ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ ᠬᠡᠷᠡᠭᠳᠠᠢ
2025-11-03 10:32:08
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ


ᠴᠢᠨᠠᠷ ᠰᠠᠢᠲᠠᠢ ᠬᠥᠭ᠌ᠵᠢᠯᠲᠡ ᠪᠣᠯ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠡᠴᠡ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠰᠡᠳᠦᠪ ᠪᠣᠯᠭᠠᠬᠤ᠎ᠪᠠᠷ ᠲᠣᠭ᠍ᠲᠠᠭᠠᠭ᠍ᠰᠠᠨ᠎ᠨᠢ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠲᠡᠶ ᠤᠯᠠᠮᠵᠢᠯᠠᠯ ᠨᠢᠭᠡᠲᠡᠶ ᠮᠥᠷᠲᠡᠭᠡᠨ ᠢᠷᠡᠭᠡᠳᠦᠶ᠎ᠶ᠋ᠢᠨ 5 ᠵᠢᠯ᠎ᠦᠨ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠣᠨᠣᠪᠴᠢᠲᠠᠶ ᠡᠵᠡᠮᠳᠡᠭ᠌ᠰᠡᠨ ᠰᠠᠭᠤᠷᠢᠨ ᠳᠡᠭᠡᠷ᠎ᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠪᠠᠢᠷᠢᠯᠠᠭᠤᠯᠤᠭ᠍ᠰᠠᠨ ᠶᠤᠮ᠂ ᠡᠨᠡ᠎ᠨᠢ ᠪᠢᠳᠡᠨ᠎ᠦ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠦᠷᠭᠦᠯᠵᠢᠯᠡᠨ ᠴᠢᠩᠭ᠎ᠠ ᠠᠳᠭᠤᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠵᠢᠯᠣᠭᠣᠳᠭᠤ ᠦᠶ᠋ᠯᠡᠳᠦᠯ᠎ᠲᠡᠶ ᠶᠤᠮ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠡᠨᠡ ᠬᠦ᠌ ᠭᠤᠤᠯ ᠰᠡᠳᠦᠪ᠎ᠦᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ᠌ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ᠎ᠶ᠋ᠢᠨ ᠬᠤᠪᠢᠰᠤᠯᠲᠠ᠂ ᠬᠥᠳᠡᠯᠭᠡᠬᠦ᠌ ᠬᠦᠴᠦᠨ᠎ᠦ ᠬᠤᠪᠢᠰᠤᠯᠲᠠ᠎ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ 《ᠲᠣᠭ᠎ᠠ ᠬᠡᠮᠵᠢᠶ᠎ᠠ》 ᠎ᠶ᠋ᠢᠨ ᠲᠠᠯ᠎ᠠ᠎ᠪᠠᠷ ᠵᠠᠯᠭᠠᠭ᠎ᠠ᠎ᠪᠠᠷ ᠱᠢᠨ᠎ᠡ ᠪᠣᠭᠣᠮᠲᠠ ᠰᠢᠪᠳᠤᠯᠵᠤ᠂ 《ᠶᠠᠰᠤ ᠴᠢᠨᠠᠷ》 ᠤ᠋ᠨ ᠲᠠᠯ᠎ᠠ᠎ᠪᠠᠷ ᠦᠷᠭᠦᠯᠵᠢᠯᠡᠨ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠪᠠ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ᠌ ᠴᠡᠭ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠬᠤᠭᠤᠴᠠᠭᠠᠨ᠎ᠳᠤ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠢᠳᠡᠪᠬᠢᠲᠡᠶ ᠪᠣᠢᠵᠢᠭᠤᠯᠤᠨ ᠪᠤᠵᠠᠭᠠᠢᠷᠠᠭᠤᠯᠬᠤ ᠦᠶ᠋ᠯᠡᠳᠦᠯᠭᠡ᠎ᠡᠴᠡ ᠪᠢᠳᠡ ᠶᠠᠭᠤᠨ᠎ᠤ ᠤᠴᠢᠷ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠦᠷᠭᠦᠯᠵᠢᠯᠡᠨ ᠭᠤᠤᠯ ᠰᠡᠳᠦᠪ ᠪᠣᠯᠭᠠᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠨᠠᠩ ᠲᠣᠪᠣᠢᠮ᠎ᠠ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠬᠤ᠎ᠶ᠋ᠢ ᠤᠯᠠᠮ ᠭᠦᠨᠵᠡᠭᠡᠶ ᠣᠢᠯᠠᠭᠠᠵᠤ ᠪᠤᠯᠤᠨ᠎ᠠ᠃

ᠬᠥᠭ᠌ᠵᠢᠯᠲᠡ᠎ᠶ᠋ᠢᠨ ᠪᠦᠲᠦᠴᠡ ᠡᠴᠡ ᠦᠵᠡᠪᠡᠯ᠂ ᠨᠠᠩ ᠱᠢᠯᠢᠳᠡᠭ᠌ᠵᠢᠪᠡ᠃ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠵᠤ ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠶ᠎ᠶ᠋ᠢᠨ ᠠᠵᠤ ᠦᠶ᠋ᠯᠡᠰ᠎ᠢ ᠤᠷᠢᠳᠴᠢᠯᠠᠨ ᠪᠠᠢᠷᠢᠱᠢᠭᠤᠯᠵᠤ᠂ ᠮᠠᠨ᠎ᠤ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠲᠣᠭ᠎ᠠ 2020 ᠣᠨ᠎ᠳᠤ 27 ᠲᠦᠮᠡ ᠪᠠᠢᠭ᠍ᠰᠠᠨ᠎ᠡᠴᠡ᠎ᠪᠠᠨ 50 ᠭᠠᠷᠤᠶ ᠲᠦᠮᠡ ᠪᠣᠯᠵᠣ ᠨᠡᠮᠡᠭ᠌ᠳᠡᠨ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ ᠥᠷᠨᠢᠨ ᠬᠥᠭ᠌ᠵᠢᠵᠦ᠍᠂ ᠲᠡᠷᠢᠭᠦᠨ᠎ᠦ ᠠᠵᠤ ᠦᠶ᠋ᠯᠡᠰ᠎ᠦᠨ ᠬᠡᠯᠬᠢᠶ᠎ᠡ ᠪᠦᠷᠢᠯᠳᠦᠵᠤ᠂ ᠬᠣᠱᠢᠭᠤᠷᠠᠯ ᠬᠦᠷᠢᠶ᠎ᠠ ᠲᠦᠷᠭᠡᠨ ᠪᠣᠢᠵᠢᠪᠠ᠃

ᠬᠥᠭ᠌ᠵᠢᠯᠲᠡ᠎ᠶ᠋ᠢᠨ ᠬᠥᠳᠡᠯᠭᠡᠬᠦ ᠡᠨᠧᠷᠭᠢ ᠡᠴᠡ ᠦᠵᠡᠪᠡᠯ᠂ ᠨᠠᠩ ᠬᠦᠴᠦᠲᠡᠶ ᠪᠤᠯᠪᠠ᠃ ᠱᠢᠯᠭᠠᠷᠠᠭ᠍ᠰᠠᠨ ᠲᠠᠰ᠎ᠤᠨ ᠣᠶᠤᠨᠳᠤ ᠦᠶ᠋ᠯᠡᠳᠪᠦᠷᠢ ᠪᠠ 5G ᠦᠶ᠋ᠯᠡᠳᠪᠦᠷᠢ ᠵᠢ ᠲᠤᠰ ᠲᠤᠰ 230 ᠭᠠᠷᠤᠢ ᠪᠠ 1260 ᠪᠠᠢᠭᠤᠯᠵᠤ᠂ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠬᠦᠷᠢᠶᠡᠨ ᠳ᠋ᠤ ᠤᠯᠤᠰ᠎ᠤᠨ ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠪᠦᠯᠦᠭᠵᠢᠯ᠎ᠢ 60 ᠭᠠᠷᠤᠶ ᠪᠣᠢᠵᠢᠭᠤᠯᠵᠤ᠂ ᠤᠯᠤᠰ᠎ᠤᠨ ᠲᠠᠰ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠲᠤᠰᠭᠠᠢ ᠨᠠᠷᠢᠯᠢᠭ ᠤᠨᠴᠠ ᠱᠢᠨ᠎ᠡ 《ᠠᠪᠤᠷᠭᠤ》 ᠠᠵᠤ ᠠᠬᠤᠢᠯᠠᠯ 400 ᠵᠢ ᠳᠠᠪᠠᠪᠠ ᠁ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠲᠠᠰᠤᠷᠠᠯᠲᠠ ᠥᠬᠡᠶ ᠪᠣᠶ ᠪᠣᠯᠵᠣ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠲᠥᠯᠥᠨ ᠳᠠᠭᠠᠭᠤᠯᠵᠤ ᠪᠤᠵᠠᠭᠠᠢᠷᠠᠭᠤᠯᠤᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ᠎ᠢ ᠬᠥᠭ᠌ᠵᠢᠭᠡᠪᠡ᠃

ᠬᠥᠭ᠌ᠵᠢᠯᠲᠡ᠎ᠶ᠋ᠢᠨ ᠳᠡᠪᠢᠰᠭᠡᠷ ᠦᠩᠭᠡ ᠡᠴᠡ ᠦᠵᠡᠪᠡᠯ᠂ ᠨᠡᠩ ᠢᠯᠡ ᠲᠣᠳᠣ ᠪᠣᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠲᠦᠷᠦᠭᠦᠦ 4 ᠵᠢᠯ᠎ᠳᠦ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠶᠡᠷᠦᠩᠬᠡᠢ ᠥᠷᠲᠡᠭ᠎ᠦᠨ ᠡᠨᠧᠷᠭᠢ᠎ᠶ᠋ᠢᠨ ᠬᠣᠷᠣᠭ᠍ᠳᠠᠯ᠎ᠢ ᠨᠡᠢᠲᠡ 11.6% ᠎ᠪᠠᠷ ᠪᠠᠭᠤᠷᠠᠭᠤᠯᠵᠤ᠂ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠴᠡᠪᠡᠷ ᠴᠠᠬᠢᠯᠭᠠᠨ ᠭᠠᠷᠭᠠᠬᠤ ᠱᠢᠰᠲ᠋ᠧᠮ᠎ᠢ ᠪᠠᠢᠭᠤᠯᠵᠤ᠂ ᠪᠥᠬᠥ᠌ ᠨᠡᠢᠭᠡᠮ᠎ᠦᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠳ᠋ᠤ 3 ᠺᠢᠯᠦᠸᠠᠲ ᠴᠠᠭ᠎ᠤᠨ ᠴᠠᠬᠢᠯᠭᠠᠨ ᠪᠦᠷᠢ᠎ᠳᠦ 1 ᠺᠢᠯᠦᠸᠠᠲ ᠴᠠᠭ᠎ᠤᠨ ᠪᠣᠬᠢᠷᠲᠤᠯ ᠥᠬᠡᠶ ᠴᠠᠬᠢᠯᠭᠠᠨ᠎ᠲᠠᠶ ᠪᠣᠯᠪᠠ᠁ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠳᠡ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠶ᠋ᠢ ᠬᠤᠪᠢᠷᠠᠭᠤᠯᠬᠤ ᠠᠯᠬᠤᠭ᠎ᠠ ᠪᠠᠲᠤ ᠪᠠᠬᠢ ᠪᠣᠯᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠲᠥᠯᠥᠪᠵᠢᠭᠦᠯᠦᠨ ᠪᠠᠢᠷᠢᠯᠠᠭᠤᠯᠵᠤ᠂ ᠪᠥᠬᠥᠳᠡ ᠬᠤᠷᠠᠯ᠎ᠡᠴᠡ ᠴᠢᠨᠠᠷ ᠰᠠᠢᠲᠠᠶ ᠬᠥᠭ᠌ᠵᠢᠯᠲᠡ᠎ᠶ᠋ᠢ ᠪᠠᠷᠢᠮᠲᠠᠯᠠᠬᠤ᠎ᠶ᠋ᠢ ᠡᠷᠬᠡᠪᠰᠢ ᠵᠢᠷᠤᠮᠯᠠᠬᠤ ᠴᠢᠬᠤᠯᠠ ᠵᠠᠷᠴᠢᠮ ᠪᠣᠯᠭᠠᠨ ᠲᠣᠳᠣᠷᠬᠠᠢᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠢᠯᠡᠳᠲᠡ ᠦᠷ᠎ᠡ ᠪᠦᠲᠦᠮᠵᠢ ᠤᠯᠬᠤ᠎ᠶ᠋ᠢ ᠭᠤᠤᠯ ᠬᠠᠷᠠᠯᠲᠠ᠎ᠶ᠋ᠢᠨ ᠲᠡᠷᠢᠭᠦᠨ᠎ᠳᠦ ᠲᠠᠯᠪᠢᠪᠠ᠃ ᠣᠳᠣᠬᠠᠨ᠎ᠳᠤ᠂ ᠮᠥᠨ ᠬᠦ᠌ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ  ᠲᠤᠪᠤᠢᠮ᠎ᠠ  ᠠᠰᠠᠭᠤᠳᠠᠯ᠎ᠢ ᠱᠢᠢᠳᠪᠦᠷᠢᠯᠡᠬᠦ᠌ ᠴᠦ᠍ ᠲᠡᠷᠡ᠂ ᠡᠰᠡᠬᠦᠯ᠎ᠡ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠪᠠᠲᠤ ᠪᠡᠬᠢ ᠰᠠᠭᠤᠷᠢ ᠲᠠᠯᠪᠢᠵᠤ ᠥᠭ᠌ᠬᠦ ᠴᠦ᠍ ᠲᠡᠷᠡ᠂ ᠭᠠᠳᠠᠭᠠᠳᠤ ᠣᠷᠴᠢᠨ ᠲᠣᠭᠣᠷᠢᠨ᠎ᠤ ᠬᠤᠪᠢᠷᠠᠯᠲᠠ᠎ᠡᠴᠡ ᠪᠣᠯᠤᠭ᠍ᠰᠠᠨ ᠡᠯ᠎ᠡ ᠵᠦᠢᠯ᠎ᠦᠨ ᠲᠣᠭ᠍ᠲᠠᠭᠠᠯᠲᠦ ᠪᠤᠰᠤ ᠴᠢᠨᠠᠷ᠎ᠢ ᠬᠢᠵᠠᠭᠠᠷᠯᠠᠬᠤ ᠪᠤᠶᠤ ᠪᠦᠲᠦᠮᠵᠢᠲᠡᠢ ᠠᠷᠭᠠᠴᠠᠭᠠᠬᠤ ᠴᠤ᠌ ᠲᠡᠷᠡ᠂ ᠪᠦᠷ ᠪᠢᠳᠡᠨ᠎ᠢ ᠡᠷᠬᠡᠪᠰᠢ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠭᠣᠣᠯ ᠰᠡᠳᠦᠪ᠎ᠢ ᠦᠷᠭᠦᠯᠵᠢᠯᠡᠨ ᠪᠠᠲᠤ ᠡᠵᠡᠮᠳᠡᠵᠦ᠍᠂ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ᠎ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠠ ᠬᠡᠮᠵᠢᠶᠡᠨ᠎ᠦ ᠵᠣᠬᠢᠰᠲᠠᠢ ᠨᠡᠮᠡᠭ᠌ᠳᠡᠯ᠎ᠢ ᠪᠡᠶᠡᠯᠡᠭᠦᠯᠵᠦ᠍᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌ ᠪᠠ ᠨᠡᠢᠭᠡᠮ᠎ᠦᠨ ᠪᠦᠬᠦ᠌ ᠲᠠᠯ᠎ᠠ᠎ᠶ᠋ᠢᠨ ᠲᠠᠪᠱᠢᠯᠳᠠ᠎ᠶ᠋ᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠤ ᠪᠤᠢ᠃

ᠴᠢᠨᠠᠷ ᠰᠠᠢᠲᠠᠶ ᠬᠥᠭ᠌ᠵᠢᠯᠲᠡ᠎ᠶ᠋ᠢ ᠬᠡᠷᠬᠢᠨ ᠠᠬᠢᠭᠤᠯᠬᠤ ᠪᠣᠶ? ᠬᠠᠮᠤᠭ᠎ᠤᠨ ᠴᠢᠬᠤᠯᠠ ᠨᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠢᠳᠡᠪᠬᠢᠲᠡᠢ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠲᠦᠷᠭᠡᠨ ᠪᠣᠢᠵᠢᠭᠤᠯᠬᠤ᠂ ᠠᠵᠤ ᠠᠬᠤᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠮᠥᠨ ᠴᠢᠨᠠᠷ᠎ᠤᠨ᠂ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠎ᠲᠠᠶ ᠪᠣᠯᠭᠠᠨ᠎ᠠ᠃ ᠪᠥᠬᠥᠳᠡ ᠬᠤᠷᠠᠯ᠎ᠡᠴᠡ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠶ᠋ᠯᠡᠰ᠎ᠦᠨ ᠬᠤᠪᠢᠰᠤᠯᠲᠠ᠎ᠶ᠋ᠢᠨ ᠲᠡᠦᠬᠡ᠎ᠶ᠋ᠢᠨ ᠠᠵᠠ ᠲᠣᠬᠢᠶᠠᠯ᠎ᠢ ᠠᠮᠵᠢᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠠᠱᠢᠭ᠍ᠲᠠᠶ ᠪᠠᠢᠷᠢ᠎ᠶ᠋ᠢ ᠵᠠᠪᠳᠤᠨ ᠡᠵᠡᠯᠡᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠥᠬᠡᠶ ᠪᠣᠶ ᠪᠣᠯᠭᠠᠨ᠎ᠠ ᠭᠡᠵᠦ ᠳᠤᠷᠠᠳᠤᠨ ᠭᠠᠷᠭᠠᠪᠠ᠃ ᠡᠨᠡ ᠬᠦ᠌ ᠴᠢᠬᠤᠯᠠ ᠪᠠᠢᠷᠢᠯᠠᠭᠤᠯᠤᠯᠲᠠ ᠨᠢ ᠯᠠᠪᠲᠠᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠱᠢᠨ᠎ᠡ ᠬᠥᠳᠡᠯᠭᠡᠬᠦ᠌ ᠴᠢᠳᠠᠪᠤᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠢᠭᠠᠨ ᠵᠢᠯᠣᠭᠣᠳᠴᠤ᠌᠂ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠣᠷᠣᠨ ᠵᠠᠢ᠎ᠶ᠋ᠢ ᠲᠠᠰᠤᠷᠠᠯᠳᠠ ᠦᠭᠡᠢ ᠥᠷᠭᠡᠳᠭᠡᠵᠦ᠍᠂ ᠱᠢᠨ᠎ᠡ ᠳᠠᠪᠠᠭᠤᠯᠢᠭ᠎ᠢ ᠪᠤᠢ ᠪᠣᠯᠭᠠᠵᠤ ᠥᠭ᠌ᠬᠦ ᠪᠣᠯᠤᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠳᠡᠯᠡᠬᠡᠢ᠎ᠶ᠋ᠢᠨ ᠵᠠᠭᠤᠨ ᠵᠢᠯ᠎ᠦᠨ ᠬᠤᠪᠢᠰᠦᠯᠲᠠ᠎ᠶ᠋ᠢᠨ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠳᠣᠬᠢᠴᠢᠯᠠᠯᠲᠠ᠎ᠪᠠᠷ ᠲᠤᠯᠭᠠᠭᠤᠷᠢᠯᠠᠯ ᠪᠣᠯᠭᠠᠬᠤ ᠬᠡᠷᠡᠭ᠌ᠲᠡᠢ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠭᠣᠣᠯ ᠡᠯᠧᠮᠧᠨ᠋ᠲ ᠮᠥᠨ᠃ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠯᠣᠭᠣᠳᠤᠮᠵᠢ ᠪᠣᠯᠭᠠᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠪᠠᠷ ᠰᠠᠭᠤᠷᠢ ᠪᠣᠯᠭᠠᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠬᠦ᠌ ᠬᠡᠷᠡᠭ᠌ᠲᠡᠢ᠃ ᠤᠤᠭᠠᠯ ᠡᠭᠦᠳᠦᠯᠲᠡ ᠪᠣᠯᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠲᠣᠭᠠᠴᠢᠯᠠᠭ᠍ᠰᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠰᠠᠭᠤᠷᠢ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠯᠭᠠᠭᠤᠷᠢᠯᠠᠯ᠎ᠢ ᠪᠠᠲᠤ ᠴᠣᠭ᠍ᠴᠠᠯᠠᠬᠤ ᠬᠡᠷᠡᠭ᠌ᠲᠡᠢ᠃ ᠡᠭᠦᠨ᠎ᠦ ᠬᠠᠮᠲᠤ ᠪᠠᠰᠠ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠵᠣᠬᠢᠬᠤ ᠳᠠᠪᠠᠭᠤᠯᠢᠬ ᠨᠥᠬᠥᠴᠡᠯ᠎ᠢ ᠪᠦᠷᠢᠯᠳᠦᠭᠦᠯᠬᠦ᠌ ᠴᠢᠬᠤᠯᠠᠲᠠᠢ᠂ ᠡᠷᠬᠡᠪᠰᠢ ᠪᠣᠳᠠᠲᠤ ᠠᠬᠤᠢ᠎ᠶ᠋ᠢᠨ ᠪᠣᠯᠤᠮᠵᠢᠲᠤ ᠴᠢᠨᠠᠷ᠎ᠢ ᠭᠦᠢᠴᠡᠳ ᠪᠣᠳᠣᠯᠬᠢᠯᠠᠬᠤ ᠬᠡᠷᠡᠭ᠌ᠲᠡᠢ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃ 《ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ》 ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠱᠢᠨᠵᠢᠯᠡᠬᠦ᠌ ᠤᠬᠠᠭᠠᠨᠴᠢ ᠣᠶᠤᠨᠴᠢ᠎ᠪᠠᠷ᠂ ᠦᠨᠡᠨ᠎ᠡᠴᠡ ᠵᠥᠪ᠎ᠢ ᠡᠷᠢᠬᠦ᠌ ᠣᠪᠣᠷ᠎ᠢᠶᠠᠷ ᠠᠵᠢᠯ᠎ᠢᠶᠠᠨ ᠥᠷᠨᠢᠭᠦᠯᠵᠦ᠍᠂ ᠰᠣᠩᠭᠣᠯᠲᠠ ᠲᠠᠶ᠎ᠪᠠᠷ ᠱᠢᠨ᠎ᠡ ᠠᠵᠤ ᠦᠢᠯᠡᠰ᠂ ᠱᠢᠨ᠎ᠡ ᠵᠠᠭ᠍ᠪᠤᠷ᠂ ᠱᠢᠨ᠎ᠡ ᠬᠥᠳᠡᠯᠭᠡᠬᠦ᠌ ᠡᠨᠧᠷᠭᠢ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠨᠢᠭᠡ ᠯᠡ ᠳᠣᠣᠷ᠎ᠠ ᠳᠦᠷᠭᠢᠯᠳᠦᠬᠦ᠌᠎ᠶ᠋ᠢ ᠰᠡᠷᠭᠡᠢᠯᠡᠬᠦ᠌ ᠬᠡᠷᠡᠭ᠌ᠲᠡᠢ᠃

ᠴᠢᠨᠠᠷ ᠰᠠᠢᠲᠠᠢ ᠬᠥᠭ᠌ᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 14 ᠳ᠋ᠦᠩᠱᠢᠭᠤᠷ ᠭᠠᠷᠤᠢ ᠬᠥᠮᠦᠨ᠎ᠦ ᠪᠦᠬᠦᠯᠢ ᠴᠣᠭ᠍ᠴᠠ᠎ᠪᠠᠷ ᠣᠳᠣᠬᠢᠴᠢᠯᠠᠯᠲᠠ᠎ᠳᠤ ᠣᠷᠣᠬᠤ᠎ᠶ᠋ᠢ ᠬᠦᠳᠦᠯᠥᠨ ᠳᠠᠭᠠᠭᠤᠯᠬᠤ ᠪᠣᠯ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠣᠪᠣᠷ ᠲᠣᠬᠢᠶᠠᠯᠳᠤᠬᠤ ᠠᠤᠭ᠎ᠠ ᠠᠵᠢᠯᠯᠠᠭ᠎ᠠ ᠮᠥᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠡᠭᠦᠷᠭᠡ ᠬᠠᠷᠢᠭᠤᠴᠠᠯᠭ᠎ᠠ ᠮᠥᠨ᠃  ᠱᠢᠨ᠎ᠡ ᠠᠶᠠᠨ᠎ᠳᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠤᠭᠤᠳᠤᠯᠭ᠎ᠠ ᠪᠣᠯᠭᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢᠶᠡᠷ ᠲᠤᠯᠭᠠᠭᠤᠷᠢᠯᠠᠯ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠢᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠠᠭᠠᠪᠠᠯ᠂ ᠪᠢᠳᠡ ᠯᠠᠪᠲᠠᠢ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠤᠪᠢ ᠵᠠᠶᠠᠭ᠎ᠠ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠬᠠᠷᠠᠯᠲᠠ᠎ᠶ᠋ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠃

 (ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号