠂ ᠰᠤᠮᠤ ᠱᠢᠶᠠᠩ ᠪᠠᠯᠭᠠᠰᠤ(ᠵᠡᠭᠡᠯᠢ ᠭᠤᠳᠤᠮᠵᠢ)ᠶ᠋ᠢᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ 140  ᠵᠢ ᠪᠠᠢᠭᠤᠯᠪᠠ᠃

ᠡᠯ᠎ᠡ ᠰᠠᠯᠠᠭ᠎ᠠ ᠮᠥᠴᠢᠷ ᠬᠡᠷᠬᠢᠨ ᠶᠡᠷᠦᠩᠬᠡᠢᠯᠡᠨ ᠬᠥᠳᠡᠯᠦᠯᠴᠡᠵᠦ᠍᠂ ᠬᠡᠷᠡᠭ ᠤᠴᠢᠷ ᠢ᠋ ᠠᠬᠤᠢ ᠳᠠᠯᠠᠪᠠᠢ ᠳ᠋ᠦ ᠵᠠᠰᠠᠬᠤ ᠵᠢ ᠦᠨᠡᠨ ᠬᠦ᠌ ᠪᠡᠶᠡᠯᠡᠭᠦᠯᠬᠦ᠌ ᠪᠤᠢ? ᠬᠥᠯᠥᠨ ᠪᠣᠢᠷ ᠬᠣᠲᠠ ᠦᠶ᠋ᠯᠡᠳᠦᠯᠭᠡ ᠶ᠋ᠢᠨ ᠳᠤᠮᠳᠠ ᠡᠴᠡ ᠬᠠᠷᠢᠭᠤᠯᠲᠠ ᠤᠯᠪᠠ᠃

ᠲᠣᠰ ᠬᠣᠲᠠ ᠤᠯᠤᠰ ᠲᠥᠷᠥ᠍ ᠬᠠᠤᠯᠢ ᠴᠠᠭᠠᠵᠠ ᠶ᠋ᠢᠨ ᠨᠢᠭᠡᠴᠢ᠂ ᠵᠠᠬᠢᠳᠠᠯ ᠰᠤᠷᠪᠤᠯᠵᠢᠯᠠᠯ ᠵᠡᠷᠭᠡ ᠪᠠᠢᠩᠭᠤ ᠰᠠᠭᠤᠭ᠎ᠠ ᠰᠠᠯᠠᠭ᠎ᠠ ᠮᠥᠴᠢᠷ ᠤ᠋ᠨ ᠡᠭᠦᠷᠭᠡ ᠬᠠᠷᠢᠭᠤᠴᠠᠯᠭ᠎ᠠ᠎ᠪᠠᠨ ᠱᠢᠯᠢᠳᠡᠭ᠌ᠵᠢᠭᠦᠯᠵᠦ᠍᠂ ᠣᠷᠣᠵᠤ ᠰᠠᠭᠤᠬᠤ ᠵᠦᠶ᠋ᠯᠡᠰ ᠤ᠋ᠨ ᠨᠠᠷᠢᠨ ᠲᠠᠩᠰᠠ ᠵᠢ ᠲᠣᠳᠣᠷᠬᠠᠢᠯᠠᠵᠤ᠂ ᠲᠤᠬᠠᠢᠯᠠᠭ᠍ᠰᠠᠨ ᠠᠵᠢᠯ ᠤ᠋ᠨ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠪᠠ᠃ ᠬᠥᠯᠥᠨ ᠪᠣᠢᠷ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ᠍ ᠬᠠᠤᠯᠢ ᠴᠠᠭᠠᠵᠠ ᠶ᠋ᠢᠨ ᠬᠣᠷᠢᠶ᠎ᠠ ᠪᠣᠯᠤᠨ ᠣᠶ ᠱᠢᠭᠤᠶ ᠶ᠋ᠢᠨ ᠠᠵᠤ ᠦᠶ᠋ᠯᠡᠳᠪᠦᠷᠢ ᠶ᠋ᠢᠨ ᠪᠦᠯᠦᠭ᠌ᠯᠡᠯ ᠬᠠᠮᠲᠤᠷᠠᠨ ᠣᠢᠲᠤ ᠭᠠᠵᠠᠷ ᠤ᠋ᠨ ᠨᠠᠮ ᠤ᠋ᠨ ᠪᠠᠢᠭᠤᠯᠤᠯᠲᠠ ᠵᠢ ᠨᠢᠭᠡ ᠴᠣᠭ᠍ᠴᠠᠵᠢᠭᠤᠯᠤᠭ᠍ᠰᠠᠨ ᠨᠡᠢᠭᠡᠮ ᠤ᠋ᠨ ᠠᠮᠤᠷ ᠲᠦᠪᠱᠢᠨ ᠢ᠋ ᠶᠡᠷᠦᠩᠬᠡᠢᠯᠡᠨ ᠵᠠᠰᠠᠬᠤ ᠠᠵᠢᠯ ᠢ᠋ ᠵᠣᠯᠭᠠᠭᠤᠯᠬᠤ ᠵᠢ ᠬᠡᠷᠡᠭ᠌ᠵᠢᠭᠦᠯᠬᠦ᠌ ᠲᠥᠰᠦᠯ ᠢ᠋ ᠳᠠᠷᠤᠮᠠᠯᠯᠠᠨ ᠲᠠᠷᠬᠠᠭᠠᠵᠤ᠂ ᠣᠶ ᠱᠢᠭᠤᠶ ᠶ᠋ᠢᠨ ᠠᠵᠤ ᠦᠶ᠋ᠯᠡᠳᠪᠦᠷᠢ ᠶ᠋ᠢᠨ ᠪᠦᠯᠦᠭ᠌ᠯᠡᠯ ᠤ᠋ᠨ ᠬᠠᠷᠢᠶ᠎ᠠ 18 ᠬᠤᠪᠢᠶᠠᠷᠢ ᠺᠣᠮᠫᠠᠨᠢ ᠶ᠋ᠢᠨ ᠵᠠᠬᠢᠳᠠᠯ ᠰᠤᠷᠪᠤᠯᠵᠢᠯᠠᠯ ᠤ᠋ᠨ ᠰᠠᠯᠠᠭ᠎ᠠ ᠮᠥᠴᠢᠷ ᠤ᠋ᠨ ᠠᠵᠢᠯᠲᠠᠨ ᠤ᠋ ᠣᠶ ᠱᠢᠭᠤᠶ᠎ᠲᠠᠶ ᠬᠣᠯᠪᠣᠭ᠍ᠳᠠᠭ᠍ᠰᠠᠨ ᠰᠤᠮᠤ ᠱᠢᠶᠠᠩ ᠪᠠᠯᠭᠠᠰᠤ(ᠵᠡᠭᠡᠯᠢ ᠭᠤᠳᠤᠮᠵᠢ) ᠶ᠋ᠢᠨ ᠶᠡᠷᠦᠩᠬᠡᠢᠯᠡᠨ ᠵᠠᠰᠠᠬᠤ ᠲᠥᠪ ᠲᠦ᠍ ᠪᠠᠢᠩᠭᠤ ᠰᠠᠭᠤᠬᠤ ᠵᠢ ᠠᠬᠢᠭᠤᠯᠪᠠ᠃ ᠬᠥᠯᠥᠨ ᠪᠣᠢᠷ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠤᠯᠤᠰ ᠲᠥᠷᠥ᠍ ᠬᠠᠤᠯᠢ ᠴᠠᠭᠠᠵᠠ ᠶ᠋ᠢᠨ ᠵᠥᠪᠯᠡᠯ ᠨᠢ ᠵᠣᠬᠢᠶᠠᠨ ᠪᠠᠢᠭᠤᠯᠤᠯᠲᠠ᠂ ᠨᠡᠢᠭᠡᠮ ᠤ᠋ᠨ ᠠᠵᠢᠯ ᠵᠡᠷᠭᠡ ᠰᠠᠯᠠᠭ᠎ᠠ ᠮᠥᠴᠢᠷ᠎ᠯᠦᠭᠡ ᠬᠣᠯᠪᠣᠭᠠᠯᠠᠨ ᠬᠠᠮᠵᠢᠯᠴᠠᠬᠤ᠎ᠪᠠᠨ ᠴᠢᠩᠭᠠᠳᠭᠠᠵᠤ᠂ ᠲᠣᠭ᠍ᠲᠠᠮᠠᠯ ᠬᠤᠭᠤᠴᠠᠭ᠎ᠠ ᠲᠠᠶ᠎ᠪᠠᠷ ᠵᠥᠪᠳᠡᠯᠴᠡᠵᠦ᠂ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤ᠋ᠳ ᠭᠤᠤᠯᠳᠦ ᠱᠤᠭᠤᠮ ᠤ᠋ᠨ ᠪᠠ ᠤᠷᠤᠨ ᠨᠤᠲᠤᠭᠴᠢᠯᠠᠭᠰᠠᠨ ᠡᠭᠦᠷᠭᠡ ᠬᠠᠷᠢᠭᠤᠴᠠᠯᠭ᠎ᠠ ᠶ᠋ᠢᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠳᠦᠷᠢᠮ ᠢ᠋ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠵᠢᠯ ᠤ᠋ᠨ ᠨᠡᠢᠯᠡᠮᠡᠯ ᠬᠦᠴᠦᠨ ᠢ᠋ ᠤᠯᠠᠮ ᠨᠢᠭᠡ ᠠᠯᠬᠤᠮ ᠨᠢᠭ᠍ᠲᠠᠷᠠᠭᠤᠯᠵᠠᠢ᠃ ᠤᠷᠤᠴᠠ(ᠬᠣᠯᠪᠣᠭᠠᠲᠤ ᠡᠷᠦᠭᠡ) ᠶ᠋ᠢᠨ ᠳᠠᠷᠤᠭ᠎ᠠ ᠶ᠋ᠢᠨ ᠲᠤᠱᠢᠶᠠᠯ ᠬᠠᠷᠢᠭᠤᠴᠠᠯᠭ᠎ᠠ ᠶ᠋ᠢᠨ ᠵᠦᠢᠯᠡᠰ᠂ ᠦᠢᠯᠡᠴᠢᠯᠡᠭᠡᠨ ᠤ᠋ ᠬᠠᠮᠢᠶᠠᠷᠤᠯᠲᠠ ᠵᠡᠷᠭᠡ ᠠᠵᠢᠯ ᠤ᠋ᠨ ᠲᠣᠭ᠍ᠲᠠᠴᠠ ᠵᠢ ᠪᠠᠢᠭᠤᠯᠵᠤ ᠂ ᠡᠯ᠎ᠡ ᠲᠠᠯ᠎ᠠ ᠶ᠋ᠢᠨ ᠡᠬᠢ ᠪᠠᠶᠠᠯᠢᠭ ᠤ᠋ᠨ ᠬᠦᠴᠦᠨ ᠢ᠋ ᠨᠢᠭᠡᠳᠦᠯᠲᠡᠢ ᠲᠥᠯᠥᠪᠯᠡᠨ ᠡᠮᠬᠢᠯᠡᠨ ᠨᠡᠢᠯᠡᠭᠦᠯᠵᠦ᠍᠂ ᠤᠯᠠᠨ ᠳᠠᠯ᠎ᠠ᠎ᠶᠢᠨ ᠬᠦᠴᠦᠨ ᠬᠠᠮᠲᠤ᠎ᠪᠠᠷ ᠣᠷᠣᠯᠴᠠᠬᠤ ᠵᠢ ᠠᠬᠢᠭᠤᠯᠵᠤ ᠂ ᠨᠡᠢᠭᠡᠮ ᠤ᠋ᠨ ᠵᠠᠰᠠᠯᠲᠠ ᠶ᠋ᠢᠨ 《ᠡᠴᠦᠰ ᠤ᠋ᠨ ᠨᠢᠭᠡ ᠺᠢᠯᠦᠮᠧᠲ᠋ᠷ 》 ᠢ᠋ ᠪᠦᠲᠦᠮᠵᠢᠲᠡᠢ ᠨᠡᠪᠲᠡᠷᠡᠭᠦᠯᠵᠠᠢ᠃ ᠣᠳᠣᠬᠠᠨ ᠳ᠋ᠦ᠂ ᠲᠤᠰ ᠬᠤᠲᠠ ᠨᠢᠭᠡᠨᠲᠡ 38780 ᠪᠢᠴᠢᠯ ᠲᠣᠣᠷᠵᠢᠯ ᠬᠤᠪᠢᠶᠠᠵᠤ᠂ ᠤᠷᠤᠴᠠ(ᠬᠣᠯᠪᠣᠭᠠᠲᠤ ᠡᠷᠦᠭᠡ) ᠶ᠋ᠢᠨ ᠳᠠᠷᠤᠭ᠎ᠠ 38984 ᠬᠥᠮᠦᠨ ᠢ᠋ ᠰᠣᠩᠭᠣᠨ ᠭᠠᠷᠭᠠᠪᠠ᠃《ᠰᠦᠯᠵᠢᠶᠡᠨ ᠳᠡᠭᠡᠷ᠎ᠡ + ᠠᠬᠤᠢ ᠳᠠᠯᠠᠪᠠᠢ》 ᠬᠠᠷᠢᠯᠴᠠᠨ ᠤᠶᠠᠯᠳᠤᠭ᠍ᠰᠠᠨ ᠤᠬᠠᠭᠤᠯᠭ᠎ᠠ ᠶ᠋ᠢᠨ ᠠᠷᠭ᠎ᠠ ᠮᠠᠶᠢᠭ ᠢ᠋ ᠥᠷᠨᠢᠭᠦᠯᠵᠦ᠍᠂ ᠡᠯ᠎ᠡ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠴᠢᠳᠠᠮᠵᠢ ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠪᠥᠬᠥ᠌ ᠲᠠᠯ᠎ᠠ᠎ᠪᠠᠷ ᠤᠬᠠᠭᠤᠯᠤᠨ ᠳᠡᠯᠭᠡᠷᠡᠭᠦᠯᠵᠦ᠍᠂《ᠵᠥᠷᠢᠴᠡᠯ ᠵᠠᠭᠤᠷᠠᠯᠳᠤᠭᠠᠨ᠎ᠲᠠᠢ ᠪᠤᠯ ᠶᠡᠷᠦᠩᠬᠡᠢᠯᠡᠨ ᠵᠠᠰᠠᠬᠤ ᠲᠥᠪ ᠲᠦ᠍ ᠬᠦᠷᠬᠦ》 ᠶ᠋ᠢ ᠣᠯᠠᠨ ᠲᠦᠮᠡᠨ ᠤ᠋ ᠲᠡᠷᠢᠭᠦᠨ ᠰᠣᠩᠭᠣᠯᠲᠠ ᠪᠤᠯᠭᠠᠪᠠ᠃

ᠨᠢᠭᠡ ᠲᠦᠪ ᠲᠦ᠍ ᠲᠦᠰᠢᠭᠯᠡᠨ ᠵᠦᠷᠢᠴᠡᠯ ᠵᠠᠭᠤᠷᠠᠯᠳᠤᠭᠠᠨ ᠢ᠋ ᠱᠢᠶ᠋ᠳᠪᠦᠷᠢᠯᠡᠨ᠂ ᠠᠮᠤᠷ ᠠᠮᠤᠭᠤᠯᠠᠩ ᠤ᠋ᠨ ᠪᠠᠢᠭᠤᠯᠤᠯᠲᠠ ᠤᠯᠠᠮ ᠳᠡᠰ ᠳᠡᠪᠰᠢᠨ᠎ᠡ᠃ ᠬᠥᠯᠥᠨ ᠪᠤᠢ᠌ᠷ ᠬᠤᠳᠠ ᠶᠠᠭ ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭ᠍ᠰᠠᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠵᠤ᠂ ᠦᠨᠳᠦᠰᠦᠨ ᠱᠠᠲᠤᠨ ᠤ᠋ ᠨᠡᠢᠭᠡᠮ ᠤ᠋ᠨ ᠵᠠᠰᠠᠯᠲᠠ ᠶ᠋ᠢᠨ ᠲᠦᠪᠱᠢᠨ ᠤ᠋ ᠪᠦᠬᠦᠯᠢ ᠴᠣᠭ᠍ᠴᠠ ᠶ᠋ᠢᠨ ᠰᠠᠢᠵᠢᠷᠠᠯᠳᠠ ᠵᠢ ᠠᠬᠢᠭᠤᠯᠵᠤ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠬᠥᠯᠥᠨ ᠪᠤᠢ᠌ᠷ ᠢ᠋ ᠴᠢᠷᠮᠠᠢᠨ ᠪᠠᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号