11 ᠰᠠᠷ᠎ᠠ ᠢ᠋ᠢᠨ 27 ᠤ᠋ ᠡᠲᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠲᠡᠭᠡᠨ᠎ᠤ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ᠎ᠤᠨ 《ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ ᠬᠢᠭᠡᠳ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠠᠭᠤᠰᠤᠯᠴᠠᠵᠤ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ ᠵᠢ ᠪᠠᠢᠭᠤᠯᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠪᠣᠯᠤᠨ ᠬᠥᠬᠡᠬᠣᠲᠠ ᠪᠣᠭᠣᠮᠲᠠ ᠵᠡᠷᠭᠡ ᠰᠠᠯᠠᠭ᠎ᠠ ᠮᠥᠴᠢᠷ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠰᠤᠷᠪᠤᠯᠵᠢᠯᠠᠬᠴᠢᠳ᠎ᠤᠨ ᠠᠰᠠᠭᠤᠯᠲᠠ ᠵᠢ ᠬᠠᠷᠢᠭᠤᠯᠵᠦ᠂ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ᠎ᠳᠡᠬᠢ ᠦᠪᠦᠷ ᠮᠤᠩᠭᠤᠯ᠎ᠤᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠢᠳᠡᠪᠬᠢᠲᠡᠢ ᠠᠭᠤᠰᠤᠯᠴᠠᠵᠤ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ ᠵᠢ ᠬᠦᠴᠦᠯᠡᠨ ᠪᠠᠢᠭᠤᠯᠤᠬᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠪᠡ ᠦᠷ᠎ᠡ ᠪᠦᠲᠦᠮᠵᠢ ᠵᠢ ᠨᠡᠢᠲᠡᠯᠡᠪᠡ᠃
ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠤ ᠢᠳᠡᠪᠬᠢᠲᠡᠶ ᠠᠭᠤᠰᠤᠯᠴᠠᠪᠠ
《2025 ᠣᠨ᠎ᠳᠤ᠂〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠲᠥᠰᠦᠯ〉᠎ᠳ᠋ᠤ ᠲᠣᠭ᠍ᠲᠠᠭᠠᠭ᠍ᠰᠠᠨ 3 ᠲᠠᠯ᠎ᠠ᠎ᠶ᠋ᠢᠨ 21 ᠡᠭᠦᠷᠭᠡ᠎ᠶ᠋ᠢᠨ 93 ᠵᠤᠷᠪᠤᠰ ᠪᠣᠳᠠᠲᠠᠶ ᠵᠦᠶ᠋ᠯᠡᠰ᠎ᠦᠨ ᠲᠣᠭᠣᠷᠢᠨ᠎ᠳᠤ᠂ ᠠᠵᠢᠯ᠎ᠤᠨ ᠬᠤᠪᠢᠶᠠᠷᠢᠯᠠᠯ᠎ᠢᠶᠠᠨ ᠨᠠᠷᠢᠯᠢᠬ᠍ᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠦᠨ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠪᠠ; ᠤᠯᠤᠰ᠎ᠤᠨ ᠭᠠᠳᠠᠭᠠᠳᠤ᠂ ᠤᠯᠤᠰ᠎ᠤᠨ ᠳᠣᠲᠣᠭᠠᠳᠤ ᠪᠠ ᠣᠷᠣᠨ᠎ᠤ ᠳᠣᠲᠣᠷᠠᠬᠢ ᠭᠤᠷᠪᠠᠨ ᠬᠠᠮᠲᠤᠷᠠᠯᠴᠠᠭᠠᠨ᠎ᠤ ᠲᠠᠯ᠎ᠠ᠎ᠪᠠᠷ᠎ᠬᠢ ᠭᠤᠤᠯ ᠡᠭᠦᠷᠭᠡ᠎ᠶ᠋ᠢᠨ ᠲᠣᠭᠣᠷᠢᠨ᠎ᠳᠤ᠂ ᠨᠡᠭᠡᠭᠡᠯᠲᠡ ᠬᠢᠵᠦ᠍ ᠬᠥᠭ᠌ᠵᠢᠭᠦᠯᠬᠦ᠌᠂ ᠬᠠᠮᠵᠢᠯᠴᠠᠨ ᠬᠠᠮᠳᠤᠷᠠᠯᠴᠠᠬᠤ᠂ ᠨᠢᠭᠡᠳᠦᠯᠲᠡᠶ ᠲᠥᠯᠥᠪᠵᠢᠭᠦᠯᠬᠦ᠌ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠲᠣᠭ᠍ᠲᠠᠭᠠᠵᠤ᠂ 17 ᠵᠦᠶ᠋ᠯ᠎ᠦᠨ ᠢᠵᠢ ᠪᠦᠷᠢᠳᠤᠬᠦᠯᠦᠭᠰᠡᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢᠨ ᠪᠣᠳᠠᠲᠠᠶ᠎ᠳᠤ ᠨᠠᠢᠳᠠᠪᠤᠷᠢᠵᠢᠭᠤᠯᠤᠭ᠍ᠳᠠᠨ ᠦᠷ᠎ᠡ ᠪᠦᠲᠦᠮᠵᠢ ᠤᠯᠬᠤ᠎ᠶ᠋ᠢ ᠪᠦᠲᠦᠮᠵᠢᠲᠡᠶ ᠠᠬᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠢᠨᠠᠷ ᠰᠠᠢᠲᠠᠶ ᠪᠥᠲᠥᠭᠡᠨ ᠪᠠᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ》 ᠬᠡᠵᠤ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠡᠭᠭᠢᠮ᠎ᠤᠨ ᠲᠡᠳ᠋ ᠲᠠᠷᠤᠭ᠎ᠠ ᠺᠠᠡᠭ ᡁᠢ ᠭᠦᠸᠸ ᠬᠡᠯᠡᠪᠡ᠃
《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠤᠮᠠᠷᠠᠰᠢ ᠨᠡᠭᠡᠭᠡᠯᠲᠡ ᠬᠢᠬᠦ᠌ ᠴᠢᠳᠠᠪᠤᠷᠢ ᠵᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 《ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠵᠡᠷᠭᠡ 9 ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠬᠢᠯᠢ᠎ᠶ᠋ᠢᠨ ᠠᠷᠠᠯᠵᠢᠶᠠᠨ᠎ᠤ ᠱᠢᠨ᠎ᠡ᠎ᠶ᠋ᠢ ᠡᠭᠦᠳᠬᠦ᠌᠂ ᠨᠡᠭᠡᠭᠡᠯᠲᠡ ᠬᠢᠬᠦ᠌ ᠲᠠᠪᠴᠠᠩ᠎ᠤᠨ ᠴᠢᠳᠠᠪᠤᠷᠢ ᠵᠢ ᠳᠡᠭᠡᠭ᠌ᠰᠢᠯᠡᠭᠦᠯᠬᠦ᠌᠂ ᠣᠷᠣᠰ ᠮᠣᠩᠭᠣᠯ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠵᠡᠷᠭᠡ ᠲᠠᠯ᠎ᠠ᠎ᠠᠴᠠ ᠬᠦᠴᠦᠯᠡᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠪᠡ᠃ ᠡᠨᠡ ᠵᠢᠯ᠎ᠤᠨ ᠲᠦᠷᠤᠬᠦᠤ 10 ᠰᠠᠷ᠎ᠠ᠎ᠳᠤ᠂ ᠪᠥᠬᠥ᠌ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤᠤᠷᠤᠭᠤᠯᠤᠯᠳᠠ ᠭᠠᠷᠭᠠᠯᠳᠠ ᠵᠢᠨ ᠶᠡᠷᠤᠡᠭᠭᠡᠢ ᠦᠷᠳᠡᠭ 1751.3 ᠳ᠋ᠦᠩᠱᠢᠭᠤᠷ ᠲᠥᠭᠥᠷᠢᠭ᠎ᠲᠦ ᠬᠦᠷᠴᠦ᠍᠂ 2.2% ᠵᠢᠡᠷ ᠨᠡᠮᠡᠭ᠌ᠳᠡᠪᠡ; ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠠᠷᠠᠯᠵᠢᠶᠠᠨ᠎ᠤ ᠦᠷᠳᠡᠭ 36.4 ᠳ᠋ᠦᠩᠱᠢᠭᠤᠷ ᠲᠥᠭᠥᠷᠢᠭ᠎ᠲᠦ ᠬᠦᠷᠴᠦ᠍᠂ 90.1% ᠪᠠᠷ ᠨᠡᠮᠡᠭ᠌ᠳᠡᠪᠡ; ᠣᠷᠣᠰ ᠮᠣᠩᠭᠣᠯ᠎ᠳᠤ ᠬᠠᠨᠳᠤᠭᠤᠯᠤᠭ᠍ᠰᠠᠨ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠭᠠᠳᠠᠭᠠᠳᠤ᠎ᠳᠤ ᠭᠠᠷᠭᠠᠬᠤ ᠦᠨ᠎ᠡ ᠬᠠᠶᠠᠵᠤ ᠬᠤᠳᠠᠯᠳᠤᠬᠤ ᠲᠠᠪᠴᠠᠩ ᠨᠡᠪᠳᠡᠷᠡᠵᠤ᠌᠂ ᠭᠠᠳᠠᠭᠠᠳᠤ᠎ᠳᠤ ᠭᠠᠷᠭᠠᠭ᠍ᠰᠠᠨ ᠭᠠᠷ ᠳᠠᠮᠵᠢᠭ᠍ᠰᠠᠨ ᠮᠠᠱᠢᠨ ᠲᠡᠷᠭᠡ ᠨᠡᠢᠲᠡ 11943᠎ᠳ᠋ᠤ ᠬᠦᠷᠴᠤ᠂ ᠭᠠᠳᠠᠭᠠᠳᠤᠭᠠᠷᠭᠠᠯᠳᠠ ᠵᠢᠨ ᠦᠷᠳᠡᠭ᠎ᠨᠢ 13.5 ᠳ᠋ᠦᠩᠱᠢᠭᠤᠷ ᠲᠦᠬᠦᠷᠢᠭ᠎ᠲᠤ ᠬᠦᠷᠴᠦ᠍᠂ ᠲᠣᠰ ᠲᠣᠰ 66.36%᠂ 72.7% ᠪᠠᠷ ᠨᠡᠮᠡᠭ᠌ᠳᠡᠪᠡ᠃
ᠤᠯᠤᠰ᠎ᠤᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠮᠤᠵᠢ᠎ᠶ᠋ᠢᠨ ᠬᠣᠭᠣᠷᠣᠨᠳᠣᠬᠢ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠴᠤ᠌᠂ ᠤᠯᠤᠰ᠎ᠤᠨ ᠳᠣᠲᠣᠭᠠᠳᠤ᠎ᠶ᠋ᠢᠨ ᠣᠷᠴᠢᠯ᠎ᠤᠨ ᠬᠣᠯᠪᠣᠭᠠᠯᠠᠨ ᠬᠥᠳᠡᠯᠦᠯᠴᠡᠬᠦ᠌ ᠦᠷ᠎ᠡ ᠪᠦᠲᠦᠮᠵᠢ ᠢᠯᠡᠳᠲᠡ ᠴᠢᠩᠭᠠᠷᠠᠪᠠ᠃ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠂ ᠭᠤᠷᠪᠠᠳᠤᠭᠠᠷ ᠬᠤᠭᠤᠴᠠᠭᠠᠨ᠎ᠤ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ᠎ᠤ ᠵᠥᠪᠳᠡᠯᠴᠡᠬᠦ᠌ ᠬᠤᠷᠠᠯ᠂ ᠳᠤᠮᠳᠠᠳᠤ ᠤᠯᠤᠰ᠎ᠤᠨ ᠠᠵᠤ ᠦᠶ᠋ᠯᠡᠰ᠎ᠦᠨ ᠱᠢᠯᠵᠢᠯᠲᠡ᠎ᠶ᠋ᠢᠨ ᠬᠥᠭ᠌ᠵᠢᠯᠲᠡ᠎ᠶ᠋ᠢ ᠵᠣᠯᠭᠠᠭᠤᠯᠬᠤ ᠠᠵᠢᠯᠯᠠᠭ᠎ᠠ (ᠥᠪᠥᠷ ᠮᠣᠩᠭᠣᠯ) ᠵᠡᠷᠭᠡ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ᠎ᠶ᠋ᠢ ᠠᠮᠵᠢᠯᠲᠠ᠎ᠲᠠᠶ ᠡᠷᠭᠢᠯᠡᠵᠦ᠍᠂ ᠡᠨᠡ ᠵᠢᠯ᠎ᠤᠨ ᠲᠦᠷᠤᠬᠦᠤ 10 ᠰᠠᠷ᠎ᠠ᠎ᠳᠤ ᠤᠯᠤᠰ᠎ᠤᠨ ᠳᠣᠲᠣᠭᠠᠳᠤ᠎ᠶ᠋ᠢᠨ ᠪᠣᠳᠠᠲᠠᠶ ᠪᠠᠯᠠ ᠮᠥᠩᠭᠥ᠎ᠶ᠋ᠢ 4907.3 ᠳ᠋ᠦᠩᠱᠢᠭᠤᠷ ᠲᠥᠭᠥᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ᠎ᠤ ᠬᠢ᠎ᠡᠴᠡ 13.4% ᠪᠠᠷ ᠨᠡᠮᠡᠭ᠌ᠳᠡᠪᠡ; ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ 《ᠵᠢᠷᠭᠤᠭᠠᠨ ᠳᠠᠬᠢᠨ᠎ᠢᠶᠠᠷ ᠨᠡᠮᠡᠭ᠌ᠳᠡᠭᠦᠯᠬᠦ᠌》 ᠲᠥᠯᠥᠪᠯᠡᠭᠡ ᠪᠠ 《ᠳᠥᠷᠪᠡᠨ ᠵᠦᠶ᠋ᠯ᠎ᠦᠨ ᠠᠵᠢᠯᠯᠠᠭ᠎ᠠ》᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ ᠵᠢᠨ ᠬᠠᠮᠲᠤᠷᠠᠬᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠶ᠋ᠯ᠎ᠢ 321 ᠵᠦᠶ᠋ᠯ ᠬᠡᠷᠡᠭ᠌ᠵᠢᠭᠦᠯᠵᠦ᠍᠂ ᠪᠡᠭᠡᠵᠢᠨᠭ᠎ᠤᠨ 1700 ᠭᠠᠷᠤᠶ ᠲᠤᠰᠭᠠᠶ ᠮᠡᠷᠭᠡᠵᠢᠯᠲᠡᠨ ᠮᠠᠨ᠎ᠤ ᠤᠷᠤᠨ᠎ᠳᠤ ᠢᠷᠡᠵᠤ ᠡᠮᠴᠢᠯᠡᠭᠡ ᠬᠢᠵᠤ᠂ ᠨᠡᠢᠳᠡ 37.5 ᠲᠦᠮᠡᠨ ᠬᠥᠮᠦᠨ ᠤᠳᠠᠭ᠎ᠠ ᠵᠢ ᠬᠦᠯᠢᠶᠡᠨ ᠠᠪᠴᠤ ᠡᠮᠴᠢᠯᠡᠪᠡ; ᠪᠣᠬᠢᠷᠲᠤᠯ ᠥᠬᠡᠶ ᠢᠳᠡᠭᠡᠨ᠎ᠦ ᠵᠦᠶ᠋ᠯ᠎ᠦᠨ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠵᠦ᠍᠂ ᠴᠠᠭᠠᠨ ᠰᠠᠷ᠎ᠠ᠎ᠶ᠋ᠢᠨ ᠪᠠᠷᠠᠭᠠᠨ᠎ᠤ ᠦᠵᠡᠰᠬᠦᠯᠠᠡᠭ᠂ 《ᠥᠪᠥᠷ ᠮᠣᠩᠭᠣᠯ᠎ᠤᠨ ᠰᠤᠳᠤᠨ ᠪᠦᠳᠤᠭᠡᠭᠳᠡᠬᠦᠨ᠎ᠤ ᠪᠥᠬᠥ᠌ ᠤᠯᠤᠰ ᠲᠡᠬᠢ ᠠᠶᠠᠯᠠᠯ》᠂ ᠪᠥᠬᠥ᠌ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ ᠶᠡᠬᠡ ᠬᠤᠷᠠᠯ (ᠤᠮᠠᠷᠠᠲᠤ ᠬᠡᠰᠡᠭ᠎ᠦᠨ ᠣᠷᠣᠨ) ᠵᠡᠷᠭᠡ ᠠᠵᠢᠯᠯᠠᠭ᠎ᠠ᠎ᠶ᠋ᠢ ᠠᠮᠵᠢᠯᠲᠠ᠎ᠲᠠᠶ ᠡᠷᠭᠢᠯᠡᠵᠦ᠍᠂ ᠲᠣᠷᠭᠠᠨ ᠵᠠᠮ᠎ᠤᠨ ᠦᠵᠡᠰᠭᠦᠯᠡᠩ᠎ᠤᠨ ᠴᠤᠬᠯᠠᠭᠠᠨ᠂ ᠪᠠᠷᠠᠭᠤᠨ ᠣᠷᠣᠨ᠎ᠤ ᠵᠥᠪᠳᠡᠯᠴᠡᠬᠡᠷ᠎ᠦᠨ ᠴᠤᠭ᠍ᠯᠠᠭᠠᠨ ᠵᠡᠷᠭᠡ ᠦᠵᠡᠰᠭᠦᠯᠡᠩ᠎ᠦᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠨᠡᠢᠲᠡ 10.27 ᠳ᠋ᠦᠩᠱᠢᠭᠤᠷ ᠲᠥᠭᠥᠷᠢᠭ᠎ᠦᠨ ᠭᠡᠷ᠎ᠡ ᠲᠣᠭ᠍ᠲᠠᠪᠠ᠃ 《ᠦᠪᠤᠷ ᠮᠣᠩᠭᠣᠯ᠎ᠤᠨ ᠦᠶ᠋ᠯᠡᠳᠬᠦᠨ᠎ᠢ ᠪᠡᠭᠡᠵᠢᠩ᠎ᠳᠦ ᠣᠷᠣᠭᠤᠯᠬᠤ》 ᠪᠣᠷᠣᠯᠠᠭᠤᠯᠤᠯᠲᠠ᠎ᠶ᠋ᠢᠨ ᠬᠡᠮᠵᠢᠶ᠎ᠡ 302 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠶ᠋ᠯᠡᠴᠢᠯᠡᠭᠡᠨ᠎ᠦ ᠬᠠᠮᠵᠢᠯᠴᠠᠭ᠎ᠠ᠎ᠪᠠᠷ 6 ᠲᠦᠮᠡᠨ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠡᠮᠵᠢᠪᠡ᠃
ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ 《ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠂ 《ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠂ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠨᠦᠭᠦᠳ》 ᠵᠡᠷᠭᠡ 6 ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ 40 ᠵᠤᠷᠪᠤᠰ ᠢᠵᠢ ᠪᠦᠷᠢᠳᠤᠬᠦᠯᠤᠨ ᠲᠣᠭ᠍ᠲᠠᠭᠠᠵᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢᠨᠡᠮᠡᠷᠢᠯᠡᠪᠡ᠃
ᠪᠦᠬᠦ᠌ ᠣᠷᠣᠨ ᠪᠦᠰᠡ᠎ᠶ᠋ᠢᠨ ᠨᠡᠭᠡᠭᠡᠯᠲᠡᠲᠦ ᠬᠥᠭ᠌ᠵᠢᠯᠲᠡ᠎ᠶ᠋ᠢ ᠬᠦᠴᠦᠯᠡᠨ ᠠᠬᠢᠭᠤᠯᠪᠠ
《〈ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠢᠨᠵᠧᠨᠧᠷᠢᠩ〉 ᠪᠣᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠠᠴᠠ ᠳᠤᠷᠠᠳᠤᠭ᠍ᠰᠠᠨ ᠵᠢᠷᠭᠤᠭᠠᠨ ᠢᠨᠵᠧᠨᠧᠷᠢᠩ᠎ᠦᠨ ᠨᠢᠭᠡ ᠪᠣᠯᠤᠨ᠎ᠠ᠂ ᠪᠦᠬᠦ᠌ ᠣᠷᠣᠨ᠎ᠤ ᠨᠡᠭᠡᠭᠡᠯᠲᠡᠲᠦ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ ᠵᠠᠩᠭᠢᠯᠠᠭ᠎ᠠ ᠮᠦᠨ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠠᠢᠮᠠᠭ ᠬᠤᠳᠠ᠎ᠶ᠋ᠢ ᠵᠢᠯᠣᠭᠣᠳᠤᠨ ᠤᠨᠴᠠᠯᠢᠬ᠍ᠳᠤ ᠳᠠᠪᠠᠭᠤᠯᠢᠭ ᠠᠵᠤ ᠦᠢᠯᠡᠰ᠎ᠲᠡᠶ ᠤᠶᠠᠯᠳᠤᠭᠤᠯᠵᠤ᠂ ᠠᠵᠢᠯ᠎ᠤᠨ ᠲᠥᠰᠦᠯ ᠲᠣᠭ᠍ᠲᠠᠭᠠᠵᠤ᠂ ᠬᠠᠷᠠᠯᠲᠠ ᠡᠭᠦᠷᠭᠡ᠎ᠪᠡᠨ ᠲᠣᠳᠣᠷᠬᠠᠢᠯᠠᠵᠤ᠂ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠢᠨᠵᠧᠨᠧᠷᠢᠩ᠎ᠳᠦ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠪᠦᠬᠦ᠌ ᠣᠷᠣᠨ ᠪᠦᠰᠡ᠎ᠶ᠋ᠢᠨ ᠨᠡᠭᠡᠭᠡᠯᠲᠡᠲᠦ ᠬᠥᠭ᠌ᠵᠢᠯᠲᠡ᠎ᠶ᠋ᠢ ᠬᠦᠴᠦᠯᠡᠨ ᠠᠬᠢᠭᠤᠯᠪᠠ》 ᠬᠡᠵᠤ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠡᠭᠭᠢᠮ᠎ᠤᠨ ᠲᠡᠳ᠋ ᠲᠠᠷᠤᠭ᠎ᠠ ᠺᠠᠡᠭ ᡁᠢ ᠭᠦᠸᠸ ᠬᠡᠯᠡᠪᠡ᠃
《ᠠᠷᠪᠠᠨ ᠲᠦᠷᠪᠡᠳᠤᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠡᠭᠭᠢᠮ ᠡᠯ᠎ᠡ ᠠᠢᠮᠠᠭ ᠬᠣᠲᠠ ᠪᠣᠯᠤᠨ 40 ᠭᠠᠷᠤᠶ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠤᠯᠤᠰ᠎ᠤᠨ ᠳᠠᠪᠬᠤᠷᠭ᠎ᠠ᠎ᠶ᠋ᠢᠨ ᠲᠦᠷᠢᠮ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠲᠡᠷᠡ ᠬᠡᠪ᠎ᠢᠶᠡᠷ ᠨᠢ ᠳᠡᠯᠭᠡᠷᠡᠭᠦᠯᠬᠦ᠌᠎ᠶ᠋ᠢ ᠲᠦᠷᠦᠭᠦᠯᠡᠨ ᠠᠬᠢᠭᠤᠯᠪᠠ᠃ ᠣᠳᠣᠬᠠᠨ᠎ᠳᠤ᠂ ᠦᠪᠦᠷ ᠮᠤᠩᠭᠤᠯ᠎ᠳᠤ ᠳᠣᠭᠢᠷᠠᠬᠤ ᠤᠯᠤᠰ᠎ᠤᠨ ᠲᠠᠰ ᠳᠠᠪᠬᠤᠷᠭ᠎ᠠ᠎ᠶ᠋ᠢᠨ ᠲᠦᠷᠢᠮ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ 259 ᠵᠦᠶ᠋ᠯ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠠᠬᠢᠭᠤᠯᠵᠤ᠂ ᠲᠦᠷᠢᠮ᠎ᠦᠨ ᠱᠢᠨ᠎ᠡ᠎ᠶ᠋ᠢ ᠡᠭᠦᠳᠦᠭ᠌ᠰᠡᠨ ᠠᠱᠢᠭ᠎ᠢ ᠨᠠᠩ ᠶᠡᠬᠡ ᠬᠡᠪᠴᠢᠶ᠎ᠡ᠎ᠪᠡᠷ ᠢᠯᠡᠷᠡᠭᠦᠯᠵᠦ᠍᠂ ᠣᠯᠠᠨ ᠬᠦᠷᠢᠶᠡᠨ᠎ᠳᠦ ᠢᠳᠡᠪᠬᠢᠲᠡᠶ ᠦᠷ᠎ᠡ ᠪᠦᠲᠦᠮᠵᠢ ᠤᠯᠪᠠ᠃ ᠵᠢᠱ᠌ᠢᠶᠡᠯᠡᠪᠡᠯ᠂ ᠠᠷᠠᠯᠵᠢᠶ᠎ᠠ᠎ᠶ᠋ᠢ ᠳᠥᠭᠥᠮᠴᠢᠯᠡᠬᠦ᠌ ᠲᠠᠯ᠎ᠠ᠎ᠪᠠᠷ᠂ 《ᠱᠢᠯᠭᠠᠨ ᠪᠠᠢᠴᠠᠭᠠᠬᠤ ᠬᠢᠵᠢᠭ ᠪᠠᠢᠴᠠᠭᠠᠬᠤ ᠪᠣᠭᠣᠮᠲᠠ᠎ᠪᠠᠷ ᠥᠩᠭᠡᠷᠡᠭᠦᠯᠬᠦ᠌᠎ᠳᠦ ᠴᠠᠭᠠᠰᠤ ᠬᠡᠷᠡᠭ᠌ᠯᠡᠬᠦ᠌ ᠥᠬᠡᠶ ᠪᠤᠯᠤᠬᠰᠠᠨ》᠂ 《ᠬᠥᠮᠥᠷᠭᠡᠯᠡᠨ ᠬᠠᠳᠠᠭᠠᠯᠠᠵᠤ ᠪᠠᠢᠭ᠎ᠠ ᠪᠠᠷᠠᠭ᠎ᠠ᠎ᠶ᠋ᠢ ᠪᠠᠢᠳᠠᠯ ᠶᠣᠰᠣᠭᠠᠷ ᠨᠢ ᠲᠥᠷᠥᠯ ᠬᠤᠪᠢᠶᠠᠨ ᠬᠢᠨᠠᠨ ᠬᠠᠮᠢᠶᠠᠷᠬᠤ》᠂ 《ᠨᠢᠭᠡ ᠯᠡ ᠤᠳᠠᠭ᠎ᠠ᠎ᠳᠤ ᠪᠦᠷᠢᠳᠭᠡᠨ ᠳᠠᠩᠰᠠᠯᠠᠵᠤ ᠣᠯᠠᠨ ᠤᠳᠠᠭ᠎ᠠ ᠬᠡᠷᠡᠭ᠌ᠯᠡᠬᠦ᠌》᠂ 《ᠤᠶᠤᠨᠳᠤ ᠪᠤᠭᠤᠮᠳᠠ ᠪᠡᠷ ᠱᠢᠯᠭᠠᠨ ᠥᠩᠭᠡᠷᠡᠭᠦᠯᠬᠦ᠌》 ᠵᠡᠷᠭᠡ ᠠᠷᠭ᠎ᠠ ᠬᠡᠮᠵᠢᠶ᠎ᠡ᠎ᠶ᠋ᠢ ᠲᠡᠷᠡ ᠬᠡᠪ ᠵᠢᠡᠷ ᠨᠢ ᠳᠡᠯᠭᠡᠷᠡᠭᠦᠯᠦᠨ᠂ ᠪᠣᠭᠣᠮᠲᠠ᠎ᠪᠠᠷ ᠥᠩᠭᠡᠷᠡᠭᠦᠯᠬᠦ᠌ ᠭᠠᠷᠳᠠᠮ᠎ᠢ ᠳᠥᠭᠥᠮᠴᠢᠯᠡᠵᠦ᠍᠂ ᠪᠣᠭᠣᠮᠲᠠ᠎ᠪᠠᠷ ᠥᠩᠭᠡᠷᠡᠭᠦᠯᠬᠦ᠌ ᠴᠠᠭ᠎ᠢ ᠪᠣᠭᠣᠨᠢᠰᠭᠠᠨ᠂ ᠠᠵᠤ ᠠᠬᠤᠢᠯᠠᠯ᠎ᠤᠨ ᠣᠯᠠᠨ ᠤᠯᠤᠰ᠎ᠤᠨ ᠠᠷᠠᠯᠵᠢᠶᠠᠨ᠎ᠤ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠤᠬᠰᠠᠨ ᠪᠠᠢᠨ᠎ᠠ; ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠬᠤᠪᠢᠷᠠᠭᠤᠯᠬᠤ ᠲᠠᠯ᠎ᠠ᠎ᠪᠠᠷ᠂ 《ᠡᠯᠧᠺᠲ᠋ᠷᠣᠨ ᠬᠥᠳᠡᠯᠮᠦᠷᠢ᠎ᠶ᠋ᠢᠨ ᠭᠡᠷ᠎ᠡ᠎ᠶ᠋ᠢᠨ ᠮᠡᠳᠡᠭᠡ ᠵᠠᠩᠭᠢ᠎ᠶ᠋ᠢ ᠬᠡᠷᠡᠭ᠌ᠯᠡᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠤᠬᠠᠢᠯᠠᠭ᠍ᠰᠠᠨ ᠠᠵᠢᠯ᠎ᠢ ᠳᠥᠭᠥᠮ ᠳᠥᠲᠡ ᠭᠦᠶ᠋ᠴᠡᠳᠭᠡᠬᠦ᠌》 ᠵᠡᠷᠭᠡ ᠠᠷᠭ᠎ᠠ ᠬᠡᠮᠵᠢᠶ᠎ᠡ᠎ᠶ᠋ᠢ ᠲᠡᠷᠡ ᠬᠡᠪ ᠵᠢᠡᠷ ᠨᠢ ᠳᠡᠯᠭᠡᠷᠡᠭᠦᠯᠦᠨ᠂ ᠵᠠᠰᠠᠭ᠎ᠤᠨ ᠣᠷᠳᠣᠨ᠎ᠤ ᠦᠶ᠋ᠯᠡᠴᠢᠯᠡᠭᠡᠨ᠎ᠦ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠵᠡᠩᠨᠡᠯᠲᠡ ᠬᠢᠵᠦ᠍ ᠠᠵᠢᠯ ᠶᠠᠪᠤᠳᠠᠯ ᠭᠦᠶ᠋ᠴᠡᠳᠭᠡᠬᠦ᠌᠎ᠳᠦ ᠲᠥᠬᠥᠮ ᠦᠵᠡᠭᠦᠯᠦᠨ᠂ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠠᠷᠠᠳ ᠣᠯᠠᠨ᠎ᠤ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠶ᠋ᠢ ᠳᠡᠭᠡᠭ᠌ᠰᠢᠯᠡᠭᠦᠯᠪᠡ; ᠮᠥᠩᠭᠥᠨ ᠭᠦᠶ᠋ᠯᠭᠡᠭᠡᠨ᠎ᠦ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌ ᠲᠠᠯ᠎ᠠ᠎ᠪᠠᠷ᠂ 《ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠭ᠍ᠰᠠᠨ ᠠᠵᠤ ᠠᠬᠤᠢᠯᠠᠯ᠎ᠤᠨ ᠭᠠᠳᠠᠭᠠᠳᠤ ᠭᠤᠪᠢᠭᠤᠯᠭ᠎ᠠ᠎ᠶ᠋ᠢᠨ ᠬᠥᠷᠥᠩᠭᠡ ᠮᠥᠩᠭᠥ᠎ᠶ᠋ᠢᠨ ᠬᠦᠰᠡᠯ᠎ᠦᠨ ᠭᠤᠪᠢᠭᠤᠯᠭ᠎ᠠ᠎ᠶ᠋ᠢ ᠲᠡᠰᠦᠯᠦᠨ ᠪᠤᠳᠤᠬᠤ》᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ᠎ᠤᠨ ᠬᠡᠷᠡᠴᠢ ᠪᠠᠷᠢᠮᠲᠠ᠎ᠪᠠᠷ ᠪᠠᠯᠠ ᠳᠣᠭᠢᠷᠠᠭᠤᠯᠬᠤ ᠱᠢᠨ᠎ᠡ ᠵᠠᠭ᠍ᠪᠤᠷ》 ᠵᠡᠷᠭᠡ ᠠᠷᠭ᠎ᠠ ᠬᠡᠮᠵᠢᠶ᠎ᠡ᠎ᠶ᠋ᠢ ᠲᠡᠷᠡ ᠬᠡᠪ ᠵᠢᠡᠷ ᠨᠢ ᠳᠡᠯᠭᠡᠷᠡᠭᠦᠯᠦᠨ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠎ᠶ᠋ᠢᠨ ᠳᠥᠭᠥᠮᠴᠢᠯᠡᠯᠲᠡ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠦ ᠪᠦᠲᠦᠮᠵᠢᠲᠡᠶ ᠦᠶ᠋ᠯᠡᠴᠢᠯᠡᠪᠡ᠃
ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠤ ᠵᠢᠷᠭᠤᠭᠠᠨ ᠲᠠᠯ᠎ᠠ ᠵᠢᠨ ᠱᠢᠨ᠎ᠡ ᠪᠠᠢᠳᠠᠯ ᠢᠯᠡᠷᠡᠬᠦ ᠵᠢ ᠠᠬᠢᠭᠤᠯᠪᠠ
《ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ ᠪᠣᠯ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠬᠡᠰᠡᠭ ᠮᠥᠨ᠂ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠬᠤᠭᠤᠴᠠᠭᠠᠨ᠎ᠳᠤ ᠮᠠᠨ᠎ᠤ ᠤᠷᠤᠨ᠎ᠤ ᠭᠠᠳᠠᠭᠠᠳᠤ ᠠᠷᠠᠯᠵᠢᠶᠠᠨ᠎ᠤ ᠬᠡᠪᠴᠢᠶ᠎ᠡ ᠪᠠ ᠶᠠᠰᠤ ᠴᠢᠨᠠᠷ ᠬᠤᠤᠰ ᠲᠡᠭᠡᠭᠰᠢᠯᠡᠯᠳᠡ ᠵᠢ ᠪᠠᠶᠠᠯᠠᠬᠦᠯᠪᠡ᠃ ᠪᠦᠷᠢᠳᠭᠡᠯ᠎ᠢ ᠦᠨᠳᠦᠰᠦᠯᠡᠪᠡᠯ᠂ 2020 ᠤᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ 1054.2 ᠳ᠋ᠦᠩᠱᠢᠭᠤᠷ ᠲᠥᠭᠥᠷᠢᠭᠪᠠᠢᠬᠰᠠᠨ ᠡᠴᠡ 2024 ᠤᠨ᠎ᠤ 2074.9 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ ᠵᠢᠯ ᠳᠤᠮᠳᠠᠴᠢ᠎ᠪᠠᠷ 18.3% ᠨᠡᠮᠡᠭ᠌ᠳᠡᠵᠦ᠍᠂ ᠪᠥᠬᠥ᠌ ᠤᠯᠤᠰᠤᠨᠬᠢᠡᠴᠡ ᠵᠠᠭᠤᠨ᠎ᠤ ᠬᠠᠷᠢᠴᠠᠯ ᠵᠢᠡᠷ 10.3 ᠬᠤᠪᠢ ᠥᠨᠳᠥᠷ ᠪᠣᠯᠵᠠᠶ; 2021— 2025 ᠣᠨ᠎ᠤ 10 ᠰᠠᠷ᠎ᠠᠪᠤᠯᠳᠠᠯ᠎ᠠ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠤᠡᠭᠭᠡᠢ ᠦᠷᠳᠡᠭ ᠨᠡᠢᠲᠡ 8523.7 ᠳ᠋ᠦᠩᠱᠢᠭᠤᠷ ᠲᠥᠭᠥᠷᠢᠭ᠎ᠲᠦ ᠬᠦᠷᠴᠦ᠍᠂ 〈ᠠᠷᠪᠠᠨ ᠭᠤᠷᠪᠠᠳᠤᠭᠠᠷ ᠲᠠᠪᠤᠨ ᠵᠢᠯ〉᠎ᠤ᠋ᠨ ᠠᠳᠠᠯᠢ ᠬᠤᠭᠤᠴᠠᠭᠠᠨ᠎ᠤ᠎ᠬᠢ᠎ᠡᠴᠡ 81% ᠪᠠᠷ ᠨᠡᠮᠡᠭ᠌ᠳᠡᠪᠡ》 ᠬᠡᠵᠤ ᠬᠦᠬᠡᠬᠤᠳᠠ ᠪᠤᠭᠤᠮᠳᠠ ᠵᠢᠨ ᠲᠡᠳ᠋ ᠪᠤᠭᠤᠮᠳᠠ ᠵᠢᠨ ᠲᠠᠷᠤᠭ᠎ᠠ ᠸᠠᠡᠭ ᠬᠤᠸᠠ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠬᠥᠬᠡᠬᠣᠲᠠ ᠪᠣᠭᠣᠮᠲᠠ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠵᠠᠩᠭᠢᠯᠠᠭ᠎ᠠ᠎ᠶ᠋ᠢᠨ ᠴᠡᠭ᠎ᠦᠨ ᠳᠠᠪᠠᠭᠤᠯᠢᠭ᠎ᠲᠤ ᠰᠠᠭᠤᠷᠢᠯᠠᠵᠤ᠂ 《ᠵᠢᠷᠭᠤᠭᠠᠨ ᠱᠢᠨ᠎ᠡ》 ᠦᠷ᠎ᠡ ᠪᠦᠲᠦᠮᠵᠢ᠎ᠪᠡᠷ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ᠎ᠳᠤ ᠬᠦᠴᠦᠨ ᠨᠡᠮᠡᠷᠢᠯᠡᠪᠡ᠃ ᠨᠢᠭᠡ᠎ᠳᠤ ᠪᠣᠭᠣᠮᠲᠠ ᠥᠩᠭᠡᠷᠡᠬᠦ᠌᠎ᠶ᠋ᠢ ᠳᠥᠭᠥᠮᠴᠢᠯᠡᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠪᠠ᠃ ᠪᠥᠬᠥ᠌ ᠤᠯᠤᠰ᠎ᠤᠨ ᠪᠣᠭᠣᠮᠲᠠ ᠥᠩᠭᠡᠷᠡᠬᠦ᠌᠎ᠶ᠋ᠢ ᠨᠢᠭᠡ ᠴᠣᠭ᠍ᠴᠠᠵᠢᠭᠤᠯᠬᠤ᠂ 《ᠭᠠᠭ᠍ᠴᠠ ᠴᠣᠩᠬᠤᠪᠴᠢ》᠎ᠶ᠋ᠢ ᠤᠶᠤᠨᠴᠢᠯᠠᠨ ᠲᠠᠰ ᠳᠡᠪᠱᠢᠭᠦᠯᠬᠦ᠌ (ᠣᠲᠣ 25 ᠶᠡᠬᠡ ᠲᠥᠷᠥᠯ᠎ᠦᠨ 964 ᠵᠦᠶ᠋ᠯ᠎ᠦᠨ ᠴᠢᠳᠠᠮᠵᠢ᠎ᠲᠠᠶ ᠪᠣᠶ)᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠦᠪᠤᠷ ᠮᠤᠡᠭᠭᠤᠯ᠎ᠤᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ 2020 ᠤᠨ᠎ᠳᠤ 8300 ᠪᠠᠢᠭ᠍ᠰᠠᠨ᠎ᠠᠴᠠ 2025 ᠤᠨ᠎ᠤ 10 ᠰᠠᠷ᠎ᠠ ᠪᠤᠯᠬᠤ᠎ᠳᠤ 1.94 ᠲᠦᠮᠡ ᠪᠣᠯᠤᠨ ᠨᠡᠮᠡᠭᠳᠡᠭᠰᠡᠨ ᠪᠦᠭᠡᠳ 《ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ》 ᠪᠠᠷ ᠡᠨᠡ ᠵᠢᠯ 71 ᠠᠵᠤ ᠠᠬᠤᠢᠯᠠᠯ᠎ᠤᠨ 116 ᠬᠦᠴᠢᠷ ᠠᠰᠠᠭᠤᠳᠠᠯ᠎ᠢ ᠱᠢᠶ᠋ᠳᠪᠦᠷᠢᠯᠡᠪᠡ; ᠬᠤᠶᠠᠷ ᠲᠸ᠋ ᠵᠠᠮ ᠱᠤᠭᠤᠮ ᠪᠠ ᠲᠠᠪᠴᠠᠩ᠎ᠤᠨ ᠪᠥᠲᠥᠭᠡᠨ ᠪᠠᠢᠭᠤᠯᠤᠯᠲᠠ ᠱᠢᠨ᠎ᠡ ᠳᠡᠭ᠌ᠲᠡᠷ᠎ᠲᠦ ᠭᠠᠷᠴᠠᠢ᠃ ᠳᠤᠮᠳᠠᠳᠤ ᠮᠣᠩᠭᠣᠯ᠎ᠤᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ ᠵᠢᠴᠢ ᠤᠷᠳᠤᠰ᠂ ᠪᠤᠭᠤᠳᠤ᠂ ᠡᠷᠢᠶᠠᠨ 3 ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠣᠷᠣᠨ ᠠᠱᠢᠭ᠍ᠯᠠᠯᠲᠠ᠎ᠳᠤ ᠣᠷᠣᠵᠤ᠂ ᠡᠷᠢᠶᠠᠨ ᠬᠤᠳᠠ ᠵᠢᠨ ᠰᠠᠢᠠᠠᠤᠰᠤ ᠵᠡᠷᠭᠡ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ ᠵᠢᠴᠢ ᠤᠷᠳᠤᠰ᠎ᠤᠨ ᠶᠡᠷᠤᠡᠭᠭᠡᠢᠯᠡᠭᠰᠡᠨ ᠴᠢᠨᠠᠷᠳᠠᠢ ᠲᠤᠬᠳᠠᠬᠰᠠᠨ ᠬᠢᠨᠠᠯᠲᠠ ᠬᠠᠮᠢᠶᠠᠷᠤᠯᠲᠠ᠎ᠶ᠋ᠢᠨ ᠲᠠᠯᠠᠪᠤᠷ ᠭᠠᠵᠠᠷ ᠱᠢᠯᠭᠠᠨ ᠠᠪᠤᠯᠳᠠ᠎ᠶ᠋ᠢ ᠥᠩᠭᠡᠷᠡᠭᠡᠵᠦ᠍᠂ ᠡᠷᠢᠶᠡᠨ ᠬᠣᠲᠠ — ᠵᠠᠮ᠎ᠤᠨ ᠡᠬᠦᠳᠡ ᠬᠦᠷᠬᠦ ᠵᠠᠰᠠᠮᠠᠯ ᠵᠠᠮ᠎ᠤᠨ ᠬᠢᠯᠢ ᠵᠢᠨ ᠪᠣᠭᠣᠮᠲᠠ 24 ᠴᠠᠭ᠎ᠢᠶᠠᠷ ᠪᠣᠭᠣᠮᠲᠠ ᠥᠩᠭᠡᠷᠡᠬᠦ᠌᠎ᠶ᠋ᠢ ᠪᠡᠶᠡᠯᠡᠭᠦᠯᠵᠦ᠍᠂《ᠠᠷᠪᠠᠨ ᠲᠦᠷᠪᠡᠳᠤᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠦᠪᠤᠷ ᠮᠤᠡᠭᠭᠤᠯ᠎ᠤᠨ ᠬᠢᠯᠢ ᠵᠢᠨ ᠪᠤᠭᠤᠮᠳᠠ ᠵᠢᠨ ᠪᠠᠷᠠᠭᠠᠨ᠎ᠤ ᠲᠡᠭᠡᠭᠡᠪᠤᠷᠢ ᠵᠢᠨ ᠬᠡᠮᠵᠢᠶ᠎ᠠ ᠵᠢᠯ ᠲᠠᠷᠠᠭᠠᠯᠠᠨ ᠨᠡᠮᠡᠭᠳᠡᠵᠤ᠂ 2020 ᠤᠨ᠎ᠤ 6633.4 ᠲᠦᠮᠡᠨ ᠲᠤᠨ ᠡᠴᠡ 2024 ᠤᠨ᠎ᠤ 1.23ᠳ᠋ᠦᠡᠭᠰᠢᠭᠤᠷ ᠲᠤᠨ᠎ᠳᠤ ᠬᠦᠷᠴᠤ᠂ ᠪᠥᠬᠥ᠌ ᠤᠯᠤᠰ᠎ᠤᠨ ᠬᠢᠯᠢ᠎ᠶ᠋ᠢᠨ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠳᠤ ᠲᠦᠷᠤᠬᠦᠯᠡᠪᠡ; ᠭᠤᠷᠪᠠ᠎ᠳᠤ 《ᠨᠢᠭᠡ ᠪᠦᠰᠡ ᠨᠢᠭᠡ ᠵᠠᠮ》᠎ᠢ᠋ ᠬᠠᠮᠳᠤ ᠪᠡᠷ ᠪᠦᠳᠤᠭᠡᠨ ᠪᠠᠢᠭᠤᠯᠬᠤᠲᠠᠯᠠ ᠪᠡᠷ ᠱᠢᠨ᠎ᠡ ᠦᠷ᠎ᠡ ᠪᠦᠲᠦᠮᠵᠢ ᠤᠯᠪᠡ᠃ ᠡᠷᠢᠶᠡᠨ ᠬᠢᠯᠢ ᠵᠢᠨ ᠪᠣᠭᠣᠮᠲᠠ ᠨᠢ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠵᠢᠨ 《ᠲᠤᠮᠳᠠ ᠱᠤᠭᠤᠮ》᠎ᠤ᠋ᠨ ᠲᠠᠪᠠᠭᠤᠯᠢᠭ ᠦᠢᠯᠡᠳᠤᠯ ᠵᠢᠡᠨ ᠬᠦᠢᠴᠡᠳ ᠪᠠᠳᠠᠷᠠᠭᠤᠯᠵᠤ᠂ ᠡᠳᠦᠷ ᠪᠦᠷᠢ ᠳᠤᠮᠳᠠᠴᠢ᠎ᠪᠠᠷ 12 ᠴᠤᠪᠤᠭ᠎ᠠ ᠨᠡᠪᠲᠡᠷᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠨᠡᠢᠲᠡ 1.5 ᠲᠦᠮᠡᠨ ᠴᠤᠪᠤᠭ᠎ᠠ ᠠᠶᠠᠯᠠᠵᠤ᠂ ᠵᠠᠮ ᠱᠤᠭᠤᠮ ᠨᠢ 74 ᠪᠣᠯᠤᠨ ᠨᠡᠮᠡᠭᠳᠡᠵᠤ᠂ ᠠᠽᠢᠶ᠎ᠠ ᠧᠦ᠋ᠷᠣᠫᠠ᠎ᠶ᠋ᠢᠨ 10 ᠭᠠᠷᠤᠶ ᠤᠯᠤᠰ᠎ᠤᠨ 140 ᠭᠠᠷᠤᠶ ᠬᠣᠲᠠ ᠪᠠ ᠦᠷᠳᠡᠭᠡ ᠵᠢ ᠬᠠᠮᠤᠷᠴᠤ᠂ ᠪᠠᠷᠠᠭᠠᠨ᠎ᠤ ᠬᠤᠪᠢ᠎ᠳᠤ ᠥᠨᠳᠥᠷ ᠨᠡᠮᠡᠯᠲᠡ ᠥᠷᠲᠡᠭ ᠪᠥᠬᠥᠶ ᠡᠳ᠋ ᠪᠠᠷᠠᠭ᠎ᠠ᠎ᠶ᠋ᠢᠨ ᠭᠠᠳᠠᠭᠠᠳᠤ ᠭᠠᠷᠭᠠᠯᠲᠠ᠎ᠶ᠋ᠢᠨ ᠡᠵᠡᠯᠡᠬᠦ᠌ ᠬᠠᠷᠢᠴᠠᠯ 40%᠎ᠶ᠋ᠢ ᠲᠠᠪᠠᠵᠠᠢ; ᠲᠦᠷᠪᠡ᠎ᠳᠤ ᠤᠨᠴᠠᠯᠢᠭ᠍ᠳᠤ ᠳᠠᠪᠠᠭᠤᠯᠢᠭ ᠪᠦᠲᠦᠭᠡᠭ᠌ᠳᠡᠬᠦᠨ᠎ᠳᠦ ᠱᠢᠨ᠎ᠡ ᠵᠠᠬ᠎ᠠ ᠳᠡᠯᠭᠡᠭᠦᠷ᠎ᠢ ᠨᠡᠭᠡᠭᠡᠪᠡ᠃ ᠪᠠᠶᠠᠠᠨᠠᠭᠤᠷ ᠬᠤᠳᠠ᠎ᠳᠤ ᠪᠥᠬᠥ᠌ ᠤᠯᠤᠰ᠎ᠤᠨ ᠠᠩᠬᠠᠳᠠᠭ᠍ᠴᠢ ᠦᠷᠡᠴᠦᠮᠠ ᠵᠢᠨ ᠲᠥᠷᠥᠯ᠎ᠦᠨ ᠪᠦᠲᠦᠭᠡᠭ᠌ᠳᠡᠬᠦᠨ᠎ᠦ ᠮᠡᠷᠭᠡᠵᠢᠯ᠎ᠦᠨ ᠠᠷᠠᠯᠵᠢᠶᠠᠨ᠎ᠤ ᠠᠷᠭ᠎ᠠ ᠬᠡᠮᠵᠢᠶ᠎ᠡ᠎ᠶ᠋ᠢ ᠰᠤᠳᠤᠯᠤᠨ ᠦᠨᠡᠯᠡᠬᠦ᠌ ᠰᠠᠭᠤᠷᠢᠨ᠎ᠢ ᠪᠠᠢᠭᠤᠯᠵᠤ᠂ ᠬᠦᠯᠳᠡᠭᠡᠭᠰᠡᠨ ᠦᠭᠡᠷ᠎ᠤᠨ ᠡᠯᠢᠭᠡ᠂ ᠦᠵᠤᠮ᠎ᠤᠨ ᠠᠷᠢᠬᠢ ᠵᠡᠷᠭᠡ 33 ᠵᠦᠶ᠋ᠯ᠎ᠦᠨ ᠤᠨᠴᠠᠯᠢᠭ᠍ᠳᠤ ᠢᠳᠡᠭᠡᠨ᠎ᠢ ᠠᠩᠬ᠎ᠠ ᠤᠳᠠᠭ᠎ᠠ ᠭᠠᠳᠠᠭᠠᠳᠤ᠎ᠳᠤ ᠭᠠᠷᠭᠠᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠠᠭᠠᠨ ᠢᠳᠡᠭᠡᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠵᠦ᠍᠂ ᠡᠨᠡ ᠵᠢᠯ᠎ᠦᠨ ᠲᠦᠷᠦᠭᠦᠦ 10 ᠰᠠᠷ᠎ᠠ᠎ᠳᠤ ᠴᠠᠭᠠᠨ ᠢᠳᠡᠭᠡᠨ᠎ᠦ ᠭᠠᠳᠠᠭᠠᠳᠤ ᠭᠠᠷᠭᠠᠯᠲᠠ1.53 ᠲᠦᠮᠡᠨ ᠲᠣᠨ᠂ 2.88 ᠳ᠋ᠦᠩᠱᠢᠭᠤᠷ ᠲᠥᠭᠥᠷᠢᠭ ᠲᠸ᠋ ᠬᠦᠷᠴᠤ᠂ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 227.66%᠂ 300% ᠪᠠᠷ ᠨᠡᠮᠡᠭᠳᠡᠭᠰᠡᠨᠤ ᠬᠠᠮᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ᠎ᠠᠴᠠ ᠣᠷᠣᠭᠤᠯᠬᠤ᠎ᠶ᠋ᠢ ᠥᠷᠭᠡᠳᠭᠡᠵᠦ᠍᠂ ᠮᠣᠩᠭᠣᠯ ᠤᠯᠤᠰ᠎ᠤᠨ ᠭᠤᠯᠢᠷ᠂ ᠣᠷᠣᠰ᠎ᠤᠨ ᠤᠷᠭᠤᠮᠠᠯ᠎ᠤᠨ ᠲᠣᠰᠣ ᠵᠡᠷᠭᠡ᠎ᠶ᠋ᠢ ᠠᠩᠬ᠎ᠠ ᠤᠳᠠᠭ᠎ᠠ ᠭᠠᠳᠠᠭᠠᠳᠤ᠎ᠠᠴᠠ ᠣᠷᠣᠭᠤᠯᠬᠤ᠎ᠶ᠋ᠢ ᠪᠡᠶᠡᠯᠡᠭᠦᠯᠪᠡ; ᠲᠠᠪᠤ᠎ᠳᠤ ᠡᠨᠧᠷᠭᠢ᠎ᠶ᠋ᠢᠨ ᠡᠬᠢ ᠪᠠᠶᠠᠯᠢᠭ᠎ᠤᠨ ᠲᠥᠷᠥᠯ᠎ᠦᠨ ᠲᠠᠸᠠᠷ᠎ᠤᠨ ᠪᠣᠭᠣᠮᠲᠠ᠎ᠪᠠᠷ ᠥᠩᠭᠡᠷᠡᠬᠦ᠌ ᠬᠤᠷᠳᠤᠴᠠ᠎ᠶ᠋ᠢ ᠲᠦᠷᠭᠡᠳᠭᠡᠪᠡ᠃᠂ ᠭᠠᠳᠠᠭᠠᠳᠤ᠎ᠠᠴᠠ ᠣᠷᠣᠭᠤᠯᠬᠤ ᠨᠡᠭᠦᠷᠡᠰᠦ᠎ᠵᠢᠨ ᠪᠣᠭᠣᠮᠲᠠ ᠥᠩᠭᠡᠷᠡᠬᠦ᠌ ᠴᠠᠭ᠎ᠢ 90% ᠪᠠᠷ ᠪᠠᠭᠠᠰᠭᠠᠵᠤ᠂ ᠵᠡᠰ᠎ᠦᠨ ᠨᠠᠷᠢᠯᠢᠭ ᠬᠦᠳᠡᠷ᠎ᠤᠨ 《ᠪᠣᠭᠣᠮᠲᠠ + ᠵᠣᠷᠢᠭ᠍ᠰᠠᠨ ᠭᠠᠵᠠᠷ》 ᠲᠸ᠋ ᠬᠤᠯᠪᠤᠭᠠᠯᠠᠨ ᠬᠢᠨᠠᠨ ᠬᠠᠮᠢᠶᠠᠷᠬᠤ ᠲᠤᠷᠰᠢᠯᠳᠠ ᠵᠢᠨ ᠴᠡᠭ ᠪᠠᠢᠭᠤᠯᠤᠬᠳᠠᠵᠤ᠂ ᠪᠠᠷᠠᠭ᠎ᠠ ᠬᠦᠷᠭᠡᠬᠦ᠌ ᠦᠶᠡᠯᠡᠯ᠎ᠦᠨ ᠬᠤᠭᠤᠴᠠᠭ᠎ᠠ᠎ᠶ᠋ᠢ ᠤᠤᠯ᠎ᠤᠨ 15 — 20 ᠡᠳᠤᠷ ᠪᠠᠢᠬᠰᠠᠨ᠎ᠢ 3 — 5 ᠡᠳᠦᠷ ᠪᠣᠯᠭᠠᠨ ᠪᠤᠭᠤᠨᠢᠰᠬᠠᠪᠠ᠃ ᠵᠢᠷᠭᠤᠭ᠎ᠠ᠎ᠳᠤ ᠳᠤᠮᠳᠠᠳᠤ ᠮᠣᠩᠭᠣᠯ᠎ᠤᠨ ᠪᠣᠭᠣᠮᠲᠠ᠎ᠶ᠋ᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢᠨ ᠱᠢᠨ᠎ᠡ ᠣᠷᠣᠨ ᠵᠠᠶ᠎ᠶ᠋ᠢ ᠦᠷᠭᠡᠳᠭᠡᠪᠡ᠃ ᠲᠤᠬᠠᠢᠯᠠᠬᠰᠠᠨ ᠠᠵᠢᠯ᠎ᠤᠨ ᠠᠭᠤᠯᠵᠠᠯᠲᠠ ᠬᠢᠬᠦ᠌᠂ ᠡᠪᠡᠳᠴᠢᠨ᠎ᠦ ᠵᠠᠭᠤᠴᠢ ᠠᠮᠢᠳᠤ ᠪᠣᠳᠠᠰ᠎ᠢ ᠬᠠᠮᠲᠤᠷᠠᠨ ᠬᠢᠨᠠᠨ ᠬᠡᠮᠵᠢᠬᠦ᠌ ᠵᠡᠷᠭᠡ ᠲᠣᠭ᠍ᠲᠠᠴᠠ᠎ᠶ᠋ᠢ ᠪᠠᠢᠭᠤᠯᠵᠤ᠂ ᠮᠦᠨ ᠡᠨᠡ ᠵᠢᠯ᠎ᠤᠨ 6 ᠰᠠᠷ᠎ᠠ ᠵᠢᠨ 1᠎ᠤ᠋ ᠡᠳᠤᠷ ᠡᠴᠡ ᠲᠤᠮᠳᠠᠳᠤ ᠤᠯᠤᠰ — ᠮᠤᠡᠭᠭᠤᠯ ᠤᠯᠤᠰ᠎ᠤᠨ ᠪᠤᠭᠤᠮᠳᠠ ᠵᠢᠨ AEO ᠲᠦᠷᠢᠮ᠎ᠢ ᠬᠠᠷᠢᠯᠴᠠᠨ ᠮᠡᠳᠡᠷᠡᠬᠦ᠌ ᠲᠣᠬᠢᠷᠠᠭᠤᠯᠤᠯᠲᠠ᠎ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ᠂ ᠲᠦᠷᠦᠭᠦᠦ 10 ᠰᠠᠷ᠎ᠠ᠎ᠳᠤ AEO ᠠᠵᠤ ᠠᠬᠤᠢᠯᠠᠯ᠎ᠤᠨ ᠮᠣᠩᠭᠣᠯ ᠤᠯᠤᠰ᠎ᠲᠠᠬᠢ ᠭᠠᠷᠭᠠᠯᠲᠠ 41.1 ᠳ᠋ᠦᠩᠱᠢᠭᠤᠷ ᠲᠥᠭᠥᠷᠢᠭ᠎ᠲᠦ ᠬᠦᠷᠴᠠᠢ᠃
ᠡᠭᠦᠨ᠎ᠡᠴᠡ ᠭᠠᠳᠠᠨ᠎ᠠ᠂ ᠳᠤᠮᠳᠠᠳᠤ ᠮᠣᠩᠭᠣᠯ᠎ᠤᠨ ᠬᠢᠯᠢ᠎ᠶ᠋ᠢᠨ ᠪᠣᠭᠣᠮᠲᠠ᠎ᠶ᠋ᠢᠨ ᠲᠣᠭ᠎ᠠ ᠪᠦᠷᠢᠳᠭᠡᠯ᠎ᠦᠨ ᠲᠣᠭ᠎ᠠ ᠪᠠᠷᠢᠮᠲᠠ᠎ᠶ᠋ᠢ ᠰᠣᠯᠢᠯᠴᠠᠬᠤ ᠬᠠᠷᠢᠴᠠᠭᠤᠯᠤᠯ᠎ᠤᠨ ᠦᠷ᠎ᠡ ᠪᠦᠲᠦᠭᠡᠯ᠎ᠦᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠳᠤᠮᠳᠠᠳᠤ ᠮᠣᠩᠭᠣᠯ᠎ᠤᠨ ᠨᠢᠭᠤᠴᠠ᠎ᠪᠠᠷ ᠠᠷᠠᠯᠵᠢᠶᠠᠯᠠᠬᠤ᠎ᠳᠤ ᠴᠣᠬᠢᠯᠲᠠ ᠥᠭ᠌ᠬᠦ ᠬᠠᠤᠯᠢ ᠬᠡᠷᠡᠭ᠌ᠵᠢᠭᠦᠯᠬᠦ᠌ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠳᠤᠮᠳᠠᠳᠤ ᠮᠣᠩᠭᠣᠯ᠎ᠤᠨ ᠪᠣᠭᠣᠮᠲᠠ᠎ᠶ᠋ᠢᠨ ᠬᠣᠭᠣᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠠᠭ ᠲᠠᠰᠤᠷᠠᠯᠲᠠ ᠥᠬᠡᠶ ᠭᠦᠨᠵᠡᠭᠡᠢᠷᠡᠨ ᠪᠣᠳᠠᠲᠠᠢᠵᠢᠵᠤ ᠪᠠᠢᠨ᠎ᠠ᠃